ᠶᠡᠷᠦᠩᠬᠡᠢ ᠱᠦᠵᠢ ᠰᠢ᠎ᠶ᠋ᠢᠨ ᠫᠢᠩ᠂ ᠶᠠᠳᠠᠭᠤ ᠬᠦᠴᠢᠷᠳᠡᠯᠲᠡᠢ ᠤᠯᠠᠨ ᠲᠦᠮᠡᠨ᠎ᠢ ᠪᠢᠳᠡ ᠣᠨᠴᠠᠭᠠᠢ ᠠᠩᠬᠠᠷᠴᠤ᠌᠂ ᠣᠨᠴᠠᠭᠠᠢ ᠬᠠᠷᠠᠭ᠋ᠠᠯᠵᠠᠨ ᠬᠠᠢ᠌ᠷᠠᠯᠠᠵᠤ᠂ ᠣᠨᠴᠠᠭᠠᠢ ᠬᠠᠷᠠᠭ᠋ᠠᠯᠵᠠᠵᠤ᠂ ᠲᠡᠳᠡᠨ᠎ᠢ ᠬᠠᠪᠰᠤᠷᠤᠨ ᠬᠦᠴᠢᠷ ᠵᠣᠪᠠᠭᠤᠷᠢ᠎ᠶ᠋ᠢ᠎ᠨᠢ ᠱᠢᠢᠳᠪᠦᠷᠢᠯᠡᠵᠦ᠍ ᠥᠭ᠌ᠬᠦ ᠬᠡᠷᠡᠭ᠌ᠲᠡᠢ ᠭᠡᠵᠦ ᠴᠢᠬᠤᠯᠠᠴᠢᠯᠠᠪᠠ᠃ 《 ᠭᠤᠷᠪᠠᠨ ᠣᠨᠴᠠᠭᠠᠢ 》 ᠪᠣᠯ ᠶᠡᠷᠦᠩᠬᠡᠢ ᠱᠦᠵᠢ ᠰᠢ᠎ᠶ᠋ᠢᠨ ᠫᠢᠩ᠎ᠤᠨ ᠬᠦᠴᠢᠷᠳᠡᠯᠲᠡᠢ ᠤᠯᠠᠨ ᠲᠦᠮᠡᠨ᠎ᠤ ᠠᠵᠢᠯ᠎ᠢ ᠰᠠᠢᠲᠤᠷ ᠬᠢᠬᠦ᠌ ᠲᠤᠬᠠᠢ ᠴᠢᠩ ᠰᠡᠳᠭᠢᠯ᠎ᠤᠨ ᠬᠦᠰᠡᠯ ᠨᠠᠢᠳᠠᠯᠭ᠎ᠠ ᠪᠣᠯᠤᠨ᠎ᠠ᠂ ᠡᠷᠡᠰ ᠪᠠᠲᠤ ᠠᠷᠠᠳ ᠲᠦᠮᠡᠨ᠎ᠤ ᠵᠣᠭ᠍ᠰᠣᠯᠲᠠ ᠪᠣᠯᠤᠨ ᠭᠦᠨ ᠵᠤᠵᠠᠭᠠᠨ ᠠᠷᠠᠳ ᠲᠦᠮᠡᠨ᠎ᠤ ᠬᠠᠢᠷ᠎ᠠ ᠰᠡᠳᠭᠢᠯᠭᠡ᠎ᠶ᠋ᠢ ᠭᠦᠢᠴᠡᠳ ᠢᠯᠡᠷᠡᠭᠦᠯᠪᠡ᠃
ᠬᠦᠴᠢᠷᠳᠡᠯᠲᠡᠢ ᠣᠯᠠᠨ ᠲᠦᠮᠡᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠠᠵᠢᠯ᠎ᠨᠢ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠬᠥᠭ᠌ᠵᠢᠯᠲᠡ᠎ᠶ᠋ᠢᠨ ᠢᠨᠵᠧᠨᠧᠷᠢᠩ ᠪᠠᠢᠵᠤ᠂ ᠨᠡᠢᠭᠡᠮ᠎ᠤᠨ ᠡᠷᠬᠡ ᠲᠡᠭ᠌ᠰᠢ ᠲᠠᠢ ᠬᠤᠯᠪᠣᠭ᠍ᠳᠠᠵᠤ᠂ ᠦᠷᠭᠦᠯᠵᠢᠯᠡᠨ ᠬᠠᠮᠲᠤ᠎ᠪᠠᠷ ᠪᠠᠶᠠᠵᠢᠬᠤ ᠬᠦᠰᠡᠯ ᠡᠷᠡᠮᠡᠯᠵᠡᠯ᠎ᠲᠠᠢ ᠬᠣᠯᠪᠣᠭᠳᠠᠵᠤ ᠪᠠᠢᠳᠠᠭ᠃ ᠣᠢᠷ᠎ᠠ᠎ᠶ᠋ᠢᠨ ᠵᠢᠯ᠎ᠡᠴᠡ ᠨᠠᠭ᠋ᠠᠰᠢ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠡᠮᠴᠢᠯᠡᠭᠡᠨ᠎ᠦ ᠠᠪᠤᠷᠠᠨ ᠲᠤᠰᠠᠯᠠᠬᠤ ᠲᠦᠷᠢᠮ᠎ᠢ ᠪᠦᠷᠢᠨᠱᠢᠬᠦᠯᠵᠦ᠍᠂ ᠦᠨᠳᠦᠰᠦᠨ ᠡᠮᠴᠢᠯᠡᠭᠡᠨ᠎ᠦ ᠳᠠᠭᠠᠳᠭᠠᠯ᠂ ᠬᠦᠨᠳᠦ ᠡᠪᠡᠳᠴᠢᠨ᠎ᠤ ᠳᠠᠭᠠᠳᠭᠠᠯ᠂ ᠡᠮᠴᠢᠯᠡᠭᠡᠨ᠎ᠦ ᠠᠪᠤᠷᠠᠨ ᠲᠤᠰᠠᠯᠠᠬᠤ ᠭᠤᠷᠪᠠᠨ ᠳᠠᠪᠬᠤᠷ ᠲᠦᠷᠢᠮ᠎ᠤᠨ ᠪᠠᠲᠤᠯᠠᠭ᠎ᠠ᠎ᠶ᠋ᠢᠨ ᠴᠢᠳᠠᠮᠵᠢ᠎ᠶ᠋ᠢ ᠪᠠᠳᠠᠷᠠᠭᠤᠯᠵᠤ᠂ ᠬᠦᠴᠢᠷᠳᠡᠯᠲᠡᠶ ᠣᠯᠠᠨ ᠲᠦᠮᠡᠨ ᠨᠢᠭᠡᠪᠦᠷᠢ᠎ᠳᠤ ᠴᠥᠮ ᠡᠪᠡᠳᠴᠢᠯᠡᠪᠡᠯ ᠡᠮᠨᠡᠭᠦᠯᠬᠦ ᠭᠠᠵᠠᠷ ᠲᠠᠢ᠂ ᠡᠮᠴᠢᠯᠡᠪᠡᠯ ᠪᠠᠲᠤᠯᠠᠭ᠎ᠠ᠎ᠲᠠᠢ ᠪᠠᠢᠬᠤ᠎ᠶ᠋ᠢ ᠪᠠᠲᠤᠯᠠᠵᠤ᠂ ᠬᠦᠴᠢᠷᠳᠡᠯᠲᠡᠶ ᠣᠯᠠᠨ ᠲᠦᠮᠡᠨ᠎ᠤ 《 ᠪᠦᠷᠢᠨ ᠣᠷᠣᠯᠴᠠᠬᠤ 》᠂ 《 ᠡᠷᠲᠡ ᠠᠪᠤᠷᠠᠬᠤ 》᠂ 《 ᠳᠠᠭ᠋ᠠᠭ᠋ᠠᠵᠤ ᠳᠡᠢ᠌ᠯᠬᠦ 》᠂ 《 ᠰᠠᠢᠲᠤᠷ ᠪᠠᠲᠤᠯᠠᠬᠤ 》᠎ᠶ᠋ᠢ ᠦᠨᠡᠨ ᠬᠦ᠌ ᠪᠠᠲᠤᠯᠠᠵᠤ᠂ ᠬᠡᠪᠴᠢᠶᠡᠵᠢᠯ᠎ᠤᠨ ᠴᠢᠨᠠᠷᠲᠠᠶ ᠡᠪᠡᠳᠴᠢᠨ᠎ᠠᠴᠠ ᠪᠣᠯᠵᠣ ᠳᠠᠬᠢᠨ ᠶᠠᠳᠠᠭᠤᠷᠠᠬᠤ ᠪᠠ ᠶᠠᠳᠠᠭᠤᠷᠠᠬᠤ ᠥᠯᠥ ᠡᠭᠦᠰᠬᠦ ᠬᠤᠷᠢᠭ᠎ᠠ ᠱᠤᠭᠤᠮ᠎ᠢ ᠡᠷᠡᠰ ᠪᠠᠲᠤ ᠰᠠᠬᠢᠪᠠ᠃
ᠪᠦᠷᠢᠨ ᠣᠷᠣᠯᠴᠠᠬᠤ᠄ ᠡᠮᠴᠢᠯᠡᠭᠡᠨ᠎ᠦ ᠪᠠᠲᠤᠯᠠᠭ᠎ᠠ᠎ᠶ᠋ᠢᠨ ᠲᠦᠷᠢᠮ᠎ᠨᠢ ᠪᠥᠬᠦ᠌ ᠬᠦᠴᠢᠷᠳᠡᠯᠲᠡᠶ ᠣᠯᠠᠨ ᠲᠦᠮᠡᠨ᠎ᠢ ᠬᠠᠮᠤᠷᠪᠠ
ᠳᠠᠭᠠᠳᠭᠠᠯ᠎ᠳᠤ ᠣᠷᠣᠯᠴᠠᠬᠤ ᠪᠣᠯ ᠬᠦᠴᠢᠷᠳᠡᠯᠲᠡᠶ ᠣᠯᠠᠨ ᠲᠦᠮᠡᠨ᠎ᠦ ᠡᠮᠴᠢᠯᠡᠭᠡᠨ᠎ᠦ ᠪᠠᠲᠤᠯᠠᠭ᠎ᠠ ᠣᠯᠬᠤ᠎ᠶ᠋ᠢᠨ ᠤᠷᠢᠲᠠᠯ ᠪᠠ ᠰᠠᠭᠤᠷᠢ ᠪᠣᠯᠤᠨ᠎ᠠ᠃ ᠬᠡᠷᠪᠡ ᠳᠠᠭᠠᠳᠭᠠᠯ᠎ᠳᠤ ᠣᠷᠣᠯᠴᠠᠬᠤ ᠥᠬᠡᠶ ᠪᠣᠯ ᠦᠨᠳᠦᠰᠦᠨ ᠡᠮᠴᠢᠯᠡᠭᠡ ᠪᠠᠲᠤᠯᠠᠭ᠎ᠠ ᠥᠬᠡᠶ᠂ ᠡᠪᠡᠳᠴᠢᠨ᠎ᠠᠴᠠ ᠪᠣᠯᠵᠣ ᠳᠠᠬᠢᠨ ᠶᠠᠳᠠᠭᠤᠷᠠᠬᠤ 《 ᠤᠨᠠᠭᠤᠯᠢ ᠨᠥᠬᠡ 》᠎ᠳᠤ ᠠᠮᠠᠷᠬᠠᠨ ᠤᠨᠠᠬᠤ ᠪᠣᠯᠤᠨ᠎ᠠ᠃ ᠬᠦᠴᠢᠷᠳᠡᠯᠲᠡᠶ ᠣᠯᠠᠨ ᠲᠦᠮᠡᠨ᠎ᠢ 《 ᠪᠠᠲᠤᠯᠠᠬᠤ ᠶᠣᠰᠣᠲᠠᠶ᠎ᠶ᠋ᠢ᠎ᠨᠢ ᠴᠥᠮ ᠪᠠᠲᠤᠯᠠᠬᠤ 》᠎ᠶ᠋ᠢᠨ ᠲᠥᠯᠥᠭᠡ᠂ ᠡᠯ᠎ᠡ ᠱᠠᠲᠤᠨ᠎ᠤ ᠡᠳ᠋᠎ᠤᠨ ᠵᠠᠰᠠᠭ ᠪᠠ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠠᠴᠠ ᠲᠥᠷᠥᠯ ᠬᠤᠪᠢᠶᠠᠨ ᠲᠤᠰᠠᠯᠠᠵᠤ ᠳᠠᠭᠠᠳᠭᠠᠯ᠎ᠳᠤ ᠣᠷᠣᠯᠴᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠬᠦᠴᠢᠷᠳᠡᠯᠲᠡᠶ ᠣᠯᠠᠨ ᠲᠦᠮᠡᠨ᠎ᠤ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠳᠤ ᠣᠷᠣᠯᠴᠠᠬᠤ᠎ᠳᠤ ᠬᠤᠪᠢ ᠬᠥᠮᠦᠨ᠎ᠤ ᠰᠦᠢᠳᠭᠡᠯ ᠲᠤᠱᠢᠶᠠᠬᠤ ᠨᠥᠬᠦᠪᠥᠷᠢ ᠣᠯᠭᠣᠪᠠ; ᠬᠥᠳᠡᠭᠡ ᠲᠣᠰᠭᠤᠨ᠎ᠤ ᠣᠷᠣᠯᠭ᠎ᠠ ᠪᠠᠭᠠᠲᠠᠶ ᠬᠥᠮᠦᠨ ᠠᠮᠠ ᠪᠠ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ᠎ᠳᠤ ᠬᠥᠳᠡᠯᠦᠩᠭᠦᠶ ᠳᠠᠭᠠᠳᠭᠠᠯ᠎ᠳᠤ ᠣᠷᠣᠯᠴᠠᠬᠤ ᠡᠬᠡ ᠲᠠᠩᠰᠠ ᠪᠠᠢᠭᠤᠯᠵᠤ᠂ 《 ᠰᠠᠭᠤᠷᠢ ᠲᠤᠭ᠎ᠠ᠎ᠨᠢ ᠲᠣᠳᠣᠷᠬᠠᠶ᠂ ᠪᠠᠢᠳᠠᠯ᠎ᠨᠢ ᠢᠯᠡ 》 ᠪᠠᠢᠬᠤ᠎ᠶ᠋ᠢ ᠦᠨᠡᠨ ᠬᠦ᠌ ᠪᠠᠲᠤᠯᠠᠪᠠ᠃ ᠣᠳᠣᠬᠠᠨ᠎ᠳᠤ᠂ ᠪᠦᠬᠦ᠌ ᠤᠯᠤᠰ᠎ᠤᠨ ᠵᠢᠯ ᠪᠦᠷᠢ ᠪᠠᠷᠤᠭ 8000 ᠲᠦᠮᠡᠨ ᠬᠦᠴᠢᠷᠳᠡᠯᠲᠡᠶ ᠣᠯᠠᠨ ᠲᠦᠮᠡᠨ ᠲᠤᠰᠠᠯᠠᠮᠵᠢ ᠣᠯᠵᠤ ᠳᠠᠭᠠᠳᠭᠠᠯ᠎ᠳᠤ ᠣᠷᠣᠯᠴᠠᠵᠤ᠂ ᠬᠥᠳᠡᠭᠡ ᠲᠣᠰᠭᠤᠨ᠎ᠤ ᠣᠷᠣᠯᠭ᠎ᠠ ᠪᠠᠭᠠᠲᠠᠶ ᠬᠥᠮᠦᠨ ᠠᠮᠠ ᠪᠣᠯᠤᠨ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ᠎ᠶ᠋ᠢᠨ ᠳᠠᠭᠠᠳᠭᠠᠯ᠎ᠳᠤ ᠣᠷᠣᠯᠴᠠᠬᠤ ᠨᠣᠷᠮ᠎ᠠ᠎ᠶ᠋ᠢ 99% ᠠᠴᠠ ᠳᠡᠭᠡᠭ᠌ᠰᠢ᠎ᠳᠤ ᠲᠣᠭ᠍ᠲᠠᠪᠤᠷᠢᠵᠢᠭᠤᠯᠪᠠ᠃
ᠡᠷᠲᠡ ᠠᠪᠤᠷᠠᠬᠤ᠄ ᠬᠢᠨᠠᠨ ᠬᠡᠮᠵᠢᠵᠦ᠍ ᠰᠡᠷᠡᠮᠵᠢᠯᠡᠭᠦᠯᠬᠦ᠌ ᠲᠣᠤᠷ᠎ᠢ ᠨᠢᠭ᠍ᠲᠠ ᠪᠥᠭᠡᠳ ᠪᠠᠲᠤ ᠰᠦᠯᠵᠢᠪᠡ
ᠡᠪᠡᠳᠴᠢᠨ᠎ᠡᠴᠡ ᠪᠣᠯᠵᠤ ᠳᠠᠬᠢᠨ ᠶᠠᠳᠠᠭᠤᠷᠠᠬᠤ ᠲᠦᠭᠰᠢᠭᠦᠷᠢ᠂ ᠶᠡᠷᠦ᠍ ᠨᠢ ᠨᠢᠭᠡ ᠤᠳᠠᠭᠠᠨ᠎ᠤ ᠭᠡᠨᠡᠳᠲᠡ᠎ᠶ᠋ᠢᠨ ᠬᠦᠨᠳᠦ ᠡᠪᠡᠳᠴᠢᠨ᠎ᠡᠴᠡ ᠡᠬᠢᠯᠡᠳᠡᠭ᠃ ᠲᠦᠭ᠌ᠰᠢᠭᠦᠷᠢ᠎ᠶ᠋ᠢ ᠡᠷᠲᠡ ᠢᠯᠡᠷᠡᠭᠦᠯᠵᠦ᠍᠂ ᠡᠷᠲᠡ ᠰᠡᠷᠡᠮᠵᠢᠯᠡᠭᠦᠯᠵᠦ᠍᠂ ᠡᠷᠲᠡ ᠱᠢᠢᠳᠪᠦᠷᠢᠯᠡᠬᠦ᠌᠎ᠶ᠋ᠢᠨ ᠲᠥᠯᠥᠭᠡ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠡᠯ᠎ᠡ ᠭᠠᠵᠠᠷ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠢ ᠵᠢᠯᠣᠭᠤᠳᠤᠨ ᠶᠡᠭᠡ ᠲᠣᠭᠠᠨ᠎ᠤ ᠡᠮᠴᠢᠯᠡᠭᠡᠨ᠎ᠦ ᠵᠠᠷᠤᠳᠠᠯ᠎ᠢ ᠬᠢᠨᠠᠨ ᠬᠡᠮᠵᠢᠬᠦ᠌ ᠠᠵᠢᠯ᠎ᠢ ᠰᠠᠢᠲᠤᠷ ᠬᠢᠵᠦ᠍᠂ ᠬᠢᠨᠠᠨ ᠬᠡᠮᠵᠢᠬᠦ᠌ ᠪᠠᠷᠢᠮᠵᠢᠶ᠎ᠠ᠎ᠶ᠋ᠢ ᠨᠠᠷᠢᠯᠢᠬ᠍ᠵᠢᠭᠤᠯᠤᠨ᠂ ᠲᠦᠭ᠌ᠰᠢᠭᠦᠷᠢ᠎ᠶ᠋ᠢ ᠬᠢᠨᠠᠨ ᠬᠡᠮᠵᠢᠬᠦ᠌ 《 ᠡᠮᠦᠨ᠎ᠡ ᠬᠠᠷᠠᠭᠤᠯ 》 ᠪᠣᠯᠬᠤ ᠬᠡᠷᠡᠭ᠌ᠲᠡᠶ᠃ ᠡᠯ᠎ᠡ ᠭᠠᠵᠠᠷ᠎ᠤᠨ᠎ᠬᠢᠨ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌ ᠲᠣᠭ᠍ᠲᠠᠴᠠ᠎ᠶ᠋ᠢ ᠱᠠᠲᠤ ᠳᠠᠷᠠᠭᠠᠯᠠᠨ ᠪᠠᠢᠭᠤᠯᠤᠨ ᠲᠡᠭᠦᠯᠳᠡᠷᠵᠢᠭᠦᠯᠵᠦ᠍᠂ ᠰᠠᠯᠠᠭ᠎ᠠ ᠮᠥᠴᠢᠷ᠎ᠤᠨ ᠬᠤᠭᠤᠷᠣᠨᠳᠣᠬᠢ ᠳ᠋ᠠᠢ᠌ᠲ᠋ᠠ᠎ᠶ᠋ᠢᠨ ᠬᠤᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ 《 ᠨᠢᠭᠡ ᠡᠷᠦᠬᠡ ( ᠬᠥᠮᠦᠨ )᠎ᠳᠤ ᠨᠢᠭᠡ ᠠᠪᠤᠷᠠᠨ ᠲᠤᠰᠠᠯᠠᠬᠤ ᠬᠡᠯᠬᠢᠶ᠎ᠡ 》᠎ᠶ᠋ᠢ ᠪᠣᠶ ᠪᠣᠯᠭᠠᠵᠤ᠂ ᠬᠦᠴᠢᠷᠳᠡᠯᠲᠡᠶ ᠣᠯᠠᠨ ᠲᠦᠮᠡᠨ᠎ᠢ ᠴᠠᠭ ᠲᠤᠬᠠᠶ᠎ᠳᠤ ᠨᠢ ᠪᠠᠲᠤᠯᠠᠭ᠎ᠠ᠎ᠶ᠋ᠢᠨ ᠬᠡᠪᠴᠢᠶᠡᠨ᠎ᠳᠤ ᠣᠷᠣᠭᠤᠯᠬᠤ᠎ᠶ᠋ᠢ ᠦᠨᠡᠨ ᠬᠦ᠌ ᠪᠠᠲᠤᠯᠠᠵᠤ᠂ ᠠᠪᠤᠷᠠᠨ ᠲᠤᠰᠠᠯᠠᠬᠤ 《 ᠪᠠᠲᠤᠯᠠᠭ᠎ᠠ᠎ᠶ᠋ᠢᠨ ᠲᠣᠤᠷ 》᠎ᠢ ᠨᠢᠭ᠍ᠲᠠ ᠰᠦᠯᠵᠢᠪᠡ᠃
ᠳᠠᠭ᠋ᠠᠭ᠋ᠠᠵᠤ ᠳᠡᠢ᠌ᠯᠬᠦ᠄ ᠭᠤᠷᠪᠠᠨ ᠳᠠᠪᠬᠤᠷ ᠪᠠᠲᠤᠯᠭ᠎ᠠ᠎ᠶᠢᠨ ᠳᠠᠪᠬᠤᠷ ᠳᠠᠪᠬᠤᠷ ᠰᠠᠬᠢᠨ ᠬᠠᠮᠠᠭ᠋ᠠᠯᠠᠯᠲᠠ
ᠬᠦᠴᠢᠷᠳᠡᠯᠲᠡᠢ ᠣᠯᠠᠨ ᠲᠦᠮᠡᠨ᠎ᠳᠦ ᠠᠪᠴᠤ᠌ ᠬᠡᠯᠡᠪᠡᠯ᠂ ᠡᠮᠴᠢᠯᠡᠭᠡᠨ᠎ᠦ ᠵᠠᠷᠤᠳᠠᠯ᠎ᠤᠨ ᠳᠠᠷᠤᠭᠠᠰᠤ ᠪᠣᠯ ᠨᠢᠭᠡ ᠪᠡᠷᠬᠡ ᠪᠣᠭᠣᠮᠲᠠ ᠪᠣᠯᠤᠨ᠎ᠠ᠃ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ 《 1 + 3 + N》 ᠣᠯᠠᠨ ᠳᠠᠪᠬᠤᠷᠭ᠎ᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠤᠭᠲᠠᠯᠴᠠᠭ᠎ᠠ᠎ᠶᠢ ᠬᠦᠴᠦᠯᠡᠨ ᠪᠠᠢᠭᠤᠯᠵᠤ᠂ ᠦᠨᠳᠦᠰᠦᠨ ᠡᠮᠴᠢᠯᠡᠭᠡᠨ᠎ᠦ ᠳᠠᠭᠠᠳᠭᠠᠯ᠂ ᠬᠦᠨᠳᠦ ᠡᠪᠡᠳᠴᠢᠨ᠎ᠤ ᠳᠠᠭᠠᠳᠭᠠᠯ᠂ ᠡᠮᠴᠢᠯᠡᠭᠡᠨ᠎ᠦ ᠠᠪᠤᠷᠠᠨ ᠲᠤᠰᠠᠯᠠᠯᠲᠠ᠎ᠶ᠋ᠢᠨ ᠭᠤᠷᠪᠠᠨ ᠳᠠᠪᠬᠤᠷ ᠲᠦᠷᠢᠮ᠎ᠤᠨ ᠪᠠᠲᠤᠯᠠᠭ᠎ᠠ᠎ᠶ᠋ᠢᠨ ᠦᠢᠯᠡᠳᠦᠯ᠎ᠢ ᠨᠢᠭᠡᠳᠦᠯᠲᠡᠶ ᠲᠥᠯᠥᠪᠯᠡᠨ ᠪᠠᠳᠠᠷᠠᠭᠤᠯᠵᠤ᠂ ᠡᠳ᠋᠎ᠤᠨ ᠵᠠᠰᠠᠭ᠎ᠤᠨ ᠡᠮᠴᠢᠯᠡᠭᠡᠨ᠎ᠦ ᠠᠪᠤᠷᠠᠨ ᠲᠤᠰᠠᠯᠠᠯᠲᠠ᠎ᠶ᠋ᠢᠨ ᠪᠠᠯᠠ ᠮᠥᠩᠭᠦ᠎ᠶ᠋ᠢ ᠥᠨᠳᠥᠷ ᠪᠦᠲᠦᠮᠵᠢᠲᠡᠶ ᠰᠠᠢᠲᠤᠷ ᠬᠡᠷᠡᠭ᠌ᠯᠡᠭ᠌ᠰᠡᠨ ᠰᠠᠭᠤᠷᠢᠨ ᠳᠡᠭᠡᠷ᠎ᠡ᠂ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠂ ᠨᠢᠭᠦᠯᠡᠰᠦᠩᠭᠦᠶ᠎ᠶ᠋ᠢᠨ ᠵᠣᠬᠢᠶᠠᠨ ᠪᠠᠢᠭᠤᠯᠤᠯᠲᠠ ᠵᠡᠷᠭᠡ ᠨᠡᠢᠭᠡᠮ᠎ᠤᠨ ᠬᠦᠴᠦᠨ᠎ᠤ ᠣᠷᠣᠯᠴᠠᠬᠤ᠎ᠶ᠋ᠢ ᠢᠳᠡᠪᠬᠢᠲᠡᠶ ᠬᠥᠲᠥᠯᠦᠨ ᠵᠢᠯᠣᠭᠤᠳᠴᠤ᠌᠂ ᠣᠯᠠᠨ ᠲᠠᠰ ᠳᠠᠪᠬᠤᠷᠭ᠎ᠠ᠎ᠶ᠋ᠢᠨ ᠪᠠᠲᠤᠯᠠᠭ᠎ᠠ᠎ᠶ᠋ᠢᠨ ᠪᠠᠢᠷᠢᠱᠢᠯ᠎ᠢ ᠪᠣᠶ ᠪᠣᠯᠭ᠋ᠠᠪᠠ᠃ ᠭᠤᠷᠪᠠᠨ ᠳᠠᠪᠬᠤᠷ ᠳᠦᠷᠢᠮ᠎ᠤᠨ ᠪᠠᠲᠤᠯᠠᠭ᠎ᠠ᠎ᠪᠠᠷ ᠳᠠᠮᠵᠢᠨ᠂ ᠬᠥᠳᠡᠭᠡ ᠲᠣᠰᠭᠤᠨ᠎ᠤ ᠣᠷᠣᠯᠭ᠎ᠠ ᠪᠠᠭᠠᠲᠠᠶ ᠬᠥᠮᠦᠨ ᠠᠮᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶᠡᠨ ᠳᠣᠲᠣᠷᠠᠬᠢ ᠡᠮᠨᠡᠯᠭᠡ᠎ᠳᠤ ᠰᠠᠭᠤᠭ᠍ᠰᠠᠨ ᠡᠮᠴᠢᠯᠡᠭᠡᠨ᠎ᠤ ᠵᠠᠷᠤᠳᠠᠯ᠎ᠤᠨ ᠳᠠᠩᠰᠠ ᠲᠠᠢᠯᠬᠤ ᠬᠠᠷᠢᠴᠠᠯ᠎ᠢ 90 % ᠳᠤ ᠬᠦᠷᠦᠭᠦᠯᠵᠦ᠍᠂ ᠬᠦᠴᠢᠷᠳᠡᠯᠲᠡᠶ ᠣᠯᠠᠨ ᠲᠦᠮᠡᠨ᠎ᠤ ᠡᠷᠡᠭᠦᠯ ᠮᠡᠨᠳᠦ᠍᠎ᠶ᠋ᠢᠨ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠪᠠᠬᠢ ᠪᠠᠢ᠌ᠭᠤᠯᠪᠠ᠃
ᠰᠠᠢᠲᠤᠷ ᠪᠠᠲᠤᠯᠠᠬᠤ᠄ ᠡᠮᠴᠢᠯᠡᠭᠡᠨ᠎ᠤ ᠪᠠᠲᠤᠯᠠᠭ᠎ᠠ᠎ᠶ᠋ᠢᠨ ᠴᠢᠨᠠᠷ ᠴᠢᠨᠰᠠᠭ᠎ᠠ ᠦᠷ᠎ᠡ ᠪᠦᠲᠦᠮᠵᠢ ᠪᠠ ᠦᠢᠯᠡᠴᠢᠯᠡᠭᠡ ᠦᠷᠭᠦᠯᠵᠢᠯᠡᠨ ᠳᠡᠭᠡᠭ᠌ᠰᠢᠯᠡᠪᠡ
ᠡᠮᠴᠢᠯᠡᠭᠡᠨ᠎ᠤ ᠪᠠᠲᠤᠯᠠᠭ᠎ᠠ ᠨᠢ 《 ᠪᠦᠷᠢᠨ 》 ᠪᠠᠲᠤᠯᠠᠬᠤ᠎ᠪᠠᠷ ᠪᠠᠷᠠᠬᠤ ᠦᠭᠡᠢ ᠨᠡᠩ ᠴᠤ᠌ 《 ᠰᠠᠢᠨ 》 ᠪᠠᠲᠤᠯᠠᠬᠤ ᠬᠡᠷᠡᠭ᠌ᠲᠡᠢ᠃ ᠣᠢᠷ᠎ᠠ᠎ᠶ᠋ᠢᠨ ᠵᠢᠯ᠎ᠠᠴᠠ ᠨᠠᠭ᠋ᠠᠰᠢ᠂ ᠡᠯ᠎ᠡ ᠱᠠᠲᠤᠨ᠎ᠤ ᠡᠳ᠋᠎ᠤᠨ ᠵᠠᠰᠠᠭ ᠪᠠ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠳ ᠢᠮᠠᠭ᠍ᠲᠠ ᠠᠷᠠᠳ ᠲᠦᠮᠡᠨ᠎ᠢᠶᠠᠷ ᠭᠤᠤᠯ ᠪᠣᠯᠭᠠᠵᠤ᠂ ᠡᠮᠴᠢᠯᠡᠭᠡᠨ᠎ᠤ ᠪᠠᠲᠤᠯᠠᠭ᠎ᠠ᠎ᠶ᠋ᠢᠨ ᠲᠦᠷᠢᠮ᠎ᠤᠨ ᠥᠭᠡᠷᠡᠴᠢᠯᠡᠯᠲᠡ᠎ᠶ᠋ᠢ ᠪᠥᠬᠦ᠌ ᠲᠠᠯ᠎ᠠ᠎ᠪᠠᠷ ᠭᠦᠨᠵᠡᠭᠡᠢᠷᠡᠭᠦᠯᠦᠨ᠂ ᠪᠠᠯᠠ ᠮᠥᠩᠭᠦ᠌ ᠴᠤᠭ᠍ᠯᠠᠭᠤᠯᠬᠤ ᠪᠠ ᠬᠠᠷᠠᠭᠠᠯᠵᠠᠯ᠎ᠤᠨ ᠬᠢᠷᠢ ᠲᠦᠪᠱᠢᠨ᠎ᠢ ᠳᠡᠭᠡᠭ᠌ᠰᠢᠯᠡᠭᠦᠯᠪᠡ᠃ ᠮᠠᠨ᠎ᠤ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠳᠦᠷᠢᠮ᠎ᠢᠶᠡᠷ ᠡᠮᠨᠡᠯᠭᠡ᠎ᠳᠦ ᠰᠠᠭᠤᠬᠤ ᠪᠠ ᠡᠭᠦᠳᠡᠨ ᠡᠮᠨᠡᠯᠭᠡ᠎ᠶ᠋ᠢᠨ ᠪᠠᠲᠤᠯᠠᠭ᠎ᠠ᠎ᠶ᠋ᠢ ᠬᠠᠮᠲᠤ᠎ᠳᠤ ᠨᠢ ᠬᠠᠷᠠᠭᠠᠯᠵᠠᠵᠤ᠂ ᠬᠦᠨᠳᠦ ᠡᠪᠡᠳᠴᠢᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠴᠢᠭ᠌ᠯᠡᠭᠦᠯᠬᠦ᠌ ᠴᠢᠨᠠᠷᠲᠠᠶ᠎ᠪᠠᠷ ᠪᠠᠲᠤᠯᠠᠬᠤ ᠮᠥᠷᠲᠡᠭᠡᠨ ᠪᠠᠢᠩᠭᠤ ᠲᠣᠬᠢᠶᠠᠯᠳᠤᠳᠠᠭ ᠡᠪᠡᠳᠴᠢᠨ ᠣᠯᠠᠨ ᠡᠭᠦᠰᠳᠡᠭ ᠡᠪᠡᠳᠴᠢᠨ᠎ᠦ ᠪᠠᠲᠤᠯᠠᠭ᠎ᠠ᠎ᠶ᠋ᠢᠨ ᠬᠡᠷᠡᠭ᠌ᠴᠡᠭᠡ᠎ᠶ᠋ᠢ ᠬᠠᠮᠲᠤ᠎ᠳᠤ ᠨᠢ ᠬᠠᠷᠠᠭ᠋ᠠᠯᠵᠠᠪᠠ᠃ ᠣᠳᠣ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ ᠵᠥᠪᠬᠡᠨ 400 ᠲᠥᠭᠦᠷᠢᠭ ᠣᠷᠣᠭᠤᠯᠵᠤ᠂ ᠡᠳ᠋᠎ᠤᠨ ᠵᠠᠰᠠᠭ᠎ᠤᠨ ᠨᠥᠬᠦᠪᠥᠷᠢ 700 ᠲᠥᠭᠦᠷᠢᠭ᠎ᠢ ᠳᠠᠪᠠᠵᠤ ᠦᠨᠳᠦᠰᠦᠨ ᠡᠮᠴᠢᠯᠡᠭᠡᠨ᠎ᠤ ᠳᠠᠭᠠᠳᠭᠠᠯ᠎ᠳᠤ ᠣᠷᠣᠯᠴᠠᠪᠠᠯ ᠳᠠᠷᠤᠶ ᠡᠮᠨᠡᠯᠭᠡ᠎ᠳᠤ ᠰᠠᠭᠤᠬᠤ᠂ ᠡᠭᠦᠳᠡᠨ ᠡᠮᠨᠡᠯᠭᠡ᠎ᠶ᠋ᠢ ᠪᠠᠲᠤᠯᠠᠬᠤ᠂ ᠬᠦᠨᠳᠦ ᠡᠪᠡᠳᠴᠢᠲᠡᠨ᠎ᠢ ᠪᠠᠲᠤᠯᠠᠬᠤ᠎ᠶ᠋ᠢ ᠡᠳ᠋ᠯᠡᠵᠦ᠍ ᠴᠢᠳᠠᠨ᠎ᠠ᠂ ᠦᠷᠭᠦᠯᠵᠢ ᠲᠣᠬᠢᠶᠠᠯᠳᠤᠳᠠᠭ ᠡᠪᠡᠳᠴᠢᠨ ᠪᠤᠶᠤ ᠬᠦᠨᠳᠦ ᠡᠪᠡᠳᠴᠢᠨ᠎ᠳᠤ ᠭᠡᠰᠡᠨ ᠦᠭᠡᠢ᠂ ᠴᠥᠮ ᠬᠠᠨᠳᠤᠯᠭᠠᠲᠤ ᠴᠢᠨᠠᠷᠲᠠᠶ ᠪᠠᠲᠤᠯᠠᠭ᠎ᠠ ᠣᠯᠵᠤ ᠴᠢᠳᠠᠨ᠎ᠠ᠃ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠳ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠴᠢᠯᠡᠭᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠡᠮᠴᠢᠯᠡᠭᠡᠨ᠎ᠤ ᠠᠪᠤᠷᠠᠨ ᠲᠤᠰᠠᠯᠠᠯᠲᠠ᠎ᠶ᠋ᠢ ᠭᠠᠷᠲᠠᠨ ᠭᠦᠢᠴᠡᠳᠭᠡᠬᠦ᠌ ᠲᠦᠷᠢᠮ᠎ᠢ ᠳᠠᠷᠤᠮᠠᠯᠯᠠᠨ ᠲᠠᠷᠬᠠᠭᠠᠵᠤ᠂ ᠡᠮᠴᠢᠯᠡᠭᠡᠨ᠎ᠤ ᠠᠪᠤᠷᠠᠨ ᠲᠤᠰᠠᠯᠠᠯᠲᠠ᠎ᠶ᠋ᠢ ᠭᠠᠷᠲᠠᠨ ᠭᠦᠢᠴᠡᠳᠭᠡᠬᠦ᠌ ᠦᠢᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠬᠦᠴᠢᠷᠳᠡᠯᠲᠡᠶ ᠣᠯᠠᠨ ᠲᠦᠮᠡᠨ᠎ᠳᠤ ᠨᠠᠩ ᠴᠢᠨᠠᠷ ᠰᠠᠢᠲᠠᠶ ᠳᠥᠭᠦᠮ ᠳᠥᠲᠡ ᠦᠢᠯᠡᠴᠢᠯᠡᠭᠡ ᠬᠠᠩᠭ᠋ᠠᠪᠠ᠃
ᠢᠷᠡᠭᠡᠳᠦᠢ ᠄ ᠨᠡᠩ ᠳᠤᠯᠠᠭᠠᠨ᠂ ᠨᠡᠩ ᠳᠣᠲᠣᠨᠣ ᠪᠠᠲᠤᠯᠠᠭ᠎ᠠ
ᠣᠯᠠᠨ ᠵᠢᠯ᠎ᠤᠨ ᠴᠢᠷᠮᠠᠢᠯᠭ᠎ᠠ᠎ᠪᠠᠷ ᠳᠠᠮᠵᠢᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠡᠮᠴᠢᠯᠡᠭᠡ᠎ᠪᠠᠷ ᠠᠪᠤᠷᠠᠨ ᠲᠤᠰᠠᠯᠠᠬᠤ ᠳᠦᠷᠢᠮ᠎ᠨᠢ ᠨᠢᠭᠡᠨᠲᠡ ᠠᠯᠬᠤᠮ ᠠᠯᠬᠤᠮ᠎ᠢᠶᠠᠷ ᠲᠡᠭᠦᠯᠳᠡᠷᠵᠢᠵᠦ᠍᠂ ᠬᠦᠴᠢᠷᠳᠡᠯᠲᠡᠢ ᠣᠯᠠᠨ ᠲᠦᠮᠡᠨ᠎ᠢ ᠢᠯᠭᠠᠨ ᠲᠠᠨᠢᠬᠤ᠎ᠳᠤ ᠨᠡᠩ ᠣᠨᠣᠪᠴᠢᠲᠠᠢ ᠪᠣᠯᠵᠤ᠂ ᠠᠪᠤᠷᠠᠨ ᠲᠤᠰᠠᠯᠠᠬᠤ᠎ᠨᠢ ᠨᠡᠩ ᠴᠠᠭ ᠲᠤᠬᠠᠢ᠎ᠳᠤ ᠨᠢ ᠪᠣᠯᠵᠤ᠂ ᠪᠠᠲᠤᠯᠠᠭ᠎ᠠ᠎ᠨᠢ ᠨᠡᠩ ᠬᠦᠴᠦᠲᠡᠢ ᠪᠣᠯᠪᠠ᠃ ᠢᠷᠡᠭᠡᠳᠦᠶ᠎ᠳᠤ᠂ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠳ ᠡᠮᠴᠢᠯᠡᠭᠡᠨ᠎ᠤ ᠠᠪᠤᠷᠠᠨ ᠲᠤᠰᠠᠯᠠᠬᠤ ᠲᠦᠷᠢᠮ᠎ᠢ ᠦᠷᠭᠦᠯᠵᠢᠯᠡᠨ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠨᠠᠷᠢᠯᠢᠬ᠍ᠵᠢᠭᠤᠯᠤᠭ᠍ᠰᠠᠨ ᠦᠢᠯᠡᠴᠢᠯᠡᠭᠡ᠎ᠠᠴᠠ ᠦᠷ᠎ᠡ ᠠᠱᠢᠭ ᠣᠯᠵᠤ᠂ ᠬᠦᠴᠢᠷᠳᠡᠯᠲᠡᠶ ᠣᠯᠠᠨ ᠲᠦᠮᠡᠨ᠎ᠳᠤ ᠨᠠᠩ ᠡᠷᠴᠢᠮ ᠲᠠᠢ ᠪᠠ ᠬᠠᠯᠠᠭᠤᠨ ᠳᠤᠯᠠᠭᠠᠨ ᠪᠠᠲᠤᠯᠠᠭ᠎ᠠ᠎ᠶ᠋ᠢᠨ ᠦᠢᠯᠡᠴᠢᠯᠡᠭᠡ ᠬᠠᠩᠭᠠᠨ᠎ᠠ᠃
ᠡᠮᠴᠢᠯᠡᠭᠡᠨ᠎ᠤ ᠪᠠᠲᠤᠯᠠᠭ᠎ᠠ ᠪᠣᠯ ᠣᠯᠠᠨ ᠲᠦᠮᠡᠨ᠎ᠤ 《 ᠡᠷᠡᠭᠦᠯ ᠮᠡᠨᠳᠦ᠍᠎ᠶᠢᠨ ᠲᠦᠱᠢᠭ᠌ 》 ᠮᠥᠨ᠂ ᠪᠠᠰᠠ ᠴᠤ᠌ ᠨᠡᠢᠭᠡᠮ᠎ᠤᠨ 《 ᠲᠣᠭ᠍ᠲᠠᠪᠤᠷᠢᠵᠢᠭᠤᠯᠤᠭ᠍ᠴᠢ 》 ᠮᠥᠨ᠂ ᠲᠡᠷᠡ᠎ᠨᠢ ᠬᠦᠴᠢᠷᠳᠡᠯᠲᠡᠶ ᠣᠯᠠᠨ ᠲᠦᠮᠡᠨ᠎ᠤ ᠥᠨᠥᠳᠦᠷᠢ ᠰᠠᠬᠢᠨ ᠬᠠᠮᠠᠭᠠᠯᠠᠵᠤ ᠪᠠᠢᠬᠤ᠎ᠪᠠᠷ ᠪᠠᠷᠠᠬᠤ ᠥᠬᠡᠶ᠂ ᠨᠠᠩ ᠴᠤ᠌ ᠬᠠᠮᠲᠤ᠎ᠪᠠᠷ ᠪᠠᠶᠠᠵᠢᠬᠤ ᠢᠷᠡᠭᠡᠳᠦᠶ᠎ᠶ᠋ᠢ ᠡᠷᠭᠦᠵᠤ ᠪᠠᠢᠨ᠎ᠠ᠃