ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠳᠤᠮᠳᠠᠳᠤ ᠤᠯᠤᠰ᠎ᠤᠨ ᠡᠮᠴᠢᠯᠡᠭᠡᠨ᠎ᠦ ᠪᠠᠲᠤᠯᠠᠭ᠎ᠠ ᠠᠷᠠᠳ᠎ᠲᠤ ᠠᠱᠢᠭ ᠬᠦᠷᠲᠡᠭᠡᠵᠦ ᠬᠠᠭᠠᠰ ᠠᠯᠬᠤᠮ᠎ᠢ ᠬᠤᠷᠠᠮᠳᠤᠭᠤᠯᠵᠤ᠂ ᠠᠯᠤᠰ ᠢᠷᠡᠭᠡᠳᠦᠢ᠎ᠳᠤ ᠬᠦᠷᠬᠦ ( ᠵᠢᠷᠭᠤᠭ᠎ᠠ )᠄ ᠡᠮᠴᠢᠯᠡᠭᠡᠨ᠎ᠦ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠲᠥᠷᠥᠯ ᠵᠦᠢᠯ ᠰᠡᠳᠦᠪ ᠲᠣᠭ᠍ᠲᠠᠭᠠᠬᠤ ᠵᠦᠭ᠌ᠯᠡᠭᠦᠷ᠎ᠢ ᠨᠠᠢ᠌ᠲᠠᠪᠤᠷᠢᠵᠢᠭᠤᠯᠪᠠ
ᠨᠡᠶ᠋ᠢᠲᠡᠯᠡᠭᠰᠡᠨ ᠴᠠᠭ᠄ 2025-12-28

  ᠡᠮᠴᠢᠯᠡᠭᠡᠨ᠎ᠦ ᠦᠢᠯᠡᠴᠢᠯᠡᠭᠡᠨ᠎ᠦ ᠦᠨ᠎ᠡ ᠬᠠᠩᠰᠢ᠎ᠶ᠋ᠢᠨ ᠲᠥᠷᠥᠯ ᠵᠦᠢᠯ ᠪᠣᠯ ᠡᠮᠴᠢᠯᠡᠭᠡᠨ᠎ᠦ ᠪᠠᠢᠭᠤᠯᠤᠮᠵᠢ᠎ᠠᠴᠠ ᠣᠨᠣᠰᠢᠯᠠᠨ ᠪᠠᠢᠴᠠᠭᠠᠬᠤ᠂ ᠰᠤᠪᠢᠯᠠᠬᠤ᠂ ᠮᠡᠰᠡ ᠵᠠᠰᠠᠯ ᠬᠢᠬᠦ᠂ ᠪᠠᠢᠴᠠᠭᠠᠬᠤ᠂ ᠱᠢᠯᠭᠠᠨ ᠪᠠᠢᠴᠠᠭᠠᠬᠤ ᠵᠡᠷᠭᠡ ᠡᠯ᠎ᠡ ᠵᠦᠢᠯ᠎ᠦᠨ ᠡᠮᠴᠢᠯᠡᠭᠡᠨ᠎ᠦ ᠦᠢᠯᠡᠴᠢᠯᠡᠭᠡ ᠬᠠᠩᠭᠠᠬᠤ ᠦᠢ᠎ᠡ᠎ᠳᠦ ᠬᠤᠷᠢᠶᠠᠭ᠍ᠰᠠᠨ ᠰᠦᠢᠳᠭᠡᠯ᠎ᠤᠨ ᠦᠨ᠎ᠡ ᠬᠠᠩᠰᠢ ᠪᠣᠳᠣᠬᠤ ᠨᠢᠭᠡᠴᠢ ᠪᠣᠯᠤᠨ᠎ᠠ᠃ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠡᠮᠴᠢᠯᠡᠭᠡᠨ᠎ᠦ ᠦᠢᠯᠡᠴᠢᠯᠡᠭᠡᠨ᠎ᠦ ᠦᠨ᠎ᠡ ᠬᠠᠩᠰᠢ᠎ᠶ᠋ᠢᠨ ᠲᠥᠷᠥᠯ ᠵᠦᠢᠯ᠎ᠢ ᠵᠢᠷᠤᠮᠵᠢᠭᠤᠯᠤᠨ ᠬᠠᠮᠢᠶᠠᠷᠴᠤ᠌᠂ ᠦᠨ᠎ᠡ ᠬᠠᠩᠰᠢ᠎ᠶ᠋ᠢᠨ ᠲᠥᠷᠥᠯ ᠵᠦᠢᠯ᠎ᠢ ᠨᠡᠩ ᠰᠠᠢᠨ ᠦᠨ᠎ᠡ ᠬᠠᠩᠰᠢ ᠪᠣᠳᠣᠵᠤ᠂ ᠨᠡᠩ ᠰᠠᠢᠨ ᠬᠡᠷᠡᠭ᠌ᠵᠢᠭᠦᠯᠵᠦ᠍᠂ ᠨᠡᠩ ᠰᠠᠢᠨ ᠦᠨᠡᠯᠡᠯᠲᠡ ᠬᠢᠵᠦ᠍᠂ ᠡᠮᠴᠢᠯᠡᠭᠡᠨ᠎ᠦ ᠣᠨᠣᠱᠢᠯᠠᠨ ᠡᠮᠨᠡᠬᠦ᠌ ᠪᠠ ᠦᠨ᠎ᠡ ᠬᠠᠩᠰᠢ᠎ᠶ᠋ᠢᠨ ᠬᠠᠮᠢᠶᠠᠷᠤᠯᠲᠠ᠎ᠶ᠋ᠢᠨ ᠬᠡᠷᠡᠭ᠌ᠴᠡᠭᠡ᠎ᠳᠦ ᠨᠡᠩ ᠰᠠᠢᠨ ᠵᠣᠬᠢᠴᠠᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃ 2024 ᠣᠨ᠎ᠠᠴᠠ ᠨᠠᠭ᠋ᠠᠰᠢ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠡᠮᠴᠢᠯᠡᠭᠡᠨ᠎ᠤ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠰᠡᠳᠦᠪ ᠲᠣᠭ᠍ᠲᠠᠭᠠᠬᠤ ᠵᠦᠭ᠌ᠯᠡᠭᠦᠷ᠎ᠢ ᠨᠠᠢᠷᠠᠭᠤᠯᠤᠨ ᠵᠣᠬᠢᠶᠠᠵᠤ ᠳᠠᠷᠤᠮᠠᠯᠯᠠᠨ ᠲᠠᠷᠬᠠᠭᠠᠬᠤ᠎ᠪᠠᠨ ᠦᠷᠭᠦᠯᠵᠢᠯᠡᠨ ᠲᠦᠷᠭᠡᠳᠭᠡᠵᠦ᠍᠂ ᠣᠲᠣ ᠪᠣᠯᠲᠠᠯ᠎ᠠ ᠨᠢᠭᠡᠨᠲᠡ 36 ᠪᠦᠯᠦᠭ ᠰᠡᠳᠦᠪ ᠲᠣᠭ᠍ᠲᠠᠭᠠᠬᠤ ᠵᠦᠭ᠌ᠯᠡᠭᠦᠷ᠎ᠢ ᠳᠠᠷᠤᠮᠠᠯᠯᠠᠨ ᠲᠠᠷᠬᠠᠭᠠᠵᠤ᠂ ᠱᠢᠨ᠎ᠡ ᠮᠡᠷᠭᠡᠵᠢᠯ᠂ ᠱᠢᠨ᠎ᠡ ᠦᠶ᠋ᠯᠡᠳᠬᠦᠨ᠎ᠤ ᠡᠮᠴᠢᠯᠡᠭᠡ᠎ᠶ᠋ᠢ ᠬᠤᠪᠢᠷᠠᠭᠤᠯᠬᠤ ᠬᠤᠷᠳᠤᠴᠠ᠎ᠶ᠋ᠢ ᠢᠯᠡᠳᠲᠡ ᠲᠦᠷᠭᠡᠳᠭᠡᠨ᠂ ᠣᠯᠠᠨ ᠶᠠᠩᠵᠤ᠎ᠶ᠋ᠢᠨ ᠡᠪᠡᠳᠴᠢᠨ ᠦᠵᠡᠭᠦᠯᠬᠦ᠌ ᠬᠡᠷᠡᠭ᠌ᠴᠡᠭᠡ ᠱᠠᠭᠠᠷᠳᠠᠯᠭ᠎ᠠ ᠪᠠ ᠠᠵᠤ ᠦᠶ᠋ᠯᠡᠰ᠎ᠤᠨ ᠬᠥᠭ᠌ᠵᠢᠯᠲᠡ᠎ᠶ᠋ᠢᠨ ᠬᠡᠷᠡᠭ᠌ᠴᠡᠭᠡ᠎ᠳᠤ ᠪᠦᠲᠦᠮᠵᠢᠲᠡᠶ ᠬᠠᠷᠢᠭᠤᠯᠲᠠ ᠥᠭ᠌ᠭᠦᠭ᠌ᠰᠡᠨ ᠮᠥᠷᠲᠡᠭᠡᠨ ᠪᠠᠰᠠ ᠡᠮᠴᠢᠯᠡᠭᠡᠨ᠎ᠦ ᠦᠨ᠎ᠡ ᠬᠠᠩᠰᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠬᠥᠲᠥᠯᠦᠨ ᠵᠢᠯᠣᠭᠤᠳᠭᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠡᠮᠴᠢᠯᠡᠭᠡᠨ᠎ᠦ ᠦᠨ᠎ᠡ ᠬᠠᠩᠰᠢ᠎ᠶ᠋ᠢᠨ ᠬᠡᠢᠰᠪᠦᠷᠢ ᠥᠨᠳᠥᠷ ᠠᠰᠠᠭᠤᠳᠠᠯ᠎ᠢ ᠬᠦᠴᠦᠲᠡᠶ ᠵᠠᠰᠠᠵᠤ᠂ ᠥᠭᠡᠷᠡᠴᠢᠯᠡᠯᠲᠡ ᠪᠠ ᠵᠠᠰᠠᠯᠲᠠ᠎ᠶ᠋ᠢᠨ ᠠᠱᠢᠭ ᠲᠤᠰᠠ᠎ᠶ᠋ᠢ ᠨᠠᠷᠢᠯᠢᠭ ᠣᠨᠣᠪᠴᠢᠲᠠᠢ᠎ᠪᠠᠷ ᠠᠷᠠᠳ᠎ᠤᠨ ᠠᠮᠢᠳᠤᠷᠠᠯ᠎ᠤᠨ ᠬᠦᠷᠢᠶᠡᠨ᠎ᠳᠤ ᠣᠷᠣᠭᠤᠯᠵᠠᠶ᠃

  ᠦᠨ᠎ᠡ ᠬᠠᠩᠰᠢ᠎ᠶ᠋ᠢᠨ ᠰᠡᠳᠦᠪ ᠲᠤᠭ᠍ᠲᠠᠭᠠᠯᠲᠠ᠎ᠨᠢ ᠱᠢᠨ᠎ᠡ ᠮᠡᠷᠭᠡᠵᠢᠯ᠎ᠢ ᠶᠡᠭᠡ ᠬᠡᠪᠴᠢᠶ᠎ᠡ᠎ᠪᠠᠷ ᠬᠡᠷᠡᠭ᠌ᠯᠡᠬᠦ᠌᠎ᠶ᠋ᠢ ᠲᠦᠯᠬᠢᠨ ᠠᠬᠢᠭᠤᠯᠵᠤ᠂ ᠡᠮᠴᠢᠯᠡᠭᠡᠨ᠎ᠤ ᠮᠡᠷᠭᠡᠵᠢᠯ᠎ᠢ ᠠᠷᠠᠳ ᠲᠦᠮᠡᠨ᠎ᠳᠤ ᠨᠡᠩ ᠰᠠᠢᠨ ᠪᠤᠶᠠᠨ ᠦᠢ᠍ᠯᠡᠳᠪᠡ

  ᠡᠮᠴᠢᠯᠡᠭᠡᠨ᠎ᠤ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠰᠡᠳᠦᠪ ᠲᠣᠭ᠍ᠲᠠᠭᠠᠬᠤ ᠵᠦᠭ᠌ᠯᠡᠭᠦᠷ᠎ᠢ ᠨᠠᠢᠷᠠᠭᠤᠯᠤᠨ ᠵᠣᠬᠢᠶᠠᠬᠤ ᠶᠠᠪᠤᠴᠠ᠎ᠳᠤ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠡᠮᠴᠢᠯᠡᠭᠡᠨ᠎ᠤ ᠠᠵᠢᠯ ᠲᠥᠷᠥᠯ᠎ᠤᠨ ᠱᠢᠨ᠎ᠡ᠎ᠶ᠋ᠢ ᠡᠭᠦᠳᠦᠨ ᠬᠥᠭ᠌ᠵᠢᠬᠦ᠌ ᠬᠥᠳᠡᠯᠦᠯ ᠪᠠᠢᠳᠠᠯ᠎ᠢ ᠨᠢᠭ᠍ᠲᠠ ᠮᠥᠷᠳᠡᠵᠦ᠍᠂ ᠣᠨᠣᠱᠢᠯᠠᠨ ᠡᠮᠨᠡᠬᠦ᠌ ᠬᠤᠭᠤᠰᠣᠨ᠎ᠢ ᠨᠥᠬᠦᠪᠥᠷᠢᠯᠡᠬᠦ᠂ ᠡᠪᠡᠳᠴᠢᠲᠡᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠣᠰᠢᠭᠤᠴᠢ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶᠢ ᠲᠥᠯᠥᠭᠡᠯᠡᠨ᠂ ᠱᠢᠨ᠎ᠡ ᠮᠡᠷᠭᠡᠵᠢᠯ ᠱᠢᠨ᠎ᠡ ᠦᠢᠯᠡᠳᠬᠦᠨ᠎ᠢ ᠬᠠᠮᠤᠷᠤᠭ᠍ᠰᠠᠨ 100 ᠭᠠᠷᠤᠶ ᠵᠦᠢᠯ᠎ᠤᠨ ᠪᠠᠷᠠᠯᠠᠯᠲᠤ ᠴᠢᠨᠠᠷᠲᠠᠶ ᠰᠢᠨ᠎ᠡ ᠮᠡᠷᠭᠡᠵᠢᠯ ᠰᠢᠨ᠎ᠡ ᠦᠢ᠍ᠯᠡᠳᠭᠦᠨ᠎ᠢ ᠬᠠᠮᠤᠷᠤᠭᠰᠠᠨ ᠦᠨ᠎ᠡ ᠬᠠᠩᠰᠢ᠎ᠶ᠋ᠢᠨ ᠲᠥᠷᠥᠯ ᠵᠦᠢᠯ᠎ᠢ ᠨᠢᠭᠡᠳᠦᠯᠲᠡᠶ ᠱᠢᠨ᠎ᠡ᠎ᠪᠠᠷ ᠨᠡᠮᠡᠭ᠌ᠳᠡᠭᠦᠯᠵᠦ᠍᠂ ᠬᠠᠷᠢᠴᠠᠩᠭᠤᠶ ᠪᠣᠯᠪᠠᠰᠤᠷᠠᠩᠭᠤᠶ ᠪᠣᠯᠤᠭ᠍ᠰᠠᠨ ᠡᠮᠴᠢᠯᠡᠭᠡᠨ᠎ᠤ ᠮᠡᠷᠭᠡᠵᠢᠯ᠎ᠢ ᠡᠮᠴᠢᠯᠡᠭᠡᠨ᠎ᠳᠤ ᠣᠷᠣᠭᠤᠯᠬᠤ᠎ᠳᠤ ᠰᠦᠢᠳᠭᠡᠯ ᠬᠤᠷᠢᠶᠠᠬᠤ ᠲᠣᠳᠣᠷᠬᠠᠶ ᠦᠨᠳᠦᠰᠦᠯᠡᠯ ᠬᠠᠩᠭᠠᠵᠤ᠂ ᠡᠮᠴᠢᠯᠡᠭᠡᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠳᠤ ᠬᠠᠷᠢᠭᠤ ᠥᠭ᠌ᠬᠦ ᠵᠢᠱ᠌ᠢᠯᠲᠡ᠎ᠶ᠋ᠢ ᠲᠣᠭ᠍ᠲᠠᠪᠤᠷᠢᠵᠢᠭᠤᠯᠵᠤ᠂ ᠣᠯᠠᠨ ᠲᠦᠮᠡᠨ᠎ᠤ ᠨᠠᠩ ᠴᠢᠨᠠᠷ ᠰᠠᠢᠲᠠᠶ᠂ ᠨᠠᠩ ᠱᠢᠯᠢᠳᠡᠭ ᠦᠨ᠎ᠡ ᠬᠠᠩᠰᠢ᠎ᠶ᠋ᠢᠨ ᠣᠨᠣᠱᠢᠯᠠᠨ ᠡᠮᠨᠡᠬᠦ᠌ ᠦᠢᠯᠡᠴᠢᠯᠡᠭᠡ ᠭᠥᠷᠳᠡᠬᠦ᠌᠎ᠶ᠋ᠢ ᠪᠠᠲᠤᠯᠠᠪᠠ᠃ ᠮᠡᠳᠡᠷᠡᠯ᠎ᠤᠨ ᠰᠢᠰᠲᠸᠮ᠎ᠤᠨ ᠰᠡᠳᠦᠪ ᠲᠣᠭ᠍ᠲᠠᠭᠠᠬᠤ ᠵᠦᠭᠯᠡᠭᠦᠷ᠎ᠲᠦ᠂ ᠲᠦᠷᠢᠨ ᠣᠷᠣᠬᠤ ᠬᠡᠯᠪᠡᠷᠢ᠎ᠶ᠋ᠢᠨ᠂ ᠲᠦᠷᠢᠨ ᠣᠷᠣᠬᠤ ᠪᠤᠰᠤ ᠬᠡᠯᠪᠡᠷᠢ᠎ᠶ᠋ᠢᠨ ᠲᠠᠷᠢᠬᠢᠨ ᠮᠠᠱᠢᠨ᠎ᠤ ᠵᠠᠯᠭ᠋ᠠᠭ᠋ᠠᠳᠠᠰᠤ᠎ᠶ᠋ᠢᠨ ᠬᠠᠮᠢᠶ᠎ᠠ ᠪᠥᠬᠦᠶ ᠦᠨ᠎ᠡ ᠬᠠᠩᠰᠢ᠎ᠶ᠋ᠢᠨ ᠲᠥᠷᠥᠯ ᠵᠦᠢᠯ᠎ᠢ ᠪᠠᠢᠭᠤᠯᠵᠤ᠂ ᠵᠧᠵᠢᠶᠠᠩ ᠨᠢᠭᠡᠨᠲᠡ ᠬᠤᠯᠪᠣᠭ᠍ᠳᠠᠯ ᠪᠥᠬᠦᠶ ᠦᠢᠯᠡᠴᠢᠯᠡᠭᠡ᠎ᠶ᠋ᠢ ᠡᠮᠴᠢᠯᠡᠭᠡᠨ᠎ᠤ ᠳᠠᠭᠠᠳᠭᠠᠯ᠎ᠤᠨ ᠥᠭᠬᠦ ᠬᠡᠪᠴᠢᠶᠡᠨ᠎ᠳᠤ ᠣᠷᠣᠭᠤᠯᠵᠤ᠂ ᠱᠢᠨ᠎ᠡ ᠮᠡᠷᠭᠡᠵᠢᠯ᠎ᠤᠨ ᠡᠮᠴᠢᠯᠡᠭᠡᠨ᠎ᠳᠤ ᠬᠤᠪᠢᠷᠠᠭᠤᠯᠬᠤ᠎ᠶ᠋ᠢᠨ ᠤᠷᠢᠳ ᠡᠮᠦᠨ᠎ᠡ ᠪᠠᠢᠭ᠎ᠠ ᠥᠬᠡᠶ ᠬᠤᠷᠳᠤᠴᠠ ᠪᠣᠯᠣᠨ᠎ᠠ᠃ ᠵᠢᠷᠦᠬᠡᠨ ᠰᠤᠳᠠᠯ᠎ᠤᠨ ᠱᠢᠰᠲ᠋ᠧᠮ᠎ᠤᠨ ᠰᠡᠳᠦᠪ ᠲᠣᠭ᠍ᠲᠠᠭᠠᠬᠤ ᠵᠦᠭᠯᠡᠭᠦᠷ᠎ᠲᠦ᠂ ᠵᠢᠷᠦᠬᠡᠨ ᠲᠠᠰᠤᠭ᠎ᠤᠨ ᠲᠤᠰᠠᠯᠠᠬᠤ ᠲᠥᠬᠦᠭᠡᠷᠦᠮᠵᠢ᠎ᠶ᠋ᠢ ᠲᠠᠷᠢᠬᠤ᠂ ᠠᠪᠴᠤ᠌ ᠭᠠᠷᠭᠠᠬᠤ ᠵᠢᠴᠢ ᠲᠣᠬᠢᠷᠠᠭᠤᠯᠬᠤ ᠵᠡᠷᠭᠡ ᠦᠨ᠎ᠡ ᠬᠠᠩᠰᠢ᠎ᠶ᠋ᠢᠨ ᠲᠥᠷᠥᠯ ᠵᠦᠢᠯ᠎ᠢ ᠱᠢᠨ᠎ᠡ᠎ᠪᠠᠷ ᠨᠡᠮᠡᠵᠦ᠍᠂ ᠮᠡᠰᠡ ᠵᠠᠰᠠᠯ᠎ᠤᠨ ᠦᠨ᠎ᠡ ᠪᠣᠳᠣᠵᠤ ᠰᠦᠢᠳᠭᠡᠯ ᠬᠤᠷᠢᠶᠠᠬᠤ ᠠᠰᠠᠭᠤᠳᠠᠯ᠎ᠢ ᠣᠨᠣᠪᠴᠢᠲᠠᠶ ᠱᠢᠢᠳᠪᠦᠷᠢᠯᠡᠵᠦ᠍᠂ ᠠᠵᠤ ᠠᠬᠤᠢᠯᠠᠯ᠎ᠤᠨ ᠭᠤᠷᠪᠠᠳᠤᠭᠠᠷ ᠦᠶ᠎ᠡ᠎ᠶ᠋ᠢᠨ 《  ᠬᠢᠮᠡᠯ ᠵᠢᠷᠦᠬᠡ 》᠎ᠶ᠋ᠢᠨ ᠦᠨ᠎ᠡ ᠬᠠᠩᠰᠢ᠎ᠶ᠋ᠢ ᠵᠣᠬᠢᠰᠲᠠᠶ ᠪᠠᠭᠤᠷᠠᠭᠤᠯᠬᠤ᠎ᠶ᠋ᠢ ᠵᠡᠷᠭᠡ ᠪᠡᠷ ᠠᠬᠢᠭᠤᠯᠵᠤ᠂ ᠡᠨᠡ ᠬᠦ᠌ ᠠᠮᠢ ᠠᠪᠤᠷᠠᠬᠤ ᠪᠠᠴᠢᠮ ᠱᠢᠨ᠎ᠡ ᠦᠢᠯᠡᠳᠬᠦᠨ᠎ᠢ ᠲᠦᠷᠭᠡᠨ ᠳᠡᠯᠭᠡᠷᠡᠭᠦᠯᠬᠦ᠌᠎ᠳᠤ ᠬᠦᠴᠦᠨ ᠨᠡᠮᠡᠷᠢᠯᠡᠪᠡ᠃ ᠮᠡᠰᠡ ᠵᠠᠰᠠᠯ ᠪᠠ ᠡᠮᠴᠢᠯᠡᠨ ᠵᠠᠰᠠᠬᠤ᠎ᠶ᠋ᠢᠨ ᠲᠤᠰᠠᠯᠠᠬᠤ ᠠᠵᠢᠯᠯᠠᠭᠠᠨ᠎ᠤ ᠲᠥᠷᠥᠯ᠎ᠤᠨ ᠰᠡᠳᠦᠪ ᠲᠣᠭ᠍ᠲᠠᠭᠠᠬᠤ ᠵᠦᠭᠯᠡᠭᠦᠷ᠎ᠲᠦ᠂ 《 ᠮᠡᠰᠡ ᠵᠠᠰᠠᠯ᠎ᠤᠨ ᠮᠠᠱᠢᠨ ᠬᠥᠮᠥᠨ 》᠂ 《 ᠠᠯᠤᠰ᠎ᠠᠴᠠ ᠮᠡᠰᠡ ᠵᠠᠰᠠᠯ ᠬᠢᠬᠦ 》᠎ᠶᠢ ᠨᠢᠭᠡᠳᠦᠯᠲᠡᠶ ᠰᠡᠳᠦᠪ ᠲᠣᠭ᠍ᠲᠠᠭᠠᠵᠤ᠂ ᠨᠠᠷᠢᠯᠢᠭ ᠣᠨᠣᠪᠴᠢᠲᠠᠢ ᠡᠮᠴᠢᠯᠡᠭᠡ᠎ᠶ᠋ᠢ ᠡᠪᠡᠳᠴᠢᠲᠡᠨ᠎ᠳᠤ ᠨᠠᠩ ᠰᠠᠢᠲᠤᠷ ᠦᠢᠯᠡᠴᠢᠯᠡᠬᠦ᠌᠎ᠶ᠋ᠢ ᠠᠬᠢᠭᠤᠯᠪᠠ᠃ ᠦᠨ᠎ᠡ ᠬᠠᠩᠰᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠴᠦ᠍ ᠴᠢᠳᠠᠬᠤ᠎ᠨᠢ ᠣᠯᠠᠨ ᠲᠦᠮᠡᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠠᠴᠠ ᠠᠪᠴᠢᠷᠠᠭ᠍ᠰᠠᠨ ᠡᠷᠡᠭᠦᠯ ᠮᠡᠨᠳᠦ᠍ ᠪᠤᠶᠠᠨ ᠵᠢᠷᠭᠠᠯ᠎ᠢ ᠨᠠᠩ ᠡᠷᠲᠡ ᠭᠥᠷᠳᠡᠬᠦ᠌᠎ᠳᠤ ᠠᠱᠢᠭ᠍ᠲᠠᠶ ᠮᠥᠷᠲᠡᠭᠡᠨ ᠪᠠᠰᠠ ᠡᠮᠴᠢᠯᠡᠭᠡᠨ᠎ᠤ ᠬᠦᠷᠢᠶᠡᠨ᠎ᠳᠠᠬᠢ ᠱᠢᠨ᠎ᠡ ᠮᠡᠷᠭᠡᠵᠢᠯ᠂ ᠱᠢᠨ᠎ᠡ ᠦᠶ᠋ᠯᠡᠳᠬᠦᠨ᠎ᠢ ᠰᠤᠳᠤᠯᠤᠨ ᠨᠡᠭᠡᠭᠡᠵᠦ᠍ ᠳᠡᠯᠭᠡᠷᠡᠭᠦᠯᠬᠦ᠌᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠬᠦ᠌᠎ᠳᠤ ᠠᠱᠢᠭ᠍ᠲᠠᠶ ᠶᠤᠮ᠃

 

 

ᠲᠥᠪ ᠲᠧᠯᠸᠢᠰ᠎ᠤᠨ ᠰᠣᠨᠢᠨ ᠮᠡᠳᠡᠭᠡ 2025 ᠣᠨ᠎ᠤ 3 ᠳ᠋ᠤᠭᠠᠷ ᠰᠠᠷ᠎ᠠ᠎ᠶ᠋ᠢᠨ 14 ᠎ᠤ ᠡᠳᠦᠷ᠎ᠤᠨ ᠮᠡᠳᠡᠭᠡᠯᠡᠯ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠠᠴᠠ ᠲᠠᠷᠢᠬᠢᠨ ᠮᠠᠱᠢᠨ᠎ᠤ ᠵᠠᠯᠭ᠋ᠠᠭ᠋ᠠᠳᠠᠰᠤ᠎ᠶ᠋ᠢᠨ ᠡᠮᠴᠢᠯᠡᠭᠡᠨ᠎ᠦ ᠦᠢᠯᠡᠴᠢᠯᠡᠭᠡᠨ᠎ᠤ ᠦᠨ᠎ᠡ ᠬᠠᠩᠰᠢ᠎ᠳᠤ ᠲᠤᠰᠠᠭᠠᠷ ᠰᠡᠳᠦᠪ ᠲᠣᠭᠲᠠᠭ᠋ᠠᠪᠠ

 

 

ᠲᠥᠪ ᠲᠧᠯᠸᠢᠰ᠎ᠤᠨ ᠰᠣᠨᠢᠨ ᠮᠡᠳᠡᠭᠡ 2025 ᠣᠨ᠎ᠤ 3 ᠳ᠋ᠤᠭᠠᠷ ᠰᠠᠷ᠎ᠠ᠎ᠶ᠋ᠢᠨ 9 ᠎ᠤ ᠡᠳᠦᠷ᠎ᠤᠨ ᠮᠡᠳᠡᠭᠡᠯᠡᠯ᠄ ᠦᠨ᠎ᠡ ᠬᠠᠩᠰᠢ᠎ᠶ᠋ᠢᠨ ᠰᠡᠳᠦᠪ ᠲᠣᠭ᠍ᠲᠠᠭᠠᠵᠤ ᠱᠢᠨ᠎ᠡ ᠮᠡᠷᠭᠡᠵᠢᠯ᠎ᠤᠨ 《 ᠬᠢᠮᠡᠯ ᠵᠢᠷᠦᠬᠡ 》 ᠲᠠᠷᠢᠬᠤ ᠵᠠᠷᠤᠳᠠᠯ᠎ᠢ ᠪᠠᠭᠤᠷᠠᠭᠤᠯᠬᠤ᠎ᠶᠢ ᠳᠡᠮᠵᠢᠪᠡ

  ᠡᠮᠴᠢᠯᠡᠭᠡᠨ᠎ᠦ ᠦᠨ᠎ᠡ ᠬᠠᠩᠰᠢ᠎ᠶ᠋ᠢᠨ ᠵᠠᠰᠠᠯᠲᠠ ᠣᠨᠣᠪᠴᠢᠲᠠᠢ ᠬᠦᠴᠦᠯᠡᠵᠦ᠍᠂ ᠣᠨᠴᠠ ᠲᠣᠭ᠍ᠲᠠᠭ᠍ᠰᠠᠨ ᠬᠥᠮᠦᠰ᠎ᠤᠨ ᠬᠦᠷᠲᠡᠮᠵᠢ᠎ᠶ᠋ᠢᠨ ᠲᠦᠷᠦᠭ᠌ᠳᠡᠯ ᠠᠮᠤᠷ ᠲᠦᠪᠱᠢᠨ᠎ᠤ ᠲᠦᠷᠦᠭ᠌ᠳᠡᠯ᠎ᠢ ᠨᠡᠮᠡᠭᠳᠡᠭᠦᠯᠪᠡ

  ᠰᠡᠲᠦᠪ ᠲᠣᠭ᠍ᠲᠠᠭᠠᠬᠤ ᠵᠦᠭ᠌ᠯᠡᠭᠦᠷ᠎ᠢ ᠵᠣᠯᠭᠠᠭᠤᠯᠤᠨ ᠨᠠᠢᠳᠠᠪᠤᠷᠢᠵᠢᠭᠤᠯᠬᠤ᠎ᠲᠠᠢ ᠤᠶᠠᠯᠳᠤᠭᠤᠯᠤᠨ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠠᠴᠠ ᠬᠡᠮᠵᠢᠶ᠎ᠡ ᠶᠡᠭᠡ ᠦᠨ᠎ᠡ ᠥᠨᠳᠥᠷ᠂ ᠣᠷᠣᠨ ᠪᠦᠰᠡ᠎ᠶ᠋ᠢᠨ ᠦᠨ᠎ᠡ ᠬᠠᠩᠰᠢ᠎ᠶ᠋ᠢᠨ ᠵᠥᠷᠢᠶ᠎ᠡ ᠶᠡᠭᠡ᠂ ᠣᠯᠠᠨ ᠲᠦᠮᠡᠨ᠎ᠤ ᠲᠤᠰᠭᠠᠯ ᠴᠢᠩᠭ᠎ᠠ ᠡᠮᠴᠢᠯᠡᠭᠡᠨ᠎ᠦ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠲᠥᠷᠥᠯ ᠵᠦᠢᠯ᠎ᠤᠨ ᠲᠣᠭᠤᠷᠢᠨ᠎ᠳᠤ᠂ ᠡᠯ᠎ᠡ ᠭᠠᠵᠠᠷ᠎ᠢ ᠵᠢᠯᠣᠭᠤᠳᠤᠨ 6 ᠪᠦᠯᠦᠭ ᠵᠢᠷᠤᠮᠵᠢᠭᠤᠯᠤᠨ ᠵᠠᠰᠠᠬᠤ ᠠᠵᠢᠯ ᠥᠷᠨᠢᠭᠦᠯᠵᠦ᠂ CT᠂ ᠰᠤᠷᠢᠨᠵᠢᠨ ᠳᠡᠷᠪᠢᠯᠲᠡ᠂ ᠨᠡᠪᠴᠢᠭᠦᠯᠦᠨ ᠢᠯᠭ᠋ᠠᠷᠠᠭᠤᠯᠬᠤ ᠲᠥᠷᠥᠯ᠂ ᠰᠦᠷᠢᠶ᠎ᠡ ᠡᠪᠡᠳᠴᠢᠨ᠎ᠢ ᠱᠢᠯᠭᠠᠨ ᠪᠠᠢᠴᠠᠭᠠᠬᠤ᠂ ᠭᠤᠤᠯ ᠬᠤᠷᠢᠶᠠᠬᠤ ᠰᠤᠳᠠᠯ᠎ᠢᠶᠠᠷ ᠡᠮ ᠥᠭ᠌ᠬᠦ ᠵᠡᠷᠭᠡ ᠬᠦᠷᠢᠶ᠎ᠡ ᠴᠠᠷᠠᠭ᠎ᠠ᠎ᠶ᠋ᠢ ᠬᠠᠮᠤᠷᠪᠠ᠃ ᠡᠨᠡ ᠬᠦ᠌  ᠨᠡᠪᠴᠢᠨ ᠢᠯᠭ᠋ᠠᠷᠠᠭᠤᠯᠤᠯᠲᠠ᠎ᠶᠢᠨ ᠡᠴᠦᠰ᠎ᠤᠨ ᠬᠤᠭᠤᠴᠠᠭᠠᠨ᠎ᠤ ᠪᠥᠭᠡᠷ᠎ᠡ ᠮᠠᠭᠤᠳᠠᠭ᠍ᠰᠠᠨ ᠡᠪᠡᠳᠴᠢᠲᠡᠨ᠎ᠤ 《 ᠠᠮᠢ ᠨᠠᠰᠤᠨ᠎ᠤ ᠵᠠᠰᠠᠯᠲᠠ 》᠎ᠳᠦ ᠴᠢᠭ᠌ᠯᠡᠭᠦᠯᠦᠨ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠠᠴᠠ 4 ᠲᠥᠷᠥᠯ᠎ᠤᠨ ᠡᠮᠴᠢᠯᠡᠭᠡᠨ᠎ᠳᠤ ᠪᠠᠢᠩᠭᠤ ᠬᠡᠷᠡᠭ᠌ᠯᠡᠬᠦ᠌ ᠨᠡᠪᠴᠢᠨ ᠢᠯᠭ᠋ᠠᠷᠠᠭᠤᠯᠬᠤ ᠲᠥᠷᠥᠯ ᠵᠦᠢᠯ᠎ᠳᠤ ᠦᠨ᠎ᠡ ᠬᠠᠩᠰᠢ᠎ᠶ᠋ᠢ ᠵᠢᠷᠤᠮᠵᠢᠭᠤᠯᠤᠨ ᠵᠠᠰᠠᠬᠤ᠎ᠶ᠋ᠢ ᠥᠷᠨᠢᠭᠦᠯᠵᠦ᠍᠂ ᠥᠨᠳᠥᠷ ᠦᠨ᠎ᠡ᠎ᠲᠠᠢ ᠮᠤᠵᠢ᠎ᠶ᠋ᠢᠨ ᠦᠨ᠎ᠡ ᠬᠠᠩᠰᠢ᠎ᠶ᠋ᠢᠨ ᠬᠢᠷᠢ ᠲᠦᠪᠱᠢᠨ᠎ᠢ ᠡᠮᠬᠢ ᠵᠢᠷᠤᠮ᠎ᠲᠠᠢ᠎ᠪᠠᠷ ᠪᠠᠭᠤᠷᠠᠭᠤᠯᠵᠤ᠂ ᠬᠡᠰᠡᠭ ᠱᠢᠭᠡᠰᠦᠨ ᠬᠤᠤᠷᠳᠠᠯᠲᠤ ᠡᠪᠡᠳᠴᠢᠲᠡᠨ᠎ᠤ ᠣᠷᠳᠣ ᠬᠤᠭᠤᠴᠠᠭ᠎ᠠ᠎ᠪᠠᠷ ᠡᠮᠨᠡᠨ ᠵᠠᠰᠠᠬᠤ ᠵᠠᠷᠤᠳᠠᠯ᠎ᠤᠨ ᠬᠦᠴᠢᠷ ᠠᠰᠠᠭᠤᠳᠠᠯ᠎ᠢ ᠨᠠᠮᠳᠠᠭᠤᠯᠵᠠᠢ᠃ ᠰᠦᠷᠢᠶ᠎ᠡ᠎ᠶ᠋ᠢᠨ ᠰᠠᠪᠬᠠᠨᠴᠢᠷ ᠪᠠᠺᠲ᠋ᠧᠷᠢ ᠵᠢᠴᠢ ᠡᠮ᠎ᠳᠤ ᠲᠠᠭᠠᠭᠠᠮᠠᠭᠠᠢ ᠴᠢᠨᠠᠷ᠎ᠢ ᠱᠢᠯᠭᠠᠨ ᠪᠠᠢᠴᠠᠭᠠᠬᠤ ᠦᠨ᠎ᠠ ᠬᠠᠩᠰᠢ᠎ᠶ᠋ᠢᠨ ᠲᠦᠷᠦᠯ ᠵᠦᠢᠯ᠎ᠳᠤ ᠴᠢᠭ᠌ᠯᠡᠬᠦᠯᠦᠨ᠂ ᠤᠯᠤᠰ᠎ᠤᠨ ᠡᠮᠴᠢᠯᠡᠬᠡᠨ᠎ᠤ ᠪᠠᠳᠤᠯᠠᠭ᠎ᠠ᠎ᠶ᠋ᠢᠨ ᠲᠤᠪᠴᠢᠶ᠎ᠠ᠎ᠠᠴᠠ ᠠᠳᠠᠯᠢ ᠨᠢᠬᠡ ᠴᠢᠳᠠᠮᠵᠢ᠎ᠶ᠋ᠢ ᠱᠢᠯᠭᠠᠨ ᠪᠠᠢᠴᠠᠭᠠᠬᠤ ᠦᠢᠯᠡᠴᠢᠯᠡᠬᠡᠨ᠎ᠤ ᠦᠨ᠎ᠠ ᠬᠠᠩᠰᠢ᠎ᠳᠤ ᠱᠢᠰᠲ᠋ᠧᠮ᠎ᠲᠠᠢ ᠵᠠᠰᠠᠯᠳᠠ ᠬᠢᠵᠦ᠍᠂ ᠰᠦᠷᠢᠶ᠎ᠡ ᠡᠪᠡᠳᠴᠢᠳᠡᠨ᠎ᠤ ᠱᠢᠯᠭᠠᠨ ᠪᠠᠢᠴᠠᠭᠠᠬᠤ ᠠᠵᠦ᠍ ᠠᠬᠤᠢ᠎ᠶ᠋ᠢᠨ ᠲᠠᠷᠤᠭᠠᠰᠦ᠎ᠶ᠋ᠢ ᠬᠦᠩᠭᠡᠷᠡᠭᠦᠯᠦᠨ᠂ ᠬᠠᠯᠳᠠᠪᠤᠷᠢᠳᠤ ᠡᠪᠡᠳᠴᠢᠨ᠎ᠢ ᠰᠢᠭᠰᠢᠨ ᠪᠠᠢ᠌ᠴᠠᠭ᠋ᠠᠬᠤ᠎ᠶ᠋ᠢ ᠤᠯᠠᠮ ᠨᠢᠬᠡ ᠠᠯᠬᠤᠮ ᠲᠦᠬᠡᠮᠡᠯᠵᠢᠬᠦᠯᠬᠦ᠌᠎ᠶ᠋ᠢ ᠠᠬᠢᠭᠤᠯᠪᠠ᠃ ᠭᠣᠣᠯ ᠬᠤᠷᠢᠶᠠᠬᠤ ᠰᠤᠳᠠᠯ᠎ᠢᠶᠠᠷ ᠡᠮ ᠥᠭ᠌ᠬᠦ ᠲᠥᠷᠥᠯ᠎ᠤᠨ ᠦᠨ᠎ᠡ ᠬᠠᠩᠰᠢ᠎ᠶ᠋ᠢᠨ ᠲᠥᠷᠥᠯ ᠵᠦᠢᠯ᠎ᠳᠤ ᠴᠢᠭ᠌ᠯᠡᠭᠦᠯᠦᠨ᠂ 《 ᠪᠣᠳᠠᠰ᠎ᠤᠨ ᠬᠤᠷᠣᠭ᠍ᠳᠠᠯ᠎ᠢ ᠪᠠᠭᠠᠰᠭᠠᠬᠤ᠂ ᠦᠢᠯᠡᠴᠢᠯᠡᠭᠡ᠎ᠶ᠋ᠢ ᠳᠡᠭᠡᠭ᠌ᠰᠢᠯᠡᠭᠦᠯᠬᠦ᠌ 》 ᠶᠡᠷᠦᠩᠬᠡᠢᠯᠡᠨ ᠵᠠᠰᠠᠬᠤ ᠰᠡᠳᠭᠢᠴᠡ᠎ᠪᠠᠷ ᠳᠠᠮᠵᠢᠭᠤᠯᠤᠨ᠂ ᠬᠢᠮᠢ᠎ᠶ᠋ᠢᠨ ᠵᠠᠰᠠᠯᠲᠠ ᠬᠢᠵᠦ ᠪᠠᠢ᠌ᠭ᠎ᠠ ᠬᠠᠪᠤᠳᠠᠷᠲᠤ ᠡᠪᠡᠳᠴᠢᠲᠡᠨ᠎ᠳᠤ ᠨᠠᠩ ᠳᠣᠲᠣᠨᠣ ᠦᠨ᠎ᠡ ᠬᠠᠩᠰᠢ᠎ᠪᠠᠷ ᠱᠢᠩᠭᠡᠨ ᠪᠡᠶᠡᠲᠦ ᠶᠡᠭᠦᠯᠡᠬᠦ ᠭᠠᠷᠠᠮ᠎ᠢ ᠬᠡᠷᠡᠭ᠌ᠯᠡᠵᠦ᠍᠂ ᠣᠯᠠᠨ ᠲᠦᠮᠡᠨ᠎ᠳᠤ ᠦᠨ᠎ᠡ ᠬᠠᠩᠰᠢ᠎ᠶ᠋ᠢᠨ ᠵᠠᠰᠠᠯᠲᠠ᠎ᠠᠴᠠ ᠪᠣᠯᠤᠭ᠍ᠰᠠᠨ ᠦᠨᠡᠨ ᠪᠣᠳᠠᠲᠠᠶ ᠠᠷᠠᠳ᠎ᠤᠨ ᠠᠮᠢᠳᠤᠷᠠᠯ᠎ᠤᠨ ᠬᠠᠯᠠᠭᠤᠨ ᠳᠤᠯᠠᠭᠠᠨ᠎ᠢ ᠮᠡᠳᠡᠷᠡᠭᠦᠯᠬᠦ᠌᠎ᠶ᠋ᠢᠨ ᠬᠠᠮᠲᠤ ᠮᠡᠷᠭᠡᠵᠢᠯ᠎ᠤᠨ ᠬᠥᠳᠡᠯᠮᠦᠷᠢ ᠬᠦᠴᠦᠨ᠎ᠤ ᠥᠷᠲᠡᠭ᠎ᠢ ᠨᠠᠩ ᠰᠠᠢᠨ ᠢᠯᠡᠷᠡᠭᠦᠯᠪᠡ᠃

  ᠨᠠᠰᠤᠵᠢᠯᠲᠠ᠎ᠶ᠋ᠢᠨ ᠡᠪᠡᠳᠴᠢᠨ ᠦᠵᠡᠭᠦᠯᠬᠦ᠌ ᠬᠡᠷᠡᠭ᠌ᠴᠡᠭᠡ᠎ᠶ᠋ᠢ ᠨᠡᠩ ᠰᠠᠢ᠌ᠲᠤᠷ ᠬᠠᠩᠭᠠᠵᠤ᠂ ᠨᠠᠰᠤᠲᠠᠢᠴᠤᠳ᠎ᠤᠨ ᠡᠪᠡᠳᠴᠢᠨ ᠦᠵᠡᠭᠦᠯᠬᠦ᠌᠎ᠳᠤ ᠨᠡᠩ ᠲᠠᠭᠠᠯᠠᠮᠵᠢᠲᠠᠢ ᠪᠣᠯᠭ᠋ᠠᠪᠠ

  ᠨᠠᠰᠤᠵᠢᠯᠲᠠ᠎ᠠᠴᠠ ᠪᠣᠯᠤᠭ᠍ᠰᠠᠨ ᠡᠪᠡᠳᠴᠢᠨ ᠦᠵᠡᠭᠦᠯᠬᠦ᠌ ᠱᠢᠨ᠎ᠡ ᠥᠷᠢᠰᠥᠯᠳᠦᠭᠡᠨ᠎ᠤ ᠡᠮᠦᠨ᠎ᠡ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠠᠴᠠ ᠤᠯᠠᠨ ᠵᠦᠢᠯ᠎ᠤᠨ 《 ᠨᠠᠰᠤᠵᠢᠯᠲᠠ᠎ᠳᠤ ᠵᠣᠬᠢᠴᠠᠬᠤ 》 ᠦᠨ᠎ᠡ ᠬᠠᠩᠰᠢ᠎ᠶ᠋ᠢᠨ ᠲᠦᠷᠦᠯ ᠵᠦᠢᠯ᠎ᠢ ᠬᠡᠷᠡᠭ᠌ᠵᠢᠭᠦᠯᠵᠦ᠍᠂ ᠨᠠᠰᠤᠲᠠᠢᠴᠤᠳ᠎ᠤᠨ ᠡᠪᠡᠳᠴᠢᠨ ᠦᠵᠡᠭᠦᠯᠬᠦ᠌ ᠣᠢᠯᠠᠭᠠᠯᠲᠠ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠪᠡ᠃ ᠨᠠᠰᠤ ᠠᠬᠠᠱᠢᠷᠠᠵᠤ ᠪᠡᠶ᠎ᠡ ᠮᠠᠭᠤᠳᠠᠭ᠍ᠰᠠᠨ᠂ ᠬᠥᠳᠡᠯᠵᠦ᠍ ᠪᠠᠷᠢᠬᠤ᠎ᠳᠤ ᠳᠥᠭᠦᠮ ᠦᠭᠡᠢ ᠬᠥᠮᠥᠰ᠎ᠲᠤ ᠴᠢᠭ᠌ᠯᠡᠭᠦᠯᠦᠨ᠂ 《 ᠭᠡᠷ ᠪᠦᠯᠢ᠎ᠶ᠋ᠢᠨ ᠡᠪᠡᠳᠴᠢᠲᠡᠨ᠎ᠤ ᠣᠷᠣ᠎ᠶ᠋ᠢᠨ ᠣᠷᠣ ᠪᠠᠢᠭᠤᠯᠬᠤ ᠰᠦᠢᠳᠭᠡᠯ 》 ᠪᠠ 《 ᠭᠡᠷ᠎ᠲᠤ ᠨᠢ ᠬᠦᠷᠴᠦ᠍ ᠦᠢᠯᠡᠴᠢᠯᠡᠬᠦ᠌ ᠰᠦᠢᠳᠭᠡᠯ 》 ᠪᠠᠢᠭᠤᠯᠵᠤ᠂ ᠡᠮᠴᠢᠯᠡᠭᠡᠨ᠎ᠦ ᠦᠢᠯᠡᠴᠢᠯᠡᠭᠡ᠎ᠶ᠋ᠢ ᠡᠮᠨᠡᠯᠭᠡ᠎ᠶ᠋ᠢᠨ ᠬᠤᠷᠢᠶ᠎ᠠ᠎ᠠᠴᠠ ᠭᠡᠷ ᠪᠦᠯᠢ᠎ᠳᠤ ᠬᠦᠷᠲᠡᠯ᠎ᠡ ᠤᠷᠲᠤᠳᠬᠠᠬᠤ᠎ᠶᠢ ᠲᠦᠯᠬᠢᠨ ᠠᠬᠢᠭᠤᠯᠵᠤ᠂ ᠭᠡᠷ ᠪᠦᠯᠢ᠎ᠶ᠋ᠢᠨ ᠡᠪᠡᠳᠴᠢᠨ ᠦᠵᠡᠭᠦᠯᠬᠦ᠌ ᠬᠦᠴᠢᠷ ᠠᠰᠠᠭᠤᠳᠠᠯ᠎ᠢ ᠰᠢᠢ᠍ᠳᠪᠦᠷᠢᠯᠡᠪᠡ᠃ ᠡᠪᠡᠳᠴᠢᠲᠡᠨ᠎ᠤ ᠥᠷᠥᠭᠡᠨ᠎ᠤ ᠦᠨ᠎ᠡ ᠬᠠᠩᠰᠢ᠎ᠶ᠋ᠢ ᠲᠣᠭ᠍ᠲᠠᠭᠠᠬᠤ ᠲᠠᠯ᠎ᠠ᠎ᠪᠠᠷ᠂ 《 ᠲᠥᠷᠥᠯ ᠬᠤᠪᠢᠶᠠᠨ ᠬᠠᠮᠢᠶᠠᠷᠬᠤ 》᠎ᠶ᠋ᠢ ᠬᠡᠷᠡᠭ᠌ᠵᠢᠭᠦᠯᠵᠦ᠍᠂ ᠭᠠᠭᠴᠠ ᠬᠦᠮᠦᠨ᠎ᠦ ᠲᠠᠰᠤᠯᠭ᠎ᠠ᠎ᠶᠢᠨ ᠡᠪᠡᠳᠴᠢᠲᠡᠨ᠎ᠤ ᠣᠷᠣ᠎ᠶᠢᠨ ᠵᠠᠷᠤᠳᠠᠯ᠎ᠢ ᠵᠠᠬ᠎ᠠ ᠳᠡᠯᠭᠡᠭᠦᠷ᠎ᠤᠨ ᠲᠣᠬᠢᠷᠠᠭᠤᠯᠬᠤ ᠦᠨ᠎ᠡ ᠶᠣᠰᠣᠭᠠᠷ ᠡᠮᠴᠢᠯᠡᠭᠡᠨ᠎ᠤ ᠪᠠᠢᠭᠤᠯᠤᠮᠵᠢ᠎ᠠᠴᠠ ᠡᠵᠡᠨ ᠮᠡᠳᠡᠨ ᠲᠣᠭ᠍ᠲᠠᠭᠠᠵᠤ᠂ ᠨᠠᠰᠤᠲᠠᠢᠴᠤᠳ᠎ᠤᠨ ᠥᠪᠡᠷᠮᠢᠴᠡ ᠡᠷᠡᠭᠦᠯᠵᠢᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠬᠤ ᠮᠥᠷᠲᠡᠭᠡᠨ ᠬᠤᠶᠠᠷ ᠬᠥᠮᠦᠨ᠎ᠤ ᠲᠠᠰᠤᠯᠭ᠎ᠠ᠂ ᠭᠤᠷᠪᠠᠨ ᠬᠥᠮᠦᠨ᠎ᠤ ᠲᠠᠰᠤᠯᠭ᠎ᠠ ᠵᠡᠷᠭᠡ ᠰᠠᠭᠤᠷᠢ ᠣᠷᠣ᠎ᠳᠤ ᠵᠠᠰᠠᠭ᠎ᠤᠨ ᠣᠷᠳᠣᠨ᠎ᠤ ᠵᠢᠯᠣᠭᠤᠳᠭᠤ ᠦᠨ᠎ᠡ᠎ᠶ᠋ᠢ ᠪᠠᠷᠢᠮᠲᠠᠯᠠᠨ᠂ ᠦᠨᠳᠦᠰᠦᠨ ᠡᠮᠴᠢᠯᠡᠭᠡᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷ᠎ᠢ ᠪᠠᠷᠢᠮᠲᠠᠯᠠᠪᠠ᠃ 《 ᠠᠮᠤᠷ ᠲᠠᠢᠪᠤᠩ ᠡᠮᠨᠡᠨ ᠰᠤᠪᠢᠯᠠᠬᠤ 》 ᠲᠥᠷᠥᠯ ᠵᠦᠢᠯ᠎ᠢ ᠪᠠᠢᠭᠤᠯᠵᠤ᠂ ᠡᠪᠡᠳᠴᠢᠨ ᠡᠮᠭᠡᠭ᠎ᠤᠨ ᠡᠴᠦᠰ᠎ᠤᠨ ᠬᠤᠭᠤᠴᠠᠭᠠᠨ᠎ᠳᠠᠬᠢ ᠨᠠᠰᠤᠲᠠᠢᠴᠤᠳ᠎ᠲᠤ ᠣᠨᠣᠱᠢᠯᠠᠨ ᠪᠠᠢᠴᠠᠭᠠᠬᠤ᠂ ᠠᠰᠠᠷᠠᠨ ᠰᠤᠪᠢᠯᠠᠬᠤ ᠵᠢᠴᠢ ᠪᠡᠶ᠎ᠡ ᠰᠡᠳᠭᠢᠯ᠎ᠤᠨ ᠣᠶᠤᠨ ᠰᠠᠨᠠᠭᠠᠨ᠎ᠤ ᠬᠠᠷᠠᠭᠠᠯᠵᠠᠯ ᠬᠠᠩᠭᠠᠵᠤ᠂ ᠲᠡᠳᠡᠨ᠎ᠳᠤ ᠠᠮᠢ ᠨᠠᠰᠤᠨ᠎ᠤ ᠡᠴᠦᠰ᠎ᠤᠨ ᠱᠠᠲᠤᠨ᠎ᠳᠤ ᠨᠡᠷ᠎ᠡ ᠬᠦᠨᠳᠦ ᠪᠠ ᠬᠠᠯᠠᠭᠤᠨ ᠳᠤᠯᠠᠭᠠᠨ᠎ᠢ ᠮᠡᠳᠡᠷᠡᠭᠦᠯᠪᠡ᠃ 《 ᠳᠠᠭᠠᠵᠤ ᠠᠰᠠᠷᠠᠬᠤ ᠦᠢᠯᠡᠴᠢᠯᠡᠭᠡ᠎ᠶ᠋ᠢ ᠬᠡᠯᠲᠦᠷᠢᠭᠦᠯᠬᠦ᠌ 》᠎ᠶ᠋ᠢᠨ ᠦᠨ᠎ᠡ ᠬᠠᠩᠰᠢ᠎ᠶ᠋ᠢᠨ ᠲᠥᠷᠥᠯ ᠵᠦᠢᠯ᠎ᠢ ᠨᠡᠮᠡᠨ ᠪᠠᠢᠭᠤᠯᠵᠤ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠲᠤᠰᠭᠠᠶ ᠮᠡᠷᠭᠡᠵᠢᠯ᠎ᠤᠨ ᠰᠤᠪᠢᠯᠠᠯᠲᠠ᠎ᠶ᠋ᠢᠨ ᠬᠥᠮᠦᠰ᠎ᠠᠴᠠ ᠪᠥᠬᠦ᠌ ᠶᠠᠪᠤᠴᠠ᠎ᠶ᠋ᠢᠨ ᠠᠮᠢᠳᠤᠷᠠᠯ᠎ᠤᠨ ᠰᠤᠪᠢᠯᠠᠯᠲᠠ ᠬᠠᠩᠭᠠᠵᠤ᠂ 《 ᠨᠢᠭᠡ ᠬᠥᠮᠦᠨ ᠡᠮᠨᠡᠯᠭᠡ᠎ᠳᠤ ᠰᠠᠭᠤᠵᠤ᠂ ᠪᠥᠬᠦ᠌ ᠭᠡᠷ᠎ᠢᠶᠠᠷ᠎ᠢᠶᠠᠨ ᠭᠦᠶᠦᠬᠦ᠌ 》᠎ᠶ᠋ᠢᠨ ᠡᠮᠵᠡᠭ ᠭᠠᠵᠠᠷ᠎ᠢ ᠪᠦᠲᠦᠮᠵᠢᠲᠡᠶ ᠱᠢᠢᠳᠪᠦᠷᠢᠯᠡᠵᠦ᠍᠂ ᠡᠪᠡᠳᠴᠢᠲᠡᠨ᠎ᠤ ᠬᠡᠷ ᠪᠦᠯᠢ᠎ᠶ᠋ᠢᠨ᠎ᠬᠢᠨ ᠪᠠᠷ᠎ᠠ ᠪᠣᠯᠵᠣ ᠰᠤᠪᠢᠯᠠᠬᠤ ᠠᠷᠭ᠎ᠠ ᠮᠠᠶᠢᠭ᠎ᠢᠶᠠᠨ ᠡᠵᠡᠨ ᠮᠡᠳᠡᠵᠦ᠍ ᠰᠣᠩᠭᠤᠵᠤ ᠪᠣᠯᠤᠨ᠎ᠠ᠃ ᠡᠭᠦᠨ᠎ᠠᠴᠠ ᠭᠠᠳᠠᠨ᠎ᠠ᠂ ᠣᠷᠣ᠎ᠶ᠋ᠢᠨ ᠬᠠᠵᠠᠭᠤ᠎ᠳᠠᠬᠢ ᠬᠡᠲᠦ ᠳᠠᠭᠤᠨ᠂ ᠢᠨᠲ᠋ᠧᠷ ᠰᠦᠯᠵᠢᠶ᠎ᠡ᠎ᠪᠠᠷ ᠳᠠᠬᠢᠨ ᠡᠮᠨᠡᠬᠦ᠂ ᠠᠯᠤᠰ᠎ᠠᠴᠠ ᠬᠢᠨᠠᠨ ᠬᠡᠮᠵᠢᠬᠦ᠌ ᠵᠡᠷᠭᠡ ᠡᠮᠴᠢᠯᠡᠭᠡᠨ᠎ᠤ ᠦᠶ᠋ᠯᠡᠴᠢᠯᠡᠭᠡᠨ᠎ᠤ ᠦᠨ᠎ᠡ ᠬᠠᠩᠰᠢ᠎ᠶ᠋ᠢᠨ ᠲᠥᠷᠥᠯ ᠵᠦᠶ᠋ᠯ᠎ᠢ ᠪᠠᠢᠭᠤᠯᠵᠤ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠦᠶ᠋ᠯᠡᠴᠢᠯᠡᠭᠡᠨ᠎ᠤ ᠳᠤᠲᠠᠭᠤᠳᠠᠯ᠎ᠢ ᠨᠥᠬᠦᠪᠥᠷᠢᠯᠡᠬᠦ᠌᠎ᠶ᠋ᠢ ᠠᠬᠢᠭᠤᠯᠤᠨ᠂ ᠨᠠᠰᠤᠲᠠᠢᠴᠤᠳ᠎ᠤᠨ ᠡᠪᠡᠳᠴᠢᠨ ᠦᠵᠡᠭᠦᠯᠵᠦ᠍ ᠡᠮᠨᠡᠭᠦᠯᠬᠦ᠌᠎ᠳᠦ ᠳᠤᠲᠠᠭᠤ ᠭᠦᠶᠦᠯᠭᠡᠵᠦ᠍᠂ ᠨᠠᠩ ᠲᠠᠭᠠᠯᠠᠮᠵᠢᠲᠠᠶ ᠪᠣᠯᠭᠠᠪᠠ᠃

 

 

ᠲᠥᠪ ᠲᠧᠯᠸᠢᠰ᠎ᠤᠨ ᠰᠣᠨᠢᠨ ᠮᠡᠳᠡᠭᠡ 2024 ᠣᠨ᠎ᠤ 10 ᠳ᠋ᠤᠭᠠᠷ ᠰᠠᠷ᠎ᠠ᠎ᠶ᠋ᠢᠨ 26᠎ᠤ ᠡᠳᠦᠷ᠎ᠤᠨ ᠮᠡᠳᠡᠭᠡᠯᠡᠯ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠄ 《 ᠳᠠᠭᠠᠵᠤ ᠠᠰᠠᠷᠠᠬᠤ ᠦᠢᠯᠡᠴᠢᠯᠡᠭᠡ᠎ᠶ᠋ᠢ ᠬᠡᠯᠲᠦᠷᠢᠭᠦᠯᠬᠦ᠌ 》᠎ᠶ᠋ᠢᠨ ᠦᠨ᠎ᠡ ᠬᠠᠩᠰᠢ᠎ᠶ᠋ᠢᠨ ᠲᠥᠷᠥᠯ ᠵᠦᠢᠯ᠎ᠢ ᠱᠢᠨ᠎ᠡ᠎ᠪᠠᠷ ᠲᠣᠬᠢᠷᠠᠭᠤᠯᠪᠠ

  ᠠᠷᠠᠳ᠎ᠤ᠋ᠨ ᠠᠮᠢᠳᠤᠷᠠᠯ᠎ᠳ᠋ᠤ ᠵᠢᠵᠢᠭ ᠶᠠᠪᠤᠳᠠᠯ ᠭᠡᠵᠦ᠍ ᠦᠭᠡᠢ᠂ ᠡᠮᠴᠢᠯᠡᠭᠡᠨ᠎ᠦ ᠪᠠᠲᠤᠯᠠᠭ᠎ᠠ ᠠᠷᠠᠳ ᠲᠦᠮᠡᠨ᠎ᠦ ᠠᠰᠢᠭ ᠲᠤᠰᠠ ᠲᠠᠢ ᠬᠣᠯᠪᠣᠭ᠎ᠠ ᠲᠠᠢ᠃ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠢᠮᠠᠭ᠍ᠲᠠ ᠪᠠᠷᠢᠮᠲᠠᠯᠠᠵᠤ᠂ ᠡᠮᠴᠢᠯᠡᠭᠡᠨ᠎ᠦ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠦᠨᠳᠦᠰᠦᠨ ᠡᠮᠴᠢᠯᠡᠭᠡᠨ᠎ᠦ ᠦᠢᠯᠡᠴᠢᠯᠡᠭᠡᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷ᠎ᠢ ᠪᠠᠲᠤᠯᠠᠬᠤ᠎ᠶ᠋ᠢᠨ ᠬᠠᠮᠲᠤ᠌᠂ ᠤᠯᠠᠨ ᠲᠦᠮᠡᠨ᠎ᠤ ᠤᠯᠠᠨ ᠶᠠᠩᠵᠤᠴᠢᠯᠠᠭ᠍ᠰᠠᠨ᠂ ᠥᠪᠡᠷᠮᠢᠴᠡ ᠡᠪᠡᠳᠴᠢᠨ ᠦᠵᠡᠭᠦᠯᠬᠦ᠌ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠵᠤ᠂ ᠡᠮᠴᠢᠯᠡᠭᠡᠨ᠎ᠦ ᠪᠠᠲᠤᠯᠠᠭ᠎ᠠ᠎ᠪᠠᠷ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠨᠡᠷᠡᠨ᠎ᠤ ᠭᠡᠷᠡᠯ᠎ᠢ ᠥᠨᠴᠥᠭ ᠪᠤᠯᠤᠩ ᠪᠣᠯᠭᠠᠨ᠎ᠳᠤ ᠭᠡᠷᠡᠯᠲᠦᠭᠦᠯᠵᠦ᠍᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠣᠯ ᠵᠢᠷᠭᠠᠯᠲᠤ ᠲᠦᠷᠦᠭ᠌ᠳᠡᠯ ᠪᠣᠯᠤᠨ ᠠᠮᠤᠷ ᠲᠦᠪᠱᠢᠨ᠎ᠤ ᠲᠦᠷᠦᠭ᠌ᠳᠡᠯ᠎ᠢ ᠲᠠᠰᠤᠷᠠᠯᠳᠠ ᠦᠭᠡᠢ ᠳᠡᠭᠡᠭᠰᠢᠯᠡᠭᠦᠯᠪᠡ᠃

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            