ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠡᠮᠴᠢᠯᠡᠭᠡᠨ᠎ᠦ ᠳᠠᠭᠠᠳᠭᠠᠯ᠎ᠤᠨ ᠳ᠋ᠦᠩᠨᠡᠨ ᠪᠤᠳᠤᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠠᠴᠠ ᠬᠢᠨᠠᠨ ᠵᠥᠪᠯᠡᠵᠦ᠍ ᠪᠠᠲᠤᠯᠠᠭ᠍ᠰᠠᠨ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠳᠤ᠂ ᠡᠮᠴᠢᠯᠡᠭᠡᠨ᠎ᠦ ᠳᠠᠭᠠᠳᠭᠠᠯ᠎ᠤᠨ ᠥᠭᠬᠦ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠦᠨ᠎ᠡ ᠭᠡᠵᠦ ᠳᠤᠷᠠᠳᠤᠨ ᠭᠠᠷᠭ᠋ᠠᠪᠠ᠃ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠠᠨᠠᠭᠠᠴᠢᠯᠠᠭ᠎ᠠ᠎ᠠᠴᠠ᠎ᠪᠠᠨ ᠠᠵᠢᠯᠯᠠᠵᠤ᠂ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠌᠎ᠶ᠋ᠢ ᠴᠠᠭ ᠲᠤᠬᠠᠶ᠎ᠳᠤ ᠨᠢ ᠳ᠋ᠦᠩᠨᠡᠨ ᠪᠤᠳᠤᠬᠤ ᠥᠭᠡᠷᠡᠴᠢᠯᠡᠯᠲᠡ᠎ᠶ᠋ᠢ ᠪᠥᠬᠦ᠌ ᠲᠠᠯ᠎ᠠ᠎ᠪᠠᠷ ᠠᠬᠢᠭᠤᠯᠵᠤ᠂ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠌᠎ᠶ᠋ᠢᠨ ᠲᠣᠭ᠍ᠲᠠᠭᠤᠨ᠎ᠢᠶᠠᠷ ᠠᠵᠢᠯᠯᠠᠬᠤ᠎ᠶ᠋ᠢ ᠪᠠᠲᠤᠯᠠᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠠᠨ ᠴᠢᠩᠭᠠᠷᠠᠭᠤᠯᠵᠤ᠂ ᠠᠷᠠᠳ ᠣᠯᠠᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ ᠪᠠ ᠠᠮᠤᠷ ᠲᠦᠪᠱᠢᠨ᠎ᠤ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭᠳᠡᠭᠦᠯᠪᠡ᠃
ᠤᠷᠤᠭ᠍ᠰᠢᠳᠠᠢ ᠮᠦᠰᠤ ᠬᠠᠭ᠋ᠠᠯᠵᠤ᠂ ᠳ᠋ᠦᠩᠨᠡᠨ ᠪᠤᠳᠤᠬᠤ ᠦᠭᠡᠷᠡᠴᠢᠯᠡᠯᠳᠡ᠎ᠶ᠋ᠢᠨ ᠠᠬᠢᠴᠠ ᠢᠯᠡᠷᠬᠡᠢ ᠠᠮᠵᠢᠯᠳᠠ ᠣᠯᠪᠠ
ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠌᠎ᠶ᠋ᠢ ᠴᠠᠭ ᠲᠤᠬᠠᠶ᠎ᠳᠤ ᠨᠢ ᠳ᠋ᠦᠩᠨᠡᠨ ᠪᠤᠳᠤᠬᠤ ᠪᠣᠯ ᠨᠢᠭᠡ ᠤᠳᠠᠭᠠᠨ᠎ᠤ ᠥᠪᠡᠷ᠎ᠤᠨ ᠪᠡᠶ᠎ᠡ᠎ᠳᠦ᠎ᠪᠡᠨ ᠬᠤᠪᠢᠰᠭᠠᠯ ᠬᠢᠬᠦ᠌ ᠶᠠᠪᠤᠳᠠᠯ ᠮᠥᠨ᠂ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠌᠎ᠶ᠋ᠢ ᠬᠡᠷᠡᠭ᠌ᠯᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠱᠢᠨ᠎ᠡ᠎ᠶ᠋ᠢ ᠡᠭᠦᠳᠬᠦ᠌ ᠴᠢᠨᠠᠷᠲᠠᠶ ᠬᠤᠪᠢᠰᠤᠯᠲᠠ ᠮᠥᠨ᠃ ᠡᠨᠡ ᠪᠣᠯ ᠳ᠋ᠦᠩᠨᠡᠨ ᠪᠣᠳᠣᠬᠤ ᠮᠡᠷᠭᠡᠵᠢᠯ᠎ᠦ᠋ᠨ ᠳᠠᠪᠬᠤᠴᠠᠯ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠡᠮᠴᠢᠯᠡᠭᠡᠨ᠎ᠦ ᠪᠠᠲᠤᠯᠠᠭ᠎ᠠ᠎ᠶ᠋ᠢᠨ ᠬᠠᠮᠢᠶᠠᠷᠤᠯᠲᠠ᠎ᠶᠢᠨ ᠦᠵᠡᠯᠲᠡ ᠨᠢ《 ᠰᠠᠨᠠᠭ᠋ᠠᠴᠢᠯᠠᠭ᠋ᠠᠲᠤ ᠪᠤᠰᠤ ᠵᠣᠭᠣᠰ ᠥᠭ᠌ᠬᠦ 》 ᠡᠴᠡ 《 ᠰᠠᠨᠠᠭᠠᠴᠢᠯᠠᠭᠠᠠ᠋ᠴᠠᠪᠠᠨ ᠬᠦᠴᠦᠨ ᠨᠡᠮᠡᠷᠢᠯᠡᠬᠦ 》 ᠲᠡᠢ᠌ᠰᠢ ᠰᠢᠰᠲᠸᠮᠲᠦ ᠴᠢᠨᠠᠷᠲᠠᠢ ᠦᠰᠦᠷᠦᠯᠲᠡ ᠪᠣᠯᠤᠨ᠎ᠠ᠃ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠣᠷᠣᠨ ᠨᠤᠲᠤᠭ᠎ᠢ ᠵᠢᠯᠣᠭᠤᠳᠤᠨ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠂ ᠶᠠᠪᠤᠴᠠ᠎ᠶ᠋ᠢ ᠳᠠᠬᠢᠨ ᠪᠠᠢᠭᠤᠯᠬᠤ ᠪᠠ ᠮᠡᠷᠭᠡᠵᠢᠯ᠎ᠤᠨ ᠬᠦᠴᠦᠨ ᠨᠡᠮᠡᠷᠢᠯᠡᠬᠦ᠎ᠪᠠᠷ ᠳᠠᠮᠵᠢᠭᠤᠯᠤᠨ᠂ ᠳ᠋ᠦᠩᠨᠡᠨ ᠪᠤᠳᠤᠬᠤ ᠥᠪᠡᠷᠮᠢᠴᠡ ᠣᠨᠴᠠᠯᠢᠭ᠎ᠲᠠᠢ ᠥᠭᠡᠷᠡᠴᠢᠯᠡᠯᠲᠡ᠎ᠶ᠋ᠢᠨ ᠵᠠᠮ᠎ᠢᠶᠠᠷ ᠠᠮᠵᠢᠯᠲᠠ᠎ᠲᠠᠢ ᠵᠠᠮᠨᠠᠭᠤᠯᠪᠠ᠃
ᠲᠥᠪ ᠲᠧᠯᠸᠢᠰ᠎ᠤᠨ ᠰᠣᠨᠢᠨ ᠮᠡᠳᠡᠭᠡ 2025 ᠣᠨ᠎ᠤ 3 ᠳ᠋ᠤᠭᠠᠷ ᠰᠠᠷ᠎ᠠ᠎ᠶ᠋ᠢᠨ 12 ᠤᠨ ᠡᠳᠦᠷ᠎ᠤᠨ ᠮᠡᠳᠡᠭᠡᠯᠡᠯ᠄ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢ ᠴᠠᠭ ᠲᠤᠬᠠᠶ᠎ᠳᠤ ᠨᠢ ᠳ᠋ᠦᠩᠨᠡᠨ ᠪᠣᠳᠤᠬᠤ ᠨᠢ ᠡᠮᠨᠡᠯᠭᠡ᠎ᠶ᠋ᠢᠨ ᠬᠤᠷᠢᠶᠠᠨ᠎ᠤ ᠪᠠᠯᠠ ᠮᠥᠩᠭᠦ᠎ᠶ᠋ᠢᠨ ᠳᠠᠷᠤᠯᠲᠠ᠎ᠶ᠋ᠢ ᠬᠥᠩᠭᠡᠷᠡᠭᠦᠯᠪᠡ
ᠴᠠᠭ ᠲᠤᠬᠠᠶ᠎ᠳᠤ ᠨᠢ ᠳ᠋ᠦᠩᠨᠡᠨ ᠪᠣᠳᠣᠬᠤ᠎ᠶ᠋ᠢ ᠬᠡᠷᠡᠭ᠌ᠵᠢᠭᠦᠯᠦᠭ᠌ᠰᠡᠨ᠎ᠡᠴᠡ ᠨᠠᠭ᠋ᠠᠰᠢ᠂ ᠪᠦᠬᠦ᠌ ᠤᠯᠤᠰ᠎ᠤᠨ ᠪᠤᠢ ᠪᠦᠬᠦᠢ ᠨᠢᠭᠡᠳᠦᠯᠲᠡᠢ ᠲᠥᠯᠥᠪᠵᠢᠭᠦᠯᠬᠦ᠌ ᠭᠠᠵᠠᠷ ᠣᠷᠣᠨ ᠴᠠᠭ ᠲᠤᠬᠠᠢ᠎ᠳᠤ ᠨᠢ ᠳ᠋ᠦᠩᠨᠡᠨ ᠪᠣᠳᠣᠬᠤ᠎ᠶ᠋ᠢ ᠪᠡᠶᠡᠯᠡᠭᠦᠯᠪᠡ᠃ ᠴᠠᠭ ᠲᠤᠬᠠᠶ᠎ᠳᠤ ᠨᠢ ᠳ᠋ᠦᠩᠨᠡᠨ ᠪᠣᠳᠣᠭ᠍ᠰᠠᠨ ᠪᠡᠯᠡ ᠮᠥᠩᠭᠥ᠌ 1 ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠤ᠂ ᠲᠤᠰ ᠭᠠᠵᠠᠷ᠎ᠤᠨ ᠰᠠᠷ᠎ᠠ᠎ᠶ᠋ᠢᠨ ᠳ᠋ᠦᠩᠨᠡᠨ ᠪᠣᠳᠣᠭ᠍ᠰᠠᠨ ᠪᠡᠯᠡ ᠮᠥᠩᠭᠥ᠎ᠶ᠋ᠢᠨ ᠬᠡᠪᠴᠢᠶ᠎ᠡ᠎ᠶ᠋ᠢᠨ 78% ᠶ᠋ᠢ ᠡᠵᠡᠯᠡᠪᠡ᠃ ᠴᠠᠭ ᠲᠤᠬᠠᠶ᠎ᠳᠤ ᠨᠢ ᠳ᠋ᠦᠩᠨᠡᠨ ᠪᠣᠳᠣᠬᠤ᠎ᠨᠢ ᠴᠡᠭ ᠲᠣᠭ᠍ᠲᠠᠭᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢ 64 ᠲᠦᠮᠡᠨ ᠡᠷᠦᠬᠡ ᠬᠠᠮᠤᠷᠴᠤ᠌᠂ ᠨᠢᠭᠡᠳᠦᠯᠲᠡᠶ ᠲᠥᠯᠥᠪᠵᠢᠭᠦᠯᠬᠦ᠌ ᠭᠠᠵᠠᠷ ᠣᠷᠣᠨ᠎ᠤ ᠴᠡᠭ ᠲᠣᠭ᠍ᠲᠠᠭᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ 68% ᠶ᠋ᠢ ᠡᠵᠡᠯᠡᠪᠡ᠃ ᠡᠭᠦᠨ᠎ᠡᠴᠡ ᠭᠠᠳᠠᠨ᠎ᠠ᠂ 30 ᠮᠤᠵᠢ᠎ᠶ᠋ᠢᠨ 310 ᠨᠢᠭᠡᠳᠦᠯᠲᠡᠶ ᠲᠥᠯᠥᠪᠵᠢᠭᠦᠯᠬᠦ᠌ ᠭᠠᠵᠠᠷ ᠣᠷᠣᠨ᠎ᠳᠤ ᠪᠠᠰᠠ 910 ᠳ᠋ᠦᠩᠱᠢᠭᠤᠷ ᠲᠥᠭᠥᠷᠢᠭ᠎ᠦᠨ ᠡᠮᠴᠢᠯᠡᠭᠡᠨ᠎ᠦ ᠪᠠᠲᠤᠯᠠᠭ᠎ᠠ᠎ᠶ᠋ᠢᠨ ᠪᠡᠯᠡ ᠮᠥᠩᠭᠥ᠎ᠶ᠋ᠢ ᠤᠷᠢᠳᠴᠢᠯᠠᠨ ᠥᠭᠴᠡᠢ᠃ ᠴᠠᠭ ᠲᠤᠬᠠᠶ᠎ᠳᠤᠨᠢ ᠳ᠋ᠦᠩᠨᠡᠨ ᠪᠤᠳᠤᠬᠤ᠂ ᠰᠠᠭᠤᠷᠢ ᠮᠥᠩᠭᠦ᠎ᠶ᠋ᠢ ᠤᠷᠢᠳᠴᠢᠯᠠᠨ ᠥᠭ᠌ᠬᠦ ᠬᠤᠶᠠᠷ ᠵᠦᠢᠯ᠎ᠤᠨ ᠲᠥᠷᠥ᠎ᠶ᠋ᠢᠨ ᠪᠣᠳᠣᠯᠭ᠎ᠠ᠎ᠨᠢ ᠴᠡᠭ ᠲᠣᠭ᠍ᠲᠠᠭᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠬᠥᠭ᠌ᠵᠢᠯᠲᠡ᠎ᠳᠤ ᠲᠦᠢᠯ᠎ᠤᠨ ᠶᠡᠭᠡ᠎ᠪᠠᠷ ᠳᠡᠮᠵᠢᠯᠭᠡ ᠦᠵᠡᠭᠦᠯᠪᠡ᠃ ᠡᠨᠡ ᠬᠦ᠌ ᠳ᠋ᠠᠢ᠌ᠲ᠋ᠠ᠎ᠶ᠋ᠢᠨ ᠠᠷᠤ᠎ᠳᠤ ᠨᠢᠭᠡ ᠤᠳᠠᠭᠠᠨ᠎ᠤ ᠡᠮᠴᠢᠯᠡᠭᠡᠨ᠎ᠦ ᠳᠠᠭᠠᠳᠭᠠᠯ᠎ᠤᠨ ᠥᠭᠬᠦ ᠠᠷᠭ᠎ᠠ ᠬᠡᠯᠪᠡᠷᠢ᠎ᠶ᠋ᠢᠨ ᠭᠦᠨᠵᠡᠭᠡᠶ ᠬᠤᠪᠢᠰᠤᠯᠲᠠ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠨᠢᠭᠡ ᠤᠳᠠᠭᠠᠨ᠎ᠤ 《 ᠪᠠᠯᠠ ᠮᠥᠩᠭᠦ᠎ᠶ᠋ᠢᠨ ᠭᠦᠢᠯᠭᠡᠭᠡ 》᠎ᠠᠴᠠ 《 ᠦᠢᠯᠡᠴᠢᠯᠡᠭᠡ᠎ᠪᠠᠨ ᠴᠢᠩᠭᠠᠳᠭᠠᠬᠤ 》 ᠬᠦᠷᠲᠡᠯ᠎ᠡ ᠳᠠᠬᠢᠨ 《 ᠠᠷᠠᠳ᠎ᠤᠨ ᠰᠡᠳᠭᠢᠯ᠎ᠢ ᠳᠤᠯᠠᠭᠠᠴᠠᠭᠤᠯᠬᠤ 》 ᠬᠦᠷᠲᠡᠯᠡᠬᠢ ᠪᠥᠬᠦ᠌ ᠲᠠᠯ᠎ᠠ᠎ᠶ᠋ᠢᠨ ᠳᠡᠰ ᠳᠡᠪᠱᠢᠯᠲᠡ ᠪᠣᠯᠤᠨ᠎ᠠ᠃
ᠲᠦᠭ᠌ᠵᠢᠷᠡᠯ᠎ᠢ ᠨᠡᠪᠲᠡᠷᠡᠭᠦᠯᠦᠨ᠂ ᠣᠯᠠᠨ ᠲᠠᠯ᠎ᠠ᠎ᠪᠠᠷ ᠬᠠᠮᠲᠤ᠎ᠪᠠᠷ ᠠᠱᠢᠭ ᠬᠦᠷᠲᠡᠬᠦ᠌ ᠰᠠᠢᠨ ᠣᠷᠴᠢᠯ᠎ᠢ ᠠᠮᠵᠢᠯᠲᠠ᠎ᠲᠠᠢ᠎ᠪᠠᠷ ᠪᠠᠢᠭᠤᠯᠪᠠ
ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠢᠮᠠᠭ᠍ᠲᠠ ᠪᠠᠷᠢᠮᠲᠠᠯᠠᠵᠤ᠂ ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠴᠠᠭ ᠲᠤᠬᠠᠶ᠎ᠳᠤ ᠨᠢ ᠳ᠋ᠦᠩᠨᠡᠨ ᠪᠤᠳᠤᠬᠤ ᠥᠭᠡᠷᠡᠴᠢᠯᠡᠯᠲᠡ᠎ᠶ᠋ᠢ ᠠᠬᠢᠭᠤᠯᠵᠤ᠂ ᠥᠭᠡᠷᠡᠴᠢᠯᠡᠯᠲᠡ᠎ᠶ᠋ᠢᠨ ᠲᠦᠭ᠌ᠵᠢᠷᠡᠯ᠎ᠢ ᠲᠦᠷᠭᠡᠪᠴᠢᠯᠡᠨ ᠨᠡᠪᠲᠡᠷᠡᠭᠦᠯᠵᠦ᠍᠂ ᠣᠯᠠᠨ ᠲᠦᠮᠡᠨ᠎ᠤ ᠬᠦᠷᠲᠡᠮᠵᠢ᠎ᠶ᠋ᠢᠨ ᠲᠥᠷᠥᠭ᠌ᠳᠡᠯ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠬᠠᠨᠤᠮᠵᠢ᠎ᠶ᠋ᠢᠨ ᠬᠡᠮᠵᠢᠶ᠎ᠡ᠂ ᠡᠮᠴᠢᠯᠡᠭᠡᠨ᠎ᠤ ᠪᠠᠲᠤᠯᠠᠭ᠎ᠠ᠎ᠶ᠋ᠢᠨ ᠺᠠᠳ᠋ᠷ᠎ᠤᠨ ᠡᠩᠨᠡᠭᠡ᠎ᠶ᠋ᠢᠨ ᠳᠠᠢᠴᠢᠨ ᠬᠦᠴᠦᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃
ᠣᠯᠠᠨ ᠲᠦᠮᠡᠨ᠎ᠤ ᠡᠪᠡᠳᠴᠢᠨ ᠦᠵᠡᠭᠦᠯᠬᠦ᠌ ᠳᠠᠷᠤᠭᠠᠰᠤ᠎ᠶ᠋ᠢ ᠦᠷᠭᠦᠯᠵᠢᠯᠡᠨ ᠬᠥᠩᠭᠡᠷᠡᠭᠦᠯᠪᠡ᠃ ᠴᠠᠭ ᠲᠤᠬᠠᠶ᠎ᠳᠤ ᠨᠢ ᠳ᠋ᠦᠩᠨᠡᠨ ᠪᠤᠳᠤᠬᠤ ᠪᠠ ᠰᠠᠭᠤᠷᠢ ᠮᠥᠩᠭᠦ᠎ᠶ᠋ᠢ ᠤᠷᠢᠳᠴᠢᠯᠠᠨ ᠥᠭ᠌ᠬᠦ᠎ᠳᠤ ᠡᠮᠴᠢᠯᠡᠭᠡᠨ᠎ᠤ ᠪᠠᠢᠭᠤᠯᠤᠮᠵᠢ᠎ᠶ᠋ᠢᠨ ᠣᠷᠣᠯᠠᠨ ᠭᠦᠢ᠍ᠴᠡᠳᠬᠡᠬᠦ ᠳᠠᠷᠤᠭᠠᠰᠤ᠎ᠶ᠋ᠢ ᠪᠦᠲᠦᠮᠵᠢᠲᠡᠶ ᠪᠠᠭᠠᠰᠭᠠᠵᠤ᠂ ᠠᠯᠪᠠᠨ᠎ᠠᠴᠠ ᠪᠠᠢᠭᠤᠯᠤᠭ᠍ᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠡᠭᠦᠳᠡᠨ ᠡᠮᠨᠡᠯᠭᠡ᠎ᠶ᠋ᠢᠨ ᠤᠷᠢᠳᠴᠢᠯᠠᠨ ᠲᠤᠱᠢᠶᠠᠬᠤ ᠮᠥᠩᠭᠦ᠎ᠶ᠋ᠢ ᠬᠦᠴᠦᠨ ᠥᠬᠡᠶ ᠪᠣᠯᠭᠠᠬᠤ᠂ ᠡᠮᠨᠡᠯᠭᠡ᠎ᠳᠤ ᠰᠠᠭᠤᠬᠤ ᠤᠷᠢᠳᠴᠢᠯᠠᠨ ᠲᠤᠱᠢᠶᠠᠬᠤ ᠮᠥᠩᠭᠦ᠎ᠶ᠋ᠢᠨ ᠲᠤᠭ᠎ᠠ ᠬᠡᠮᠵᠢᠶ᠎ᠡ᠎ᠶ᠋ᠢ ᠪᠠᠭᠤᠷᠠᠭᠤᠯᠬᠤ᠎ᠶ᠋ᠢ ᠬᠦᠴᠦᠲᠡᠶ ᠠᠬᠢᠭᠤᠯᠵᠤ᠂ ᠡᠪᠡᠳᠴᠢᠲᠡᠨ᠎ᠤ ᠠᠵᠤ ᠠᠬᠤᠶ᠎ᠶ᠋ᠢᠨ ᠳᠠᠷᠤᠭᠠᠰᠤ᠎ᠶ᠋ᠢ ᠱᠢᠭᠤᠳ ᠬᠥᠩᠭᠡᠷᠡᠭᠦᠯᠪᠡ᠃
ᠡᠮ ᠡᠮᠨᠡᠯᠭᠡ᠎ᠶᠢᠨ ᠪᠠᠢ᠌ᠭᠤᠯᠤᠮᠵᠢ ᠨᠥᠯᠥᠭᠡᠯᠡᠯ ᠦᠭᠡᠢ᠎ᠪᠡᠷ ᠠᠱᠢᠭ ᠬᠦᠷᠲᠡᠪᠡ᠃ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠳ ᠡᠮ ᠡᠮᠨᠡᠯᠭᠡ᠎ᠶ᠋ᠢᠨ ᠪᠠᠢᠭᠤᠯᠤᠮᠵᠢ᠎ᠳᠤ 《 ᠬᠦᠴᠦᠨ ᠨᠡᠮᠡᠷᠢᠯᠡᠬᠦ᠎ᠳᠦ ᠶᠠᠷᠰᠢᠭ ᠲᠠᠲᠠᠬᠤ ᠦᠭᠡᠢ 》 ᠪᠠᠢᠬᠤ ᠵᠠᠷᠴᠢᠮ᠎ᠢ ᠪᠠᠷᠢᠮᠲᠠᠯᠠᠨ᠂ ᠲᠣᠰ ᠪᠡᠶ᠎ᠡ᠎ᠶ᠋ᠢᠨ ᠳ᠋ᠦᠩᠨᠡᠨ ᠪᠤᠳᠤᠬᠤ ᠶᠠᠪᠤᠴᠠ ᠪᠠ ᠲᠦᠷᠢᠮ᠎ᠢ ᠰᠠᠨᠠᠭᠠᠴᠢᠯᠠᠭ᠎ᠠ᠎ᠠᠴᠠ᠎ᠪᠠᠨ ᠱᠢᠯᠢᠳᠡᠭ᠌ᠵᠢᠭᠦᠯᠵᠦ᠍᠂ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠌᠎ᠶ᠋ᠢᠨ ᠳ᠋ᠦᠩᠨᠡᠨ ᠪᠤᠳᠤᠬᠤ ᠦᠶᠡᠯᠡᠯ᠎ᠤᠨ ᠬᠤᠭᠤᠴᠠᠭ᠎ᠠ᠎ᠶ᠋ᠢ ᠥᠩᠭᠡᠷᠡᠭ᠌ᠰᠡᠨ᠎ᠤ 30 ᠠᠵᠢᠯᠯᠠᠬᠤ ᠡᠳᠦᠷ ᠪᠠᠢᠭ᠍ᠰᠠᠨ᠎ᠠᠴᠠ 20 ᠠᠵᠢᠯᠯᠠᠬᠤ ᠡᠳᠦᠷ ᠪᠣᠯᠲᠠᠯ᠎ᠠ ᠠᠯᠬᠤᠮ ᠠᠯᠬᠤᠮ᠎ᠢᠶᠠᠷ ᠪᠣᠭᠤᠨᠢᠰᠭᠠᠬᠤ᠎ᠶ᠋ᠢ ᠪᠡᠶᠡᠯᠡᠭᠦᠯᠵᠦ᠍᠂ ᠶᠡᠬᠡᠩᠬᠢ ᠭᠠᠵᠠᠷ ᠣᠷᠣᠨ᠎ᠳᠤ ᠪᠠᠰᠠ 《 ᠳᠠᠷᠠᠭ᠎ᠠ ᠡᠳᠦᠷ᠎ᠲᠤ ᠰᠠᠯᠭᠠᠨ ᠥᠭ᠌ᠬᠦ 》᠎ᠶ᠋ᠢ ᠪᠡᠶᠡᠯᠡᠭᠦᠯᠵᠦ᠍᠂ ᠡᠮ ᠡᠮᠨᠡᠯᠭᠡ᠎ᠶ᠋ᠢᠨ ᠪᠠᠢᠭᠤᠯᠤᠮᠵᠢ᠎ᠳᠤ ᠥᠭᠡᠷᠡᠴᠢᠯᠡᠯᠲᠡ᠎ᠶ᠋ᠢᠨ ᠦᠷ᠎ᠡ ᠪᠦᠲᠦᠮᠵᠢ᠎ᠶ᠋ᠢ ᠨᠥᠯᠥᠭᠡᠯᠡᠯ ᠦᠭᠡᠢ᠎ᠪᠡᠷ ᠠᠱᠢᠭ ᠬᠦᠷᠲᠡᠭᠡᠬᠦ᠌᠎ᠶ᠋ᠢ ᠪᠡᠶᠡᠯᠡᠭᠦᠯᠪᠡ᠃
ᠰᠤᠷᠲᠠᠯ᠎ᠤᠨ ᠪᠠᠢᠭᠤᠯᠤᠯᠲᠠ᠎ᠶ᠋ᠢ ᠢᠯᠡᠳᠲᠡ ᠴᠢᠩᠭ᠋ᠠᠳᠬᠠᠪᠠ᠃ ᠳ᠋ᠦᠩᠨᠡᠨ ᠪᠤᠳᠤᠬᠤ ᠶᠠᠪᠤᠴᠠ᠎ᠶ᠋ᠢ ᠲᠠᠰᠤᠷᠠᠯᠲᠠ ᠥᠬᠡᠶ ᠵᠢᠷᠤᠮᠵᠢᠭᠤᠯᠬᠤ᠎ᠪᠠᠷ ᠳᠠᠮᠵᠢᠭᠤᠯᠤᠨ᠂ ᠠᠵᠢᠯ᠎ᠤᠨ ᠢᠯᠡ ᠲᠣᠳᠣ᠎ᠶ᠋ᠢᠨ ᠬᠡᠮᠵᠢᠶ᠎ᠡ᠎ᠶ᠋ᠢ ᠨᠡᠮᠡᠭ᠌ᠳᠡᠭᠦᠯᠵᠦ᠍᠂ ᠠᠵᠢᠯᠲᠠᠨ᠎ᠤ ᠴᠢᠯᠥᠭᠡᠲᠦ ᠲᠠᠰᠤᠯᠤᠯᠲᠠ᠎ᠶ᠋ᠢᠨ ᠡᠷᠬᠡ᠎ᠶ᠋ᠢ ᠪᠠᠭᠠᠰᠭᠠᠨ᠂ ᠡᠷᠬᠡ᠎ᠶ᠋ᠢ ᠢᠯᠡ᠎ᠪᠠᠷ ᠬᠡᠷᠡᠭ᠌ᠵᠢᠭᠦᠯᠵᠦ᠍᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠪᠠᠭᠤᠷᠠᠭᠤᠯᠵᠤ᠂ ᠤᠯᠤᠰ ᠲᠥᠷᠥ᠍ ᠨᠠᠢᠳᠠᠪᠤᠷᠢᠲᠠᠶ᠂ ᠴᠢᠳᠠᠪᠤᠷᠢ ᠥᠨᠳᠥᠷ᠂ ᠣᠪᠣᠷ ᠰᠤᠷᠲᠠᠯ ᠰᠠᠢᠨ ᠡᠮᠴᠢᠯᠡᠭᠡᠨ᠎ᠤ ᠪᠠᠲᠤᠯᠠᠭ᠎ᠠ᠎ᠶᠢᠨ ᠨᠢᠭᠡᠨ ᠰᠠᠯᠠᠭ᠎ᠠ ᠲᠡᠮᠦᠷ ᠴᠡᠷᠢᠭ᠎ᠢ ᠴᠢᠷᠮᠠᠢᠨ ᠪᠣᠶ ᠪᠣᠯᠭ᠋ᠠᠪᠠ᠃
ᠦᠷᠭᠦᠯᠵᠢᠯᠡᠨ ᠬᠦᠴᠦᠯᠡᠵᠦ᠍᠂ ᠳ᠋ᠦᠩᠨᠡᠨ ᠪᠤᠳᠤᠬᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠴᠢᠨᠠᠷ ᠰᠠᠢᠲᠠᠶ ᠠᠬᠢᠭᠤᠯᠪᠠ
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠲᠥᠯᠥᠭᠡ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠴᠠᠭ ᠲᠤᠬᠠᠢ᠎ᠳᠤ ᠨᠢ ᠳ᠋ᠦᠩᠨᠡᠨ ᠪᠤᠳᠤᠬᠤ᠎ᠶᠢ ᠥᠷᠭᠡᠳᠭᠡᠬᠦ᠌᠂ ᠶᠠᠰᠤ ᠴᠢᠨᠠᠷ᠎ᠢ ᠳᠡᠭᠡᠭᠰᠢᠯᠡᠭᠦᠯᠬᠦ᠂ ᠦᠷ᠎ᠡ ᠠᠰᠢᠭ᠎ᠢ ᠨᠡᠮᠡᠭᠳᠡᠭᠦᠯᠬᠦ᠎ᠶᠢ ᠪᠠᠷᠢᠮᠲᠠᠯᠠᠵᠤ᠂ ᠲᠣᠭ᠋ᠠᠨ᠎ᠤ ᠬᠤᠪᠢᠷᠠᠯᠲᠠ᠎ᠡᠴᠡ ᠴᠢᠨᠠᠷ᠎ᠤᠨ ᠬᠤᠪᠢᠷᠠᠯᠲᠠ ᠪᠣᠯᠭᠠᠨ ᠳᠡᠭᠡᠭ᠌ᠱᠢᠯᠡᠭᠦᠯᠵᠦ᠍᠂ ᠴᠢᠨᠠᠷ ᠰᠠᠢᠲᠠᠶ ᠬᠥᠭᠵᠢᠯᠲᠡ᠎ᠶᠢ ᠦᠷᠭᠦᠯᠵᠢᠯᠡᠨ ᠠᠬᠢᠭᠤᠯᠪᠠ᠃
ᠲᠥᠪ ᠲᠧᠯᠸᠢᠰ᠎ᠤᠨ ᠰᠣᠨᠢᠨ ᠮᠡᠳᠡᠭᠡ 2025 ᠣᠨ᠎ᠤ 10 ᠳ᠋ᠤᠭᠠᠷ ᠰᠠᠷ᠎ᠠ᠎ᠶ᠋ᠢᠨ 17 ᠤ ᠡᠳᠦᠷ᠎ᠤᠨ ᠮᠡᠳᠡᠭᠡᠯᠡᠯ᠄ ᠮᠠᠨ᠎ᠤ ᠤᠯᠤᠰ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠌᠎ᠶ᠋ᠢ ᠴᠠᠭ ᠲᠤᠬᠠᠶ᠎ᠳᠤᠨᠢ ᠳ᠋ᠦᠩᠨᠡᠨ ᠪᠤᠳᠤᠬᠤ᠎ᠶ᠋ᠢ ᠪᠥᠬᠦ᠌ ᠲᠠᠯ᠎ᠠ᠎ᠪᠠᠷ ᠠᠬᠢᠭᠤᠯᠤᠨ᠎ᠠ
ᠨᠢᠭᠡ᠎ᠳᠤ᠂ ᠬᠠᠮᠤᠷᠬᠤ ᠬᠡᠪᠴᠢᠶ᠎ᠡ᠎ᠶ᠋ᠢ ᠦᠷᠭᠦᠯᠵᠢᠯᠡᠨ ᠥᠷᠭᠡᠳᠭᠡᠨ᠎ᠡ᠃ 2026 ᠣᠨ᠎ᠤ ᠡᠴᠦᠰ ᠪᠣᠯᠬᠤ᠎ᠳᠤ᠂ ᠴᠠᠭ ᠲᠤᠬᠠᠶ᠎ᠳᠤᠨᠢ ᠳ᠋ᠦᠩᠨᠡᠨ ᠪᠤᠳᠤᠬᠤ ᠪᠠᠯᠠ ᠮᠥᠩᠭᠦ᠎ᠶ᠋ᠢᠨ ᠰᠠᠷ᠎ᠠ᠎ᠶ᠋ᠢᠨ ᠳ᠋ᠦᠩᠨᠡᠨ ᠪᠤᠳᠤᠬᠤ ᠪᠠᠯᠠ ᠮᠥᠩᠭᠦ᠎ᠶ᠋ᠢᠨ ᠬᠠᠷᠢᠴᠠᠯ᠂ ᠴᠠᠭ ᠲᠤᠬᠠᠶ᠎ᠳᠤ ᠨᠢ ᠳ᠋ᠦᠩᠨᠡᠨ ᠪᠤᠳᠤᠬᠤ᠎ᠶ᠋ᠢ ᠨᠡᠭᠡᠭᠡᠭ᠌ᠰᠡᠨ ᠴᠡᠭ ᠲᠣᠭᠲᠠᠭ᠋ᠠᠭᠰᠠᠨ ᠪᠥᠬᠦᠶ ᠡᠮᠴᠢᠯᠡᠭᠡᠨ᠎ᠤ ᠪᠠᠢᠭᠤᠯᠤᠮᠵᠢ᠎ᠶ᠋ᠢᠨ ᠡᠵᠡᠯᠡᠬᠦ᠌ ᠬᠠᠷᠢᠴᠠᠯ᠎ᠨᠢ ᠴᠥᠮ 80% ᠠᠴᠠ ᠳᠡᠭᠡᠭ᠌ᠰᠢ᠎ᠳᠤ ᠬᠦᠷᠦᠭᠦᠯᠬᠦ ᠪᠣᠯᠤᠨ᠎ᠠ ᠭᠡᠵᠦ᠍ ᠲᠣᠳᠣᠷᠬᠠᠶ ᠲᠣᠭ᠍ᠲᠠᠭᠠᠪᠠ᠃ ᠬᠣᠶᠠᠳᠤᠭᠠᠷ ᠳᠡᠰ ᠵᠢᠴᠢ ᠲᠡᠭᠦᠨ᠎ᠡᠴᠡ ᠳᠡᠭᠡᠭ᠌ᠰᠢᠬᠢ ᠴᠡᠭ ᠲᠣᠭ᠍ᠲᠠᠭᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠶ᠋ᠢ ᠣᠷᠣᠭᠤᠯᠪᠠᠰᠤ ᠵᠣᠬᠢᠬᠤ᠎ᠶ᠋ᠢ ᠨᠢ ᠠᠯᠢ ᠪᠣᠯᠬᠤᠢᠴᠠ ᠣᠷᠣᠭᠤᠯᠬᠤ᠎ᠶ᠋ᠢᠨ ᠬᠠᠮᠲᠤ ᠨᠥᠬᠥᠴᠡᠯ᠎ᠳᠦ ᠨᠡᠢᠴᠡᠬᠦ᠌ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ ᠪᠣᠯᠤᠨ ᠴᠡᠭ ᠲᠣᠭ᠍ᠲᠠᠭᠠᠭ᠍ᠰᠠᠨ ᠵᠢᠵᠢᠭ᠌ᠯᠡᠨ ᠬᠤᠳᠠᠯᠳᠤᠬᠤ ᠡᠮ᠎ᠦᠨ ᠳᠡᠯᠭᠡᠭᠦᠷ᠎ᠢ ᠠᠯᠬᠤᠮ ᠠᠯᠬᠤᠮ᠎ᠢᠶᠠᠷ ᠣᠷᠣᠭᠤᠯᠤᠨ᠎ᠠ᠃
ᠬᠤᠶᠠᠷ᠎ᠲᠤ᠌᠂ ᠤᠷᠲᠤ ᠬᠤᠭᠤᠴᠠᠭᠠᠨ᠎ᠤ ᠪᠦᠲᠦᠮᠵᠢᠲᠡᠢ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠰᠠᠯᠭᠠᠨ ᠥᠭ᠌ᠬᠦ᠎ᠶ᠋ᠢ ᠵᠢᠷᠤᠮᠵᠢᠭᠤᠯᠬᠤ᠂ ᠬᠢᠨᠠᠨ ᠬᠠᠷᠭᠤᠭᠤᠯᠬᠤ᠎ᠶ᠋ᠢ ᠴᠢᠩᠭᠠᠳᠭᠠᠬᠤ᠂ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠬᠦ᠌ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠳᠠᠷᠠᠭ᠎ᠠ ᠰᠠᠷ᠎ᠠ᠎ᠶ᠋ᠢᠨ ᠰᠡᠭᠦᠯᠴᠢ᠎ᠠᠴᠠ ᠡᠮᠦᠨ᠎ᠡ ᠪᠠᠯᠠ ᠮᠥᠩᠭᠦ᠌ ᠰᠠᠯᠭᠠᠨ ᠥᠭ᠌ᠬᠦ᠎ᠶ᠋ᠢ ᠪᠡᠶᠡᠯᠡᠭᠦᠯᠬᠦ᠌᠎ᠪᠠᠷ ᠴᠢᠷᠮᠠᠢᠬᠤ᠎ᠶ᠋ᠢᠨ ᠬᠠᠮᠲᠤ᠌᠂ ᠣᠨᠴᠠ ᠵᠢᠱ᠌ᠢᠶ᠎ᠡ᠎ᠶ᠋ᠢᠨ ᠳᠠᠩ ᠬᠡᠯᠡᠯᠴᠡᠭᠡᠷ᠎ᠦᠨ ᠬᠢᠨᠠᠨ ᠬᠠᠷᠭᠤᠭᠤᠯᠬᠤ ᠦᠶᠡᠯᠡᠯ᠎ᠤᠨ ᠬᠤᠭᠤᠴᠠᠭ᠎ᠠ᠎ᠶ᠋ᠢ ᠪᠣᠭᠤᠨᠢᠰᠭᠠᠨᠠ᠃ ᠡᠭᠦᠨ᠎ᠤ ᠬᠠᠮᠲᠤ ᠳ᠋ᠠᠢ᠌ᠲ᠋ᠠ᠎ᠶ᠋ᠢ ᠬᠢᠨᠠᠨ ᠬᠡᠮᠵᠢᠬᠦ᠌ ᠪᠠ ᠬᠥᠮᠦᠨ᠎ᠤ ᠬᠦᠴᠦ᠍᠎ᠪᠠᠷ ᠬᠢᠨᠠᠬᠤ᠎ᠶ᠋ᠢ ᠴᠢᠩᠭᠠᠳᠭᠠᠵᠤ᠂ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠤ ᠬᠤᠷᠢᠭ᠎ᠠ ᠱᠤᠭᠤᠮ᠎ᠢ ᠪᠠᠲᠤ ᠰᠠᠬᠢᠨ᠎ᠠ᠃
ᠭᠤᠷᠪᠠ᠎ᠳᠤ᠂ ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠡᠮ ᠡᠮᠨᠡᠯᠭᠡ᠎ᠶ᠋ᠢᠨ ᠪᠠᠢᠭᠤᠯᠤᠮᠵᠢ᠎ᠳᠤ ᠬᠦᠴᠦᠨ ᠨᠡᠮᠡᠷᠢᠯᠡᠨ᠎ᠡ᠃ ᠥᠭᠡᠷᠡᠴᠢᠯᠡᠯᠲᠡ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠣᠷᠣᠨ ᠨᠤᠲᠤᠭ᠎ᠢ ᠵᠢᠯᠣᠭᠣᠳᠴᠤ᠌ ᠪᠠᠢᠭᠠᠳ ᠰᠠᠭᠤᠷᠢ ᠮᠥᠩᠭᠥ᠎ᠶ᠋ᠢ ᠴᠠᠭ ᠲᠤᠬᠠᠶ᠎ᠳᠤ ᠨᠢ ᠲᠣᠭ᠎ᠠ ᠶᠣᠰᠣᠭᠠᠷ ᠱᠢᠯᠵᠢᠭᠦᠯᠦᠨ ᠥᠭ᠌ᠬᠦ ᠬᠡᠷᠡᠭ᠌ᠲᠡᠶ᠃ ᠡᠮᠴᠢᠯᠡᠭᠡᠨ᠎ᠦ ᠪᠠᠲᠤᠯᠠᠭ᠎ᠠ᠎ᠶᠢᠨ ᠬᠠᠮᠢᠶᠠᠷᠤᠯᠲᠠ᠎ᠶ᠋ᠢᠨ ᠰᠠᠭᠤᠷᠢ ᠰᠠᠢᠨ᠂ ᠥᠭᠡᠷᠡᠴᠢᠯᠡᠯᠲᠡ᠎ᠶ᠋ᠢ ᠠᠬᠢᠭᠤᠯᠤᠭ᠍ᠰᠠᠨ᠎ᠢᠶᠠᠷ ᠰᠠᠢᠨ᠂ ᠰᠠᠭᠤᠷᠢ ᠮᠥᠩᠭᠦ᠎ᠶ᠋ᠢ ᠬᠡᠷᠡᠭ᠌ᠯᠡᠭ᠌ᠰᠡᠨ ᠦᠷ᠎ᠡ ᠪᠦᠲᠦᠮᠵᠢ᠎ᠪᠠᠷ ᠰᠠᠢᠨ ᠡᠮ ᠡᠮᠨᠡᠯᠭᠡ᠎ᠶ᠋ᠢᠨ ᠪᠠᠢᠭᠤᠯᠤᠮᠵᠢ᠎ᠳᠤ ᠤᠷᠢᠳᠴᠢᠯᠠᠨ ᠥᠭ᠌ᠬᠦ ᠡᠷᠴᠢᠮ᠎ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠴᠠᠭ ᠲᠤᠬᠠᠶ᠎ᠳᠤ ᠨᠢ ᠳ᠋ᠦᠩᠨᠡᠨ ᠪᠤᠳᠤᠬᠤ᠎ᠶ᠋ᠢ ᠵᠡᠷᠭᠡ ᠪᠡᠷ ᠠᠬᠢᠭᠤᠯᠵᠤ᠂ ᠡᠮᠴᠢᠯᠡᠭᠡᠨ᠎ᠦ ᠳᠠᠭᠠᠳᠭᠠᠯ᠎ᠤᠨ ᠥᠭᠬᠦ᠎ᠳᠦ ᠬᠦᠴᠦᠨ ᠨᠡᠮᠡᠷᠢᠯᠡᠬᠦ ᠠᠷᠭ᠎ᠠ ᠬᠡᠮᠵᠢᠶ᠎ᠡ᠎ᠶ᠋ᠢ ᠶᠡᠷᠦᠩᠬᠡᠢᠯᠡᠨ ᠬᠡᠷᠡᠭ᠌ᠯᠡᠵᠦ᠍᠂ ᠲᠡᠳᠡᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃