ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠳᠤᠮᠳᠠᠳᠤ ᠤᠯᠤᠰ᠎ᠤᠨ ᠡᠮᠴᠢᠯᠡᠭᠡᠨ᠎ᠦ ᠪᠠᠲᠤᠯᠠᠭ᠎ᠠ ᠠᠷᠠᠳ᠎ᠲᠤ ᠠᠱᠢᠭ ᠬᠦᠷᠲᠡᠭᠡᠵᠦ ᠬᠠᠭᠠᠰ ᠠᠯᠬᠤᠮ᠎ᠢ ᠬᠤᠷᠠᠮᠳᠤᠭᠤᠯᠵᠤ᠂ ᠠᠯᠤᠰ ᠢᠷᠡᠭᠡᠳᠦᠢ᠎ᠳᠤ ᠬᠦᠷᠬᠦ ( ᠳᠣᠯᠣᠭ᠎ᠠ )᠄ ᠡᠮ ᠡᠮᠨᠡᠯᠭᠡ᠎ᠶ᠋ᠢᠨ ᠲᠥᠪᠯᠡᠷᠡᠭᠦᠯᠦᠨ ᠬᠤᠳᠠᠯᠳᠤᠨ ᠠᠪᠬᠤ ᠵᠢᠷᠤᠮᠵᠢᠯ᠎ᠤᠨ ᠳᠦᠷᠢᠮᠵᠢᠭᠦᠯᠦᠯᠲᠡ ᠪᠠᠢ᠌ᠩᠭᠤᠵᠢᠭᠤᠯᠤᠯᠲᠠ
ᠨᠡᠶ᠋ᠢᠲᠡᠯᠡᠭᠰᠡᠨ ᠴᠠᠭ᠄ 2025-12-29

  《 ᠬᠢᠮᠡᠯ ᠴᠢᠬᠢᠨ᠎ᠤ᠋ ᠳᠣᠩ᠎ᠤᠨ ᠦᠨ᠎ᠡ ᠶᠡᠭᠡ᠎ᠪᠠᠷ ᠪᠠᠭᠤᠷᠠᠭ᠍ᠰᠠᠨ᠎ᠤ ᠳᠠᠷᠠᠭ᠎ᠠ᠂ ᠪᠢᠳᠡ ᠡᠮᠴᠢᠯᠡᠭᠡᠨ᠎ᠤ ᠵᠠᠷᠤᠳᠠᠯ᠎ᠤᠨ ᠲᠥᠯᠥᠭᠡ ᠳᠠᠬᠢᠨ ᠰᠠᠨᠠᠭ᠎ᠠ ᠵᠣᠪᠠᠬᠤ ᠬᠡᠷᠡᠭ ᠦᠭᠡᠢ ᠪᠣᠯᠵᠤ᠂ ᠬᠡᠤᠬᠡᠳ ᠠᠮᠵᠢᠯᠲᠠ ᠲᠠᠢ ᠮᠡᠰᠡ ᠵᠠᠰᠠᠯ ᠬᠢᠵᠦ᠍       ᠳᠠᠭᠤᠰᠭᠠᠪᠠ 》᠃ 2025 ᠣᠨ᠎ᠤ᠋ 7 ᠳ᠋ᠤᠭ᠋ᠠᠷ ᠰᠠᠷ᠎ᠠ᠎ᠶᠢᠨ 29 ᠎ᠦ᠌ ᠡᠳᠦᠷ᠂ ᠴᠢᠦᠢ ᠠᠪᠠᠬᠠᠢ᠎ᠶᠢᠨ ᠬᠦᠦ ᠪᠡᠭᠡᠵᠢᠩ᠎ᠦ᠋ᠨ ᠲᠦᠩ ᠷᠧᠨ ᠡᠮᠨᠡᠯᠭᠡ᠎ᠶᠢᠨ ᠬᠣᠷᠢᠶᠠᠨ᠎ᠳ᠋ᠤ ᠪᠠᠷᠠᠭᠤᠨ ᠲᠠᠯ᠎ᠠ᠎ᠶᠢᠨ ᠬᠢᠮᠡᠯ ᠴᠢᠬᠢᠨ᠎ᠤ᠋ ᠲᠤᠩ ᠲᠠᠷᠢᠬᠤ ᠮᠡᠰᠡ ᠵᠠᠰᠠᠯ ᠬᠢᠵᠦ᠍᠂ 13 ᠵᠢᠯ᠎ᠦ᠋ᠨ ᠡᠮᠦᠨ᠎ᠡ ᠳᠠᠷᠢᠭᠰᠠᠨ ᠵᠡᠭᠦᠨ ᠲᠠᠯ᠎ᠠ᠎ᠶᠢᠨ ᠬᠢᠮᠡᠯ ᠴᠢᠬᠢᠨ᠎ᠤ᠋ ᠲᠤᠩ᠎ᠢ ᠪᠣᠳᠣᠪᠠᠯ᠂ ᠡᠮᠴᠢᠯᠡᠭᠡᠨ᠎ᠦ᠌ ᠵᠠᠷᠤᠳᠠᠯ 20 ᠭᠠᠷᠤᠢ ᠲᠦᠮᠡᠨ ᠲᠥᠭᠥᠷᠢᠭ ᠪᠠᠢᠭ᠍ᠰᠠᠨ᠎ᠠ᠋ᠴᠠ᠎ᠪᠠᠨ 7 ᠲᠦᠮᠡᠨ ᠲᠥᠭᠥᠷᠢᠭ᠎ᠦ᠋ᠨ ᠳᠣᠲᠣᠷ᠎ᠠ ᠪᠣᠯᠵᠤ᠂ ᠡᠮᠴᠢᠯᠡᠭᠡᠨ᠎ᠦ ᠳᠠᠭᠠᠳᠭᠠᠯ᠎ᠤ᠋ᠨ ᠳᠠᠩᠰᠠ ᠲᠠᠢ᠌ᠯᠤᠭᠰᠠᠨ᠎ᠤ ᠳᠠᠷᠠᠭ᠎ᠠ᠂ ᠬᠤᠪᠢ ᠬᠥᠮᠦᠨ ᠵᠥᠪᠬᠡᠨ 2.6 ᠲᠦᠮᠡᠨ ᠲᠥᠭᠥᠷᠢᠭ ᠥᠭᠴᠡᠢ᠃

  ᠬᠢᠮᠡᠯ ᠴᠢᠬᠢᠨ᠎ᠤ᠋ ᠳᠣᠩ ᠰᠢᠭ᠋ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠶᠡᠭᠡ ᠬᠡᠮᠵᠢᠶ᠎ᠡ᠎ᠪᠠᠷ ᠦᠨ᠎ᠡ ᠪᠠᠭᠤᠷᠠᠭᠰᠠᠨ ᠨᠢ᠂ ᠨᠠᠮ᠎ᠤᠨ ᠲᠥᠪ ᠬᠤᠷᠢᠶ᠎ᠠ᠎ᠠᠴᠠ ᠪᠠᠢᠷᠢᠯᠠᠭᠤᠯᠤᠨ ᠠᠬᠢᠭᠤᠯᠤᠭ᠍ᠰᠠᠨ ᠡᠮ᠎ᠤᠨ ᠵᠦᠢᠯ᠎ᠤᠨ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠤᠭ᠍ᠰᠠᠨ᠎ᠠᠴᠠ ( ᠳᠥᠭᠦᠮᠴᠢᠯᠡᠭᠡᠳ 《 ᠲᠥᠪᠯᠡᠷᠡᠭᠦᠯᠦᠨ ᠬᠤᠳᠠᠯᠳᠤᠨ ᠠᠪᠬᠤ 》 ᠭᠡᠵᠦ᠍ ᠲᠣᠪᠴᠢᠯᠠᠨ᠎ᠠ ) ᠪᠣᠯᠤᠭ᠍ᠰᠠᠨ ᠶᠤᠮ᠃ 2018 ᠣᠨ᠎ᠤ 11 ᠳ᠋ᠤᠭᠡᠷ ᠰᠠᠷ᠎ᠠ᠎ᠳᠤ᠂ ᠶᠡᠷᠦᠩᠬᠡᠶ ᠱᠦᠵᠢ ᠰᠢ᠎ᠶ᠋ᠢᠨ ᠫᠢᠩ ᠲᠥᠪ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠵᠥᠪᠯᠡᠯ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠤᠯᠤᠰ᠎ᠠᠴᠠ ᠡᠮ᠎ᠤᠨ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠶ᠋ᠢ ᠵᠣᠬᠢᠶᠠᠨ ᠪᠠᠢᠭᠤᠯᠬᠤ ᠲᠤᠷᠱᠢᠯᠲᠠ᠎ᠶᠢᠨ ᠴᠡᠭ᠎ᠢ ᠪᠠᠢᠷᠢᠯᠠᠭᠤᠯᠵᠤ᠂ ᠡᠮ᠎ᠤᠨ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠣᠭ᠍ᠲᠠᠴᠠ ᠪᠠ ᠵᠠᠬ᠎ᠠ ᠳᠡᠯᠭᠡᠭᠦᠷ᠎ᠢᠶᠠᠷ ᠤᠳᠤᠷᠢᠳᠤᠮᠵᠢ ᠪᠣᠯᠭᠠᠭ᠍ᠰᠠᠨ ᠡᠮ᠎ᠤᠨ ᠦᠨ᠎ᠡ᠎ᠶ᠋ᠢᠨ ᠪᠦᠷᠢᠯᠳᠦᠬᠦ᠌ ᠲᠣᠭ᠍ᠲᠠᠴᠠ᠎ᠶ᠋ᠢ ᠰᠦᠪᠡᠭ᠌ᠴᠢᠯᠡᠨ ᠲᠡᠭᠦᠯᠳᠡᠷᠵᠢᠭᠦᠯᠵᠦ᠍᠂ ᠣᠯᠠᠨ ᠲᠦᠮᠡᠨ᠎ᠤ ᠡᠮ᠎ᠤᠨ ᠰᠦᠢᠳᠭᠡᠯ᠎ᠤᠨ ᠳᠠᠷᠤᠭᠠᠰᠤ᠎ᠶ᠋ᠢ ᠬᠥᠩᠭᠡᠷᠡᠭᠦᠯᠵᠦ᠍᠂ ᠡᠮ᠎ᠤᠨ ᠵᠦᠢᠯ᠎ᠤᠨ ᠭᠦᠢᠯᠭᠡᠭᠡᠨ᠎ᠤ ᠡᠮᠬᠢ ᠵᠢᠷᠤᠮ᠎ᠢ ᠵᠢᠷᠤᠮᠵᠢᠭᠤᠯᠤᠨ᠂ ᠣᠯᠠᠨ ᠲᠦᠮᠡᠨ᠎ᠤ ᠡᠮ ᠬᠡᠷᠡᠭ᠌ᠯᠡᠬᠦ᠌ ᠠᠮᠤᠷ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠥᠩᠭᠡᠷᠡᠭ᠌ᠰᠡᠨ 7 ᠵᠢᠯ᠎ᠳᠤ᠂ ᠡᠮ᠎ᠤᠨ ᠵᠦᠢᠯ᠎ᠤᠨ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠤᠨ ᠶᠠᠰᠤ ᠴᠢᠨᠠᠷ᠎ᠢ ᠦᠷᠭᠦᠯᠵᠢᠯᠡᠨ ᠳᠡᠭᠡᠭ᠌ᠰᠢᠯᠡᠭᠦᠯᠵᠦ᠍ ᠬᠡᠪᠴᠢᠶ᠎ᠡ᠎ᠶ᠋ᠢ ᠥᠷᠭᠡᠳᠭᠡᠪᠡ᠃ ᠤᠯᠤᠰ᠎ᠠᠴᠠ ᠡᠮ᠎ᠤᠨ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠳᠤ ᠨᠡᠢᠲᠡ 490 ᠵᠦᠢᠯ᠎ᠤᠨ ᠡᠮ᠎ᠤᠨ ᠵᠦᠢᠯ᠎ᠢ ᠬᠠᠮᠤᠷᠴᠤ᠌᠂ ᠴᠢᠰᠤᠨ ᠳᠠᠷᠤᠯᠲᠠ᠎ᠶ᠋ᠢ ᠪᠠᠭᠤᠷᠠᠭᠤᠯᠬᠤ᠂ ᠴᠢᠰᠤᠨ ᠱᠢᠬᠢᠷ᠎ᠢ ᠪᠠᠭᠤᠷᠠᠭᠤᠯᠬᠤ᠂ ᠴᠢᠰᠤᠨ ᠥᠭᠡᠬᠦ᠌ ᠵᠡᠷᠭᠡ ᠤᠳᠠᠭᠠᠨ ᠴᠢᠨᠠᠷᠲᠠᠶ ᠡᠪᠡᠳᠴᠢᠨ᠎ᠤ ᠬᠡᠷᠡᠭ᠌ᠯᠡᠬᠦ᠌ ᠡᠮ᠎ᠢ ᠪᠠᠭ᠍ᠲᠠᠭᠠᠭ᠍ᠰᠠᠨ ᠪᠥᠭᠡᠳ ᠪᠠᠰᠠ ᠪᠠᠺᠲ᠋ᠧᠷᠢ ᠳᠠᠷᠤᠬᠤ ᠡᠮ᠂ ᠬᠠᠪᠤᠳᠠᠷ᠎ᠢ ᠡᠰᠡᠷᠭᠦᠴᠡᠬᠦ᠌ ᠡᠮ᠂ ᠬᠠᠷᠱᠢᠮᠠᠳᠠᠭᠠᠢ ᠡᠰᠡᠷᠭᠦᠴᠡᠬᠦ᠌ ᠡᠮ ᠵᠡᠷᠭᠡ᠎ᠶ᠋ᠢ ᠪᠠᠭᠲᠠᠭ᠋ᠠᠪᠠ; ᠡᠮᠴᠢᠯᠡᠭᠡᠨ᠎ᠤ ᠥᠨᠳᠥᠷ ᠥᠷᠲᠡᠭ᠌ᠲᠦ ᠬᠤᠷᠣᠭ᠍ᠳᠠᠯ ᠮᠠᠲ᠋ᠧᠷᠢᠶᠠᠯ᠎ᠢ ᠵᠢᠷᠦᠬᠡᠨ᠎ᠤ ᠲᠣᠭᠲᠠᠭ᠋ᠠᠭᠴᠢ᠂ ᠬᠢᠮᠡᠯ ᠦᠶ᠎ᠡ ᠭᠡᠰᠢᠭᠦᠦ᠂ ᠭᠤᠤᠯ ᠨᠢᠷᠤᠭᠤ᠂ ᠬᠢᠮᠡᠯ ᠲᠠᠯᠠᠰᠲᠤ᠂ ᠬᠥᠳᠡᠯᠭᠡᠭᠡᠨ᠎ᠤ ᠠᠨᠠᠭᠠᠬᠤ ᠤᠬᠠᠭᠠᠨ᠂ ᠬᠢᠮᠡᠯ ᠴᠢᠬᠢᠨ᠎ᠤ ᠲᠤᠩ᠂ ᠭᠠᠳᠠᠷ ᠲᠣᠭᠣᠷᠢᠨ᠎ᠤ ᠴᠢᠰᠤᠨ ᠰᠤᠳᠠᠯ᠎ᠤᠨ ᠲᠣᠭᠲᠠᠭ᠋ᠠᠭᠴᠢ ᠵᠡᠷᠭᠡ 7 ᠶᠡᠭᠡ ᠲᠥᠷᠥᠯ᠎ᠤᠨ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠤᠪᠠ᠃ ᠡᠭᠦᠨ᠎ᠤ ᠬᠠᠮᠲᠤ᠌᠂ ᠡᠯ᠎ᠡ ᠭᠠᠵᠠᠷ᠎ᠤᠨ᠎ᠬᠢᠨ ᠪᠠᠰᠠ ᠮᠤᠵᠢ᠎ᠶ᠋ᠢᠨ ᠱᠠᠲᠤᠨ᠎ᠤ ᠡᠮ᠎ᠤᠨ ᠵᠦᠢᠯ᠎ᠤᠨ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠨᠡᠢᠳᠡᠮ ᠥᠷᠨᠢᠭᠦᠯᠵᠦ᠍᠂ ᠬᠠᠮᠵᠢᠯᠴᠠᠨ ᠨᠥᠬᠦᠪᠥᠷᠢᠯᠡᠬᠦ᠌ ᠪᠠᠢᠷᠢᠱᠢᠯ᠎ᠢ ᠪᠣᠶ ᠪᠣᠯᠭᠠᠪᠠ᠃

  ᠡᠮ᠎ᠤᠨ ᠵᠦᠢᠯ ᠪᠠ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠶ᠋ᠢ ᠱᠢᠯᠢᠳᠡᠭ᠌ᠵᠢᠭᠦᠯᠵᠦ᠍᠂ ᠣᠯᠠᠨ ᠲᠦᠮᠡᠨ᠎ᠤ ᠡᠮ ᠬᠡᠷᠡᠭ᠌ᠯᠡᠬᠦ᠌᠎ᠶ᠋ᠢ ᠨᠠᠩ ᠰᠠᠨᠠᠭ᠎ᠠ ᠠᠮᠤᠷ ᠪᠣᠯᠭ᠋ᠠᠪᠠ

  2025 ᠣᠨ᠎ᠤ 《 ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ 》᠎ᠳᠤ᠂ 《 ᠡᠮ᠎ᠤᠨ ᠵᠦᠢᠯ ᠪᠠ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠵᠦ᠍᠂ ᠶᠠᠰᠤ ᠴᠢᠨᠠᠷ᠎ᠢ ᠦᠨᠡᠯᠡᠨ ᠵᠢᠱ᠌ᠢᠬᠦ᠌ ᠪᠠ ᠬᠢᠨᠠᠨ ᠬᠠᠮᠢᠶᠠᠷᠬᠤ᠎ᠶ᠋ᠢ ᠴᠢᠩᠭᠠᠳᠭᠠᠨ᠎ᠠ 》 ᠭᠡᠵᠦ᠍ ᠳᠤᠷᠠᠳᠤᠨ ᠭᠠᠷᠭᠠᠪᠠ᠃ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠲᠡᠶ ᠬᠠᠮᠲᠤᠷᠠᠨ ᠲᠥᠪᠯᠡᠷᠡᠭᠦᠯᠦᠨ ᠬᠤᠳᠠᠯᠳᠤᠨ ᠠᠪᠬᠤ᠎ᠶ᠋ᠢ ᠱᠢᠯᠢᠳᠡᠭ᠌ᠵᠢᠭᠦᠯᠬᠦ᠌ ᠠᠷᠭ᠎ᠠ ᠬᠡᠮᠵᠢᠶ᠎ᠡ᠎ᠶ᠋ᠢ ᠰᠤᠳᠤᠯᠤᠨ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠤᠷᠠᠯ᠎ᠢᠶᠠᠷ ᠬᠢᠨᠠᠨ ᠵᠥᠪᠯᠡᠵᠦ᠍ ᠪᠠᠲᠤᠯᠠᠭ᠍ᠰᠠᠨ᠎ᠤ ᠳᠠᠷᠠᠭ᠎ᠠ᠂ ᠱᠢᠨ᠎ᠡ ᠪᠦᠯᠦᠭ ᠤᠳᠠᠭ᠎ᠠ ᠪᠦᠷᠢ᠎ᠶ᠋ᠢᠨ ᠲᠥᠪᠯᠡᠷᠡᠭᠦᠯᠦᠨ ᠬᠤᠳᠠᠯᠳᠤᠨ ᠠᠪᠬᠤ ᠶᠠᠪᠤᠴᠠ᠎ᠳᠤ ᠨᠠᠢ᠌ᠲᠠᠪᠤᠷᠢᠵᠢᠭᠤᠯᠪᠠ᠃

  2025 ᠣᠨ᠎ᠤ 10 ᠳ᠋ᠤᠭᠠᠷ ᠰᠠᠷ᠎ᠠ᠎ᠶ᠋ᠢᠨ 27 ᠎ᠤ ᠡᠳᠦᠷ᠂ 11 ᠳ᠋ᠤᠭᠡᠷ ᠪᠦᠯᠦᠭ᠎ᠤᠨ ᠤᠯᠤᠰ᠎ᠠᠴᠠ ᠡᠮ᠎ᠤᠨ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ ᠰᠣᠩᠭᠤᠯᠲᠠ᠎ᠶ᠋ᠢᠨ ᠦᠷ᠎ᠡ ᠳ᠋ᠦᠩ᠎ᠢ ᠪᠣᠶ ᠪᠣᠯᠭᠠᠵᠤ᠂ 55 ᠲᠥᠷᠥᠯ ᠵᠦᠢᠯ᠎ᠢ ᠪᠦᠬᠦᠨ᠎ᠢ ᠬᠤᠳᠠᠯᠳᠤᠨ ᠠᠪᠤᠭᠠᠳ ᠠᠮᠵᠢᠯᠲᠠ ᠣᠯᠪᠠ᠃ 11 ᠳ᠋ᠣᠭᠡᠷ ᠪᠦᠯᠦᠭ᠎ᠤᠨ ᠡᠮ᠎ᠤᠨ ᠵᠦᠢᠯ᠎ᠢ ᠳᠦᠪᠯᠡᠷᠡᠬᠦᠯᠦᠨ ᠬᠤᠳᠠᠯᠳᠣᠨ ᠠᠪᠬᠤ᠎ᠨᠢ 《 ᠡᠮᠴᠢᠯᠡᠬᠡ᠎ᠶᠢ ᠲᠣᠠᠠᠳᠠᠭᠤᠨ ᠪᠠᠢᠯᠭᠠᠬᠤ᠂ ᠶᠠᠰᠣ ᠴᠢᠨᠡᠷ᠎ᠢ ᠪᠠᠳᠣᠯᠠᠬᠤ᠂ ᠲᠣᠳᠣᠭᠠᠳᠣ ᠡᠪᠭᠡᠮᠡᠯ᠎ᠢ ᠡᠰᠡᠷᠬᠦᠴᠡᠬᠦ᠂ ᠪᠦᠰᠡᠯᠡᠯᠳᠡ᠎ᠶ᠋ᠢ ᠰᠡᠷᠬᠡᠢᠯᠡᠬᠦ᠌ 》 ᠲᠣᠭᠤᠷᠢᠨ᠎ᠳᠤ ᠠᠯᠢ ᠣᠯᠡᠨ ᠴᠢᠬᠤᠯᠠ ᠶᠡᠭᠡ ᠱᠢᠯᠢᠳᠡᠭ᠌ᠵᠢᠬᠦᠯᠥᠯᠳᠡ ᠬᠢᠪᠡ᠃ ᠵᠢᠱ᠌ᠢᠶᠡᠯᠡᠪᠡᠯ᠂ ᠡᠮᠴᠢᠯᠡᠬᠡ᠎ᠶᠢ ᠲᠣᠭ᠍ᠲᠠᠪᠤᠷᠢᠵᠢᠭᠤᠯᠬᠤ ᠲᠠᠯ᠎ᠠ᠎ᠪᠠᠷ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠲᠤᠭ᠎ᠠ ᠮᠡᠳᠡᠭᠦᠯᠬᠦ᠌ ᠠᠷᠭ᠎ᠠ ᠮᠠᠶᠢᠭ᠎ᠢ ᠱᠢᠯᠢᠳᠡᠭ᠌ᠵᠢᠭᠦᠯᠵᠦ᠍᠂ ᠦᠢᠯᠡᠳᠪᠦᠷᠢ᠎ᠶ᠋ᠢᠨ ᠫᠠᠢᠰᠠ᠎ᠶ᠋ᠢᠨ ᠮᠡᠳᠡᠭᠦᠯᠦᠯᠲᠡ᠎ᠶ᠋ᠢᠨ ᠬᠡᠮᠵᠢᠶ᠎ᠡ᠎ᠪᠠᠷ ᠨᠠᠷᠠᠲᠤ ᠲᠡᠮᠳᠡᠭ᠌ᠲᠦ᠍᠎ᠶ᠋ᠢ ᠰᠣᠩᠭᠤᠬᠤ᠎ᠨᠢ ᠡᠮᠴᠢᠯᠡᠭᠡᠨ᠎ᠤ ᠬᠡᠷᠡᠭ᠌ᠴᠡᠭᠡ ᠱᠠᠭᠠᠷᠳᠠᠯᠭ᠎ᠠ᠎ᠲᠠᠢ ᠵᠣᠬᠢᠴᠠᠯᠳᠤᠬᠤ ᠬᠡᠮᠵᠢᠶ᠎ᠡ ᠥᠨᠳᠥᠷ ᠪᠠᠢᠬᠤ᠎ᠶ᠋ᠢ ᠵᠥᠪᠱᠢᠶᠡᠷᠡᠵᠦ᠍᠂ ᠣᠯᠠᠩᠬᠢ ᠪᠠᠢᠳᠠᠯ ᠳᠣᠤᠷ᠎ᠠ᠂ ᠡᠮᠴᠢᠯᠡᠭᠡᠨ᠎ᠤ ᠪᠠᠢᠭᠤᠯᠤᠮᠵᠢ᠎ᠨᠢ ᠨᠠᠷᠠᠲᠤ ᠲᠡᠮᠳᠡᠭ᠌ᠲᠦ᠍᠎ᠶ᠋ᠢ ᠰᠣᠯᠢᠬᠤ ᠴᠢᠬᠤᠯᠠ ᠥᠬᠡᠶ ᠪᠣᠯ ᠳᠠᠷᠤᠶ ᠦᠨ᠎ᠡ ᠬᠠᠩᠰᠢ᠎ᠨᠢ ᠨᠠᠩ ᠬᠢᠮᠳᠠᠬᠠᠨ ᠳᠣᠲᠣᠷ᠎ᠠ᠎ᠠᠴᠠ ᠰᠣᠩᠭᠤᠭ᠍ᠰᠠᠨ ᠡᠮ᠎ᠤᠨ ᠵᠦᠢᠯ᠎ᠢ ᠬᠡᠷᠡᠭ᠌ᠯᠡᠵᠦ᠍ ᠪᠣᠯᠤᠨ᠎ᠠ᠃ ᠶᠠᠰᠤ ᠴᠢᠨᠠᠷ᠎ᠤᠨ ᠲᠠᠯ᠎ᠠ᠎ᠪᠠᠷ᠂ ᠨᠡᠢᠭᠡᠮ᠎ᠤᠨ ᠲᠥᠪᠯᠡᠷᠡᠭᠦᠯᠦᠨ ᠬᠤᠳᠠᠯᠳᠤᠨ ᠠᠪᠬᠤ ᠡᠮ᠎ᠤᠨ ᠶᠠᠰᠤ ᠴᠢᠨᠠᠷ᠎ᠤᠨ ᠲᠤᠬᠠᠶ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠢᠳᠡᠪᠬᠢᠲᠡᠶ ᠬᠠᠷᠢᠭᠤᠯᠲᠠ ᠥᠭ᠌ᠴᠦ᠂ ᠠᠵᠤ ᠠᠬᠤᠢᠯᠠᠯ᠎ᠤᠨ ᠳᠠᠭᠠᠭᠠᠴᠢᠯᠠᠯᠲᠠ ᠬᠦᠯᠢᠶᠡᠬᠦ᠌ ᠶᠠᠰᠤ ᠴᠢᠨᠠᠷ᠎ᠤᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ᠂ 2 ᠵᠢᠯ᠎ᠠᠴᠠ ᠳᠡᠭᠡᠭ᠌ᠰᠢ ᠠᠳᠠᠯᠢ ᠲᠥᠷᠥᠯ᠎ᠤᠨ ᠡᠮ᠎ᠤᠨ ᠬᠡᠯᠪᠡᠷᠢ᠎ᠶ᠋ᠢᠨ ᠦᠢᠯᠡᠳᠪᠦᠷᠢᠯᠡᠯ᠎ᠤᠨ ᠲᠤᠷᠱᠢᠯᠭ᠎ᠠ᠎ᠶ᠋ᠢ ᠱᠢᠨ᠎ᠡ᠎ᠪᠠᠷ ᠨᠡᠮᠡᠭ᠌ᠳᠡᠭᠦᠯᠬᠦ᠂ GMP ᠎ᠪᠠᠷ ᠳᠠᠮᠵᠢᠭᠤᠯᠤᠨ ᠨᠡᠢ᠌ᠴᠡᠬᠦ ᠴᠢᠨᠠᠷᠲᠠᠶ ᠪᠠᠢᠴᠠᠭᠠᠯᠲᠠ ᠬᠢᠬᠦ᠌ ᠵᠡᠷᠭᠡ ᠱᠠᠭᠠᠷᠳᠠᠯᠭ᠎ᠠ᠎ᠶᠢ ᠥᠩᠭᠡᠷᠡᠭᠡᠬᠦ ᠬᠡᠷᠡᠭ᠌ᠲᠡᠶ᠃ ᠳᠣᠲᠣᠭᠠᠳᠤ ᠡᠪᠬᠡᠮᠡᠯ᠎ᠢ ᠡᠰᠡᠷᠭᠦᠴᠡᠬᠦ᠌ ᠲᠠᠯ᠎ᠠ᠎ᠪᠠᠷ᠂ 《 ᠱᠢᠨ᠎ᠡ ᠡᠮ᠎ᠢ ᠲᠥᠪᠯᠡᠷᠡᠭᠦᠯᠦᠨ ᠬᠤᠳᠠᠯᠳᠤᠨ ᠠᠪᠬᠤ ᠦᠭᠡᠢ 》᠂ 《 ᠵᠠᠬ᠎ᠠ ᠳᠡᠯᠭᠡᠭᠦᠷ᠎ᠤᠨ ᠬᠡᠪᠴᠢᠶ᠎ᠡ ᠪᠠᠭ᠎ᠠ ᠲᠥᠷᠥᠯ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ ᠦᠭᠡᠢ 》᠎ᠶ᠋ᠢ ᠪᠠᠷᠢᠮᠲᠠᠯᠠᠵᠤ᠂ 《 ᠵᠠᠩᠭᠤᠤ ᠴᠡᠭ᠎ᠦᠨ ᠦᠨ᠎ᠡ 》᠂ 《 ᠬᠡᠪᠴᠢᠶᠡᠨ᠎ᠳᠤ ᠣᠷᠣᠵᠤ ᠳᠠᠬᠢᠨ ᠠᠮᠢᠯᠠᠭᠤᠯᠬᠤ 》 ᠪᠠ 《 ᠬᠡᠪᠴᠢᠶᠡᠨ᠎ᠳᠤ ᠣᠷᠣᠭᠰᠠᠨ ᠦᠭᠡᠢ ᠳᠠᠬᠢᠨ ᠠᠮᠢᠯᠠᠭᠤᠯᠬᠤ 》 ᠵᠡᠷᠭᠡ ᠱᠢᠨ᠎ᠡ᠎ᠶ᠋ᠢ ᠡᠭᠦᠳᠬᠦ᠌ ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠠᠵᠤ ᠠᠬᠤᠢᠯᠠᠯ᠎ᠤᠨ ᠮᠡᠳᠡᠭᠦᠯᠦᠭ᠌ᠰᠡᠨ ᠦᠨ᠎ᠡ᠎ᠶ᠋ᠢ ᠨᠡᠢᠳᠡᠮ ᠲᠣᠭ᠍ᠲᠠᠪᠤᠷᠢᠵᠢᠭᠤᠯᠪᠠ᠃ ᠳᠡᠭᠡᠷ᠎ᠡ ᠳᠤᠷᠠᠳᠤᠭ᠍ᠰᠠᠨ ᠱᠢᠯᠢᠳᠡᠭ᠌ᠵᠢᠭᠦᠯᠬᠦ᠌ ᠠᠷᠭ᠎ᠠ ᠬᠡᠮᠵᠢᠶ᠎ᠡ᠎ᠠᠴᠠ ᠪᠣᠯᠵᠤ᠂ 11 ᠳ᠋ᠤᠭᠡᠷ ᠪᠦᠯᠦᠭ᠎ᠤᠨ ᠲᠥᠪᠯᠡᠷᠡᠭᠦᠯᠦᠨ ᠬᠤᠳᠠᠯᠳᠤᠨ ᠠᠪᠬᠤ ᠶᠠᠪᠤᠳᠠᠯ ᠲᠥᠷᠥᠯ ᠵᠦᠢᠯ᠎ᠤᠨ ᠥᠷᠢᠰᠥᠯᠳᠦᠬᠦ᠌ ᠠᠵᠤ ᠠᠬᠤᠢᠯᠠᠯ ᠨᠢᠭᠡᠪᠦᠷᠢ᠎ᠶ᠋ᠢᠨ ᠳᠤᠮᠳᠠᠴᠢ ᠲᠤᠭ᠎ᠠ ᠥᠩᠭᠡᠷᠡᠭ᠌ᠰᠡᠨ᠎ᠳᠤ ᠲᠥᠪᠯᠡᠷᠡᠭᠦᠯᠦᠨ ᠬᠤᠳᠠᠯᠳᠤᠨ ᠠᠪᠬᠤ ᠪᠠᠢᠳᠠᠯ ᠳᠣᠤᠷ᠎ᠠ᠂ ᠨᠡᠯᠢᠶᠡᠳ ᠥᠨᠳᠥᠷ ᠳᠤᠮᠳᠠ ᠰᠣᠩᠭᠤᠯᠲᠠ᠎ᠶ᠋ᠢᠨ ᠨᠣᠷᠮ᠎ᠠ᠎ᠶ᠋ᠢ ᠪᠠᠲᠤᠯᠠᠵᠤ᠂ ᠳᠣᠲᠣᠷ᠎ᠠ᠎ᠠᠴᠠ ᠰᠣᠩᠭᠤᠭ᠍ᠰᠠᠨ ᠦᠨ᠎ᠡ᠎ᠶ᠋ᠢᠨ ᠵᠥᠷᠢᠶ᠎ᠡ᠎ᠶ᠋ᠢ ᠤᠯᠠᠮ ᠨᠢᠭᠡ ᠠᠯᠬᠤᠮ ᠪᠠᠭᠠᠰᠭᠠᠭ᠍ᠰᠠᠨ ᠪᠠᠢᠨ᠎ᠠ᠃

 

 

ᠲᠥᠪ ᠲᠧᠯᠸᠢᠰ᠎ᠤᠨ ᠰᠣᠨᠢᠨ ᠮᠡᠳᠡᠭᠡ 2025 ᠣᠨ᠎ᠤ 10 ᠳ᠋ᠤᠭᠠᠷ ᠰᠠᠷ᠎ᠠ᠎ᠶ᠋ᠢᠨ 27᠎ᠤ ᠡᠳᠦᠷ᠎ᠤᠨ ᠮᠡᠳᠡᠭᠡᠯᠡᠯ᠄ ᠠᠷᠪᠠᠨ ᠨᠢᠭᠡᠳᠦᠭᠡᠷ ᠪᠦᠯᠦᠭ ᠤᠯᠤᠰ᠎ᠠᠴᠠ ᠡᠮ᠎ᠤᠨ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ ᠪᠠᠷᠢᠮᠵᠢᠶ᠎ᠠ᠎ᠶ᠋ᠢ ᠵᠣᠬᠢᠶᠠᠨ ᠪᠠᠢᠭᠤᠯᠵᠤ ᠡᠮᠴᠢᠯᠡᠭᠡᠨ᠎ᠤ ᠶᠠᠰᠤ ᠴᠢᠨᠠᠷ᠎ᠢ ᠪᠠᠲᠤᠯᠠᠵᠤ ᠬᠦᠷᠢᠶ᠎ᠡ ᠬᠡᠪᠴᠢᠶ᠎ᠡ᠎ᠶ᠋ᠢ ᠰᠡᠷᠭᠡᠢᠯᠡᠵᠦ᠍ ᠳᠣᠲᠣᠭᠠᠳᠤ ᠡᠪᠬᠡᠮᠡᠯ᠎ᠢ ᠡᠰᠡᠷᠭᠦᠴᠡᠬᠦ᠌ ᠳᠦᠷᠢᠮ᠎ᠢ ᠵᠢᠷᠤᠮᠯᠠᠪᠠ

  ᠡᠮ᠎ᠦ᠋ᠨ ᠵᠦᠢᠯ᠎ᠢ᠋ ᠴᠤᠭ᠍ᠯᠠᠭᠤᠯᠬᠤ ᠲᠡᠦᠬᠡᠲᠦ ᠴᠢᠨᠠᠷᠲᠠᠢ᠎ᠪᠠᠷ ᠡᠮ᠎ᠦ᠋ᠨ ᠦᠨ᠎ᠡ ᠦᠷᠭᠦᠯᠵᠢᠯᠡᠨ ᠥᠰᠭᠦ ᠬᠠᠨᠳᠤᠱᠢ᠎ᠶᠢ ᠬᠤᠪᠢᠷᠠᠭᠤᠯᠪᠠ᠃ ᠴᠢᠰᠤ ᠴᠠᠢᠬᠤ ᠡᠪᠡᠳᠴᠢᠨ᠎ᠦ᠌ ᠢ ᠮᠠ ᠲᠢ ᠨᠢ ᠡᠮ᠎ᠢᠶᠡᠷ ᠵᠢᠱ᠌ᠢᠶ᠎ᠡ ᠪᠣᠯᠭᠠᠵᠤ᠂ ᠲᠡᠷᠡ ᠪᠣᠯ 《 ᠪᠢ ᠡᠮ᠎ᠦ᠋ᠨ ᠰᠠᠬᠢᠭᠤᠯᠰᠤᠨ ᠪᠢᠰᠢ 》 ᠺᠢᠨᠣ᠋ ᠳᠣᠲᠣᠷᠠᠬᠢ 《 ᠭᠧ ᠯᠢᠶᠧ ᠨᠢᠩ 》᠎ᠤᠨ ᠤᠭ ᠵᠠᠭᠪᠤᠷ ᠪᠣᠯᠤᠨ᠎ᠠ᠂ ᠠᠩᠬᠠᠳᠠᠭᠴᠢ ᠪᠦᠯᠦᠭ ᠤᠯᠤᠰ᠎ᠤ᠋ᠨ ᠡᠮ᠎ᠦ᠋ᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠤᠭᠰᠠᠨ᠎ᠢ ᠣᠷᠤᠭᠤᠯᠤᠭᠰᠠᠨ᠎ᠤ᠋ ᠳᠠᠷᠠᠭ᠎ᠠ᠂ ᠳᠤᠮᠳᠠ᠎ᠠ᠋ᠴᠠ ᠢ ᠮᠠ ᠲᠢ ᠨᠢ ᠬᠤᠳᠠᠯᠳᠤᠨ ᠠᠪᠬᠤ ᠬᠠᠢᠷᠴᠠᠭ ᠪᠦᠷᠢ᠎ᠳ᠋ᠦ᠍ ᠬᠡᠳᠦᠨ ᠮᠢᠩᠭᠠᠨ ᠲᠥᠭᠥᠷᠢᠭ ᠪᠠᠢᠭ᠍ᠰᠠᠨ᠎ᠠ᠋ᠴᠠ᠎ᠪᠠᠨ 600 ᠲᠥᠭᠥᠷᠢᠭ ᠣᠷᠴᠢᠮ ᠪᠣᠯᠲᠠᠯ᠎ᠠ ᠪᠠᠭᠤᠷᠠᠭᠤᠯᠵᠤ᠂ ᠡᠪᠡᠳᠴᠢᠲᠡᠨ ᠳᠠᠬᠢᠵᠤ ᠭᠡᠨᠡᠨ᠎ᠢᠶᠡᠷ ᠶᠠᠮᠠᠷ ᠴᠤ᠌ ᠪᠠᠲᠤᠯᠠᠭ᠎ᠠ ᠦᠭᠡᠢ ᠡᠨᠡᠳᠭᠡᠭ᠎ᠦ᠋ᠨ ᠨᠢᠭᠤᠴᠠ᠎ᠪᠠᠷ ᠠᠷᠠᠯᠵᠢᠶᠠᠯᠠᠭᠰᠠᠨ ᠡᠮ᠎ᠢ ᠬᠤᠳᠠᠯᠳᠤᠨ ᠠᠪᠬᠤ ᠴᠢᠬᠤᠯᠠ ᠦᠭᠡᠢ ᠪᠣᠯᠵᠠᠢ᠃ ᠪᠠᠰᠠ ᠲᠤᠬᠠᠢᠯᠠᠪᠠᠯ᠂ ᠬᠥᠬᠡᠭ᠌ᠴᠢᠨ ᠡᠯᠢᠭᠡᠨ ᠡᠪᠡᠳᠴᠢᠨ᠎ᠢ᠋ ᠡᠮᠨᠡᠬᠦ᠌ ᠨᠢᠭᠡᠳᠦᠭᠡᠷ ᠹᠷᠣᠨᠲ᠎ᠤ᠋ᠨ ᠬᠡᠷᠡᠭ᠌ᠯᠡᠬᠦ᠌ ᠡᠸᠨ ᠲᠢ ᠺᠠ ᠸᠧ ᠡᠮ᠎ᠢ ᠣᠷᠣᠯᠠᠵᠤ᠂ ᠥᠩᠭᠡᠷᠡᠭᠡᠭ᠌ᠰᠡᠨ᠎ᠳ᠋ᠦ᠍ ᠡᠪᠡᠳᠴᠢᠲᠡᠨ ᠨᠢᠭᠡ ᠵᠢᠯ᠎ᠦ᠋ᠨ ᠵᠠᠷᠤᠳᠠᠯ ᠨᠢ ᠪᠠᠷᠤᠭ 5000 ᠲᠥᠭᠥᠷᠢᠭ ᠪᠠᠢᠵᠤ᠂ ᠮᠠᠱᠢ ᠣᠯᠠᠨ ᠬᠥᠮᠦᠨ ᠵᠠᠷᠤᠳᠠᠯ᠎ᠤ᠋ᠨ ᠠᠰᠠᠭᠤᠳᠠᠯ᠎ᠠ᠋ᠴᠠ ᠪᠣᠯᠵᠤ ᠵᠢᠷᠤᠮᠵᠢᠭᠤᠯᠬᠤ᠎ᠶᠢ ᠪᠡᠶᠡᠯᠡᠭᠦᠯᠵᠦ ᠳᠡᠢ᠌ᠯᠬᠦ ᠦᠭᠡᠢ᠂ ᠦᠷᠭᠦᠯᠵᠢᠯᠡᠨ ᠡᠮ ᠬᠡᠷᠡᠭ᠌ᠯᠡᠬᠦ᠌᠎ᠶᠢᠨ ᠠᠷᠭ᠎ᠠ ᠦᠭᠡᠢ ᠪᠣᠯᠵᠤ᠂ ᠠᠮᠠᠷᠬᠠᠨ ᠡᠯᠢᠭᠡ ᠬᠠᠲᠠᠭᠤᠷᠠᠬᠤ ᠪᠤᠶᠤ ᠡᠯᠢᠭᠡᠨ ᠥᠮᠡᠨ ᠪᠣᠯᠵᠤ᠂ ᠪᠠᠰᠠ ᠬᠥᠬᠡᠭ᠌ᠴᠢᠨ ᠡᠯᠢᠭᠡᠨ᠎ᠦ᠌ ᠸᠢᠷᠦ᠋ᠰ᠎ᠦ᠋ᠨ ᠬᠠᠯᠳᠠᠪᠤᠷᠢᠯᠠᠯᠲᠠ᠎ᠶᠢᠨ ᠠᠶᠤᠯ ᠲᠦᠭ᠌ᠱᠢᠭᠦᠷᠢ᠎ᠶᠢ ᠨᠡᠮᠡᠭ᠌ᠳᠡᠭᠦᠯᠵᠦ᠍᠂ ᠲᠥᠪᠯᠡᠷᠡᠭᠦᠯᠦᠨ ᠬᠤᠳᠠᠯᠳᠤᠨ ᠠᠪᠤᠭ᠍ᠰᠠᠨ᠎ᠤ᠋ ᠳᠠᠷᠠᠭ᠎ᠠ ᠡᠸᠨ ᠺᠠ ᠸᠧ᠎ᠶᠢᠨ ᠵᠢᠯ᠎ᠦ᠋ᠨ ᠵᠠᠷᠤᠳᠠᠯ᠎ᠢ᠋ 100 ᠭᠠᠷᠤᠢ ᠲᠥᠭᠥᠷᠢᠭ ᠪᠣᠯᠲᠠᠯ᠎ᠠ ᠪᠠᠭᠤᠷᠠᠭᠤᠯᠵᠤ᠂ ᠲᠤᠰ ᠵᠢᠯ᠎ᠦ᠋ᠨ ᠵᠤᠷ᠎ᠤ᠋ᠨ ᠬᠡᠮᠵᠢᠶ᠎ᠡ ᠨᠢ 30% ᠎ᠪᠡᠷ ᠳᠡᠭᠡᠭᠰᠢᠯᠡᠪᠡ᠃ ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ ᠡᠯ᠎ᠡ ᠤᠯᠤᠰ᠎ᠲᠤ ᠳᠤᠮᠳᠠᠳᠤ ᠤᠯᠤᠰ᠎ᠤᠨ ᠲᠤᠷᠱᠢᠯᠭ᠎ᠠ᠎ᠶᠢ ᠲᠠᠨᠢᠯᠴᠠᠭᠤᠯᠵᠤ᠂ ᠡᠨᠡ ᠨᠢ 《 2030 ᠣᠨ᠎ᠳᠤ ᠸᠢᠷᠦ᠋ᠰ᠎ᠤᠨ ᠴᠢᠨᠠᠷᠲᠠᠶ ᠡᠯᠢᠭᠡᠨ ᠦᠷᠪᠢᠰᠦᠯ᠎ᠢ ᠠᠷᠢᠯᠭᠠᠬᠤ᠎ᠨᠢ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠰᠦᠷᠳᠡᠭᠦᠯᠦᠯ ᠪᠣᠯᠬᠤ 》 ᠴᠢᠬᠤᠯᠠ ᠠᠷᠭ᠎ᠠ ᠬᠡᠮᠵᠢᠶ᠎ᠡ ᠪᠣᠯᠤᠨ᠎ᠠ ᠭᠡᠵᠦ᠍ ᠦᠵᠡᠪᠡ᠃

  ᠲᠥᠪᠯᠡᠷᠡᠭᠦᠯᠦᠨ ᠬᠤᠳᠠᠯᠳᠤᠨ ᠠᠪᠬᠤ᠎ᠳᠤ ᠪᠠᠢᠩᠭᠤ ᠲᠣᠬᠢᠶᠠᠯᠳᠤᠳᠠᠭ ᠡᠪᠡᠳᠴᠢᠨ᠎ᠤ ᠴᠢᠨᠠᠷᠲᠠᠢ ᠬᠡᠷᠡᠭ᠌ᠯᠡᠬᠦ᠌ ᠡᠮ ᠪᠠᠷᠠᠬᠤ ᠦᠭᠡᠢ᠂ ᠪᠠᠰᠠ ᠬᠤᠪᠣᠷ ᠲᠣᠬᠢᠶᠠᠯᠳᠤᠬᠤ ᠡᠪᠡᠳᠴᠢᠨ᠎ᠢ ᠡᠮᠨᠡᠨ ᠵᠠᠰᠠᠬᠤ᠎ᠳᠤ ᠬᠡᠷᠡᠭ᠌ᠯᠡᠬᠦ᠌ ᠡᠮ᠎ᠤᠨ ᠵᠦᠢᠯ ᠴᠦ᠍ ᠪᠤᠢ᠃ ᠲᠤᠬᠠᠢᠯᠠᠪᠠᠯ ᠣᠨᠴᠠ ᠡᠭᠦᠰᠭᠦ ᠴᠢᠨᠠᠷᠲᠠᠶ ᠠᠭᠤᠰᠭᠢᠨ ᠱᠢᠷᠬᠡᠭ᠎ᠢ ᠡᠮᠨᠡᠨ ᠵᠠᠰᠠᠬᠤ᠎ᠳᠤ ᠬᠡᠷᠡᠭ᠌ᠯᠡᠬᠦ᠌ ᠬᠥᠬᠡᠭ᠌ᠴᠢᠨ ᠬᠦᠬᠦᠷ ᠬᠦᠴᠢᠯ᠎ᠤᠨ ᠨᠢ ᠳ᠋ᠠ ᠨᠢ ᠪᠦ᠋ ᠵᠥᠭᠡᠯᠡᠨ ᠬᠤᠮᠵᠢᠶ᠎ᠠ ᠡᠮ᠎ᠢ 11 ᠳ᠋ᠤᠭᠡᠷ ᠪᠦᠯᠦᠭ᠎ᠦᠨ ᠲᠥᠪᠯᠡᠷᠡᠭᠦᠯᠦᠨ ᠬᠤᠳᠠᠯᠳᠤᠨ ᠠᠪᠬᠤ᠎ᠳᠤ ᠣᠷᠣᠭᠤᠯᠵᠤ᠂ ᠲᠥᠪᠯᠡᠷᠡᠭᠦᠯᠦᠨ ᠬᠤᠳᠠᠯᠳᠤᠨ ᠠᠪᠬᠤ᠎ᠠᠴᠠ ᠡᠮᠦᠨ᠎ᠡ ᠡᠪᠡᠳᠴᠢᠲᠡᠨ᠎ᠤ ᠲᠤᠰ ᠡᠮ᠎ᠢ ᠬᠡᠷᠡᠭ᠌ᠯᠡᠭ᠌ᠰᠡᠨ ᠰᠠᠷ᠎ᠠ ᠪᠦᠷᠢ᠎ᠶ᠋ᠢᠨ ᠵᠠᠷᠤᠳᠠᠯ ᠨᠢ 7000 ᠭᠠᠷᠤᠶ ᠲᠥᠭᠥᠷᠢᠭ᠎ᠲᠦ ᠬᠦᠷᠴᠦ᠍᠂ ᠡᠩ᠎ᠦᠨ ᠭᠡᠷ ᠪᠦᠯᠢ᠎ᠳᠦ ᠠᠪᠴᠤ᠌ ᠬᠡᠯᠡᠪᠡᠯ ᠳᠠᠷᠤᠭᠠᠰᠤ ᠨᠢ ᠨᠡᠯᠢᠶᠡᠳ ᠬᠦᠨᠳᠦ ᠪᠠᠢᠵᠤ᠂ ᠲᠥᠪᠯᠡᠷᠡᠭᠦᠯᠦᠨ ᠬᠤᠳᠠᠯᠳᠤᠨ ᠠᠪᠤᠭ᠍ᠰᠠᠨ᠎ᠤ ᠳᠠᠷᠠᠭ᠎ᠠ ᠰᠠᠷ᠎ᠠ ᠪᠦᠷᠢ ᠵᠥᠪᠬᠡᠨ ᠬᠡᠳᠦᠨ ᠵᠠᠭᠤᠨ ᠲᠥᠭᠥᠷᠢᠭ ᠵᠠᠷᠤᠴᠠᠭᠤᠯᠵᠤ᠂ ᠳᠠᠷᠤᠭᠠᠰᠤ᠎ᠶ᠋ᠢ ᠨᠢ ᠢᠯᠡᠷᠬᠡᠶ ᠬᠥᠩᠭᠡᠷᠡᠭᠦᠯᠪᠡ᠃

  ᠡᠮ᠎ᠤᠨ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠳᠤ 《 ᠭᠤᠷᠪᠠ᠎ᠶ᠋ᠢ ᠣᠷᠣᠭᠤᠯᠬᠤ 》 ᠠᠵᠢᠯᠯᠠᠭ᠋ᠠᠨ᠎ᠢ ᠥᠷᠨᠢᠭᠦᠯᠵᠦ᠍᠂ ᠲᠥᠷᠥ᠎ᠶ᠋ᠢᠨ ᠪᠣᠳᠣᠯᠭ᠎ᠠ᠎ᠪᠠᠷ ᠠᠷᠠᠳ᠎ᠲᠤ ᠠᠱᠢᠭ ᠬᠦᠷᠲᠡᠭᠡᠬᠦ᠌ ᠦᠷ᠎ᠡ ᠪᠦᠲᠦᠮᠵᠢ᠎ᠶ᠋ᠢ ᠳᠡᠭᠡᠭᠰᠢᠯᠡᠭᠦᠯᠪᠡ

  《 ᠣᠳᠣ ᠡᠮ ᠬᠤᠳᠠᠯᠳᠤᠨ ᠠᠪᠬᠤ ᠨᠢ ᠮᠠᠱᠢ ᠬᠢᠮᠳᠠ ᠪᠣᠯᠤᠭ᠍ᠰᠠᠨ ᠪᠥᠭᠡᠳ ᠬᠣᠯᠠ ᠶᠠᠪᠤᠬᠤ ᠬᠡᠷᠡᠭ ᠦᠭᠡᠢ᠂ ᠲᠣᠰᠭᠣᠨ᠎ᠤ᠋ ᠡᠷᠡᠭᠦᠯ ᠬᠠᠮᠠᠭᠠᠯᠠᠯ᠎ᠤ᠋ᠨ ᠲᠠᠰᠤᠭ᠎ᠡᠴᠡ ᠳᠠᠷᠤᠯᠲᠠ᠎ᠶᠢ ᠪᠠᠭᠤᠷᠠᠭᠤᠯᠬᠤ ᠡᠮ ᠬᠤᠳᠠᠯᠳᠤᠨ ᠠᠪᠴᠤ᠌ ᠳᠡᠢᠯᠦᠨ᠎ᠡ 》᠂ ᠭᠠᠨᠰᠦ᠎ᠶᠢᠨ ᠵᠢᠦᠴᠢᠸ᠋ᠸᠠᠨ᠎ᠦ᠌ ᠎ᠶᠢᠨ ᠲᠠ ᠰᠢᠶᠠᠨ᠎ᠤ᠋ ᠵᠦᠩ ᠳ᠋ᠦᠩ ᠪᠠᠯᠭᠠᠰᠤᠨ᠎ᠤ᠋ ᠲᠤᠸᠠᠨ ᠵᠢᠶᠧ ᠲᠣᠰᠭᠣᠨ᠎ᠳ᠋ᠤ᠂ ᠳᠠᠭᠠᠳᠭᠠᠯ᠎ᠳ᠋ᠤ ᠣᠷᠣᠯᠴᠠᠭ᠍ᠰᠠᠨ ᠰᠠᠭᠤᠭᠠᠯᠢ ᠠᠷᠠᠳ ᠵᠠᠩ ᠽᠦᠩ ᠴᠦᠨ ᠭᠡᠷ᠎ᠦ᠋ᠨ ᠡᠭᠦᠳᠡᠨ᠎ᠳ᠋ᠦ᠍ ᠪᠠᠢᠭ᠎ᠠ ᠲᠣᠰᠭᠣᠨ᠎ᠤ᠋ ᠡᠷᠡᠭᠦᠯ ᠬᠠᠮᠠᠭᠠᠯᠠᠯ᠎ᠤ᠋ᠨ ᠲᠠᠰᠤᠭ᠎ᠠ᠋ᠴᠠ ᠤᠯᠤᠰ᠎ᠤ᠋ᠨ ᠵᠣᠬᠢᠶᠠᠨ ᠪᠠᠢᠭᠤᠯᠵᠤ ᠲᠥᠪᠯᠡᠷᠡᠭᠦᠯᠦᠨ ᠬᠤᠳᠠᠯᠳᠤᠨ ᠠᠪᠤᠭ᠍ᠰᠠᠨ ᠳᠠᠷᠤᠯᠲᠠ ᠪᠠᠭᠤᠷᠠᠭᠤᠯᠬᠤ ᠡᠮ᠎ᠢ ᠠᠪᠴᠤ᠂ ᠡᠮ᠎ᠦ᠋ᠨ ᠦᠨ᠎ᠡ ᠨᠢ ᠵᠥᠪᠬᠡᠨ ᠤᠤᠯ᠎ᠤ᠋ᠨ ᠭᠤᠷᠪᠠᠨ᠎ᠤ᠋ ᠨᠢᠭᠡ ᠯᠡ ᠪᠠᠢᠨ᠎ᠠ᠃ ᠡᠨᠡ ᠪᠣᠯ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠨ ᠲᠥᠪᠯᠡᠷᠡᠭᠦᠯᠦᠨ ᠬᠤᠳᠠᠯᠳᠤᠨ ᠠᠪᠬᠤ ᠡᠮ᠎ᠤᠨ ᠵᠦᠢᠯ᠎ᠢ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠂ ᠠᠷᠠᠳ᠎ᠠᠴᠠ ᠡᠵᠡᠩᠨᠡᠭ᠌ᠰᠡᠨ ᠡᠮᠨᠡᠯᠭᠡ᠎ᠶ᠋ᠢᠨ ᠬᠤᠷᠢᠶ᠎ᠠ᠎ᠳᠤ ᠣᠷᠣᠭᠤᠯᠬᠤ᠂ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠎ᠲᠤ ᠣᠷᠣᠭᠤᠯᠬᠤ ( ᠲᠤᠬᠠᠢᠯᠠᠪᠠᠯ 《 ᠭᠤᠷᠪᠠ᠎ᠶ᠋ᠢ ᠣᠷᠣᠭᠤᠯᠬᠤ 》) ᠠᠮᠢᠳᠤᠯᠢᠭ ᠬᠤᠷᠢᠶᠠᠩᠭᠤᠶ ᠳᠦᠷᠰᠦ ᠪᠣᠯᠤᠨ᠎ᠠ᠃

  ᠤᠯᠤᠰ᠎ᠤᠨ ᠡᠮᠴᠢᠯᠡᠭᠡᠨ᠎ᠤ ᠪᠠᠳᠤᠯᠠᠭ᠎ᠠ᠎ᠶ᠋ᠢᠨ ᠲᠣᠪᠴᠢᠶ᠎ᠠ᠎ᠶ᠋ᠢᠨ ᠢᠳᠡᠪᠬᠢᠲᠡᠶ ᠠᠬᠢᠭᠤᠯᠤᠯ ᠳᠣᠤᠷ᠎ᠠ᠂ 2025 ᠣᠨ᠎ᠤ ᠡᠴᠦᠰ ᠪᠣᠯᠲᠠᠯ᠎ᠠ᠂ ᠡᠮ᠎ᠤᠨ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ 《 ᠭᠤᠷᠪᠠ᠎ᠶ᠋ᠢ ᠣᠷᠣᠭᠤᠯᠬᠤ 》 ᠠᠵᠢᠯ᠎ᠢ ᠨᠢᠭᠡᠨᠲᠡ ᠪᠣᠶ ᠪᠥᠬᠦᠶ ᠮᠤᠵᠢ᠎ᠳᠤ ᠪᠥᠬᠦ᠌ ᠲᠠᠯ᠎ᠠ᠎ᠪᠠᠷ ᠥᠷᠨᠢᠭᠦᠯᠵᠦ᠍᠂ ᠡᠯ᠎ᠡ ᠭᠠᠵᠠᠷ᠎ᠤᠨ᠎ᠬᠢᠨ ᠣᠷᠣᠯᠴᠠᠬᠤ ᠲᠥᠷᠥᠯ ᠵᠦᠢᠯ ᠪᠠ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠬᠦᠷᠢᠶ᠎ᠡ ᠬᠡᠪᠴᠢᠶ᠎ᠡ᠎ᠪᠠᠨ ᠦᠷᠭᠦᠯᠵᠢᠯᠡᠨ ᠥᠷᠭᠡᠳᠭᠡᠪᠡ᠃ ᠵᠢᠱ᠌ᠢᠶᠡᠯᠡᠪᠡᠯ᠂ ᠱᠠᠨᠰᠢ ᠮᠤᠵᠢ᠎ᠶ᠋ᠢᠨ 《 ᠭᠤᠷᠪᠠ᠎ᠶ᠋ᠢ ᠣᠷᠣᠭᠤᠯᠬᠤ 》 ᠡᠮ᠎ᠤᠨ ᠵᠦᠢᠯ᠎ᠢ ᠲᠠᠨᠢᠯᠴᠠᠭᠤᠯᠬᠤ ᠨᠠᠷᠢᠨ ᠲᠠᠩᠰᠠ᠎ᠶ᠋ᠢ ᠪᠦᠷᠢᠯᠳᠦᠭᠦᠯᠵᠦ᠍᠂ 295 ᠲᠥᠷᠥᠯ᠎ᠤᠨ ᠡᠮ᠎ᠤᠨ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠳᠤ ᠣᠷᠣᠭᠤᠯᠵᠤ᠂ 1930 ᠭᠠᠷᠤᠢ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠂ 206 ᠠᠷᠠᠳ᠎ᠤᠨ ᠡᠵᠡᠩᠨᠡᠯᠲᠡ᠎ᠶ᠋ᠢᠨ ᠡᠮᠴᠢᠯᠡᠭᠡᠨ᠎ᠤ ᠪᠠᠢᠭᠤᠯᠤᠮᠵᠢ᠂ 11600 ᠭᠠᠷᠤᠢ ᠲᠣᠰᠭᠤᠨ᠎ᠤ ᠡᠷᠡᠭᠦᠯ ᠬᠠᠮᠠᠭᠠᠯᠠᠯ᠎ᠤᠨ ᠲᠠᠰᠤᠭ᠎ᠢ ᠬᠠᠮᠤᠷᠴᠠᠢ᠃ ᠱᠢᠨᠵᠢᠶᠠᠩ᠎ᠳᠤ ᠠᠮᠤ ᠪᠤᠳᠠᠭ᠎ᠠ ᠬᠤᠳᠠᠯᠳᠤᠨ ᠠᠪᠬᠤ ᠪᠠ ᠬᠠᠩᠭᠠᠬᠤ ᠲᠣᠣᠷᠵᠢᠯ᠎ᠢ ᠥᠷᠭᠡᠳᠭᠡᠨ᠂ ᠡᠮ᠎ᠦᠨ ᠳᠡᠯᠭᠡᠭᠦᠷ᠎ᠦᠨ ᠣᠷᠣᠯᠴᠠᠬᠤ ᠬᠡᠪᠴᠢᠶ᠎ᠡ᠎ᠶ᠋ᠢ ᠥᠷᠭᠡᠳᠭᠡᠵᠦ᠍᠂ ᠪᠦᠬᠦ᠌ ᠱᠢᠨᠵᠢᠶᠠᠩ᠎ᠳᠤ 14 ᠲᠤᠰᠭᠠᠶ ᠣᠷᠣᠨ᠂ 15 ᠨᠢᠭᠡᠳᠦᠯᠲᠡᠶ ᠲᠥᠯᠥᠪᠯᠡᠬᠦ᠌ ᠣᠷᠣᠨ᠎ᠳᠤ ᠪᠦᠬᠦᠨ᠎ᠢ ᠬᠠᠮᠤᠷᠬᠤ᠎ᠶ᠋ᠢ ᠪᠡᠶᠡᠯᠡᠭᠦᠯᠵᠡᠶ᠃ ᠬᠤᠨᠠᠨ 14 ᠬᠣᠲᠠ ᠵᠧᠦ᠍᠎ᠶᠢᠨ 1800 ᠭᠠᠷᠤᠢ ᠵᠢᠵᠢᠭ᠌ᠯᠡᠨ ᠬᠤᠳᠠᠯᠳᠤᠬᠤ ᠡᠮ᠎ᠦ᠋ᠨ ᠳᠡᠯᠭᠡᠭᠦᠷ᠎ᠢ᠋ ᠨᠡᠢᠳᠡᠮ ᠬᠠᠮᠤᠷᠴᠤ᠂ ᠳᠠᠭᠠᠳᠭᠠᠯ᠎ᠳ᠋ᠤ ᠣᠷᠣᠯᠴᠠᠭ᠍ᠰᠠᠨ ᠡᠪᠡᠳᠴᠢᠲᠡᠨ ᠨᠡᠢᠲᠡ 4000 ᠲᠦᠮᠡ ᠣᠷᠴᠢᠮ ᠲᠥᠭᠥᠷᠢᠭ᠎ᠦ᠋ᠨ ᠡᠮ ᠬᠤᠳᠠᠯᠳᠤᠨ ᠠᠪᠴᠤ᠌᠂ ᠡᠮ ᠬᠤᠳᠠᠯᠳᠤᠨ ᠠᠪᠬᠤ᠎ᠳ᠋ᠤ ᠬᠦᠷᠬᠦᠢ ᠴᠢᠨᠠᠷ ᠪᠣᠯᠤᠨ ᠳᠥᠭᠥᠮ ᠲᠥᠳᠡ ᠴᠢᠨᠠᠷ᠎ᠢ᠋ ᠢᠯᠡᠳᠲᠡ ᠳᠡᠭᠡᠭ᠌ᠱᠢᠯᠡᠭᠦᠯᠪᠡ᠃

  《 ᠭᠤᠷᠪᠠ᠎ᠶ᠋ᠢ ᠣᠷᠣᠭᠤᠯᠵᠤ 》᠎ᠨᠢ ᠣᠯᠠᠨ ᠡᠭᠦᠰᠭᠦ ᠡᠪᠡᠳᠴᠢᠨ᠂ ᠪᠠᠢᠩᠭᠤ ᠲᠣᠬᠢᠶᠠᠯᠳᠤᠳᠠᠭ ᠡᠪᠡᠳᠴᠢᠨ᠎ᠤ ᠪᠠᠢᠩᠭᠤ ᠬᠡᠷᠡᠭ᠌ᠯᠡᠬᠦ᠌ ᠲᠥᠪᠯᠡᠷᠡᠭᠦᠯᠦᠨ ᠬᠤᠳᠠᠯᠳᠤᠨ ᠠᠪᠬᠤ ᠡᠮ᠎ᠤᠨ ᠵᠦᠢᠯ᠎ᠢ ᠦᠨᠳᠦᠰᠦᠨ ᠱᠠᠲᠤ᠌᠂ ᠠᠷᠠᠳ᠎ᠤᠨ ᠡᠵᠡᠩᠨᠡᠯᠲᠡ᠎ᠶ᠋ᠢᠨ ᠡᠮᠴᠢᠯᠡᠭᠡᠨ᠎ᠤ ᠪᠠᠢᠭᠤᠯᠤᠮᠵᠢ ᠬᠢᠭᠡᠳ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠎ᠠᠴᠠ ᠬᠥᠨᠳᠡᠵᠦ᠍᠂ ᠣᠯᠠᠨ ᠲᠦᠮᠡᠨ᠎ᠳᠤ ᠴᠢᠨᠠᠷ ᠰᠠᠢᠲᠠᠶ ᠪᠥᠭᠡᠳ ᠦᠨ᠎ᠡ᠎ᠨᠢ ᠰᠠᠢᠨ ᠡᠮ᠎ᠤᠨ ᠵᠦᠢᠯ᠎ᠢ ᠣᠯᠭᠤᠬᠤ᠎ᠳᠤ ᠲᠥᠬᠦᠮ ᠦᠵᠡᠭᠦᠯᠦᠭ᠌ᠰᠡᠨ᠎ᠢᠶᠠᠷ ᠪᠠᠷᠠᠬᠤ ᠥᠬᠡᠶ᠂ ᠨᠠᠩ ᠴᠤ᠌ ᠲᠠᠰ ᠬᠤᠪᠢᠶᠠᠨ ᠣᠨᠣᠱᠢᠯᠠᠨ ᠡᠮᠨᠡᠬᠦ᠌᠎ᠶ᠋ᠢ ᠵᠣᠯᠭᠠᠭᠤᠯᠵᠤ᠂ ᠡᠪᠡᠳᠴᠢᠲᠡᠨ᠎ᠤ ᠳᠡᠭᠡᠳᠦ ᠱᠠᠲᠤᠨ᠎ᠤ ᠡᠮᠨᠡᠯᠭᠡ᠎ᠶ᠋ᠢᠨ ᠬᠤᠷᠢᠶᠠᠨ᠎ᠤ ᠡᠮᠨᠡᠨ ᠵᠠᠰᠠᠭ᠍ᠰᠠᠨ᠎ᠤ ᠳᠠᠷᠠᠭ᠎ᠠ ᠦᠨᠳᠦᠰᠦᠨ ᠱᠠᠲᠤᠨ᠎ᠤ ᠡᠮ ᠬᠡᠷᠡᠭ᠌ᠯᠡᠬᠦ᠌ ᠦᠷᠭᠦᠯᠵᠢᠯᠡᠬᠦ᠌ ᠴᠢᠨᠠᠷ ᠲᠡᠢ᠌ᠰᠢ ᠱᠢᠯᠵᠢᠬᠦ᠌᠎ᠶ᠋ᠢ ᠪᠠᠲᠤᠯᠠᠵᠤ᠂ ᠥᠭᠡᠷᠡᠴᠢᠯᠡᠯᠲᠡ᠎ᠶ᠋ᠢᠨ ᠠᠱᠢᠭ ᠲᠤᠰᠠ᠎ᠶ᠋ᠢᠨ ᠬᠠᠮᠤᠷᠤᠯᠲᠠ᠎ᠶ᠋ᠢ ᠨᠠᠩ ᠥᠷᠭᠡᠨ ᠬᠡᠪᠴᠢᠶᠡᠨ᠎ᠳᠤ ᠣᠨᠣᠱᠢᠯᠠᠨ ᠡᠮᠨᠡᠬᠦ᠌ ᠱᠢᠰᠲ᠋ᠧᠮ᠎ᠢ ᠪᠦᠲᠦᠮᠵᠢᠲᠡᠶ ᠤᠷᠲᠤᠳᠭᠠᠵᠠᠶ᠃

  ᠡᠮᠴᠢᠯᠡᠭᠡᠨ᠎ᠦ ᠪᠠᠲᠤᠯᠠᠭ᠎ᠠ ᠬᠢᠭᠡᠳ ᠡᠮ ᠡᠮᠨᠡᠯᠭᠡ᠎ᠶ᠋ᠢᠨ ᠠᠵᠤ ᠠᠬᠤᠢᠯᠠᠯ᠎ᠢ ᠱᠢᠭᠤᠳ ᠳ᠋ᠦᠩᠨᠡᠨ ᠪᠤᠳᠤᠬᠤ᠎ᠶ᠋ᠢ ᠢᠳᠡᠪᠬᠢᠲᠡᠶ ᠠᠬᠢᠭᠤᠯᠵᠤ᠂ ᠠᠵᠤ ᠠᠬᠤᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠨᠡᠮᠡᠷᠢᠯᠡᠪᠡ

  ᠡᠮ᠎ᠤᠨ ᠵᠦᠢᠯ᠂ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠭ᠌ᠰᠡᠨ᠎ᠤ ᠳᠠᠷᠠᠭ᠎ᠠ 《 ᠳ᠋ᠦᠩᠨᠡᠨ ᠪᠤᠳᠤᠬᠤ᠎ᠳᠤ ᠬᠦᠴᠢᠷᠲᠡᠶ᠂ ᠳ᠋ᠦᠩᠨᠡᠨ ᠪᠤᠳᠤᠬᠤ᠎ᠶᠢ ᠬᠦᠰᠡᠬᠦ 》 ᠪᠣᠯ ᠡᠮ ᠡᠮᠨᠡᠯᠭᠡ᠎ᠶ᠋ᠢᠨ ᠠᠵᠤ ᠠᠬᠤᠢᠯᠠᠯ᠎ᠢ ᠨᠥᠯᠥᠭᠡᠯᠡᠵᠦ᠍ ᠪᠠᠢᠭ᠎ᠠ ᠨᠢᠭᠡᠨ ᠶᠡᠬᠡ ᠡᠮᠵᠡᠭ ᠭᠠᠵᠠᠷ ᠪᠣᠯᠤᠨ᠎ᠠ᠃ ᠣᠷᠳᠣ ᠬᠤᠭᠤᠴᠠᠭᠠᠨ᠎ᠤ ᠲᠤᠷᠰᠢ᠂ ᠡᠮᠴᠢᠯᠡᠭᠡᠨ᠎ᠤ ᠪᠠᠢᠭᠤᠯᠤᠮᠵᠢ ᠬᠢᠭᠡᠳ ᠠᠵᠤ ᠠᠬᠤᠢᠯᠠᠯ᠎ᠤᠨ ᠬᠤᠭᠤᠷᠣᠨᠳᠣᠬᠢ ᠡᠮ᠎ᠤᠨ ᠵᠦᠶ᠋ᠯ ᠪᠠᠭᠠᠵᠢ ᠬᠡᠷᠡᠭ᠌ᠰᠡᠯ᠎ᠤᠨ ᠪᠠᠷᠠᠭᠠᠨ᠎ᠤ ᠵᠣᠭᠤᠰ᠎ᠢ ᠳ᠋ᠦᠩᠨᠡᠨ ᠪᠤᠳᠤᠬᠤ ᠶᠠᠪᠤᠴᠠ᠎ᠨᠢ ᠣᠷᠳᠣ᠂ ᠪᠠᠯᠠ ᠮᠥᠩᠭᠦ᠎ᠶ᠋ᠢᠨ ᠪᠤᠴᠠᠭᠠᠬᠤ ᠲᠤᠭ᠎ᠠ᠎ᠨᠢ ᠤᠳᠠᠭᠠᠨ ᠪᠠᠢᠬᠤ ᠪᠠᠢᠳᠠᠯ ᠣᠯᠠᠨᠲᠠ ᠡᠭᠦᠰᠴᠦ᠍᠂ ᠪᠤᠴᠠᠭᠠᠬᠤ ᠵᠣᠭᠤᠰ᠎ᠤᠨ ᠦᠶᠡᠯᠡᠯ᠎ᠤᠨ ᠬᠤᠭᠤᠴᠠᠭ᠎ᠠ᠎ᠨᠢ ᠶᠡᠷᠦ᠍᠎ᠳᠦ᠎ᠪᠡᠨ 6 ᠰᠠᠷ᠎ᠠ᠎ᠠᠴᠠ ᠳᠡᠭᠡᠭ᠌ᠰᠢ ᠪᠠᠢᠵᠤ᠂ ᠬᠤᠷᠢᠶᠠᠬᠤ ᠶᠣᠰᠣᠲᠠᠶ ᠲᠠᠩᠰᠠᠨ ᠵᠣᠭᠤᠰ᠎ᠤᠨ ᠪᠠᠯᠠ ᠮᠥᠩᠭᠦ᠎ᠶ᠋ᠢᠨ ᠥᠪᠡᠷ᠎ᠤᠨ ᠥᠷᠲᠡᠭ᠎ᠨᠢ ᠵᠣᠬᠢᠬᠤ ᠬᠡᠮᠵᠢᠶ᠎ᠡ᠎ᠪᠠᠷ ᠦᠢᠯᠡᠳᠬᠦᠨ᠎ᠤ ᠦᠨ᠎ᠡ ᠬᠠᠩᠰᠢ᠎ᠶ᠋ᠢ ᠳᠡᠭᠡᠭ᠌ᠰᠢᠯᠡᠭᠦᠯᠵᠦ᠍᠂ ᠡᠴᠦᠰ᠎ᠲᠤ᠎ᠪᠠᠨ ᠡᠮ ᠬᠡᠷᠡᠭ᠌ᠯᠡᠬᠦ᠌ ᠡᠪᠡᠳᠴᠢᠲᠡᠨ ᠪᠠ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠌ ᠨᠢᠭᠡᠪᠦᠷᠢ᠎ᠳᠤ ᠬᠦᠷᠲᠡᠯ᠎ᠡ ᠳᠠᠮᠵᠢᠭᠤᠯᠪᠠ᠃

  ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠶᠣᠰᠣᠭᠠᠷ᠂ ᠤᠯᠤᠰ᠎ᠤᠨ ᠡᠮᠴᠢᠯᠡᠭᠡ᠎ᠶ᠋ᠢᠨ ᠪᠠᠳᠤᠯᠠᠭ᠎ᠠ᠎ᠶ᠋ᠢᠨ ᠲᠣᠪᠴᠢᠶ᠎ᠠ ᠣᠷᠣᠨ ᠨᠤᠲᠤᠭ᠎ᠢ ᠵᠢᠯᠣᠭᠤᠳᠴᠤ᠌ ᠪᠠᠢᠭᠠᠳ ᠡᠮ᠎ᠤᠨ ᠵᠦᠢᠯ᠎ᠤᠨ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠪᠠᠷ ᠭᠤᠤᠯᠳᠠᠯᠭ᠎ᠠ ᠪᠣᠯᠭᠠᠨ᠂ ᠡᠮᠴᠢᠯᠡᠭᠡᠨ᠎ᠤ ᠪᠠᠲᠤᠯᠠᠭ᠎ᠠ ᠬᠢᠭᠡᠳ ᠡᠮ ᠡᠮᠨᠡᠯᠭᠡ᠎ᠶ᠋ᠢᠨ ᠠᠵᠤ ᠠᠬᠤᠢᠯᠠᠯ ᠎ᠯᠤᠭ᠎ᠠ ᠱᠢᠭᠤᠳ ᠳ᠋ᠦᠩᠨᠡᠨ ᠪᠤᠳᠤᠬᠤ᠎ᠶ᠋ᠢ ᠢᠳᠡᠪᠬᠢᠲᠡᠶ ᠰᠦᠪᠡᠭ᠌ᠴᠢᠯᠡᠵᠦ᠍᠂ ᠲᠥᠪᠯᠡᠷᠡᠭᠦᠯᠦᠨ ᠬᠤᠳᠠᠯᠳᠤᠨ ᠠᠪᠬᠤ ᠳᠤᠮᠳᠠ ᠰᠣᠩᠭᠤᠭ᠍ᠳᠠᠭ᠍ᠰᠠᠨ ᠠᠵᠤ ᠠᠬᠤᠢᠯᠠᠯ᠎ᠤᠨ ᠴᠠᠭ ᠲᠤᠬᠠᠶ᠎ᠳᠤ ᠨᠢ ᠪᠠᠷᠠᠭᠠᠨ᠎ᠤ ᠵᠣᠭᠤᠰ ᠤᠯᠬᠤ᠎ᠶ᠋ᠢ ᠦᠨᠡᠨ ᠬᠦ᠌ ᠪᠠᠲᠤᠯᠠᠵᠤ᠂ ᠪᠠᠯᠠ ᠮᠥᠩᠭᠦ᠎ᠶ᠋ᠢᠨ ᠥᠪᠡᠷ᠎ᠤᠨ ᠥᠷᠲᠡᠭ᠎ᠢ ᠪᠠᠭᠠᠰᠭᠠᠨ᠂ ᠡᠮ ᠡᠮᠨᠡᠯᠭᠡ᠎ᠶ᠋ᠢᠨ ᠠᠵᠤ ᠠᠬᠤᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ᠃

  ᠣᠳᠣᠬᠠᠨ᠎ᠳᠤ᠂ ᠡᠮᠴᠢᠯᠡᠭᠡᠨ᠎ᠦ ᠪᠠᠲᠤᠯᠠᠭ᠎ᠠ ᠬᠢᠭᠡᠳ ᠡᠮ ᠡᠮᠨᠡᠯᠭᠡ᠎ᠶ᠋ᠢᠨ ᠠᠵᠤ ᠠᠬᠤᠢᠯᠠᠯ᠎ᠤᠨ ᠱᠢᠭᠤᠳ ᠳ᠋ᠦᠩᠨᠡᠨ ᠪᠣᠳᠣᠯᠲᠠ ᠨᠢᠭᠡᠨᠲᠡ ᠪᠦᠬᠦ᠌ ᠤᠯᠤᠰ᠎ᠤᠨ 240 ᠭᠠᠷᠤᠶ ᠨᠢᠭᠡᠳᠦᠯᠲᠡᠶ ᠲᠥᠯᠥᠪᠵᠢᠭᠦᠯᠬᠦ ᠭᠠᠵᠠᠷ ᠣᠷᠣᠨ᠎ᠢ ᠬᠠᠮᠤᠷᠴᠤ᠌᠂ ᠡᠵᠡᠯᠡᠬᠦ᠌ ᠬᠠᠷᠢᠴᠠᠯ ᠨᠢ 60% ᠎ᠡᠴᠡ ᠳᠡᠭᠡᠭ᠌ᠰᠢ᠎ᠳᠦ ᠬᠦᠷᠪᠡ᠃ ᠵᠢᠶᠠᠩᠱᠢ᠎ᠶᠢᠨ ᠨᠠᠨ ᠬᠤᠸᠠ ᠡᠮ ᠡᠮᠨᠡᠯᠭᠡ᠎ᠶᠢᠨ ᠬᠢᠵᠠᠭᠠᠷᠲᠤ ᠺᠣᠮᠫᠠᠨᠢ᠎ᠶᠢᠨ ᠲᠥᠪᠯᠡᠷᠡᠭᠦᠯᠦᠨ ᠬᠤᠳᠠᠯᠳᠤᠨ ᠠᠪᠬᠤ ᠦᠢᠯᠡᠴᠢᠯᠡᠭᠡᠨ᠎ᠦ᠌ ᠲᠥᠪ᠎ᠦ᠋ᠨ ᠬᠠᠷᠢᠭᠤᠴᠠᠯᠭᠠᠲᠠᠨ ᠢᠯᠡᠷᠬᠡᠢᠯᠡᠬᠦ᠎ᠳᠤ᠎ᠪᠠᠨ᠂ 《 ᠲᠣᠬᠢᠷᠠᠭᠤᠯᠤᠨ ᠬᠦᠷᠭᠡᠬᠦ᠌ ᠠᠵᠤ ᠠᠬᠤᠢᠯᠠᠯ᠎ᠳ᠋ᠤ ᠠᠪᠴᠤ᠌ ᠬᠡᠯᠡᠪᠡᠯ᠂ ᠬᠠᠮᠤᠭ ᠶᠡᠬᠡ ᠥᠪᠡᠷ᠎ᠦ᠋ᠨ ᠥᠷᠲᠡᠭ ᠨᠢ ᠳᠠᠷᠤᠢ ᠪᠡᠯᠡ ᠮᠥᠩᠭᠥᠨ᠎ᠦ᠌ ᠠᠰᠠᠭᠤᠳᠠᠯ ᠪᠣᠯᠤᠨ᠎ᠠ᠂ ᠡᠮ ᠡᠮᠨᠡᠯᠭᠡ᠎ᠶᠢᠨ ᠳᠠᠭᠠᠳᠭᠠᠯ᠎ᠤ᠋ᠨ ᠨᠢᠭᠡᠳᠦᠯᠲᠡᠢ ᠳ᠋ᠦᠩᠨᠡᠨ ᠪᠣᠳᠣᠬᠤ᠎ᠠ᠋ᠴᠠ ᠡᠮᠦᠨ᠎ᠡ᠂ ᠡᠮ ᠡᠮᠨᠡᠯᠭᠡ᠎ᠶᠢᠨ ᠪᠠᠢᠭᠤᠯᠤᠮᠵᠢ ᠨᠢᠭᠡᠪᠦᠷᠢ ᠨᠢ ᠪᠢᠳᠡᠨ᠎ᠲᠡᠢ ᠳ᠋ᠦᠩᠨᠡᠨ ᠪᠣᠳᠣᠵᠤ᠂ ᠳ᠋ᠦᠩᠨᠡᠨ ᠪᠣᠳᠣᠬᠤ ᠦᠶᠡᠯᠡᠯ᠎ᠦ᠋ᠨ ᠬᠤᠭᠤᠴᠠᠭ᠎ᠠ ᠨᠢ 3 - 4 ᠰᠠᠷ᠎ᠠ ᠴᠢᠨᠠᠭ᠍ᠱᠢᠯᠠᠪᠠᠯ 1 - 2 ᠵᠢᠯ ᠬᠡᠷᠡᠭ᠌ᠰᠡᠨ᠎ᠡ᠃ ᠣᠳᠣ ᠪᠢᠳᠡ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠲᠠᠢ ᠳ᠋ᠦᠩᠨᠡᠨ ᠪᠣᠳᠣᠵᠤ᠂ ᠳᠤᠮᠳᠠᠴᠢ ᠳ᠋ᠦᠩᠨᠡᠨ ᠪᠤᠳᠤᠬᠤ ᠴᠠᠭ᠎ᠨᠢ ᠵᠥᠪᠬᠡᠨ 30 ᠭᠠᠷᠤᠶ ᠡᠳᠦᠷ᠂ ᠵᠢᠯ ᠪᠦᠷᠢ 4000 ᠲᠦᠮᠡᠨ ᠲᠥᠭᠦᠷᠢᠭ᠎ᠤᠨ ᠪᠠᠩᠬᠢ᠎ᠶ᠋ᠢᠨ ᠬᠦᠤ ᠮᠥᠩᠭᠦ᠎ᠶ᠋ᠢ ᠠᠷᠪᠢᠯᠠᠵᠤ᠂ ᠱᠢᠭᠤᠳ ᠳ᠋ᠦᠩᠨᠡᠨ ᠪᠤᠳᠤᠵᠤ ᠪᠢᠳᠡᠨ᠎ᠢ ᠬᠠᠪᠰᠤᠷᠤᠨ ᠶᠡᠭᠡ ᠠᠰᠠᠭᠤᠳᠠᠯ᠎ᠢ ᠱᠢᠢᠳᠪᠦᠷᠢᠯᠡᠵᠡᠢ᠂ ᠪᠢᠳᠡ ᠬᠤᠶᠠᠷ ᠭᠠᠷ᠎ᠢᠶᠠᠨ ᠡᠷᠭᠦᠨ ᠪᠠᠶᠠᠷᠯᠠᠨ ᠤᠭ᠍ᠲᠤᠵᠤ ᠪᠠᠢᠨ᠎ᠠ !》 ᠬᠡᠪᠡ᠃

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            