ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠡᠷᠡᠭᠦᠯ ᠮᠡᠨᠳᠦ᠎ᠪᠠᠷ ᠶᠠᠳᠠᠭᠤ ᠵᠢ ᠲᠡᠳᠬᠦᠬᠦ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠣᠷᠢᠵᠢᠭᠣᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠡᠮᠴᠢᠯᠡᠭᠡᠨ᠎ᠤ ᠳᠠᠷᠤᠭ᠋ᠠᠰᠤ ᠵᠢ ᠦᠨᠡᠨᠬᠦ ᠬᠦᠩᠭᠡᠷᠡᠭᠦᠯᠵᠦ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ 《ᠨᠢᠭᠡ ᠥᠷᠲᠡᠭᠡ ᠮᠠᠶᠢᠭ》᠎ᠤᠨ ᠦᠢ᠍ᠯᠡᠴᠢᠯᠡᠭᠡᠨ᠎ᠤ ᠳ᠋ᠦᠩᠨᠡᠨ ᠪᠤᠳᠤᠬᠤ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠮᠤᠭ᠎ᠤᠨ ᠶᠡᠬᠡ ᠬᠡᠮᠵᠢᠶᠡᠨ᠎ᠤ ᠣᠷᠣᠨ ᠨᠤᠲᠤᠭ᠎ᠤᠨ ᠬᠦᠴᠢᠷᠳᠡᠯᠲᠡᠶ ᠣᠯᠠᠨ ᠲᠦᠮᠡᠨ᠎ᠤ ᠡᠪᠡᠳᠴᠢᠨ ᠦᠵᠡᠭᠦᠯᠬᠦ᠎ᠳᠤ ᠳᠥᠭᠥᠮ ᠦᠵᠡᠭᠦᠯᠬᠦ ᠵᠢᠨ ᠲᠦᠯᠦᠭᠡ᠂ 2020 ᠣᠨ᠎ᠤ 5 ᠰᠠᠷ᠎ᠠ᠎ᠠᠴᠠ ᠨᠠᠰᠢ᠂ ᠡᠷᠢᠶᠡᠨ ᠬᠣᠲᠠ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ ᠬᠢᠭᠡᠳ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ 《ᠨᠢᠭᠡ ᠦᠷᠳᠡᠭᠡ ᠮᠠᠶᠢᠭ》᠎ᠤᠨ ᠲᠤᠬᠠᠢ ᠵᠢᠨ ᠴᠠᠭᠲᠤᠨᠢ ᠳ᠋ᠦᠩᠨᠡᠨ ᠪᠣᠳᠣᠬᠣ ᠵᠢ ᠪᠡᠶᠡᠯᠡᠭᠦᠯᠵᠦ᠂ ᠡᠮᠴᠢᠯᠡᠭᠡᠨ᠎ᠤ ᠳᠠᠭ᠋ᠠᠳᠬᠠᠯ᠎ᠤᠨ ᠠᠪᠤᠷᠠᠨ ᠲᠤᠰᠠᠯᠠᠬᠤ ᠦᠢ᠍ᠯᠡᠴᠢᠯᠡᠭᠡᠨ᠎ᠤ ᠬᠦᠴᠢᠷᠳᠡᠯᠲᠡᠶ ᠣᠯᠠᠨ ᠲᠦᠮᠡᠨ᠎ᠤ 《ᠨᠢᠭᠡ ᠤᠳᠠᠭ᠎ᠠ ᠴᠦ᠍ ᠭᠦᠶᠦᠬᠦ ᠴᠢᠬᠤᠯᠠ ᠦᠭᠡᠢ》 ᠦᠢ᠍ᠯᠡᠴᠢᠯᠡᠭᠡ ᠪᠠ ᠬᠦᠴᠢᠷᠳᠡᠯᠲᠡᠶ ᠣᠯᠠᠨ ᠲᠦᠮᠡᠨ᠎ᠢ 《ᠡᠪᠡᠳᠴᠢᠨ ᠵᠶ᠋ᠠᠨ ᠵᠠᠰᠠᠬᠤ᠂ ᠡᠮᠨᠡᠨᠯᠭᠡᠳᠤ ᠰᠠᠭᠤᠵᠦ ᠳᠡᠶ᠋ᠢᠯᠬᠦ》 ᠵᠢ ᠪᠡᠶᠡᠯᠡᠭᠦᠯᠦᠭᠰᠡᠨ ᠪᠠᠢ᠌ᠨ᠎ᠠ᠃
ᠭᠣᠣᠯᠳᠠᠯᠭ᠎ᠠ᠎ᠲᠠᠢ ᠠᠪᠤᠷᠠᠨ ᠲᠤᠰᠠᠯᠠᠬᠤ ᠡᠲᠡᠭᠡᠳ᠎ᠨᠢ ᠡᠷᠢᠶᠡᠨ ᠬᠣᠲᠠ ᠵᠢᠨ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢ᠌ᠭᠤᠯᠤᠮᠵᠢ᠎ᠳᠤ ᠡᠮᠨᠡᠯᠭᠡ᠎ᠳᠤ ᠰᠠᠭᠤᠵᠤ ᠡᠮᠨᠡᠨ ᠵᠠᠰᠠᠵᠤ᠂ ᠡᠮᠨᠡᠯᠭᠡ᠎ᠠᠴᠠ ᠭᠠᠷᠬᠤ ᠦᠶᠡᠰ ᠡᠪᠡᠳᠴᠢᠲᠡᠨ ᠵᠥᠪᠬᠡᠨ ᠬᠤᠪᠢ ᠬᠥᠮᠦᠨ᠎ᠤ ᠥᠪᠡᠷᠲᠡᠭᠡᠨ ᠥᠭᠬᠦ ᠬᠡᠰᠡᠭ᠎ᠢ ᠲᠤᠰᠢᠶᠠᠵᠦ᠂ ᠦᠨᠳᠦᠰᠦᠨ ᠡᠮᠴᠢᠯᠡᠭᠡᠨ᠎ᠤ ᠳᠠᠩᠰᠠ ᠲᠠᠶ᠋ᠢᠯᠬᠤ ᠪᠠ ᠡᠮ ᠡᠮᠨᠡᠯᠭᠡ ᠵᠢᠨ
ᠠᠪᠤᠷᠠᠨ ᠲᠤᠰᠠᠯᠠᠬᠤ ᠨᠥᠬᠥᠪᠥᠷᠢ ᠵᠢᠨ ᠬᠡᠰᠡᠭ᠎ᠢ ᠡᠮᠨᠡᠯᠭᠡ ᠵᠢᠨ ᠬᠣᠷᠢᠶ᠎ᠠ᠎ᠠᠴᠠ ᠣᠷᠣᠯᠠᠨ ᠥᠭᠴᠦ᠂ ᠣᠷᠣᠯᠠᠨ ᠥᠭᠬᠦ ᠪᠡᠯᠡ ᠮᠥᠩᠭᠥ ᠵᠢ ᠡᠷᠢᠶᠡᠨ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠲᠤᠭᠳᠠᠭ᠋ᠠᠯ ᠶᠣᠰᠣᠭ᠋ᠠᠷ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠯᠤᠭ᠎ᠠ ᠲᠣᠭᠲᠠᠮᠠᠯ ᠬᠤᠭᠤᠴᠠᠭ᠎ᠠ᠎ᠲᠠᠢ᠎ᠪᠠᠷ ᠳ᠋ᠦᠩᠨᠡᠨ ᠪᠣᠳᠣᠬᠤ ᠵᠢᠨ ᠬᠠᠮᠲᠤ ᠨᠥᠬᠥᠵᠦ ᠪᠤᠴᠠᠭ᠋ᠠᠬᠤ ᠪᠣᠯᠣᠨ᠎ᠠ᠃
ᠣᠳᠣᠬᠠᠨ ᠪᠣᠯᠲᠠᠯ᠎ᠠ ᠡᠷᠢᠶᠡᠨ ᠬᠣᠲᠠ ᠵᠢᠨ ᠡᠮᠨᠡᠯᠭᠡ ᠵᠢᠨ ᠬᠣᠷᠢᠶᠠᠨ᠎ᠤ ᠡᠮᠴᠢᠯᠡᠭᠡᠨ᠎ᠤ ᠠᠪᠤᠷᠠᠨ ᠲᠤᠰᠠᠯᠠᠯᠲᠠ 8 ᠬᠥᠮᠦᠨ ᠤᠳᠠᠭ᠎ᠠ᠂ ᠡᠮᠨᠡᠯᠭᠡ᠎ᠳᠤ ᠰᠠᠭᠤᠭᠰᠠᠨ ᠶᠡᠷᠦᠩᠬᠡᠶ ᠵᠠᠷᠤᠳᠠᠯ 4.41 ᠲᠦᠮᠡᠨ ᠲᠥᠭᠥᠷᠢᠭ᠂ ᠦᠨᠳᠦᠰᠦᠨ ᠡᠮᠴᠢᠯᠡᠭᠡᠨ᠎ᠤ ᠲᠠᠩᠰᠠ ᠲᠠᠢ᠌ᠯᠤᠭᠰᠠᠨ ᠵᠠᠷᠤᠳᠠᠯ ᠨᠡᠶ᠋ᠢᠲᠡ 2.67 ᠲᠦᠮᠡᠨ ᠲᠥᠭᠥᠷᠢᠭ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠨᠥᠬᠥᠪᠥᠷᠢ ᠨᠡᠶ᠋ᠢᠲᠡ 0.84 ᠲᠦᠮᠡᠨ ᠲᠥᠭᠥᠷᠢᠭ; ᠡᠷᠢᠶᠡᠨ ᠬᠣᠲᠠ ᠵᠢᠨ ᠮᠣᠩᠭᠣᠯ ᠬᠢᠲᠠᠳ ᠡᠮᠨᠡᠯᠭᠡ ᠵᠢᠨ ᠬᠣᠷᠢᠶᠠᠨ᠎ᠤ ᠡᠮᠴᠢᠯᠡᠭᠡᠨ᠎ᠤ ᠠᠪᠤᠷᠠᠨ ᠲᠤᠰᠠᠯᠠᠯᠲᠠ ᠨᠡᠶ᠋ᠢᠲᠡ 3 ᠬᠥᠮᠦᠨ ᠤᠳᠠᠭ᠎ᠠ᠂ ᠡᠮᠨᠡᠯᠭᠡ᠎ᠳᠤ ᠰᠠᠭᠤᠭᠰᠠᠨ ᠶᠡᠷᠦᠩᠬᠡᠶ ᠵᠠᠷᠤᠳᠠᠯ 2.62 ᠲᠦᠮᠡᠨ ᠲᠥᠭᠥᠷᠢᠭ᠂ ᠦᠨᠳᠦᠰᠦᠨ ᠡᠮᠴᠢᠯᠡᠭᠡᠨ᠎ᠤ ᠳᠠᠩᠰᠠ ᠲᠠᠢ᠌ᠯᠣᠭᠰᠠᠨ ᠨᠡᠢ᠌ᠳᠡ 1.58 ᠲᠦᠮᠡᠨ ᠲᠥᠭᠥᠷᠢᠭ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠨᠥᠬᠥᠪᠥᠷᠢ ᠨᠡᠶ᠋ᠢᠲᠡ 0.46 ᠲᠦᠮᠡᠨ ᠲᠥᠭᠥᠷᠢᠭ ᠪᠤᠯᠤᠭᠰᠠᠨ ᠪᠠᠢ᠌ᠨ᠎ᠠ᠃