ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠬᠡᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠪᠥᠬᠥ ᠬᠣᠲᠠ ᠵᠢᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮ᠎ᠤᠨ ᠵᠦᠢᠯ ᠪᠠ ᠡᠮᠴᠢᠯᠡᠭᠡᠨ᠎ᠤ ᠬᠣᠷᠣᠭᠳᠠᠯ ᠮᠠᠲ᠋ᠧᠷᠢᠶᠠᠯ᠎ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠨᠡᠮᠡᠵᠦ ᠨᠥᠬᠥᠪᠥᠷᠢᠯᠡᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2020-12-14

ᠬᠥᠬᠡᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠪᠥᠬᠥ ᠬᠣᠲᠠ ᠵᠢᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮ᠎ᠤᠨ ᠵᠦᠢᠯ ᠪᠠ ᠡᠮᠴᠢᠯᠡᠭᠡᠨ᠎ᠤ ᠬᠣᠷᠣᠭᠳᠠᠯ ᠮᠠᠲ᠋ᠧᠷᠢᠶᠠᠯ᠎ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠨᠡᠮᠡᠵᠦ ᠨᠥᠬᠥᠪᠥᠷᠢᠯᠡᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ


ᠡᠯ᠎ᠡ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ᠂ ᠡᠯ᠎ᠡ ᠬᠣᠯᠪᠣᠭᠳᠠᠯ ᠪᠥᠬᠥᠢ ᠡᠮ᠎ᠤᠨ ᠵᠦᠢ᠍ᠯ ᠪᠣᠯᠤᠨ ᠡᠮᠴᠢᠯᠡᠭᠡᠨ᠎ᠤ ᠮᠠᠰᠢᠨ ᠪᠠᠭ᠋ᠠᠵᠢ ᠡᠵᠡᠩᠨᠡᠬᠦ ᠠᠵᠤ ᠠᠬᠤᠢ᠌ᠯᠠᠯ᠄
      ᠬᠥᠬᠡᠬᠣᠲᠠ ᠵᠢᠨ ᠡᠮ ᠡᠮᠨᠡᠯᠭᠡ ᠵᠢᠨ ᠪᠠᠢ᠌ᠭᠤᠯᠤᠮᠵᠢ ᠵᠢᠨ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠡᠮ ᠡᠮᠨᠡᠯᠭᠡ ᠵᠢᠨ ᠪᠠᠢ᠌ᠭᠤᠯᠤᠮᠵᠢ ᠵᠢᠨ ᠬᠤᠳᠠᠯᠳᠤᠨ ᠠᠪᠬᠤ ᠬᠡᠷᠡᠭᠴᠡᠭᠡ ᠵᠢ ᠪᠠᠲᠤᠯᠠᠨ᠂ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠶᠠᠰᠤ ᠴᠢᠨᠠᠷ ᠪᠠ ᠬᠠᠩᠭ᠋ᠠᠯᠭ᠎ᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢᠨ ᠲᠥᠯᠥᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠬᠤᠳᠠᠯᠳᠤᠨ ᠠᠪᠬᠤ ᠬᠠᠮᠢᠶᠠᠷᠤᠯᠲᠠ ᠵᠢᠨ ᠠᠵᠢᠯ᠎ᠢ ᠰᠠᠢ᠌ᠲᠤᠷ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ》
(ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭ᠋ᠠᠭᠰᠠᠨ  [2019]  41 ᠳ᠋ᠦ᠍ᠭᠡᠷ ᠲᠣᠭ᠋ᠠᠲᠤ) ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠡᠳᠦᠭᠡ᠂ ᠪᠥᠬᠥ ᠬᠣᠲᠠ ᠵᠢᠨ ᠡᠮ ᠡᠮᠨᠡᠯᠭᠡ ᠵᠢᠨ ᠪᠠᠢ᠌ᠭᠤᠯᠤᠮᠵᠢ ᠵᠢᠨ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠨᠡᠷ᠎ᠡ ᠮᠡᠳᠡᠭᠦᠯᠦᠨ ᠨᠡᠮᠡᠵᠦ ᠨᠥᠬᠥᠪᠥᠷᠢᠯᠡᠬᠦ ᠠᠵᠢᠯ᠎ᠢ ᠥᠷᠨᠢᠭᠦᠯᠪᠡ᠂ ᠪᠣᠳᠠᠲᠠᠶ ᠤᠴᠢᠷ ᠶᠠᠪᠤᠳᠠᠯ᠎ᠢ ᠳᠣᠤᠷᠠᠬᠢ ᠮᠡᠲᠦ ᠮᠡᠳᠡᠭᠳᠡᠶ᠎ᠡ᠃
      ᠨᠢᠭᠡ᠂ ᠦᠨᠳᠦᠰᠦᠨ ᠵᠠᠷᠴᠢᠮ
      ᠢᠯᠡ ᠲᠣᠳᠣ᠂ ᠡᠷᠬᠡ ᠲᠡᠭᠰᠢ᠂ ᠲᠥᠪ ᠭᠣᠤᠯᠴᠢ ᠪᠠᠢ᠌ᠬᠤ ᠵᠠᠷᠴᠢᠮ᠎ᠢ ᠪᠠᠷᠢᠮᠲᠠᠯᠠᠵᠤ᠂ ᠦᠨᠡᠨᠴᠢ ᠢᠲᠡᠭᠡᠮᠵᠢᠲᠡᠶ ᠪᠠᠢ᠌ᠬᠤ ᠪᠠ ᠶᠠᠰᠤ ᠴᠢᠨᠠᠷ᠎ᠤᠨ ᠠᠮᠤᠷ ᠲᠦᠪᠰᠢᠨ᠂ ᠬᠠᠩᠭ᠋ᠠᠯᠭ᠎ᠠ᠎ᠨᠢ ᠠᠮᠤᠷ ᠲᠦᠪᠰᠢᠨ ᠪᠠᠢ᠌ᠬᠤ ᠵᠠᠷᠴᠢᠮ᠎ᠢ ᠪᠠᠷᠢᠮᠲᠠᠯᠠᠨ᠎ᠠ᠃
      ᠬᠣᠶᠠᠷ᠂ ᠨᠡᠮᠡᠵᠦ ᠨᠦᠬᠦᠪᠦᠷᠢᠯᠡᠬᠦ᠂ ᠲᠤᠬᠢᠷᠠᠭᠤᠯᠤᠯᠳᠠ ᠬᠢᠬᠦ ᠠᠵᠦ ᠠᠬᠤᠢ᠌ᠯᠠᠯ᠎ᠤᠨ ᠬᠦᠷᠢᠶ᠎ᠡ ᠬᠡᠪᠴᠢᠶ᠎ᠡ ᠲᠤᠬᠢᠷᠠᠭᠤᠯᠤᠨ ᠬᠦᠷᠭᠡᠬᠦ ᠬᠦᠷᠢᠶ᠎ᠡ ᠬᠡᠪᠴᠢᠶ᠎ᠠ
     (ᠨᠢᠭᠡ) ᠨᠡᠮᠡᠵᠦ ᠨᠦᠬᠦᠪᠦᠷᠢᠯᠡᠬᠦ ᠠᠵᠤ ᠠᠬᠤᠢ᠌ᠯᠠᠯ᠎ᠤᠨ ᠬᠡᠪᠴᠢᠶ᠎ᠡ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠣᠯᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ᠎ᠤᠨ ᠰᠦᠯᠵᠢᠶᠡᠨ᠎ᠳᠤ ᠡᠯᠭᠦᠭᠰᠡᠨ ᠦᠢᠯᠡᠳᠬᠦᠨ᠎ᠢ ᠳᠣᠭᠢᠷᠠᠭᠤᠯᠤᠨ ᠬᠦᠷᠭᠡᠬᠦ (ᠦᠢ᠍ᠯᠡᠳᠪᠦᠷᠢᠯᠡᠯ᠎ᠤᠨ ᠠᠵᠤ ᠠᠬᠤᠢ᠌ᠯᠠᠯ᠎ᠤᠨ ᠰᠢᠭᠤᠳ ᠲᠣᠬᠢᠷᠠᠭᠤᠯᠬᠤ ᠪᠠᠭᠲᠠᠨ᠎ᠠ) ᠠᠵᠢᠯ᠎ᠢ ᠥᠷᠨᠢᠭᠦᠯᠬᠦ᠎ᠪᠠᠷ ᠪᠠᠢ᠌ᠭ᠎ᠠ ᠪᠥᠭᠡᠳ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠣᠯᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ᠎ᠳᠤ ᠬᠡᠷᠡᠭᠯᠡᠭᠴᠢ ᠵᠢᠨ ᠨᠡᠷ᠎ᠡ ᠥᠬᠡᠶ ᠠᠵᠤ ᠠᠬᠤᠢ᠌ᠯᠠᠯ
     (ᠬᠣᠶᠠᠷ) ᠠᠵᠤ ᠠᠬᠤᠢ᠌ᠯᠠᠯ᠎ᠤᠨ ᠬᠦᠷᠢᠶ᠎ᠡ ᠬᠡᠪᠴᠢᠶ᠎ᠡ ᠵᠢ ᠲᠣᠬᠢᠷᠠᠭᠤᠯᠬᠤ
     2019 ᠣᠨ᠎ᠤ 11 ᠳ᠋ᠦ᠍ᠭᠡᠷ ᠰᠠᠷ᠎ᠠ᠎ᠠᠴᠠ 2020 ᠣᠨ᠎ᠤ 11 ᠳ᠋ᠦ᠍ᠭᠡᠷ ᠰᠠᠷ᠎ᠠ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠰᠦᠯᠵᠢᠶᠡᠨ᠎ᠳᠤ ᠲᠣᠬᠢᠷᠠᠭᠤᠯᠤᠨ ᠬᠦᠷᠭᠡᠬᠦ ᠲᠤᠬᠠᠢ᠌ᠯᠠᠭᠰᠠᠨ ᠠᠵᠢᠯ ᠬᠢᠭᠰᠡᠨ ᠥᠬᠡᠶ ᠠᠵᠤ ᠠᠬᠤᠢ᠌ᠯᠠᠯ ᠳᠠᠭᠢᠵᠤ ᠨᠡᠷ᠎ᠡ ᠮᠡᠳᠡᠭᠦᠯᠵᠦ ᠭᠤᠶᠤᠴᠢᠯᠠᠨ ᠮᠡᠳᠡᠭᠦᠯᠦᠨ᠎ᠡ᠃
     (ᠭᠤᠷᠪᠠ) ᠲᠣᠬᠢᠷᠠᠭᠤᠯᠤᠨ ᠬᠦᠷᠭᠡᠬᠦ ᠬᠡᠪᠴᠢᠶ᠎ᠡ
      ᠬᠥᠬᠡᠬᠣᠲᠠ ᠵᠢᠨ ᠬᠠᠷᠢᠶ᠎ᠠ ᠲᠣᠭᠣᠷᠢᠭ᠎ᠤᠨ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ᠃
      ᠭᠤᠷᠪᠠ᠂ ᠨᠡᠮᠡᠵᠦ ᠨᠥᠬᠥᠪᠥᠷᠢᠯᠡᠬᠦ ᠠᠵᠤ ᠠᠬᠤᠢ᠌ᠯᠠᠯ᠎ᠤᠨ ᠨᠥᠬᠥᠴᠡᠯ ᠵᠢᠴᠢ ᠱᠠᠭ᠋ᠠᠷᠳᠠᠯᠭ᠎ᠠ
      ᠬᠥᠬᠡᠬᠣᠲᠠ ᠵᠢᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ᠎ᠳᠤ ᠣᠷᠣᠯᠴᠠᠬᠤ᠎ᠪᠠᠷ ᠨᠡᠷ᠎ᠡ ᠮᠡᠳᠡᠭᠦᠯᠦᠭᠰᠡᠨ ᠠᠵᠤ ᠠᠬᠤᠢ᠌ᠯᠠᠯ᠎ᠨᠢ ᠡᠷᠬᠡᠪᠰᠢ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶ᠎ᠡ᠎ᠳᠤ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ᠎ᠳᠤ ᠵᠠᠬᠢᠶᠠᠯᠠᠭ᠎ᠠ᠎ᠪᠠᠷ ᠨᠤᠲᠠᠯᠠᠬᠤ᠂ ᠪᠠᠷᠠᠭ᠎ᠠ ᠪᠡᠯᠡᠳᠬᠡᠬᠦ᠂ ᠳᠣᠭᠢᠷᠠᠭᠤᠯᠤᠨ ᠬᠦᠷᠭᠡᠬᠦ ᠲᠣᠭᠲᠠᠭ᠋ᠠᠯ᠎ᠳᠤ ᠬᠢᠨᠠᠨ ᠮᠡᠳᠡᠭᠦᠯᠦᠯᠳᠡ᠎ᠳᠤ ᠤᠷᠤᠯᠴᠠᠬᠤ ᠬᠡᠷᠡᠭᠳᠡᠢ᠃ ᠡᠭᠦᠨ᠎ᠤ ᠬᠠᠮᠲᠤ ᠳᠣᠣᠷᠠᠬᠢ ᠨᠥᠬᠥᠴᠡᠯ᠎ᠤᠳ᠎ᠢ ᠡᠷᠬᠡᠪᠰᠢ ᠪᠦᠷᠢᠯᠳᠦᠭᠦᠯᠬᠦ ᠬᠡᠷᠡᠭᠲᠡᠢ᠄  
     (ᠨᠢᠭᠡ) ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠬᠥᠮᠦᠨ᠎ᠤ ᠬᠢᠷᠢ ᠬᠡᠮ ᠪᠠ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠪᠡᠶ᠎ᠡ᠎ᠪᠠᠨ ᠳᠠᠭ᠋ᠠᠭ᠋ᠠᠵᠤ ᠡᠭᠦᠷᠭᠡᠯᠡᠬᠦ ᠴᠢᠳᠠᠪᠤᠷᠢ᠎ᠲᠠᠢ ᠪᠠᠢ᠌ᠬᠤ;  
     (ᠬᠣᠶᠠᠷ) ᠵᠣᠬᠢᠴᠠᠩᠭᠤᠢ ᠬᠢᠷᠢ ᠴᠢᠳᠠᠯ᠎ᠤᠨ ᠦᠨᠡᠮᠯᠡᠯ᠎ᠢ ᠬᠠᠤᠯᠢ ᠶᠣᠰᠣᠭ᠋ᠠᠷ ᠣᠯᠤᠭᠰᠠᠨ;
     (  ᠭᠤᠷᠪᠠ) ᠬᠤᠳᠠᠯᠳᠤᠭ᠋ᠠᠨ᠎ᠤ ᠰᠠᠢ᠍ᠢ᠍ᠨ ᠰᠠᠢ᠌ᠬᠠᠨ ᠢᠲᠡᠭᠡᠯ ᠬᠦᠨᠳᠦ ᠪᠠ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠬᠤ ᠪᠦᠷᠢᠨ ᠲᠡᠭᠦᠯᠳᠡᠷ ᠲᠦᠷᠢᠮ᠎ᠲᠠᠢ ᠪᠠᠢ᠌ᠬᠤ;
     (ᠲᠤᠢ᠍ᠷᠪᠡ) ᠭᠡᠷ᠎ᠡ ᠵᠢ ᠭᠦᠢ᠍ᠴᠡᠳᠬᠡᠬᠦ᠎ᠳᠤ ᠡᠷᠬᠡᠪᠰᠢ ᠱᠠᠭ᠋ᠠᠷᠳᠠᠭᠳᠠᠬᠤ ᠦᠢ᠍ᠯᠡᠳᠬᠦᠨ ᠪᠠ ᠲᠤᠰᠬᠠᠢ ᠮᠡᠷᠭᠡᠵᠢᠯ᠎ᠤᠨ ᠴᠢᠳᠠᠪᠤᠷᠢ᠎ᠲᠠᠢ ᠪᠠᠢ᠌ᠬᠤ;
     (ᠲᠠᠪᠤ) ᠭᠠᠢ᠌ᠯᠢ ᠲᠠᠲᠠᠪᠤᠷᠢ ᠪᠠ ᠨᠡᠢ᠌ᠭᠡᠮ᠎ᠤᠨ ᠪᠠᠲᠤᠯᠠᠭ᠎ᠠ ᠵᠢᠨ ᠪᠡᠯᠡ ᠮᠥᠩᠭᠥ ᠵᠢ ᠬᠠᠤᠯᠢ ᠶᠣᠰᠣᠭ᠋ᠠᠷ ᠲᠤᠰᠢᠶᠠᠭᠰᠠᠨ ᠲᠡᠮᠳᠡᠭᠯᠡᠯ ᠰᠠᠢ᠍ᠢ᠍ᠨ ᠪᠠᠢ᠌ᠬᠤ;
     (ᠵᠢᠷᠭᠤᠭ᠎ᠠ) ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨ᠎ᠡ 2 ᠵᠢᠯ᠎ᠤᠨ ᠳᠣᠲᠣᠷ᠎ᠠ᠂ ᠦᠢ᠍ᠯᠡᠳᠪᠦᠷᠢᠯᠡᠯ ᠪᠤᠶᠤ ᠡᠵᠡᠩᠨᠡᠯᠲᠡ ᠵᠢᠨ ᠠᠵᠢᠯᠯᠠᠭ᠎ᠠ ᠳᠤᠮᠳᠠ ᠡᠷᠡᠭᠦᠯ ᠪᠤᠰᠤ ᠲᠡᠮᠳᠡᠭᠯᠡᠯ ᠪᠠᠢ᠌ᠬᠤ ᠦᠭᠡᠢ (ᠠᠵᠤ ᠠᠬᠤᠢ᠌ᠯᠠᠯ ᠵᠢᠩᠬᠢᠨᠢ ᠪᠢᠴᠢᠭ ᠮᠠᠲ᠋ᠧᠷᠢᠶᠠᠯ᠎ᠤᠨ ᠲᠣᠳᠣᠷᠬᠠᠢ᠌ᠯᠠᠯᠲᠠ ᠬᠢᠵᠦ ᠥᠭᠭᠦᠨ᠎ᠡ  );
     (ᠳᠣᠯᠣᠭ᠎ᠠ) ᠦᠢ᠍ᠯᠡᠳᠬᠦᠨ᠎ᠢ ᠴᠠᠭ ᠲᠤᠬᠠᠶ᠎ᠳᠤᠨᠢ᠂ ᠭᠦᠢ᠍ᠴᠡᠳ ᠬᠡᠮᠵᠢᠶ᠎ᠡ᠎ᠪᠠᠷ ᠲᠣᠬᠢᠷᠠᠭᠤᠯᠤᠨ ᠬᠦᠷᠭᠡᠬᠦ ᠵᠢᠨ ᠲᠡᠭᠡᠭᠡᠪᠦᠷᠢᠯᠡᠬᠦ ᠪᠠ ᠪᠠᠷᠠᠭ᠎ᠠ ᠵᠢᠨ ᠭᠦᠢ᠍ᠯᠭᠡᠭᠡᠨ᠎ᠤ ᠴᠢᠳᠠᠪᠤᠷᠢ ᠵᠢ ᠪᠦᠷᠢᠯᠳᠦᠭᠦᠯᠵᠦ᠂ ᠡᠮ᠎ᠤᠨ ᠵᠦᠢ᠍ᠯ ᠪᠠ ᠪᠡᠶ᠎ᠡ ᠵᠢᠨ ᠭᠠᠳᠠᠨᠠᠬᠢ ᠣᠨᠣᠰᠢᠯᠠᠬᠤ ᠲᠤᠷᠰᠢᠯᠲᠠ ᠵᠢᠨ ᠡᠮ᠎ᠢ ᠬᠥᠮᠥᠷᠭᠡᠯᠡᠨ ᠬᠠᠳᠠᠭ᠋ᠠᠯᠠᠬᠤ ᠨᠥᠬᠥᠴᠡᠯ᠎ᠢ ᠬᠦᠢ᠍ᠲᠡᠨ ᠵᠶ᠋ᠡᠷ ᠬᠠᠳᠠᠭ᠋ᠠᠯᠠᠬᠤ ᠪᠣᠳᠠᠲᠤ ᠬᠦᠴᠦᠨ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠴᠢᠳᠠᠪᠤᠷᠢ ᠵᠢ ᠪᠦᠷᠢᠳᠦᠭᠦᠯᠬᠦ ᠬᠡᠷᠡᠭᠲᠡᠶ;
     (ᠨᠠᠢᠮᠠ) ᠪᠣᠷᠣᠯᠠᠭᠤᠯᠭ᠎ᠠ ᠵᠢᠨ ᠳᠠᠷᠠᠭ᠋ᠠᠬᠢ ᠦᠢᠯᠡᠴᠢᠯᠡᠭᠡᠨ ᠪᠠ ᠮᠡᠷᠭᠡᠵᠢᠯ᠎ᠤᠨ ᠳᠡᠮᠵᠢᠯᠭᠡ ᠵᠢᠨ ᠴᠢᠳᠠᠪᠤᠷᠢ ᠵᠢ ᠪᠦᠷᠢᠯᠳᠦᠭᠦᠯᠦᠨ᠎ᠡ;
    (ᠶᠢᠰᠦ) ᠰᠢᠶᠠᠨ ᠵᠢᠴᠢ ᠰᠢᠶᠠᠨ᠎ᠠᠴᠠ ᠳᠣᠷᠣᠭᠰᠢᠬᠢ ᠡᠮ᠎ᠤᠨ ᠵᠦᠢᠯ᠎ᠢ ᠳᠣᠭᠢᠷᠠᠭᠤᠯᠤᠨ ᠬᠦᠷᠭᠡᠬᠦ ᠠᠵᠤ ᠠᠬᠤᠢ᠌ᠯᠠᠯ᠎ᠢ ᠭᠤᠶᠤᠴᠢᠯᠠᠬᠤ᠎ᠳᠤ ᠳᠡᠭᠡᠷᠡᠬᠢ ᠨᠥᠬᠥᠴᠡᠯ᠎ᠢ ᠪᠦᠷᠢᠯᠳᠦᠭᠦᠯᠬᠦ᠎ᠠᠴᠠ ᠭᠠᠳᠠᠨ᠎ᠠ᠂ ᠪᠠᠰᠠ ᠰᠢᠶᠠᠨ ᠰᠢᠶᠠᠩ ᠲᠣᠰᠬᠣᠨ᠎ᠢ ᠨᠢᠭᠡ ᠴᠣᠠᠠᠴᠠᠵᠢᠭᠤᠯᠥᠠᠠᠰᠠᠨ ᠨᠡᠢ᠌ᠯᠡᠭᠦᠯᠦᠨ ᠬᠦᠷᠭᠡᠬᠦ ᠴᠢᠳᠠᠪᠤᠷᠢ ᠵᠢ ᠪᠦᠷᠢᠯᠳᠦᠭᠦᠯᠬᠦ ᠬᠡᠷᠡᠭᠲᠡᠶ;
     (ᠠᠷᠪᠠ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠥᠴᠡᠯ᠃
      ᠳᠥᠷᠪᠡ᠂ ᠨᠡᠮᠡᠵᠦ ᠨᠥᠬᠥᠪᠥᠷᠢᠯᠡᠬᠦ ᠵᠢᠷᠤᠮ ᠵᠢᠴᠢ ᠲᠣᠬᠢᠷᠠᠭᠤᠯᠤᠯᠲᠠ
     (ᠨᠢᠭᠡ) ᠡᠮᠴᠢᠯᠡᠭᠡᠨ᠎ᠤ ᠪᠠᠢ᠌ᠭᠤᠯᠤᠮᠵᠢ ᠭᠤᠶᠤᠴᠢᠯᠠᠯ ᠭᠠᠷᠭ᠋ᠠᠬᠤ
     1᠂ ᠬᠥᠬᠡᠬᠣᠲᠠ ᠵᠢᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮ᠎ᠤᠨ ᠵᠦᠢ᠍ᠯ ᠪᠣᠯᠤᠨ ᠡᠮᠴᠢᠯᠡᠭᠡᠨ᠎ᠲᠤ ᠬᠡᠷᠡᠭᠯᠡᠬᠦ ᠬᠣᠷᠣᠭᠳᠠᠮᠠᠯ   ᠮᠠᠲᠸᠷᠢᠶᠠᠯ᠎ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠨᠡᠮᠡᠵᠦ ᠨᠥᠬᠥᠵᠦ ᠲᠤᠬᠢᠷᠠᠭᠤᠯᠤᠨ ᠬᠦᠷᠭᠡᠬᠦ᠎ᠲᠤ ᠣᠷᠣᠯᠴᠠᠬᠤ ᠰᠠᠨᠠᠭ᠎ᠠ᠎ᠲᠠᠢ ᠠᠵᠤ ᠠᠬᠤᠢ᠌ᠯᠠᠯ ᠲᠣᠭᠲᠠᠭᠰᠠᠨ ᠴᠠᠭ ᠬᠤᠭᠤᠴᠠᠭ᠋ᠠᠨ᠎ᠳᠤ ᠮᠠᠨ᠎ᠤ ᠬᠤᠳᠠ᠎ᠲᠤ ᠲᠤᠬᠢᠷᠠᠭᠤᠯᠤᠨ ᠬᠦᠷᠭᠡᠬᠦ ᠭᠡᠵᠦ ᠪᠠᠢ᠌ᠭ᠎ᠠ ᠠᠯᠢ ᠨᠢᠭᠡᠨ ᠬᠣᠶᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢ ᠰᠣᠩᠭᠣᠨ ᠨᠡᠷ᠎ᠡ ᠮᠡᠳᠡᠭᠦᠯᠬᠦ ᠵᠢᠨ ᠬᠠᠮᠲᠤ ᠬᠢᠷᠢ ᠴᠢᠳᠠᠮᠵᠢ ᠵᠢᠨ ᠮᠠᠲᠸᠷᠢᠶᠠᠯ ᠵᠶ᠋ᠡᠨ ᠨᠢᠭᠡ ᠬᠡᠯᠪᠡᠷᠢ᠎ᠠᠴᠠ ᠨᠢᠭᠡ ᠬᠤᠪᠢ ᠲᠤᠰᠢᠶᠠᠨ᠎ᠠ᠂ ᠳᠠᠪᠬᠤᠷᠳᠠᠭᠤᠯᠤᠨ ᠨᠡᠷ᠎ᠡ ᠮᠡᠳᠡᠭᠦᠯᠬᠦ ᠴᠢᠬᠤᠯᠠ ᠥᠭᠡᠢ᠃
     2᠂ ᠡᠯ᠎ᠡ ᠬᠣᠶᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠲᠣᠰ ᠡᠮᠴᠢᠯᠡᠭᠡᠨ᠎ᠤ ᠪᠠᠢ᠌ᠭᠤᠯᠤᠮᠵᠢ ᠵᠢᠨ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠬᠤᠳᠠᠯᠳᠤᠨ ᠠᠪᠴᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ ᠨᠡᠷ᠎ᠡ ᠮᠡᠳᠡᠭᠦᠯᠦᠭᠰᠡᠨ ᠠᠵᠤ ᠠᠬᠤᠢ᠌ᠯᠠᠯ᠎ᠤᠨ ᠬᠢᠷᠢ ᠬᠡᠮ᠎ᠢ ᠬᠢᠨᠠᠨ ᠪᠠᠢ᠌ᠴᠠᠭ᠋ᠠᠬᠤ ᠵᠢᠨ ᠬᠠᠮᠲᠤ᠂ ᠡᠮᠨᠡᠯᠭᠡ ᠵᠢᠨ ᠬᠣᠷᠢᠶ᠎ᠠ ᠵᠢᠨ ᠡᠮ᠎ᠤᠨ ᠪᠠᠭ᠋ᠠᠵᠢ ᠬᠡᠷᠡᠭᠰᠡᠯ ᠬᠤᠳᠠᠯᠳᠤᠨ ᠠᠪᠬᠤ ᠺᠣᠮᠢᠰ ᠵᠶ᠋ᠠᠷ ᠬᠢᠨᠠᠮᠠᠭ᠋ᠠᠶ ᠬᠢᠨᠠᠨ ᠬᠠᠷᠭᠤᠭᠤᠯᠤᠭᠤᠯᠵᠤ᠂ ᠲᠣᠰ ᠠᠵᠤ ᠠᠬᠤᠢ᠌ᠯᠠᠯ᠎ᠤᠨ ᠳᠣᠭᠢᠷᠠᠭᠤᠯᠤᠨ ᠬᠦᠷᠭᠡᠬᠦ ᠨᠥᠬᠥᠴᠡᠯ᠎ᠳᠤ ᠨᠡᠢ᠌ᠴᠡᠬᠦ ᠭᠡᠷᠡᠴᠢ ᠪᠢᠴᠢᠭ ᠮᠠᠲ᠋ᠧᠷᠢᠶᠠᠯ᠎ᠢ ᠭᠠᠷᠭ᠋ᠠᠵᠤ ᠥᠭᠬᠦ ᠬᠡᠷᠡᠭᠲᠡᠶ᠃ ᠡᠭᠦᠨ᠎ᠤ ᠬᠠᠮᠲᠤ᠂ 《ᠬᠥᠬᠡᠬᠣᠲᠠ ᠵᠢᠨ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮ᠎ᠤᠨ ᠵᠦᠢᠯ ᠪᠠ ᠡᠮᠴᠢᠯᠡᠭᠡᠨ᠎ᠤ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠪᠦᠷᠢᠳᠭᠡᠯ ᠳᠠᠩᠰᠠᠯᠠᠬᠤ ᠬᠦᠰᠦᠨᠦᠭᠲᠦ》 (ᠳᠣᠷᠣᠭᠰᠢ   ᠪᠦᠷᠢᠳᠭᠡᠯ ᠳᠠᠩᠰᠠᠯᠠᠬᠤ ᠬᠦᠰᠦᠨᠦᠭᠲᠦ᠂ ᠳᠠᠭ᠋ᠠᠯᠳᠤᠭᠤᠯᠤᠯ 1 ᠭᠡᠵᠦ ᠲᠣᠪᠴᠢᠯᠠᠨ᠎ᠠ)   ᠵᠢ ᠲᠠᠭᠯᠠᠨ᠂ ᠠᠯᠪᠠᠨ ᠲᠠᠮᠠᠭ᠎ᠠ ᠳᠠᠷᠤᠵᠤ᠂ ᠠᠵᠤ ᠠᠬᠤᠢ᠌ᠯᠠᠯ᠎ᠤᠨ ᠬᠢᠷᠢ ᠬᠡᠮ᠎ᠤᠨ ᠮᠠᠲ᠋ᠧᠷᠢᠶᠠᠯ᠎ᠳᠤ 《ᠬᠥᠬᠡᠬᠣᠲᠠ ᠵᠢᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮ᠎ᠤᠨ ᠵᠦᠢᠯ ᠪᠠ ᠡᠮᠴᠢᠯᠡᠭᠡᠨ᠎ᠤ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠨᠡᠮᠡᠵᠦ ᠨᠥᠬᠥᠪᠥᠷᠢᠯᠡᠬᠦ ᠵᠢ ᠬᠢᠨᠠᠨ ᠵᠥᠪᠰᠢᠶᠡᠷᠡᠬᠦ ᠬᠦᠰᠦᠨᠦᠭᠲᠦ》 ᠵᠢᠨ ᠭᠠᠵᠠᠷ᠎ᠲᠤ ᠰᠠᠨᠠᠯ ᠵᠶ᠋ᠠᠨ ᠪᠢᠴᠢᠬᠦ ᠵᠢᠨ ᠬᠠᠮᠲᠤ ᠲᠠᠮᠠᠭ᠎ᠠ ᠳᠠᠷᠤᠭᠰᠠᠨ᠎ᠤ ᠳᠠᠷᠠᠭ᠎ᠠ᠂ ᠭᠡᠷᠡᠴᠢᠯᠡᠬᠦ ᠪᠢᠴᠢᠭ ᠮᠠᠲ᠋ᠧᠷᠢᠶᠠᠯ᠂ ᠪᠦᠷᠢᠳᠭᠡᠯ ᠳᠠᠩᠰᠠᠯᠠᠬᠤ ᠬᠦᠰᠦᠨᠦᠭᠲᠦ ᠪᠠ ᠠᠵᠤ ᠠᠬᠤᠢ᠌ᠯᠠᠯ᠎ᠤᠨ ᠬᠢᠷᠢ ᠬᠡᠮ᠎ᠤᠨ ᠮᠠᠲ᠋ᠧᠷᠢᠶᠠᠯ᠎ᠢ ᠬᠠᠮᠲᠤ᠎ᠳᠤᠨᠢ ᠬᠥᠬᠡᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠬᠦ ᠵᠢᠨ ᠬᠠᠮᠲᠤ᠂ 《ᠪᠦᠷᠢᠳᠭᠡᠯ ᠳᠠᠩᠰᠠᠯᠠᠬᠤ ᠬᠦᠰᠦᠨᠦᠭᠲᠦ》   ᠵᠢᠨ ᠡᠯᠧᠺᠲᠷᠣᠨ ᠬᠡᠪᠯᠡᠯ᠎ᠢ ᠵᠢᠭ᠋ᠠᠨ ᠲᠣᠭᠲᠠᠭ᠋ᠠᠭᠰᠠᠨ ᠰᠢᠦᠳᠠᠨ᠎ᠤ ᠬᠠᠢ᠌ᠷᠴᠠᠭ᠎ᠲᠤ ᠬᠦᠷᠭᠡᠨ᠎ᠡ᠃
     3᠂ ᠳᠠᠭᠤᠰᠬᠤ ᠴᠠᠭ᠄ 2020 ᠣᠨ᠎ᠤ 12 ᠳ᠋ᠤᠭ᠋ᠠᠷ ᠰᠠᠷ᠎ᠠ ᠵᠢᠨ 22  ᠎ᠤᠨ ᠡᠳᠦᠷ (ᠭᠠᠷᠠᠭ᠎ᠤᠨ ᠬᠣᠶᠠᠷ)  ᠎ᠤᠨ ᠦᠳᠡ ᠵᠢᠨ ᠬᠣᠢ᠌ᠨᠠᠬᠢ 17᠄ 00᠂ ᠬᠤᠭᠤᠴᠠᠭ᠎ᠠ ᠦᠩᠭᠡᠷᠡᠪᠡᠯ ᠬᠦᠯᠢᠶᠠᠨ ᠠᠪᠬᠤ ᠥᠬᠡᠶ᠃  
     (ᠬᠣᠶᠠᠷ) ᠬᠢᠨᠠᠨ ᠬᠠᠷᠭᠤᠭᠤᠯᠬᠤ᠂ ᠢᠯᠡ ᠨᠡᠢ᠌ᠲᠡᠯᠡᠬᠦ ᠪᠠ ᠳᠠᠩᠰᠠᠯᠠᠭᠤᠯᠬᠤ
     1᠂ ᠬᠢᠨᠠᠨ ᠬᠠᠷᠭᠤᠭᠤᠯᠬᠤ
      ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠬᠠᠮᠢᠶ᠎ᠠ ᠪᠦᠬᠦᠢ ᠬᠥᠮᠦᠰ᠎ᠢ ᠵᠣᠬᠢᠶᠠᠨ ᠪᠠᠢ᠌ᠭᠤᠯᠵᠤ᠂ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠨᠡᠮᠡᠵᠦ ᠨᠥᠬᠥᠪᠥᠷᠢᠯᠡᠭᠰᠡᠨ ᠠᠵᠤ ᠠᠬᠤᠢ᠌ᠯᠠᠯ᠎ᠤᠨ ᠬᠢᠷᠢ ᠬᠡᠮ᠎ᠤᠨ ᠮᠠᠲ᠋ᠧᠷᠢᠶᠠᠯ᠎ᠢ ᠲᠥᠪᠯᠡᠷᠡᠭᠦᠯᠦᠨ ᠬᠢᠨᠠᠨ ᠬᠠᠷᠭᠤᠭᠤᠯᠬᠤ ᠪᠠ ᠰᠢᠯᠢᠨ ᠰᠤᠩᠭᠤᠨ᠎ᠠ᠃
     2᠂ ᠵᠠᠷᠯᠠᠨ ᠨᠡᠢ᠌ᠲᠡᠯᠡᠬᠦ
      ᠬᠢᠨᠠᠨ ᠬᠠᠷᠭᠤᠭᠤᠯᠤᠭ᠋ᠠᠳ ᠱᠠᠭ᠋ᠠᠷᠳᠠᠯᠭ᠎ᠠ᠎ᠳᠤ ᠨᠡᠢ᠌ᠴᠡᠵᠦ᠂ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠡᠮ ᠡᠮᠨᠡᠯᠭᠡ ᠵᠢᠨ ᠦᠨ᠎ᠡ ᠬᠠᠩᠰᠢ ᠬᠢᠭᠡᠳ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠰᠠᠯᠠᠭ᠎ᠠ᠎ᠨᠢ ᠬᠢᠨᠠᠨ ᠬᠠᠷᠭᠤᠭᠤᠯᠤᠭ᠋ᠠᠳ ᠬᠢᠷᠢ ᠲᠡᠩᠴᠡᠭᠰᠡᠨ ᠠᠵᠤ ᠠᠬᠤᠢ᠌ᠯᠠᠯ᠎ᠢ ᠡᠮᠬᠢᠯᠡᠨ ᠬᠤᠷᠢᠶᠠᠩᠭᠤᠢ᠌ᠯᠠᠬᠤ ᠵᠢᠨ ᠬᠠᠮᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶ᠎ᠡ ᠵᠢ ᠢᠯᠡ ᠨᠡᠢ᠌ᠲᠡᠯᠡᠨ᠎ᠡ᠂ ᠢᠯᠡ ᠨᠡᠢ᠌ᠲᠡᠯᠡᠬᠦ ᠬᠤᠭᠤᠴᠠᠭ᠎ᠠ᠎ᠨᠢ 7 ᠡᠳᠦᠷ᠃
     3᠂ ᠳᠠᠩᠰᠠᠯᠠᠭᠤᠯᠬᠤ
      ᠵᠠᠷᠯᠠᠨ ᠨᠡᠢ᠌ᠲᠡᠯᠡᠭᠡᠳ ᠣᠨᠳᠣᠤ ᠰᠠᠨᠠᠯ ᠥᠬᠡᠶ ᠪᠣᠯᠤᠭᠰᠠᠨ᠎ᠤ ᠳᠠᠷᠠᠭ᠎ᠠ᠂ ᠬᠣᠲᠠ ᠵᠢᠨ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ ᠠᠵᠤ ᠠᠬᠤᠢ᠌ᠯᠠᠯ᠎ᠤᠨ ᠨᠡᠷᠡᠰ᠎ᠢ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯ ᠬᠤᠳᠠᠯᠳᠤᠨ ᠠᠪᠬᠤ ᠲᠥᠪ᠎ᠲᠤ ᠮᠡᠳᠡᠭᠦᠯᠦᠨ ᠳᠠᠩᠰᠠᠯᠠᠭᠤᠯᠤᠭᠰᠠᠨ ᠪᠥᠭᠡᠳ ᠰᠢᠨ᠎ᠡ᠎ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠬᠤᠳᠠᠯᠳᠤᠨ ᠠᠪᠬᠤ ᠰᠢᠰᠲ᠋ᠧᠮ᠎ᠤᠨ ᠬᠡᠷᠡᠭᠯᠡᠭᠴᠢ ᠵᠢᠨ ᠨᠡᠷ᠎ᠡ ᠵᠢ ᠵᠣᠬᠢᠶᠠᠵᠤ ᠲᠠᠷᠬᠠᠭ᠋ᠠᠨ᠎ᠠ᠃
     (ᠳᠥᠷᠪᠡ) ᠰᠢᠨ᠎ᠡ᠎ᠪᠠᠷ ᠨᠡᠮᠡᠭᠳᠡᠭᠰᠡᠨ ᠠᠵᠤ ᠠᠬᠤᠢ᠌ᠯᠠᠯ᠎ᠤᠨ ᠬᠡᠷᠡᠭᠯᠡᠭᠴᠢ ᠵᠢᠨ ᠨᠡᠷ᠎ᠡ ᠵᠢᠴᠢ ᠬᠢᠷᠢ ᠬᠡᠮ᠎ᠤᠨ ᠬᠠᠮᠠᠭ᠋ᠠᠯᠠᠯᠲᠠ ᠤᠯᠭᠤᠨ᠎ᠠ᠃
     1᠂ ᠬᠣᠲᠠ ᠵᠢᠨ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ ᠠᠯᠪᠠᠨ ᠵᠠᠷ ᠨᠡᠢ᠌ᠲᠡᠯᠡᠵᠦ᠂ ᠰᠢᠨ᠎ᠡ᠎ᠪᠠᠷ ᠨᠡᠮᠡᠭᠳᠡᠭᠰᠡᠨ ᠠᠵᠤ ᠠᠬᠤᠢ᠌ᠯᠠᠯ᠎ᠤᠨ ᠬᠡᠷᠡᠭᠯᠡᠭᠴᠢ ᠵᠢᠨ ᠨᠡᠷ᠎ᠡ ᠪᠠ ᠨᠢᠭᠤᠴᠠ ᠨᠣᠮᠧᠷ᠎ᠢ ᠤᠯᠭᠤᠨ᠎ᠠ᠃
     2᠂ ᠠᠵᠤ ᠠᠬᠤᠢ᠌ᠯᠠᠯ᠎ᠤᠨ ᠭᠡᠷᠡᠴᠢ ᠦᠨᠡᠮᠯᠡᠯ᠎ᠳᠤ ᠲᠣᠳᠣᠷᠬᠠᠢ᠌ᠯᠠᠭᠰᠠᠨ ᠮᠠᠲ᠋ᠧᠷᠢᠶᠠᠯ ᠵᠶ᠋ᠠᠷ ᠬᠡᠷᠡᠭᠯᠡᠭᠴᠢ ᠵᠢᠨ ᠨᠡᠷ᠎ᠡ ᠵᠢᠨ ᠨᠢᠭᠤᠴᠠ ᠨᠤᠮᠸᠷ᠎ᠢ ᠠᠪᠴᠤ᠂ ᠰᠦᠯᠵᠢᠶᠡᠨ ᠳᠡᠭᠡᠷᠡᠬᠢ ᠠᠵᠤ ᠠᠬᠤᠢ᠌ᠯᠠᠯ᠎ᠤᠨ ᠬᠢᠷᠢ ᠬᠡᠮ᠎ᠤᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠬᠠᠮᠠᠭ᠋ᠠᠯᠠᠨ᠂ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯ ᠬᠤᠳᠠᠯᠳᠤᠨ ᠠᠪᠬᠤ ᠲᠥᠪ᠎ᠲᠤ ᠳᠡᠪᠰᠢᠭᠦᠯᠦᠨ ᠬᠠᠷᠭᠤᠭᠤᠯᠤᠨ   ᠪᠠᠢ᠌ᠴᠠᠭ᠋ᠠᠯᠭ᠋ᠠᠨ᠎ᠠ᠃  
     (ᠲᠠᠪᠤ) ᠲᠣᠬᠢᠷᠠᠭᠤᠯᠤᠨ ᠬᠦᠷᠭᠡᠬᠦ ᠣᠷᠣᠨ ᠪᠦᠰᠡ ᠨᠡᠪᠲᠡᠷᠡᠬᠦ
      ᠰᠢᠨ᠎ᠡ᠎ᠪᠠᠷ ᠨᠡᠮᠡᠭᠳᠡᠭᠰᠡᠨ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠰᠦᠯᠵᠢᠶᠡᠨ ᠳᠡᠭᠡᠷᠡᠬᠢ ᠬᠢᠷᠢ ᠬᠡᠮ᠎ᠤᠨ ᠮᠡᠳᠡᠭᠡ ᠵᠠᠩᠭᠢ ᠵᠢ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯ ᠬᠤᠳᠠᠯᠳᠤᠨ ᠠᠪᠬᠤ ᠲᠥᠪ᠎ᠠᠴᠠ ᠬᠢᠨᠠᠨ ᠰᠢᠯᠭ᠋ᠠᠵᠤ ᠪᠠᠲᠤᠯᠠᠭ᠋ᠠᠳ᠂ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠬᠥᠬᠡᠬᠣᠲᠠ ᠵᠢᠨ ᠲᠣᠬᠢᠷᠠᠭᠤᠯᠤᠨ ᠬᠦᠷᠭᠡᠬᠦ ᠣᠷᠣᠨ ᠪᠦᠰᠡ ᠵᠢ ᠨᠡᠭᠡᠭᠡᠨ᠎ᠡ᠃
      ᠲᠠᠪᠤ᠂ ᠬᠢᠷᠢ ᠬᠡᠮ᠎ᠤᠨ ᠮᠠᠲ᠋ᠧᠷᠢᠶᠠᠯ᠎ᠢ ᠨᠠᠢ᠌ᠷᠠᠭᠤᠯᠤᠨ ᠵᠣᠬᠢᠶᠠᠬᠤ ᠵᠢᠴᠢ ᠮᠡᠳᠡᠭᠦᠯᠦᠨ ᠬᠦᠷᠭᠡᠬᠦ ᠱᠠᠭ᠋ᠠᠷᠳᠠᠯᠭ᠎ᠠ
      《ᠬᠥᠬᠡᠬᠣᠲᠠ ᠵᠢᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠭᠤᠶᠤᠴᠢᠯᠠᠨ ᠮᠡᠳᠡᠭᠦᠯᠬᠦ ᠬᠢᠷᠢ ᠬᠡᠮ᠎ᠤᠨ ᠮᠠᠲ᠋ᠧᠷᠢᠶᠠᠯ᠎ᠤᠨ ᠵᠠᠭᠪᠤᠷ᠎ᠤᠨ ᠱᠠᠭ᠋ᠠᠷᠳᠠᠯᠭ᠎ᠠ》 (ᠳᠠᠭ᠋ᠠᠯᠳᠤᠭᠤᠯᠤᠯ 23) ᠪᠠ ᠲᠣᠰ ᠮᠡᠳᠡᠭᠳᠡᠯ᠎ᠤᠨ ᠱᠠᠭ᠋ᠠᠷᠳᠠᠯᠭ᠎ᠠ ᠶᠣᠰᠣᠭ᠋ᠠᠷ᠂ ᠬᠢᠷᠢ ᠬᠡᠮ᠎ᠤᠨ ᠮᠠᠲ᠋ᠧᠷᠢᠶᠠᠯ᠎ᠢ ᠨᠠᠢ᠌ᠷᠠᠭᠤᠯᠤᠨ ᠵᠣᠬᠢᠶᠠᠬᠤ᠂ ᠳᠡᠪᠲᠡᠷᠯᠡᠬᠦ ᠪᠠ ᠮᠡᠳᠡᠭᠦᠯᠦᠨ ᠬᠦᠷᠭᠡᠬᠦ ᠬᠡᠷᠡᠭᠲᠡᠶ᠃
     1᠂ ᠡᠮ᠎ᠤᠨ ᠵᠦᠢᠯ᠎ᠢ ᠳᠣᠭᠢᠷᠠᠭᠤᠯᠤᠨ ᠬᠦᠷᠭᠡᠬᠦ ᠠᠵᠤ ᠠᠬᠤᠢ᠌ᠯᠠᠯ ᠪᠣᠯᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠨᠥᠬᠥᠵᠦ ᠮᠡᠳᠡᠭᠦᠯᠬᠦ ᠬᠢᠷᠢ ᠬᠡᠮ᠎ᠤᠨ ᠮᠠᠲ᠋ᠧᠷᠢᠶᠠᠯ᠎ᠢ ᠲᠣᠰ ᠲᠣᠰ᠎ᠲᠤᠨᠢ ᠳᠡᠪᠲᠡᠷᠯᠡᠬᠦ ᠬᠡᠷᠡᠭᠲᠡᠶ;
     2᠂ ᠮᠡᠳᠡᠭᠦᠯᠬᠦ ᠮᠠᠲ᠋ᠧᠷᠢᠶᠠᠯ᠎ᠳᠤ ᠨᠢᠭᠡᠳᠦᠯᠲᠡᠶ A 4 ᠴᠠᠭ᠋ᠠᠰᠤ ᠵᠢ ᠬᠡᠷᠡᠭᠯᠡᠨ᠎ᠡ;
     3᠂ ᠮᠡᠳᠡᠭᠦᠯᠦᠭᠰᠡᠨ ᠪᠤᠶ ᠪᠦᠬᠦᠢ ᠮᠠᠲᠸᠷᠢᠶᠠᠯ᠎ᠳᠤ ᠴᠥᠮ ᠬᠢᠲᠠᠳ ᠬᠡᠯᠡ᠂ ᠭᠠᠳᠠᠭ᠋ᠠᠳᠤ ᠬᠡᠯᠡᠨ᠎ᠤ ᠤᠭ ᠮᠠᠲᠸᠷᠢᠶᠠᠯ᠎ᠢ ᠬᠡᠷᠡᠭᠯᠡᠭᠰᠡᠨ ᠪᠣᠯ ᠵᠣᠬᠢᠴᠠᠩᠭᠤᠶ ᠪᠦᠬᠦᠢ ᠬᠢᠲᠠᠳ ᠬᠡᠯᠡᠨ᠎ᠤ ᠣᠷᠴᠢᠭᠤᠯᠭ᠎ᠠ ᠵᠢᠨ ᠲᠣᠪᠬᠢᠮᠠᠯ ᠬᠠᠩᠭ᠋ᠠᠬᠤ ᠵᠢᠨ ᠬᠠᠮᠲᠤ ᠠᠯᠪᠠᠨ ᠭᠡᠷᠡᠴᠢᠯᠡᠭᠡ ᠵᠢᠨ ᠰᠠᠯᠠᠭ᠎ᠠ ᠮᠥᠴᠢᠷ ᠵᠶ᠋ᠡᠷ ᠭᠡᠷᠡᠴᠢᠯᠡᠭᠦᠯᠬᠦ ᠬᠡᠷᠡᠭᠲᠡᠶ;
     4᠂ ᠮᠡᠳᠡᠭᠦᠯᠬᠦ ᠮᠠᠲ᠋ᠧᠷᠢᠶᠠᠯ᠎ᠢ ᠲᠣᠳᠣᠷᠬᠠᠶ ᠪᠥᠭᠡᠳ ᠪᠦᠷᠢᠨ ᠪᠦᠲᠦᠨ ᠪᠠᠢ᠌ᠯᠭ᠋ᠠᠬᠤ ᠬᠡᠷᠡᠭᠲᠡᠶ᠂ ᠲᠡᠷᠡᠴᠢᠯᠡᠨ ᠱᠠᠭ᠋ᠠᠷᠳᠠᠯᠭ᠎ᠠ ᠶᠣᠰᠣᠭ᠋ᠠᠷ ᠭᠣᠮ ᠵᠶ᠋ᠠᠷ ᠳᠡᠪᠲᠡᠷᠯᠡᠵᠦ᠂ ᠲᠤᠰᠢᠶᠠᠭᠰᠠᠨ ᠮᠠᠲ᠋ᠧᠷᠢᠶᠠᠯ᠎ᠨᠢ ᠲᠣᠳᠣᠷᠬᠠᠶ ᠪᠤᠰᠤ᠂ ᠪᠦᠷᠢᠨ ᠪᠤᠰᠤ ᠪᠤᠶᠤ ᠱᠠᠭ᠋ᠠᠷᠳᠠᠯᠭ᠎ᠠ ᠶᠣᠰᠣᠭ᠋ᠠᠷ ᠦᠳᠡᠭᠰᠡᠨ ᠥᠬᠡᠶ ᠪᠣᠯ ᠭᠥᠯᠢᠶᠡᠨ ᠠᠪᠴᠤ ᠰᠢᠢᠳᠪᠦᠷᠢᠯᠡᠬᠦ ᠥᠬᠡᠶ;
     5᠂ ᠮᠡᠳᠡᠭᠦᠯᠬᠦ ᠮᠠᠲ᠋ᠧᠷᠢᠶᠠᠯ᠎ᠳᠤ ᠴᠥᠮ ᠬᠠᠭᠤᠳᠠᠰᠤ ᠳᠠᠷᠠᠭ᠋ᠠᠯᠠᠨ ᠠᠵᠤ ᠠᠬᠤᠢ᠌ᠯᠠᠯ᠎ᠤᠨ ᠠᠯᠪᠠᠨ ᠲᠠᠮᠠᠭ᠎ᠠ ᠵᠢ ᠳᠠᠷᠤᠬᠤ ᠬᠡᠷᠡᠭᠲᠡᠶ (ᠪᠤᠰᠤᠳ ᠠᠵᠤ ᠠᠬᠤᠢ᠌ᠯᠠᠯ᠎ᠤᠨ ᠲᠠᠮᠠᠭ᠎ᠠ ᠵᠢ ᠲᠠᠷᠤᠭᠰᠠᠨ ᠪᠤᠯ ᠴᠥᠮ ᠬᠦᠴᠦᠨ ᠥᠬᠡᠶ);
     6᠂ ᠬᠣᠯᠪᠣᠭᠳᠠᠯ ᠪᠥᠬᠥᠶ ᠭᠡᠷᠡᠴᠢ ᠦᠨᠡᠮᠯᠡᠯ᠎ᠢ ᠣᠭ ᠮᠠᠲ᠋ᠧᠷᠢᠶᠠᠯ ᠬᠠᠩᠭ᠋ᠠᠬᠤ ᠴᠢᠬᠤᠯᠠᠲᠠᠶ ᠪᠠᠢ᠌ᠪᠠᠯ᠂ ᠡᠷᠬᠡᠪᠰᠢ ᠣᠭ ᠮᠠᠲ᠋ᠧᠷᠢᠶᠠᠯ᠎ᠢ ᠬᠠᠩᠭ᠋ᠠᠵᠤ ᠬᠢᠨᠠᠨ ᠬᠠᠷᠭᠤᠭᠤᠯᠬᠤ᠎ᠳᠤ ᠬᠠᠩᠭ᠋ᠠᠬᠤ ᠬᠡᠷᠡᠭᠲᠡᠶ᠂ ᠬᠢᠨᠠᠨ ᠬᠠᠷᠭᠤᠭᠤᠯᠤᠭᠰᠠᠨ᠎ᠤ ᠳᠠᠷᠠᠭ᠎ᠠ ᠡᠷᠬᠡ ᠣᠯᠭᠣᠭᠳᠠᠭᠴᠢ᠎ᠨᠢ ᠳᠠᠷᠤᠢ᠌ᠬᠠᠨ ᠠᠪᠴᠢᠷᠠᠬᠤ ᠬᠡᠷᠡᠭᠲᠡᠶ᠂ ᠣᠭ ᠮᠠᠲ᠋ᠧᠷᠢᠶᠠᠯ ᠵᠶ᠋ᠠᠨ ᠭᠠᠷᠭ᠋ᠠᠵᠤ ᠦᠵᠡᠭᠦᠯᠦᠭᠰᠡᠨ ᠥᠬᠡᠶ ᠪᠣᠯ ᠭᠥᠯᠢᠶᠡᠨ ᠠᠪᠴᠤ ᠰᠢᠢᠳᠪᠦᠷᠢᠯᠡᠬᠦ ᠥᠬᠡᠶ;
     7᠂ ᠮᠡᠳᠡᠭᠦᠯᠬᠦ ᠮᠠᠲ᠋ᠧᠷᠢᠶᠠᠯ᠎ᠢ ᠡᠷᠬᠡᠪᠰᠢ ᠠᠵᠤ ᠠᠬᠤᠢ᠌ᠯᠠᠯ᠎ᠤᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠡᠷᠬᠡ ᠣᠯᠭᠣᠭᠴᠢ᠎ᠠᠴᠠ ᠡᠯ᠎ᠡ ᠬᠣᠶᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ᠎ᠳᠤ ᠨᠢᠭᠤᠷᠳᠠᠨ ᠲᠤᠰᠢᠶᠠᠵᠤ᠂ ᠲᠤᠰᠢᠶᠠᠬᠤ᠎ᠳᠠᠭᠠᠨ ᠡᠷᠬᠡᠪᠰᠢ ᠪᠡᠶ᠎ᠡ ᠵᠢᠨ ᠦᠨᠡᠮᠯᠡᠯ᠎ᠤᠨ ᠤᠭ ᠮᠠᠲ᠋ᠧᠷᠢᠶᠠᠯ ᠵᠶ᠋ᠠᠨ ᠭᠠᠷᠭ᠋ᠠᠵᠤ ᠦᠵᠡᠭᠦᠯᠬᠦ ᠬᠡᠷᠡᠭᠲᠡᠶ᠃ ᠡᠷᠬᠡ ᠣᠯᠭᠣᠭᠳᠠᠭᠴᠢ᠎ᠨᠢ ᠠᠵᠤ ᠠᠬᠤᠢ᠌ᠯᠠᠯ᠎ᠤᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠵᠢᠭ᠋ᠠᠨ ᠲᠣᠭᠲᠠᠭ᠋ᠠᠭᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯ ᠪᠠ ᠡᠮᠴᠢᠯᠡᠭᠡᠨ᠎ᠤ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ ᠴᠤᠷ᠎ᠤᠨ ᠭᠠᠭᠴᠠ ᠬᠠᠤᠯᠢ ᠶᠣᠰᠣᠨ᠎ᠤ ᠬᠠᠷᠢᠭᠤᠴᠠᠯᠭ᠋ᠠᠲᠠᠨ ᠪᠠᠢ᠌ᠵᠤ᠂ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ ᠵᠢᠨ ᠬᠠᠮᠢᠶ᠎ᠠ ᠪᠥᠬᠥᠶ ᠬᠡᠷᠡᠭ ᠶᠠᠪᠤᠳᠠᠯ᠎ᠢ ᠰᠢᠢᠳᠪᠦᠷᠢᠯᠡᠵᠦ᠂ ᠵᠣᠬᠢᠬᠤ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠂ ᠪᠣᠯᠭᠣᠮᠵᠢᠲᠠᠶ ᠵᠢᠭ᠋ᠠᠨ ᠲᠣᠭᠲᠠᠭ᠋ᠠᠬᠤ ᠬᠡᠷᠡᠭᠲᠡᠶ᠃
      ᠵᠢᠷᠭᠤᠭ᠎ᠠ᠂ ᠬᠣᠯᠪᠣᠭᠳᠠᠯ ᠪᠦᠬᠦᠢ ᠱᠠᠭ᠋ᠠᠷᠳᠠᠯᠭ᠎ᠠ
     1᠂ ᠬᠥᠬᠡᠬᠣᠲᠠ ᠵᠢᠨ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠨᠡᠮᠡᠵᠦ ᠨᠥᠬᠥᠪᠥᠷᠢᠯᠡᠬᠦ ᠠᠵᠢᠯ ᠪᠣᠯ ᠡᠮᠴᠢᠯᠡᠭᠡᠨ᠎ᠤ ᠪᠠᠢ᠌ᠭᠤᠯᠤᠮᠵᠢ ᠵᠢᠨ ᠬᠤᠳᠠᠯᠳᠤᠨ ᠠᠪᠴᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢᠨ ᠪᠦᠲᠦᠮᠵᠢᠲᠡᠶ ᠪᠠᠲᠤᠯᠠᠭ᠎ᠠ ᠪᠣᠯᠤᠨ᠎ᠠ᠂ ᠡᠯ᠎ᠡ ᠬᠣᠶᠠᠳᠤᠭ᠋ᠠᠷ ᠳᠡᠰ᠎ᠠᠴᠠ ᠳᠡᠭᠡᠭᠰᠢᠬᠢ ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠣᠰ ᠪᠠᠢ᠌ᠭᠤᠯᠤᠮᠵᠢ ᠵᠢᠨ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠨᠡᠮᠡᠵᠦ ᠨᠥᠬᠥᠪᠥᠷᠢᠯᠡᠬᠦ ᠲᠠᠰ ᠳᠠᠷᠠᠭ᠋ᠠᠯᠠᠯ ᠶᠣᠰᠣᠭ᠋ᠠᠷ᠂ ᠨᠡᠷ᠎ᠡ ᠮᠡᠳᠡᠭᠦᠯᠦᠭᠰᠡᠨ ᠠᠵᠤ ᠠᠬᠤᠢ᠌ᠯᠠᠯ᠎ᠤᠨ ᠬᠢᠷᠢ ᠬᠡᠮ᠎ᠤᠨ ᠮᠡᠳᠡᠭᠡ ᠵᠠᠩᠭᠢ ᠵᠢ ᠬᠢᠨᠠᠮᠠᠭ᠋ᠠᠶ ᠬᠢᠨᠠᠨ ᠪᠠᠢ᠌ᠴᠠᠭ᠋ᠠᠬᠤ ᠬᠡᠷᠡᠭᠲᠡᠶ᠃
     2᠂ ᠪᠥᠬᠥ ᠬᠣᠲᠠ ᠵᠢᠨ ᠡᠯ᠎ᠡ ᠱᠠᠲᠤᠨ᠎ᠤ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠴᠥᠮ ᠥᠪᠡᠷᠲᠡᠭᠡᠨ ᠵᠠᠰᠠᠬᠤ ᠣᠷᠣᠨ ᠵᠶ᠋ᠠᠷ ᠨᠢᠭᠡᠴᠢ ᠪᠣᠯᠭ᠋ᠠᠭᠰᠠᠨ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠬᠤ ᠵᠢ ᠬᠡᠷᠡᠭᠵᠢᠭᠦᠯᠦᠨ᠎ᠡ᠃ ᠡᠮᠴᠢᠯᠡᠭᠡᠨ᠎ᠤ ᠪᠠᠢ᠌ᠭᠤᠯᠤᠮᠵᠢ᠎ᠨᠢ ᠡᠮ᠎ᠤᠨ ᠵᠦᠢᠯᠡᠰ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨ᠎ᠠ ᠣᠨᠣᠰᠢᠯᠠᠬᠤ ᠲᠤᠷᠰᠢᠯᠲᠠ ᠵᠢᠨ ᠡᠮ᠎ᠢ ᠬᠡᠷᠡᠭᠯᠡᠬᠦ᠎ᠳᠤ ᠴᠥᠮ ᠱᠠᠭ᠋ᠠᠷᠳᠠᠯᠭ᠎ᠠ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶ᠎ᠡ᠎ᠪᠠᠷ ᠳᠡᠮᠵᠢᠨ ᠲᠥᠪᠯᠡᠷᠡᠭᠦᠯᠦᠨ ᠬᠤᠳᠠᠯᠳᠤᠨ ᠠᠪᠬᠤ ᠬᠡᠷᠡᠭᠲᠡᠶ᠂ ᠰᠦᠯᠵᠢᠶᠡᠨ ᠭᠠᠳᠠᠨ᠎ᠠ᠎ᠠᠴᠠ ᠬᠤᠳᠠᠯᠳᠤᠨ ᠠᠪᠴᠤ ᠪᠣᠯᠬᠤ ᠥᠬᠡᠶ᠃ ᠡᠭᠦᠨ᠎ᠤ ᠬᠠᠮᠲᠤ᠂ ᠡᠯ᠎ᠡ ᠱᠠᠲᠤᠨ᠎ᠤ ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠬᠡᠷᠡᠭᠯᠡᠵᠦ ᠪᠠᠢ᠌ᠭ᠎ᠠ ᠡᠮ᠎ᠤᠨ ᠵᠦᠢᠯ ᠪᠣᠯᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠬᠢᠷᠢ ᠬᠡᠮ᠎ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠵᠢ ᠴᠢᠩᠭ᠋ᠠᠳᠬᠠᠵᠤ᠂ ᠳᠣᠭᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠬᠡᠪᠴᠢᠶ᠎ᠡ᠎ᠠᠴᠠ᠎ᠪᠠᠨ ᠳᠠᠪᠠᠭᠤᠯᠤᠨ ᠦᠢᠯᠡᠳᠬᠦᠨ ᠳᠣᠭᠢᠷᠠᠭᠤᠯᠤᠨ ᠬᠦᠷᠭᠡᠬᠦ᠂ ᠳᠣᠭᠢᠷᠠᠭᠤᠯᠤᠨ ᠬᠦᠷᠭᠡᠬᠦ ᠠᠵᠤ ᠠᠬᠤᠢ᠌ᠯᠠᠯ᠎ᠯᠤᠭ᠎ᠠ ᠲᠣᠭᠲᠠᠭᠰᠠᠨ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠵᠢᠴᠢ ᠠᠷᠢᠭᠤᠨ ᠴᠢᠬᠡᠴᠢ᠎ᠪᠠᠷ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠵᠢᠴᠢ ᠬᠠᠮᠢᠶ᠎ᠠ ᠪᠥᠬᠥᠶ ᠮᠠᠲ᠋ᠧᠷᠢᠶᠠᠯ᠎ᠢ ᠲᠠᠩᠰᠠ ᠡᠪᠬᠡᠮᠡᠯ᠎ᠳᠤ ᠣᠷᠣᠭᠤᠯᠤᠨ ᠬᠠᠮᠢᠶᠠᠷᠬᠤ ᠵᠢ ᠴᠢᠩᠭ᠎ᠠ ᠴᠠᠭ᠋ᠠᠵᠠᠯᠠᠬᠤ ᠵᠢᠨ ᠬᠠᠮᠲᠤ᠂ ᠬᠡᠷᠡᠭᠯᠡᠵᠦ ᠪᠠᠢ᠌ᠭ᠎ᠠ ᠳᠣᠭᠢᠷᠠᠭᠤᠯᠤᠨ ᠬᠦᠷᠭᠡᠬᠦ ᠠᠵᠤ ᠠᠬᠤᠢ᠌ᠯᠠᠯ᠎ᠢ ᠤᠯᠠᠷᠢᠯ ᠵᠶ᠋ᠠᠷ ᠰᠢᠯᠭ᠋ᠠᠨ ᠬᠢᠨᠠᠵᠤ ᠦᠨᠡᠯᠡᠨ᠂ ᠦᠷ᠎ᠡ ᠳ᠋ᠦᠩ᠎ᠢ ᠬᠠᠷᠢᠶ᠎ᠠ ᠣᠷᠣᠨ᠎ᠤ᠎ᠪᠠᠨ ᠳᠣᠲᠣᠷᠠᠬᠢ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃
     3᠂ ᠬᠥᠬᠡᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠰᠦᠯᠵᠢᠶᠡᠨ᠎ᠳᠤ ᠭᠠᠷᠤᠭ᠋ᠠᠳ ᠪᠦᠬᠦᠯᠢ ᠨᠢᠭᠡ ᠵᠢᠯ ᠪᠣᠯᠤᠭᠰᠠᠨ ᠪᠥᠭᠡᠳ ᠰᠦᠯᠵᠢᠶᠡᠨ ᠳᠡᠭᠡᠷ᠎ᠡ ᠠᠷᠠᠯᠵᠢᠶ᠎ᠠ ᠬᠢᠭᠰᠡᠨ ᠥᠬᠡᠶ ᠠᠵᠤ ᠠᠬᠤᠢ᠌ᠯᠠᠯ᠎ᠢ ᠵᠠᠷᠯᠠᠨ ᠨᠡᠢ᠌ᠲᠡᠯᠡᠭᠰᠡᠨ ᠪᠥᠭᠡᠳ ᠬᠥᠬᠡᠬᠣᠲᠠ ᠵᠢᠨ ᠳᠣᠭᠢᠷᠠᠭᠤᠯᠤᠨ ᠬᠦᠷᠭᠡᠬᠦ ᠬᠢᠷᠢ ᠬᠡᠮ᠎ᠢ ᠬᠦᠴᠦᠨ ᠥᠬᠡᠶ ᠪᠤᠯᠭ᠋ᠠᠨ᠎ᠠ᠃
      ᠲᠤᠯᠤᠭ᠎ᠠ᠂ ᠬᠠᠷᠢᠯᠴᠠᠬᠤ ᠠᠷᠭ᠎ᠠ ᠮᠠᠶᠢᠭ
      ᠬᠠᠷᠢᠯᠴᠠᠬᠤ ᠬᠥᠮᠦᠨ᠄ ᠵᠠᠩ ᠾᠦᠢ
      ᠬᠠᠷᠢᠯᠴᠠᠬᠤ ᠤᠲᠠᠰᠤ᠄ 0471 —  2949258
      ᠬᠠᠶᠢᠭ᠄ ᠬᠥᠬᠡᠬᠣᠲᠠ ᠵᠢᠨ ᠰᠢᠨᠬᠤᠸᠠ ᠵᠡᠭᠦᠨ ᠵᠡᠭᠡᠯᠢ ᠵᠢᠨ 87 ᠳ᠋ᠤᠭ᠋ᠠᠷ ᠨᠠᠢ ᠯᠦᠨ ᠣᠯᠠᠨ ᠤᠯᠤᠰ᠎ᠤᠨ B ᠰᠠᠭᠤᠳᠠᠯ᠎ᠤᠨ 608 ᠥᠷᠥᠭᠡ
      ᠢᠮᠧᠯ᠄ hsybjiacaike @ 163. com
      ᠳᠠᠭ᠋ᠠᠯᠳᠤᠭᠤᠯᠤᠯ᠄
     1᠂ ᠬᠥᠬᠡᠬᠣᠲᠠ ᠵᠢᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮ᠎ᠤᠨ ᠵᠦᠢᠯᠡᠰ ᠪᠣᠯᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠳᠠᠩᠰᠠᠯᠠᠭᠤᠯᠤᠭᠰᠠᠨ ᠬᠦᠰᠦᠨᠦᠭᠲᠦ
     2᠂ ᠬᠥᠬᠡᠬᠣᠲᠠ ᠵᠢᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠨᠥᠬᠥᠵᠦ ᠮᠡᠳᠡᠭᠦᠯᠬᠦ ᠬᠢᠷᠢ ᠬᠡᠮ᠎ᠤᠨ ᠮᠠᠲ᠋ᠧᠷᠢᠶᠠᠯ᠎ᠤᠨ ᠵᠠᠭᠪᠤᠷ᠎ᠤᠨ ᠱᠠᠭ᠋ᠠᠷᠳᠠᠯᠭ᠎ᠠ
                      ᠬᠥᠬᠡᠬᠣᠲᠠ ᠵᠢᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ
                                  2020 ᠣᠨ᠎ᠤ 12 ᠳ᠋ᠤᠭ᠋ᠠᠷ ᠰᠠᠷ᠎ᠠ ᠵᠢᠨ 14  ᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠣᠲᠠ ᠵᠢᠨ ᠡᠮᠴᠢᠯᠡᠭᠡᠨ᠎ᠤ ᠪᠠᠢ᠌ᠭᠤᠯᠤᠮᠵᠢ ᠵᠢᠨ ᠬᠣᠷᠣᠭᠳᠠᠯ ᠮᠠᠲ᠋ᠧᠷᠢᠶᠠᠯ᠎ᠢ ᠳᠡᠩᠰᠡᠯᠡᠵᠦ ᠬᠤᠳᠠᠯᠳᠤᠨ ᠠᠪᠬᠤ ᠠᠯᠪᠠᠨ ᠨᠡᠢ᠌ᠳᠡᠯᠡᠯ
ᠪᠤᠭᠤᠲᠤ ᠬᠣᠲᠠ ᠵᠢᠨ 2020 ᠣᠨ᠎ᠤ ᠠᠩᠬᠠᠳᠤᠭ᠋ᠠᠷ ᠤᠳᠠᠭ᠋ᠠᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠳᠡᠩᠰᠡᠯᠡᠵᠦ ᠬᠤᠳᠠᠯᠳᠤᠨ ᠠᠪᠬᠤ ᠵᠢ ᠢᠯᠡ ᠨᠡᠢ᠌ᠲᠡᠯᠡᠬᠦ ᠲᠤᠬᠠᠶ ᠮᠡᠳᠡᠭᠳᠡᠯ
ᠮᠠᠨᠵᠤᠤᠷ ᠬᠣᠲᠠ ᠵᠢᠨ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮᠴᠢᠯᠡᠭᠡᠨ᠎ᠤ ᠬᠣᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨ᠎ᠠ᠎ᠠᠴᠠ ᠣᠨᠣᠰᠢᠯᠠᠬᠤ ᠲᠤᠷᠰᠢᠯᠲᠠ ᠵᠢᠨ ᠡᠮ᠎ᠢ ᠢᠯᠡ᠎ᠪᠠᠷ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠠᠩᠬ᠎ᠠ ᠤᠳᠠᠭ᠎ᠠ ᠬᠡᠷᠡᠭᠯᠡᠭᠴᠢ ᠵᠢᠨ ᠨᠡᠷ᠎ᠡ ᠪᠠ ᠨᠢᠭᠤᠴᠠ ᠨᠣᠮᠧᠷ᠎ᠢ ᠭᠤᠶᠤᠴᠢᠯᠠᠨ ᠠᠪᠬᠤ ᠲᠤᠬᠠᠶ ᠮᠡᠳᠡᠭᠳᠡᠯ
ᠡᠮᠨᠡᠯᠭᠡ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠳ᠋ᠠᠶ᠋ᠢᠲ᠋ᠠ ᠬᠥᠮᠥᠷᠭᠡ ᠵᠢᠨ ᠵᠣᠯᠭ᠋ᠠᠭᠤᠯᠬᠤ ᠠᠵᠢᠯ᠎ᠤᠨ ᠬᠣᠯᠪᠣᠭᠳᠠᠯ ᠪᠦ᠍ᠬᠦᠢ ᠵᠦᠢ᠍ᠯ᠎ᠤᠨ ᠲᠤᠬᠠᠶ ᠮᠡᠳᠡᠭᠳᠡᠯ
ᠨᠠᠪᠴᠢᠨ ᠬᠦᠴᠢᠯ᠎ᠤᠨ ᠲᠡᠪᠬᠡ ᠵᠢᠨ ᠠᠷᠠᠯᠵᠢᠶᠠᠨ᠎ᠤ ᠬᠢᠷᠢ ᠬᠡᠮ᠎ᠢ ᠰᠡᠷᠭᠦᠭᠡᠬᠦ ᠲᠤᠬᠠᠶ ᠮᠡᠳᠡᠭᠳᠡᠯ
 
            