ᠡᠯ᠎ᠡ ᠬᠠᠮᠢᠶ᠎ᠠ ᠪᠦᠬᠦᠢ ᠡᠮᠴᠢᠯᠡᠭᠡᠨ᠎ᠤ ᠬᠣᠷᠣᠭᠳᠠᠯ ᠮᠠᠲ᠋ᠧᠷᠢᠶᠠᠯ ᠪᠣᠯᠤᠨ ᠪᠡᠶ᠎ᠡ ᠵᠢᠨ ᠭᠠᠳᠠᠨ᠎ᠠ᠎ᠠᠴᠠ ᠣᠨᠣᠰᠢᠯᠠᠬᠤ ᠲᠤᠷᠰᠢᠯᠲᠠ ᠵᠢᠨ ᠡᠮ᠎ᠤᠨ ᠦᠢ᠍ᠯᠡᠳᠪᠦᠷᠢᠯᠡᠯ ᠲᠤᠬᠢᠷᠠᠭᠤᠯᠤᠨ ᠬᠦᠷᠭᠡᠬᠦ ᠠᠵᠤ ᠠᠬᠤᠢ᠌ᠯᠠᠯ᠄
《ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠬᠠᠮᠢᠶᠠᠷᠤᠯᠲᠠ ᠵᠢᠨ ᠠᠵᠢᠯ᠎ᠢ ᠲᠡᠭᠦᠯᠳᠡᠷᠵᠢᠭᠦᠯᠬᠦ ᠲᠤᠬᠠᠶ ᠮᠡᠳᠡᠭᠳᠡᠯ》 (ᠥᠪᠥᠷ ᠡᠮ ᠬᠤᠳᠠᠯᠳᠤᠨ ᠠᠪᠬᠤ ᠠᠯᠪᠠᠨ ᠥᠰᠥᠭ [2017] 8 ᠳ᠋ᠤᠭ᠋ᠠᠷ ᠲᠣᠭ᠋ᠠᠲᠤ)᠎ᠢ ᠦᠨᠳᠦᠰᠦᠯᠡᠨ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠡᠮ᠎ᠤᠨ ᠵᠦᠢ᠍ᠯ ᠪᠠ ᠡᠮᠴᠢᠯᠡᠭᠡᠨ᠎ᠤ ᠬᠤᠷᠤᠭᠳᠠᠯ ᠮᠠᠲᠷᠸᠷᠢᠶᠠᠯ ᠬᠤᠳᠠᠯᠳᠤᠨ ᠠᠪᠬᠤ ᠬᠠᠮᠢᠶᠠᠷᠤᠯᠳᠠ ᠵᠢᠨ ᠠᠵᠢᠯ᠎ᠤᠨ ᠮᠡᠳᠡᠭᠳᠡᠯ》 (ᠦᠪᠦᠷ ᠡᠮᠴᠢᠯᠡᠭᠡ ᠪᠠᠳᠤᠯᠠᠭ᠎ᠠ ᠠᠯᠪᠠᠨ ᠲᠠᠷᠠᠬᠭᠰᠠᠨ [2019] 41 ᠳ᠋ᠦ᠍ᠭᠡᠷ ᠲᠤᠭ᠋ᠠᠳᠦ) ᠪᠤᠯᠤᠨ 《ᠮᠠᠨᠵᠤᠤᠷ ᠬᠣᠲᠠ ᠵᠢᠨ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮᠴᠢᠯᠡᠭᠡᠨ᠎ᠤ ᠬᠣᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨ᠎ᠠ᠎ᠠᠴᠠ ᠣᠨᠣᠰᠢᠯᠠᠬᠤ ᠲᠤᠷᠰᠢᠯᠲᠠ ᠵᠢᠨ ᠡᠮ᠎ᠢ ᠢᠯᠡ᠎ᠪᠠᠷ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠨᠡᠷ᠎ᠡ ᠮᠡᠳᠡᠭᠦᠯᠬᠦ ᠵᠢ ᠦᠷᠨᠢᠭᠦᠯᠬᠦ ᠲᠤᠬᠠᠢ ᠮᠡᠳᠡᠭᠳᠡᠯ》᠎ᠤᠨ ᠪᠢᠴᠢᠭ ᠮᠠᠲᠸᠷᠢᠶᠠᠯ᠎ᠤᠨ ᠱᠠᠭ᠋ᠠᠷᠳᠠᠯᠭ᠎ᠠ ᠶᠤᠰᠤᠭ᠋ᠠᠷ᠂ ᠮᠠᠨᠵᠤᠤᠷ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠬᠢᠨᠠᠨ ᠬᠠᠷᠭᠤᠭᠤᠯᠤᠭ᠋ᠠᠳ ᠵᠠᠷᠯᠠᠨ ᠨᠡᠢ᠌ᠲᠡᠯᠡᠪᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠦᠢᠯᠡᠴᠢᠯᠡᠭᠡᠨ᠎ᠤ ᠲᠥᠪ᠎ᠲᠤ ᠪᠦᠷᠢᠳᠬᠡᠨ ᠳᠠᠩᠰᠠᠯᠠᠭᠤᠯᠬᠤ ᠵᠢᠨ ᠬᠠᠮᠲᠤ ᠠᠩᠬ᠎ᠠ ᠤᠳᠠᠭ᠎ᠠ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠬᠡᠷᠡᠭᠯᠡᠭᠴᠢ ᠵᠢᠨ ᠨᠡᠷ᠎ᠡ ᠪᠠ ᠨᠢᠭᠤᠴᠠ ᠨᠣᠮᠧᠷ᠎ᠢ ᠭᠤᠶᠤᠴᠢᠯᠠᠨ ᠠᠪᠬᠤ ᠵᠢ ᠪᠡᠶᠡᠯᠡᠭᠦᠯᠦᠨ᠎ᠡ᠃ ᠡᠳᠦᠭᠡ ᠬᠡᠷᠡᠭᠯᠡᠭᠴᠢ ᠵᠢᠨ ᠨᠡᠷ᠎ᠡ ᠪᠣᠯᠤᠨ ᠨᠢᠭᠤᠴᠠ ᠲᠡᠮᠳᠡᠭ᠎ᠢ ᠠᠪᠬᠤ ᠬᠠᠮᠢᠶ᠎ᠠ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠄
ᠨᠢᠭᠡ᠂ ᠠᠩᠬ᠎ᠠ ᠭᠥᠯᠢᠶᠡᠨ ᠠᠪᠤᠭᠴᠢ (ᠳᠠᠭ᠋ᠠᠯᠳᠤᠭᠤᠯᠤᠯ 1) ᠨᠢ ᠡᠷᠬᠡᠪᠰᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠡᠷᠬᠡ ᠣᠯᠭᠣᠭᠰᠠᠨ ᠪᠢᠴᠢᠭ (ᠳᠠᠭ᠋ᠠᠯᠳᠤᠭᠤᠯᠤᠯ 2) ᠪᠠ ᠨᠢᠭᠤᠴᠠ ᠨᠣᠮᠧᠷ ᠭᠠᠷᠭ᠋ᠠᠨ ᠠᠪᠬᠤ ᠵᠠᠬᠢᠳᠠᠯ (ᠳᠠᠭ᠋ᠠᠯᠳᠤᠭᠤᠯᠤᠯ 3)᠎ᠤᠨ ᠱᠠᠭ᠋ᠠᠷᠳᠠᠯᠭ᠎ᠠ ᠶᠣᠰᠣᠭ᠋ᠠᠷ ᠲᠠᠭᠯᠠᠭᠰᠠᠨ᠎ᠤ ᠰᠡᠭᠦᠯᠡᠷ ᠲᠣᠳᠣᠷᠬᠠᠶ ᠰᠢᠷᠪᠢᠯᠲᠡ ᠵᠢᠨ ᠪᠢᠴᠢᠭ ᠵᠶ᠋ᠡᠨ 2020 ᠣᠨ᠎ᠤ 12 ᠳ᠋ᠤᠭ᠋ᠠᠷ ᠰᠠᠷ᠎ᠠ ᠵᠢᠨ 25 ᠤ ᠡᠳᠦᠷ᠎ᠠᠴᠠ ᠡᠮᠦᠨ᠎ᠡ ᠲᠣᠭᠲᠠᠭᠰᠠᠨ ᠰᠢᠦᠳᠠᠨ᠎ᠤ ᠬᠠᠢ᠌ᠷᠴᠠᠭ᠎ᠲᠤ ᠢᠯᠡᠭᠡᠬᠦ ᠬᠡᠷᠡᠭᠲᠡᠶ᠂ ᠮᠠᠨ᠎ᠤ ᠲᠣᠪᠴᠢᠶ᠎ᠠ ᠲᠠᠨ᠎ᠤ ᠮᠠᠲ᠋ᠧᠷᠢᠶᠠᠯ᠎ᠤᠨ ᠪᠦᠷᠢᠨ ᠭᠦᠢᠴᠡᠳ ᠪᠠᠢ᠌ᠬᠤ ᠵᠢ ᠬᠢᠨᠠᠨ ᠬᠠᠷᠭᠤᠭᠤᠯᠤᠭᠰᠠᠨ᠎ᠤ ᠳᠠᠷᠠᠭ᠎ᠠ ᠠᠩᠬ᠎ᠠ ᠤᠳᠠᠭ᠎ᠠ ᠭᠥᠯᠢᠶᠡᠨ ᠠᠪᠤᠭᠴᠢ᠎ᠲᠠᠢ ᠬᠠᠷᠢᠯᠴᠠᠵᠤ ᠬᠡᠷᠡᠭᠯᠡᠭᠴᠢ ᠵᠢᠨ ᠨᠡᠷ᠎ᠡ ᠪᠠ ᠨᠢᠭᠤᠴᠠ ᠨᠤᠮᠸᠷ᠎ᠢ ᠣᠯᠭᠣᠨ᠎ᠠ᠃
ᠬᠣᠶᠠᠷ᠂ ᠬᠡᠷᠡᠭᠯᠡᠭᠴᠢ ᠵᠢᠨ ᠨᠡᠷ᠎ᠡ ᠪᠣᠯᠤᠨ ᠨᠢᠭᠤᠴᠠ ᠨᠤᠮᠸᠷ᠎ᠢ ᠰᠢᠨ᠎ᠡ᠎ᠪᠠᠷ ᠠᠪᠤᠭᠰᠠᠨ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠳ ᠰᠦᠯᠵᠢᠶᠡᠨ ᠳᠡᠭᠡᠷᠡᠬᠢ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶ᠎ᠡ — ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ) ᠬᠢᠷᠢ ᠬᠡᠮ᠎ᠤᠨ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢ ᠳᠠᠷᠤᠢ᠌ᠬᠠᠨ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ ᠳᠡᠭᠡᠷᠡᠬᠢ ᠮᠡᠳᠡᠭᠡ ᠵᠠᠩᠭᠢ ᠵᠢᠨ ᠬᠢᠨᠠᠨ ᠰᠢᠯᠭ᠋ᠠᠯᠲᠠ ᠵᠢ ᠥᠩᠭᠡᠷᠡᠭᠦᠯᠦᠭᠰᠡᠨ᠎ᠤ ᠳᠠᠷᠠᠭ᠎ᠠ᠂ ᠮᠠᠨᠵᠤᠤᠷ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠡᠮ ᠡᠮᠨᠡᠯᠭᠡ ᠵᠢᠨ ᠦᠨ᠎ᠡ ᠬᠠᠩᠰᠢ ᠬᠢᠭᠡᠳ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠰᠠᠯᠠᠭ᠎ᠠ᠎ᠳᠤ ᠳ᠋ᠢᠶᠠᠩᠬᠤᠸᠠ᠎ᠪᠠᠷ ᠮᠡᠳᠡᠭᠳᠡᠬᠦ ᠬᠡᠷᠡᠭᠲᠡᠶ᠂ ᠮᠠᠨ᠎ᠤ ᠰᠠᠯᠠᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠬᠢᠨᠠᠨ ᠰᠢᠯᠭ᠋ᠠᠭᠰᠠᠨ ᠦᠷ᠎ᠡ ᠳ᠋ᠦᠩ᠎ᠢ ᠦᠨᠳᠦᠰᠦᠯᠡᠨ ᠰᠢᠰᠲ᠋ᠧᠮ᠎ᠤᠨ ᠳᠣᠲᠣᠷ᠎ᠠ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠲᠣᠬᠢᠷᠠᠭᠤᠯᠤᠨ ᠬᠦᠷᠭᠡᠬᠦ ᠣᠷᠣᠨ ᠪᠦᠰᠡ ᠵᠢ ᠨᠡᠭᠡᠭᠡᠬᠦ ᠪᠣᠯᠤᠨ᠎ᠠ᠃
ᠭᠤᠷᠪᠠ᠂ ᠬᠢᠨᠠᠨ ᠬᠠᠷᠭᠤᠭᠤᠯᠵᠤ ᠵᠠᠷᠯᠠᠨ ᠨᠡᠢ᠌ᠳᠡᠯᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠢ᠌ᠯᠠᠯ ᠲᠤᠳᠤᠷᠠᠬᠢ ᠨᠢᠭᠡᠨᠳᠡ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠢᠯ᠎ᠢ ᠡᠭᠦᠷᠭᠡᠯᠡᠭᠰᠡᠨ (ᠬᠡᠷᠡᠭᠯᠡᠭᠴᠢ ᠵᠢᠨ ᠨᠡᠷ᠎ᠡ ᠪᠠ ᠨᠢᠭᠤᠴᠠ ᠨᠣᠮᠧᠷ᠎ᠢ ᠣᠯᠤᠭᠰᠠᠨ) ᠬᠣᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠢ᠌ᠯᠠᠯ᠎ᠨᠢ ᠬᠡᠷᠡᠭᠯᠡᠭᠴᠢ ᠵᠢᠨ ᠨᠡᠷ᠎ᠡ ᠪᠠ ᠨᠢᠭᠤᠴᠠ ᠨᠣᠮᠧᠷ᠎ᠢ ᠳᠠᠬᠢᠨᠲᠠ ᠠᠪᠬᠤ ᠴᠢᠬᠤᠯᠠ ᠥᠬᠡᠶ᠂ ᠮᠠᠨ᠎ᠤ ᠲᠣᠪᠴᠢᠶ᠎ᠠ ᠨᠢᠭᠡᠨᠲᠡ ᠲᠡᠭᠦᠨ᠎ᠤ ᠮᠠᠨᠵᠤᠤᠷ ᠣᠷᠣᠨ᠎ᠳᠠᠬᠢ ᠳᠣᠭᠢᠷᠠᠭᠤᠯᠤᠨ ᠬᠦᠷᠭᠡᠬᠦ ᠡᠷᠬᠡ ᠵᠢᠨ ᠬᠢᠵᠠᠭ᠋ᠠᠷ᠎ᠢ
ᠨᠡᠭᠡᠭᠡᠪᠡ᠃
ᠳᠥᠷᠪᠡ᠂ ᠲᠣᠬᠢᠷᠠᠭᠤᠯᠤᠨ ᠬᠦᠷᠭᠡᠬᠦ ᠣᠷᠣᠨ ᠪᠦᠰᠡ ᠵᠢ ᠨᠢᠭᠡᠨᠲᠡ ᠨᠡᠪᠲᠡᠷᠡᠭᠦᠯᠦᠭᠰᠡᠨ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮᠴᠢᠯᠡᠭᠡᠨ᠎ᠤ ᠬᠣᠷᠣᠭᠳᠠᠯ ᠮᠠᠲ᠋ᠧᠷᠢᠶᠠᠯ᠎ᠢ ᠢᠯᠡ᠎ᠪᠠᠷ ᠬᠤᠳᠠᠯᠳᠤᠨ ᠠᠪᠬᠤ ᠠᠵᠢᠯ᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ᠂ ᠦᠢ᠍ᠯᠡᠳᠪᠦᠷᠢᠯᠡᠯ᠎ᠤᠨ ᠠᠵᠤ ᠠᠬᠤᠢ᠌ᠯᠠᠯ᠎ᠯᠤᠭ᠎ᠠ ᠦᠢ᠍ᠯᠡᠳᠬᠦᠨ ᠲᠣᠬᠢᠷᠠᠭᠤᠯᠤᠨ ᠬᠦᠷᠭᠡᠬᠦ ᠬᠠᠷᠢᠴᠠᠭ᠎ᠠ ᠵᠢ ᠳᠠᠷᠤᠢ᠌ᠬᠠᠨ ᠲᠣᠭᠲᠠᠭ᠋ᠠᠵᠤ᠂ ᠲᠣᠬᠢᠷᠠᠭᠤᠯᠤᠨ ᠬᠦᠷᠭᠡᠬᠦ ᠵᠥᠪᠳᠡᠯᠴᠡᠬᠡᠷ ᠲᠤᠭᠳᠠᠭ᠋ᠠᠬᠤ ᠵᠢᠨ ᠬᠠᠮᠲᠤ ᠳᠡᠪᠰᠢᠭᠦᠯᠦᠨ ᠲᠤᠰᠢᠶᠠᠵᠤ᠂ ᠲᠣᠬᠢᠷᠠᠭᠤᠯᠤᠨ ᠬᠦᠷᠭᠡᠬᠦ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠢ ᠦᠷᠨᠢᠭᠦᠯᠦᠨ᠎ᠡ᠃
ᠲᠠᠪᠤ᠂ ᠬᠠᠷᠢᠯᠴᠠᠬᠤ ᠠᠷᠭ᠎ᠠ
ᠬᠠᠷᠢᠯᠴᠠᠬᠤ ᠬᠥᠮᠦᠨ᠄ ᠶᠠᠩ ᠺᠠᠶ
ᠬᠠᠷᠢᠯᠴᠠᠬᠤ ᠤᠲᠠᠰᠤ᠄ 0470 - 6258707
ᠰᠢᠦᠳᠠᠨ ᠬᠠᠢ᠌ᠷᠴᠠᠭ᠄ 13947011556 @ 163. com