ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠡᠮ ᠡᠮᠨᠡᠯᠭᠡ ᠵᠢᠨ ᠬᠤᠳᠠᠯᠳᠤᠨ ᠠᠪᠬᠤ ᠲᠦᠪ
[2021]69 ᠳ᠋ᠤᠭ᠋ᠠᠷ ᠲᠣᠭ᠋ᠠᠲᠤ
ᠡᠯ᠎ᠡ ᠬᠣᠯᠪᠣᠭᠳᠠᠯ ᠪᠦᠬᠦᠢ ᠠᠵᠤ ᠠᠬᠤᠢ᠌ᠯᠠᠯ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠢ ᠲᠥᠪᠯᠡᠷᠡᠭᠦᠯᠦᠨ ᠰᠦᠯᠵᠢᠶᠡᠨ᠎ᠳᠤ ᠬᠣᠯᠪᠣᠬᠤ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠦᠪ[2021]218 ᠳ᠋ᠤᠭ᠋ᠠᠷ ᠲᠣᠭ᠋ᠠᠲᠤ) ᠤᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ᠂ ᠪᠦᠯᠦᠭ ᠬᠤᠪᠢᠶᠠᠨ ᠢᠯᠡ ᠨᠡᠢ᠌ᠲᠡᠯᠡᠬᠦ ᠵᠠᠷᠴᠢᠮ᠎ᠤᠨ ᠶᠣᠰᠣᠭ᠋ᠠᠷ᠂ ᠡᠳᠦᠭᠡ ᠳᠥᠷᠪᠡᠳᠦᠭᠡᠷ ᠪᠦᠯᠦᠭ ᠡᠮ᠎ᠤᠨ ᠵᠦᠢ᠍ᠯ᠎ᠤᠨ ᠵᠠᠩᠭᠢ ᠵᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠢᠯᠡ ᠨᠡᠢ᠌ᠲᠡᠯᠡᠬᠦ ᠵᠢᠨ ᠬᠠᠮᠲᠤ ᠬᠠᠮᠢᠶ᠎ᠠ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠃
ᠨᠢᠭᠡ᠂ ᠨᠡᠢ᠌ᠲᠡᠯᠡᠬᠦ ᠠᠭᠤᠯᠭ᠎ᠠ
ᠳᠥᠷᠪᠡᠳᠦᠭᠡᠷ ᠪᠦᠯᠦᠭ ᠡᠮ᠎ᠤᠨ ᠵᠦᠢ᠍ᠯ᠎ᠤᠨ ᠵᠠᠩᠭᠢ ᠵᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠃
ᠬᠣᠶᠠᠷ᠂ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠯᠠᠪᠯᠠᠬᠤ
ᠡᠯ᠎ᠡ ᠭᠤᠶᠤᠴᠢᠯᠠᠨ ᠮᠡᠳᠡᠭᠦᠯᠬᠦ᠎ᠳᠤ ᠣᠷᠣᠯᠴᠠᠭᠰᠠᠨ ᠠᠵᠤ ᠠᠬᠤᠶ᠋ᠢᠯᠠᠯ᠎ᠤᠳ ᠬᠡᠷᠡᠭᠯᠡᠭᠴᠢ ᠵᠢᠨ ᠨᠡᠷ᠎ᠡ ᠪᠠ ᠨᠢᠭᠤᠴᠠ ᠨᠣᠮᠧᠷ ᠵᠶ᠋ᠡᠷ ᠵᠶ᠋ᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ》 — 《 ᠮᠠᠲᠸᠷᠢᠶᠠᠯ᠎ᠢ ᠬᠢᠨᠠᠨ ᠰᠢᠯᠭ᠋ᠠᠬᠤ ᠰᠢᠰᠲ᠋ᠧᠮ》 — 《ᠬᠢᠨᠠᠨ ᠬᠠᠷᠭᠤᠭᠤᠯᠤᠭᠰᠠᠨ ᠦᠷ᠎ᠡ ᠳ᠋ᠦ᠍ᠩᠢ ᠢᠯᠡ ᠨᠡᠶ᠋ᠢᠲᠡᠯᠡᠬᠦ ᠵᠢᠭᠰᠠᠭ᠋ᠠᠯᠲᠠ》 ᠳᠤ ᠣᠷᠣᠵᠤ ᠬᠠᠮᠢᠶ᠎ᠠ ᠪᠥᠬᠥᠶ ᠠᠵᠤ ᠠᠬᠤᠶ᠋ᠢᠯᠠᠯ ᠵᠢᠴᠢ ᠡᠮ᠎ᠤᠨ ᠵᠦᠢ᠍ᠯ᠎ᠤᠨ ᠮᠡᠳᠡᠭᠡ ᠵᠠᠩᠭᠢ ᠵᠢ ᠬᠢᠨᠠᠨ ᠬᠠᠷᠭᠤᠭᠤᠯᠤᠭᠰᠠᠨ ᠦᠷ᠎ᠡ ᠳ᠋ᠦ᠍ᠩᠢ ᠪᠠᠶ᠋ᠢᠴᠠᠭ᠋ᠠᠨ ᠦᠵᠡᠵᠦ ᠪᠣᠯᠣᠨ᠎ᠠ ᠃
ᠭᠤᠷᠪᠠ᠂ ᠢᠯᠡ ᠨᠡᠶ᠋ᠢᠲᠡᠯᠡᠬᠦ ᠴᠠᠭ
2021 ᠣᠨ᠎ᠤ4 ᠳ᠋ᠦ᠍ᠭᠡᠷ ᠰᠠᠷ᠎ᠠ ᠵᠢᠨ9᠎ᠠᠴᠠ15 ᠵᠢᠨ ᠡᠳᠦᠷ
ᠳᠥᠷᠪᠡ᠂ ᠪᠤᠰᠤᠳ ᠶᠠᠪᠤᠳᠠᠯ᠎ᠤᠳ
(ᠨᠢᠭᠡ) ᠡᠯ᠎ᠡ ᠬᠣᠯᠪᠣᠭᠳᠠᠯ ᠪᠦᠬᠦᠢ ᠠᠵᠤ ᠠᠬᠤᠶ᠋ᠢᠯᠠᠯ ᠬᠡᠷᠪᠡ ᠡᠮ᠎ᠤᠨ ᠵᠦᠢ᠍ᠯ ᠢ ᠬᠤᠳᠠᠯᠳᠤᠨ ᠠᠪᠬᠤ ᠠᠷᠭ᠎ᠠ ᠮᠠᠶᠢᠭ ᠪᠠ ᠬᠢᠵᠠᠭ᠋ᠠᠷᠯᠠᠭᠰᠠᠨ ᠦᠨ᠎ᠡ ᠵᠢ ᠬᠢᠨᠠᠨ ᠬᠠᠷᠭᠤᠭᠤᠯᠤᠭᠰᠠᠨ ᠦᠷ᠎ᠡ ᠳ᠋ᠦ᠍ᠩᠳᠤ ᠣᠨᠳᠣᠣ ᠰᠠᠨᠠᠯ᠎ᠲᠠᠢ ᠪᠠᠢ᠌ᠪᠠᠯ᠂《 ᠬᠡᠨ ᠵᠣᠷᠢᠪᠠᠯ ᠲᠡᠷᠡ ᠭᠡᠷᠡᠴᠢ ᠳᠤᠷᠠᠳᠬᠤ》 ᠵᠠᠷᠴᠢᠮ ᠤᠨ ᠶᠣᠰᠣᠭ᠋ᠠᠷ ᠦᠨᠡᠨ ᠪᠣᠳᠠᠲᠠᠶ ᠪᠥᠭᠡᠳ ᠬᠦᠴᠦᠨ᠎ᠲᠠᠢ᠂ ᠪᠦᠷᠢᠨ ᠭᠦᠢ᠍ᠴᠡᠳ ᠭᠡᠷᠡᠴᠢ ᠪᠠᠷᠢᠮᠲᠠ ᠬᠠᠩᠭ᠋ᠠᠬᠤ ᠮᠠᠲ᠋ᠧᠷᠢᠶᠠᠯ ᠢ ᠬᠠᠩᠭ᠋ᠠᠵᠤ᠂ ᠬᠤᠭᠤᠴᠠᠭ᠎ᠠ ᠬᠡᠲᠦᠷᠡᠭᠰᠡᠨ ᠪᠤᠶᠤ ᠲᠣᠭᠲᠠᠭ᠋ᠠᠯ ᠶᠣᠰᠣᠭ᠋ᠠᠷ ᠲᠤᠰᠢᠶᠠᠭᠰᠠᠨ ᠦᠭᠡᠢ ᠪᠠᠶ᠋ᠢᠪᠠᠯ ᠬᠦᠯᠢᠶᠠᠨ ᠠᠪᠴᠤ ᠰᠢᠢ᠍ᠳᠪᠦᠷᠢᠯᠡᠬᠦ ᠦᠬᠡᠢ᠎ᠪᠠᠷ ᠰᠢᠢ᠍ᠳᠪᠦᠷᠢᠯᠡᠨ᠎ᠡ᠃ ᠮᠡᠳᠡᠭᠦᠯᠬᠦ ᠬᠢᠷᠢ ᠬᠡᠮ᠎ᠤᠨ ᠮᠡᠳᠡᠭᠡ ᠵᠠᠩᠭᠢ᠎ᠨᠢ ᠪᠦᠷᠢᠨ ᠪᠤᠰᠤ ᠪᠠ ᠲᠤᠰᠢᠶᠠᠭᠰᠠᠨ ᠮᠠᠲ᠋ᠧᠷᠢᠶᠠᠯ᠎ᠨᠢ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ ᠵᠡᠷᠭᠡ ᠰᠢᠯᠲᠠᠭ᠋ᠠᠨ᠎ᠠᠴᠠ ᠪᠣᠯᠵᠣ ᠬᠢᠨᠠᠨ ᠬᠠᠷᠭᠤᠭᠤᠯᠤᠭ᠋ᠠᠳ ᠬᠢᠷᠢ ᠲᠡᠩᠴᠡᠭᠰᠡᠨ ᠥᠬᠡᠶ ᠪᠠᠶ᠋ᠢᠪᠠᠯ᠂ ᠲᠠᠷᠠᠭ᠋ᠠᠴᠢ ᠵᠢᠨ ᠤᠯᠠᠷᠢᠯ᠎ᠳᠤ ᠲᠥᠪᠯᠡᠷᠡᠭᠦᠯᠦᠨ ᠮᠡᠳᠡᠭᠦᠯᠬᠦ ᠦᠶ᠎ᠡ᠎ᠳᠤ᠂ ᠨᠥᠬᠥᠪᠥᠷᠢᠯᠡᠨ ᠲᠡᠭᠦᠯᠳᠡᠷᠵᠢᠭᠦᠯᠦᠭᠰᠡᠨ᠎ᠤ ᠳᠠᠷᠠᠭ᠎ᠠ ᠳᠠᠭᠢᠵᠤ ᠬᠢᠨᠠᠨ ᠬᠠᠷᠭᠤᠭᠤᠯᠬᠤ᠎ᠪᠠᠷ ᠲᠤᠰᠢᠶᠠᠵᠤ᠂ ᠭᠣᠮᠣᠳᠠᠯ ᠲᠣᠭ᠋ᠠᠴᠢᠭᠰᠠᠨ ᠮᠠᠲ᠋ᠧᠷᠢᠶᠠᠯ ᠵᠶ᠋ᠠᠨ ᠲᠤᠰᠢᠶᠠᠬᠤ ᠴᠢᠬᠤᠯᠠ ᠥᠬᠡᠶ᠃
(ᠬᠣᠶᠠᠷ) ᠠᠵᠤ ᠠᠬᠤᠢ᠌ᠯᠠᠯ᠎ᠤᠨ ᠨᠡᠬᠡᠮᠵᠢᠯᠡᠯ ᠭᠠᠷᠭ᠋ᠠᠬᠤ (ᠵᠠᠭ᠋ᠠᠯᠳᠤᠬᠤ) ᠵᠢᠨ ᠮᠠᠲ᠋ᠧᠷᠢᠶᠠᠯ᠎ᠳᠤ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ》 (ᠳᠠᠭ᠋ᠠᠯᠳᠤᠭᠤᠯᠤᠯ 1)᠂ 《ᠬᠠᠸᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠡᠷᠬᠡ ᠣᠯᠭᠣᠬᠤ ᠪᠢᠴᠢᠭ》 (ᠳᠠᠭ᠋ᠠᠯᠳᠤᠭᠤᠯᠤᠯ 2)᠂ 《ᠪᠠᠶ᠋ᠢᠳᠠᠯ᠎ᠤᠨ ᠲᠣᠳᠣᠷᠬᠠᠶ᠋ᠢᠯᠠᠯᠲᠠ》 ᠪᠣᠯᠤᠨ ᠬᠠᠮᠢᠶ᠎ᠠ ᠪᠥᠬᠥᠶ ᠲᠣᠳᠣᠷᠬᠠᠶ ᠪᠥᠭᠡᠳ ᠬᠦᠴᠦᠨ᠎ᠲᠠᠢ ᠭᠡᠷᠡᠴᠢᠯᠡᠬᠦ ᠮᠠᠲ᠋ᠧᠷᠢᠶᠠᠯ ᠪᠠᠭᠲᠠᠨ᠎ᠠ᠃ (ᠭᠤᠷᠪᠠ) ᠲᠤᠰᠢᠶᠠᠬᠤ ᠠᠷᠭ᠎ᠠ ᠮᠠᠶᠢᠭ᠄ ᠬᠠᠮᠢᠶ᠎ᠠ ᠪᠥᠬᠥᠶ ᠡᠮ᠎ᠤᠨ ᠵᠦᠢ᠍ᠯ᠎ᠤᠨ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠨᠢ 《ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ᠎ᠤᠨ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ ᠲᠤᠬᠠᠶ᠋ᠢᠯᠠᠭᠰᠠᠨ ᠠᠵᠢᠯ᠎ᠤᠨ ᠭᠥᠯᠢᠶᠡᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ᠎ᠲᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠦᠪ[2021]13 ᠳ᠋ᠤᠭ᠋ᠠᠷ ᠲᠣᠭ᠋ᠠᠲᠤ)᠎ᠤᠨ ᠲ᠋ᠣᠭᠲᠠᠭ᠋ᠠᠯ ᠶᠣᠰᠣᠭ᠋ᠠᠷ᠂ ᠨᠢᠭᠡᠴᠡ ᠵᠢᠨ ᠠᠯᠪᠠᠨ ᠲᠠᠮᠠᠭ᠎ᠠ ᠵᠢ ᠳᠠᠷᠤᠵᠤ ᠭᠤᠶᠤᠴᠢᠯᠠᠬᠤ (ᠥᠭᠬᠦ) ᠵᠠᠭ᠋ᠠᠯᠳᠤᠯᠭ᠎ᠠ ᠵᠢᠨ ᠮᠠᠲ᠋ᠧᠷᠢᠶᠠᠯ᠎ᠢ ᠵᠢᠭ᠋ᠠᠨ ᠲᠣᠭᠲᠠᠭ᠋ᠠᠭᠰᠠᠨ ᠰᠢᠸᠳᠠᠨᠤ ᠬᠠᠶ᠋ᠢᠷᠴᠠᠭ ᠢᠮᠧᠯ (nmgyczxywsl@163.com)᠎ᠲᠤ ᠬᠦᠷᠭᠡᠨ᠎ᠡ᠃
(ᠳᠥᠷᠪᠡ)ᠪᠦᠯᠦᠭ ᠪᠦᠷᠢ ᠵᠢᠨ ᠢᠯᠡ ᠨᠡᠶ᠋ᠢᠲᠡᠯᠡᠬᠦ ᠬᠤᠭᠤᠴᠠᠭ᠋ᠠᠨ᠎ᠳᠤ ᠭᠥᠯᠢᠶᠡᠨ ᠠᠪᠤᠭᠰᠠᠨ ᠨᠡᠬᠡᠮᠵᠢᠯᠡᠯ (ᠵᠠᠭ᠋ᠠᠯᠳᠤᠬᠤ)᠎ᠤᠨ ᠵᠠᠭ᠋ᠠᠯᠳᠤᠯᠭ᠎ᠠ ᠵᠢ ᠲᠥᠪᠯᠡᠷᠡᠭᠦᠯᠦᠨ ᠰᠢᠢ᠍ᠳᠪᠦᠷᠢᠯᠡᠵᠦ᠂ ᠲᠤᠬᠠᠶ ᠵᠢᠨ ᠴᠠᠭᠲᠤᠨᠢ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶ᠎ᠡ᠎ᠪᠠᠷ ᠳᠡᠮᠵᠢᠨ ᠦᠷ᠎ᠡ ᠳ᠋ᠦ᠍ᠩᠢ ᠨᠢᠭᠡᠳᠦᠯᠲᠡᠶ ᠨᠡᠶ᠋ᠢᠲᠡᠯᠡᠨ᠎ᠡ᠃
ᠲᠠᠪᠤ᠂ ᠬᠠᠷᠢᠯᠴᠠᠬᠤ ᠠᠷᠭ᠎ᠠ ᠮᠠᠶᠢᠭ
0471—4919735 (ᠮᠠᠲ᠋ᠧᠷᠢᠶᠠᠯ᠎ᠢ ᠬᠦᠯᠢᠶᠡᠨ ᠠᠪᠴᠤ ᠰᠢᠢ᠍ᠳᠪᠦᠷᠢᠯᠡᠬᠦ)
0471—4930630 (ᠲᠤᠬᠠᠶ᠋ᠢᠯᠠᠭᠰᠠᠨ ᠠᠵᠢᠯ᠎ᠤᠨ ᠯᠠᠪᠯᠠᠯᠭ᠎ᠠ)
ᠳᠠᠭ᠋ᠠᠯᠳᠤᠭᠤᠯᠤᠯ ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ》
《ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠡᠷᠬᠡ ᠣᠯᠭᠣᠬᠤ ᠪᠢᠴᠢᠭ》
《 ᠡᠮ ᠡᠮᠨᠡᠯᠭᠡ ᠵᠢᠨ ᠠᠵᠤ ᠠᠬᠤᠶ᠋ᠢᠯᠠᠯ᠎ᠤᠨ ᠦᠨ᠎ᠡ ᠬᠠᠩᠰᠢ ᠪᠠ ᠡᠵᠡᠩᠨᠡᠨ ᠪᠣᠷᠣᠯᠠᠭᠤᠯᠬᠤ ᠠᠵᠢᠯᠯᠠᠭ᠎ᠠ ᠵᠢᠨ ᠢᠲᠡᠭᠡᠮᠵᠢ ᠵᠢᠨ ᠠᠮᠠᠯᠠᠯᠲᠠ ᠵᠢᠨ ᠪᠢᠴᠢᠭ 》
(ᠳᠠᠭ᠋ᠠᠯᠳᠤᠭᠤᠯᠤᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠬᠢᠲᠠᠳ ᠰᠦᠯᠵᠢᠶᠡᠨ᠎ᠠᠴᠠ ᠪᠠᠭᠤᠯᠭ᠋ᠠᠵᠤ ᠪᠣᠯᠣᠨ᠎ᠠhttp://ylbzj.nmg.gov.cn/xwzx/msdt/202104/t20210409_1373060.html)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠡᠮ ᠡᠮᠨᠡᠯᠭᠡ ᠵᠢᠨ ᠬᠤᠳᠠᠯᠳᠤᠨ ᠠᠪᠬᠤ ᠲᠦᠪ
2021 ᠣᠨ᠎ᠤ 4 ᠰᠠᠷ᠎ᠠ ᠵᠢᠨ 9᠎ᠤ ᠡᠳᠦᠷ