ᠡᠯ᠎ᠡ ᠬᠠᠮᠢᠶ᠎ᠠ ᠪᠥᠬᠥᠶ ᠨᠢᠭᠡᠴᠡ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠳᠤ ᠬᠣᠯᠪᠣᠭᠰᠠᠨ ᠡᠮ᠎ᠤᠨ ᠵᠦᠢ᠍ᠯ᠎ᠤᠨ ᠪᠠᠢ᠌ᠳᠠᠯ᠎ᠳᠤ ᠲᠣᠬᠢᠷᠠᠭᠤᠯᠤᠯᠲᠠ ᠬᠢᠬᠦ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ ᠮᠠᠨ᠎ᠤ ᠲᠥᠪ 2021 ᠣᠨ᠎ᠤ 2 ᠳ᠋ᠤᠭ᠋ᠠᠷ ᠰᠠᠷ᠎ᠠ ᠵᠢᠨ 10᠎ᠤ ᠡᠳᠦᠷ᠎ᠠᠴᠠ 2021 ᠣᠨ᠎ᠤ 3 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯᠠᠬᠢ ᠬᠤᠭᠤᠴᠠᠭ᠋ᠠᠨ᠎ᠳᠤ 2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠢ ᠲᠥᠪᠯᠡᠷᠡᠭᠦᠯᠦᠨ ᠰᠦᠯᠵᠢᠶᠡᠨ᠎ᠳᠤ ᠬᠣᠯᠪᠣᠨ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠭᠤᠷᠪᠠ ᠤᠳᠠᠭ᠎ᠠ ᠵᠠᠷᠯᠠᠨ ᠨᠡᠶ᠋ᠢᠲᠡᠯᠡᠪᠡ᠂ ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠤ ᠬᠡᠰᠡᠭ ᠵᠠᠭ᠋ᠠᠯᠳᠤᠯᠭ᠎ᠠ ᠵᠢᠨ ᠮᠠᠲ᠋ᠧᠷᠢᠶᠠᠯ᠎ᠢ ᠭᠥᠯᠢᠶᠡᠨ ᠠᠪᠤᠭᠰᠠᠨ ᠪᠣᠯᠬᠣᠷ᠂ ᠬᠣᠯᠪᠣᠭᠳᠠᠯ ᠪᠥᠬᠥᠶ ᠵᠠᠭ᠋ᠠᠯᠳᠤᠭᠳᠠᠭᠰᠠᠨ ᠠᠵᠤ ᠠᠬᠤᠶ᠋ᠢᠯᠠᠯ ᠡᠷᠬᠡᠪᠰᠢ ᠵᠠᠭ᠋ᠠᠯᠳᠤᠯᠭ᠎ᠠ ᠵᠢᠨ ᠵᠦᠶᠯᠡᠰ ᠵᠶ᠋ᠠᠨ ᠲᠣᠳᠣᠷᠬᠠᠶ᠋ᠢᠯᠠᠬᠤ ᠬᠡᠷᠡᠭᠲᠡᠶ᠂ ᠡᠳᠦᠭᠡ ᠬᠣᠯᠪᠣᠭᠳᠠᠯ ᠪᠥᠬᠥᠶ ᠤᠴᠢᠷ᠎ᠢ ᠳᠣᠤᠷᠠᠬᠢ ᠮᠡᠲᠦ ᠮᠡᠳᠡᠭᠳᠡᠶ᠎ᠡ᠃
ᠨᠢᠭᠡ᠂ ᠲᠣᠳᠣᠷᠬᠠᠢ᠌ᠯᠠᠬᠤ ᠴᠠᠭ
2021 ᠣᠨ᠎ᠤ4 ᠳ᠋ᠦ᠍ᠭᠡᠷ ᠰᠠᠷ᠎ᠠ ᠵᠢᠨ8᠎ᠠᠴᠠ14᠎ᠤ ᠡᠳᠦᠷ
ᠬᠣᠶᠠᠷ᠂ ᠲᠣᠳᠣᠷᠬᠠᠢ᠌ᠯᠠᠬᠤ ᠤᠴᠢᠷ ᠶᠠᠪᠤᠳᠠᠯ
(ᠨᠢᠭᠡ) ᠠᠵᠤ ᠠᠬᠤᠶ᠋ᠢᠯᠠᠯ ᠬᠡᠷᠪᠡ ᠵᠠᠭ᠋ᠠᠯᠳᠤᠯᠭ᠎ᠠ ᠵᠢᠨ ᠠᠭᠤᠯᠭ᠎ᠠ᠎ᠳᠤ ᠣᠨᠳᠣᠣ ᠰᠠᠨᠠᠯ᠎ᠲᠠᠢ ᠪᠠᠶ᠋ᠢᠪᠠᠯ᠂ 《ᠬᠡᠨ ᠵᠣᠷᠢᠪᠠᠯ ᠬᠡᠨ ᠬᠡᠷᠡᠴᠢ ᠳᠤᠷᠠᠳᠬᠤ》 ᠵᠠᠷᠴᠢᠮ ᠶᠣᠰᠣᠭ᠋ᠠᠷ᠂ ᠡᠷᠬᠡᠪᠰᠢ ᠲᠣᠭᠲᠠᠭᠰᠠᠨ ᠴᠠᠭ᠎ᠤᠨ ᠳᠣᠲᠣᠷ᠎ᠠ ᠦᠨᠡᠨ ᠪᠣᠳᠠᠲᠠᠶ ᠪᠥᠭᠡᠳ ᠬᠦᠴᠦᠨ᠎ᠲᠠᠢ᠂ ᠪᠦᠷᠢᠨ ᠭᠦᠢ᠍ᠴᠡᠳ ᠬᠡᠷᠡᠴᠢ ᠪᠠᠷᠢᠮᠲᠠ ᠪᠠ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ; ᠡᠮ᠎ᠤᠨ ᠵᠦᠢ᠍ᠯ᠎ᠤᠨ ᠬᠤᠷᠢᠶᠠᠩᠭᠤᠶ᠋ᠢᠯᠠᠭᠰᠠᠨ ᠬᠦᠰᠦᠨᠦᠭᠲᠦ᠎ᠳᠤ ᠪᠥᠬᠥ ᠤᠯᠤᠰ᠎ᠤᠨ ᠬᠠᠮᠤᠭ᠎ᠤᠨ ᠳᠣᠤᠷ᠎ᠠ ᠦᠨ᠎ᠡ ᠬᠠᠩᠰᠢ᠂ ᠬᠡᠷᠡᠭᠵᠢᠭᠦᠯᠬᠦ ᠮᠤᠵᠢ ᠣᠷᠣᠨ ᠵᠢᠴᠢ ᠴᠠᠭ᠎ᠢ ᠲᠣᠳᠣᠷᠬᠠᠶ ᠲᠠᠭᠯᠠᠨ ᠪᠢᠴᠢᠬᠦ ᠵᠢᠨ ᠬᠠᠮᠲᠤ ᠵᠠᠭ᠋ᠠᠯᠳᠤᠭᠰᠠᠨ ᠵᠦᠢ᠍ᠯᠡᠰ᠎ᠢ ᠥᠯᠥ ᠵᠥᠪᠰᠢᠶᠡᠷᠡᠬᠦ ᠤᠴᠢᠷ ᠰᠢᠯᠲᠠᠭ᠋ᠠᠨ ᠵᠶ᠋ᠠᠨ ᠲᠣᠳᠣᠷᠬᠠᠶ᠋ᠢᠯᠠᠵᠤ᠂ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠵᠢ ᠬᠠᠭᠤᠳᠠᠰᠤ ᠳᠠᠷᠠᠭ᠋ᠠᠯᠠᠨ ᠳᠠᠷᠤᠭᠰᠠᠨ ᠢᠯᠭ᠋ᠠᠷᠠᠭᠤᠯᠤᠨ ᠢᠯᠭ᠋ᠠᠷᠠᠭᠤᠯᠬᠤ ᠮᠠᠲ᠋ᠧᠷᠢᠶᠠᠯ (PDF ᠬᠡᠪᠯᠡᠯ)᠎ᠢ ᠵᠢᠭ᠋ᠠᠨ ᠲᠣᠭᠲᠠᠭ᠋ᠠᠭᠰᠠᠨ ᠢᠮᠧᠯ (nmgyczxywsl@163.com) ᠳᠤ ᠶᠠᠪᠤᠭᠤᠯᠵᠤ᠂ ᠬᠤᠭᠤᠴᠠᠭ᠎ᠠ ᠬᠡᠲᠦᠷᠡᠭᠰᠡᠨ ᠪᠤᠶᠤ ᠲᠣᠭᠲᠠᠭ᠋ᠠᠯ ᠶᠣᠰᠣᠭ᠋ᠠᠷ ᠮᠠᠲ᠋ᠧᠷᠢᠶᠠᠯ ᠵᠶ᠋ᠠᠨ ᠲᠤᠰᠢᠶᠠᠬᠤ ᠥᠬᠡᠶ ᠪᠣᠯ ᠭᠥᠯᠢᠶᠡᠨ ᠠᠪᠴᠤ ᠰᠢᠢ᠍ᠳᠪᠦᠷᠢᠯᠡᠬᠦ ᠥᠬᠡᠶ᠃
(ᠬᠣᠶᠠᠷ) ᠲᠤᠰᠢᠶᠠᠬᠤ ᠮᠠᠲ᠋ᠧᠷᠢᠶᠠᠯ᠎ᠳᠤ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠡᠷᠬᠡ ᠣᠯᠭᠣᠭᠰᠠᠨ ᠪᠢᠴᠢᠭ᠂ ᠡᠮ᠎ᠤᠨ ᠵᠦᠢ᠍ᠯ᠎ᠤᠨ ᠬᠤᠷᠢᠶᠠᠩᠭᠤᠶ᠋ᠢᠯᠠᠭᠰᠠᠨ ᠬᠦᠰᠦᠨᠦᠭᠲᠦ᠂ ᠲᠣᠳᠣᠷᠬᠠᠶ᠋ᠢᠯᠠᠭᠰᠠᠨ ᠲᠣᠳᠣᠷᠬᠠᠶ᠋ᠢᠯᠠᠯᠲᠠ ᠪᠠ ᠬᠠᠮᠢᠶ᠎ᠠ ᠪᠥᠬᠥᠶ ᠭᠡᠷᠡᠴᠢ ᠮᠠᠲ᠋ᠧᠷᠢᠶᠠᠯ ᠪᠠᠭᠲᠠᠨ᠎ᠠ᠃
(ᠭᠤᠷᠪᠠ) ᠭᠥᠯᠢᠶᠡᠨ ᠠᠪᠴᠤ ᠰᠢᠢ᠍ᠳᠪᠦᠷᠢᠯᠡᠬᠦ ᠴᠠᠭ᠄
2021 ᠣᠨ᠎ᠤ 4 ᠳ᠋ᠦ᠍ᠭᠡᠷ ᠰᠠᠷ᠎ᠠ ᠵᠢᠨ 8᠎ᠤ ᠡᠳᠦᠷ᠎ᠠᠴᠠ 4 ᠳ᠋ᠦ᠍ᠭᠡᠷ ᠰᠠᠷ᠎ᠠ ᠵᠢᠨ 14᠎ᠤ ᠡᠳᠦᠷ
ᠬᠠᠷᠢᠯᠴᠠᠬᠤ ᠤᠲᠠᠰᠤ᠄ 0471-4919735 (ᠮᠠᠲ᠋ᠧᠷᠢᠶᠠᠯ ᠭᠥᠯᠢᠶᠡᠨ ᠠᠪᠴᠤ ᠰᠢᠢ᠍ᠳᠪᠦᠷᠢᠯᠡᠬᠦ)
ᠲᠤᠬᠠᠶ᠋ᠢᠯᠠᠭᠰᠠᠨ ᠠᠵᠢᠯ᠎ᠤᠨ ᠤᠲᠠᠰᠤ᠄ 0471-4930630
ᠳᠠᠭ᠋ᠠᠯᠳᠤᠭᠤᠯᠤᠯ᠄
1.2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠢ ᠲᠥᠪᠯᠡᠷᠡᠭᠦᠯᠦᠨ ᠰᠦᠯᠵᠢᠶᠡᠨ᠎ᠳᠤ ᠬᠣᠯᠪᠣᠬᠤ ᠵᠠᠭ᠋ᠠᠯᠳᠤᠯᠭ᠎ᠠ ᠵᠢᠨ ᠬᠦᠰᠦᠨᠦᠭᠲᠦ
2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠤᠨ ᠬ᠋ᠦᠰᠦᠨᠦᠭᠲᠦ
3. ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠡᠷᠬᠡ ᠣᠯᠭᠣᠬᠤ ᠪᠢᠴᠢᠭ (ᠳᠠᠭ᠋ᠠᠯᠳᠤᠭᠤᠯᠤᠯ ᠮᠠᠲ᠋ᠧᠷᠢᠶᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠬᠢᠲᠠᠳ ᠰᠦᠯᠵᠢᠶᠡᠨ᠎ᠠᠴᠠ ᠪᠠᠭᠤᠯᠭ᠋ᠠᠵᠤ ᠪᠣᠯᠣᠨ᠎ᠠ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠦᠪ
2021 ᠣᠨ᠎ᠤ4 ᠳ᠋ᠦ᠍ᠭᠡᠷ ᠰᠠᠷ᠎ᠠ ᠵᠢᠨ8᠎ᠤ ᠡᠳᠦᠷ