ᠪᠦᠬᠦ ᠠᠶ᠋ᠢᠮᠠᠭ᠎ᠤᠨ ᠰᠢᠨ᠎ᠡ ᠲᠢᠳᠢᠮᠯᠢᠭ ᠠᠭᠤᠰᠬᠢᠨ ᠡᠪᠡᠳᠴᠢᠨ᠎ᠤ ᠸᠠᠺᠼᠢᠨ ᠵᠢᠴᠢ ᠲᠠᠷᠢᠯᠭ᠎ᠠ ᠵᠢᠨ ᠵᠠᠷᠤᠳᠠᠯ᠎ᠤᠨ ᠪᠠᠲᠤᠯᠠᠭ᠎ᠠ ᠵᠢᠨ ᠠᠵᠢᠯ᠎ᠢ ᠦᠨᠡᠨᠬᠦ ᠰᠠᠶ᠋ᠢᠲᠤᠷ ᠬᠢᠬᠦ ᠵᠢᠨ ᠲᠥᠯᠥᠭᠡ᠂ ᠠᠯᠠᠱ᠌ᠠ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠸᠢᠷᠦ᠋ᠰ᠎ᠤᠨ ᠸᠠᠺᠼᠢᠨ ᠵᠢᠴᠢ ᠲᠠᠷᠢᠯᠭ᠎ᠠ ᠵᠢᠨ ᠵᠠᠷᠤᠳᠠᠯ᠎ᠢ ᠪᠠᠲᠤᠯᠠᠬᠤ ᠠᠵᠢᠯ᠎ᠤᠨ ᠬᠡᠷᠡᠭᠵᠢᠭᠦᠯᠬᠦ ᠲᠥᠰᠦᠯ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠸᠢᠷᠦ᠋ᠰ᠎ᠤᠨ ᠸᠠᠺᠼᠢᠨ ᠵᠢᠴᠢ ᠲᠠᠷᠢᠯᠭ᠎ᠠ ᠵᠢᠨ ᠵᠠᠷᠤᠳᠠᠯ᠎ᠢ ᠳ᠋ᠦᠩᠨᠡᠨ ᠪᠤᠳᠤᠬᠤ ᠬᠠᠮᠢᠶᠠᠷᠤᠯᠲᠠ ᠵᠢᠨ ᠠᠷᠭ᠎ᠠ》 ᠵᠢᠴᠢ ᠠᠶ᠋ᠢᠮᠠᠭ᠎ᠤᠨ ᠨᠠᠮ᠎ᠤᠨ ᠬᠣᠷᠢᠶ᠎ᠠ᠂ ᠠᠢ᠌ᠮᠠᠭ᠎ᠤᠨ ᠵᠠᠬᠢᠷᠭ᠎ᠠ ᠵᠢᠨ ᠶᠣᠰᠣᠭ᠋ᠠᠷ ᠨᠢᠭᠡᠳᠦᠯᠲᠡᠶ ᠳᠣᠭᠢᠷᠠᠭᠤᠯᠤᠨ ᠪᠠᠶ᠋ᠢᠷᠢᠯᠠᠭᠤᠯᠵᠤ᠂ ᠡᠳ᠋᠎ᠤᠨ ᠵᠠᠰᠠᠭ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ ᠵᠢᠴᠢ ᠲᠠᠷᠢᠯᠭ᠎ᠠ ᠵᠢᠨ ᠵᠠᠷᠤᠳᠠᠯ᠎ᠤᠨ ᠪᠠᠲᠤᠯᠠᠭ᠎ᠠ ᠵᠢᠨ ᠵᠣᠬᠢᠴᠠᠭᠤᠯᠬᠤ ᠲᠣᠭᠲᠠᠴᠠ ᠵᠢᠨ ᠳᠤᠭᠤᠶ᠋ᠢᠯᠠᠩ᠎ᠢ ᠪᠠᠶ᠋ᠢᠭᠤᠯᠵᠤ᠂ ᠡᠭᠦᠷᠭᠡ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠨ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠠᠵᠢᠯ᠎ᠤᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠵᠦ᠂ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ ᠵᠢᠴᠢ ᠲᠠᠷᠢᠯᠭ᠎ᠠ ᠵᠢᠨ ᠵᠠᠷᠤᠳᠠᠯ᠎ᠤᠨ ᠪᠠᠲᠤᠯᠠᠭ᠎ᠠ ᠵᠢᠨ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠵᠢᠷᠤᠮᠵᠢᠭᠤᠯᠤᠨ᠂ ᠴᠠᠭ ᠲᠤᠬᠠᠶ᠎ᠳᠤᠨᠢ ᠪᠦᠲᠦᠮᠵᠢᠲᠡᠶ ᠪᠠᠶ᠋ᠢᠯᠭ᠋ᠠᠵᠤ᠂ ᠬᠠᠮᠢᠶᠠᠷᠤᠯᠲᠠ ᠵᠢ ᠪᠤᠳᠠᠳᠠᠢ᠌ᠵᠢᠭᠤᠯᠪᠠ᠃
ᠣᠲᠣ ᠪᠣᠯᠲᠠᠯ᠎ᠠ᠂ ᠠᠯᠠᠱ᠌ᠠ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠨᠢᠭᠡᠳᠦᠭᠡᠷ ᠪᠦᠯᠦᠭ᠎ᠤᠨ ᠪᠥᠬᠥ ᠠᠶ᠋ᠢᠮᠠᠭ᠎ᠤᠨ ᠰᠢᠨ᠎ᠡ ᠸᠢᠷᠦ᠋ᠰ᠎ᠤᠨ ᠸᠠᠺᠼᠢᠨ᠎ᠤ ᠵᠠᠷᠤᠳᠠᠯ᠎ᠤᠨ ᠲᠥᠰᠦᠪ᠎ᠤᠨ 1030 ᠲᠦᠮᠡᠨ ᠲᠥᠭᠥᠷᠢᠭ᠎ᠤᠨ ᠲᠤᠰᠬᠠᠶ ᠪᠠᠯᠠ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠪᠠᠲᠤᠯᠠᠭ᠎ᠠ ᠵᠢᠨ ᠰᠠᠭᠤᠷᠢ ᠮᠥᠩᠭᠥᠨ᠎ᠤ ᠡᠳ᠋᠎ᠤᠨ ᠵᠠᠰᠠᠭ᠎ᠤᠨ ᠲᠤᠰᠬᠠᠶ ᠲᠠᠩᠰᠠᠨ ᠡᠷᠦᠬᠡ᠎ᠳᠤ ᠴᠠᠭ ᠲᠤᠬᠠᠶ᠎ᠳᠤᠨᠢ ᠲᠤᠰᠢᠶᠠᠵᠤ᠂ ᠪᠠᠯᠠ ᠮᠥᠩᠭᠥ ᠵᠢᠨ ᠠᠰᠠᠭᠤᠳᠠᠯ᠎ᠠᠴᠠ ᠪᠣᠯᠵᠣ ᠰᠢᠨ᠎ᠡ ᠸᠢᠷᠦ᠋ᠰ᠎ᠤᠨ ᠸᠠᠺᠼᠢᠨ᠎ᠢ ᠬᠤᠳᠠᠯᠳᠤᠨ ᠠᠪᠬᠤ ᠵᠢ ᠨᠥᠯᠥᠭᠡᠯᠡᠬᠦ ᠥᠬᠡᠶ ᠪᠠᠶ᠋ᠢᠬᠤ ᠵᠢ ᠦᠨᠡᠨ ᠬᠦ᠌ ᠪᠠᠲᠤᠯᠠᠵᠤ᠂ 《ᠵᠣᠭᠣᠰ᠎ᠨᠢ ᠸᠠᠺᠼᠢᠨ᠎ᠢ ᠬᠦᠯᠢᠶᠡᠬᠦ》 ᠵᠢ ᠦᠨᠡᠨ ᠬᠦ᠌ ᠪᠡᠶᠡᠯᠡᠭᠦᠯᠦᠭᠰᠡᠨ ᠪᠠᠶ᠋ᠢᠨ᠎ᠠ᠃ ᠡᠭᠦᠨ᠎ᠤ ᠬᠠᠮᠲᠤ᠂ ᠠᠯᠠᠱ᠌ᠠ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠸᠠᠺᠼᠢᠨ᠎ᠤ ᠲᠠᠷᠢᠯᠭ᠎ᠠ ᠵᠢᠨ ᠨᠢᠭᠡᠴᠢ᠎ᠳᠤ ᠡᠮᠦᠨᠡᠬᠢ ᠬᠤᠭᠤᠴᠠᠭ᠋ᠠᠨ᠎ᠤ ᠲᠠᠷᠢᠯᠭ᠎ᠠ ᠵᠢᠨ ᠵᠠᠷᠤᠳᠠᠯ ᠨᠡᠶ᠋ᠢᠲᠡ 4555 ᠲᠥᠭᠥᠷᠢᠭ ᠰᠠᠯᠭ᠋ᠠᠨ ᠥᠭᠴᠦ᠂ ᠵᠠᠷᠤᠳᠠᠯ᠎ᠢ ᠳ᠋ᠦᠩᠨᠡᠨ ᠪᠤᠳᠤᠬᠤ ᠥᠬᠡᠶ᠂ ᠪᠠᠭᠤᠯᠭ᠋ᠠᠬᠤ ᠦᠭᠡᠢ᠎ᠠᠴᠠ ᠰᠢᠨ᠎ᠡ ᠲᠢᠳᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠵᠢᠨ ᠠᠵᠢᠯ᠎ᠤᠨ ᠠᠬᠢᠴᠠ ᠵᠢ ᠨᠥᠯᠥᠭᠡᠯᠡᠬᠦ ᠥᠬᠡᠶ ᠪᠠᠶ᠋ᠢᠬᠤ ᠵᠢ ᠦᠨᠡᠨ ᠬᠦ᠌ ᠪᠠᠲᠤᠯᠠᠪᠠ᠃