《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠦᠨ᠂ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠠᠬᠢᠭᠤᠯᠬᠤ ᠵᠢᠨ ᠲᠤᠰᠠᠳᠠ᠂ ᠪᠠᠶᠠᠨᠨᠠᠭᠤᠷ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠣᠯᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠤ᠂ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠶᠴᠡᠳᠬᠡᠬᠦ ᠦᠢ᠍ᠯᠡᠴᠢᠯᠡᠭᠡᠨ᠎ᠤ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ 《ᠰᠡᠳᠬᠢᠯ ᠳᠤᠯᠠᠭ᠋ᠠᠴᠠᠭᠤᠯᠬᠤ ᠡᠮᠴᠢᠯᠡᠭᠡᠨ᠎ᠤ ᠳᠠᠭ᠋ᠠᠳᠬᠠᠯ》᠎ᠤᠨ ᠦᠢ᠍ᠯᠡᠴᠢᠯᠡᠭᠡᠨ᠎ᠤ ᠨᠠᠷᠠᠲᠤ ᠲᠡᠮᠳᠡᠭᠲᠦ ᠵᠢ ᠪᠣᠶ ᠪᠣᠯᠭ᠋ᠠᠪᠠ᠃
ᠨᠢᠭᠡ᠂ ᠭᠠᠷᠲᠠᠨ ᠭᠦᠢ᠍ᠴᠡᠳᠬᠡᠬᠦ ᠴᠤᠪᠤᠷᠠᠯ᠎ᠢ ᠳᠥᠭᠥᠮᠴᠢᠯᠡᠵᠦ᠂ ᠭᠠᠷᠲᠠᠨ ᠭᠦᠢ᠍ᠴᠡᠳᠬᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠪᠡ
ᠨᠢᠭᠡ᠎ᠳᠤ᠂ ᠤᠳᠠᠭ᠋ᠠᠨ ᠴᠢᠨᠠᠷᠲᠠᠶ ᠡᠪᠡᠳᠴᠢᠨ᠎ᠢ ᠮᠡᠳᠡᠭᠦᠯᠬᠦ ᠶᠠᠪᠤᠴᠠ ᠵᠢ ᠳᠥᠭᠥᠮᠴᠢᠯᠡᠵᠦ᠂ ᠬᠣᠲᠠ ᠵᠢᠨ ᠰᠢᠭᠤᠳ ᠬᠠᠷᠢᠶ᠎ᠠ ᠠᠵᠢᠯᠲᠠᠨ ᠠᠵᠢᠯᠴᠢᠨ᠎ᠤ ᠤᠳᠠᠭ᠋ᠠᠨ ᠴᠢᠨᠠᠷᠲᠠᠶ ᠡᠪᠡᠳᠴᠢᠨ᠎ᠢ ᠮᠡᠳᠡᠭᠦᠯᠬᠦ᠎ᠳᠤ 《ᠲᠤᠬᠠᠶ ᠵᠢᠨ ᠭᠠᠵᠠᠷ᠎ᠲᠤᠨᠢ ᠭᠦᠢ᠍ᠴᠡᠳᠬᠡᠬᠦ》 《ᠴᠠᠭ ᠬᠢᠵᠠᠭ᠋ᠠᠷᠯᠠᠨ ᠭᠦᠢ᠍ᠴᠡᠳᠬᠡᠬᠦ》 ᠵᠢ ᠬᠡᠷᠡᠭᠵᠢᠭᠦᠯᠵᠦ᠂ ᠬᠣᠤᠷᠲᠤ ᠬᠠᠪᠤᠳᠠᠷ ᠣᠯᠤᠭᠰᠠᠨ᠂ ᠰᠡᠭᠦᠯᠴᠢ ᠵᠢᠨ ᠬᠤᠭᠤᠴᠠᠭ᠋ᠠᠨ᠎ᠤ ᠪᠥᠭᠡᠷᠡᠨ ᠡᠪᠡᠳᠴᠢᠨ᠎ᠤ ᠴᠢᠰᠤ ᠵᠢ ᠨᠡᠪᠴᠢᠭᠦᠯᠦᠨ ᠢᠯᠭ᠋ᠠᠷᠠᠭᠤᠯᠬᠤ᠂ ᠡᠯᠢᠭᠡ ᠪᠥᠭᠡᠷ᠎ᠡ ᠵᠢ ᠰᠢᠯᠵᠢᠭᠦᠯᠦᠨ ᠤᠷᠭᠤᠭᠤᠯᠬᠤ ᠮᠡᠰᠡ ᠵᠠᠰᠠᠯ᠎ᠤᠨ ᠳᠠᠷᠠᠭ᠋ᠠᠬᠢ ᠣᠨᠳᠣᠣᠰᠢᠭᠤᠯᠬᠤ ᠵᠢ ᠡᠰᠡᠷᠭᠦᠴᠡᠬᠦ ᠡᠮᠴᠢᠯᠡᠭᠡ᠂ ᠴᠢᠰᠤᠨ ᠰᠤᠳᠠᠯ᠎ᠤᠨ ᠲᠤᠯᠬᠤ ᠮᠡᠰᠡ ᠵᠠᠰᠠᠯ᠎ᠤᠨ ᠳᠠᠷᠠᠭ᠋ᠠᠬᠢ ᠬᠣᠲᠠ ᠵᠢᠨ ᠰᠢᠭᠤᠳ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ ᠮᠡᠳᠡᠭᠦᠯᠬᠦ ᠮᠠᠲ᠋ᠧᠷᠢᠶᠠᠯ ᠵᠶ᠋ᠠᠨ ᠠᠪᠴᠤ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠴᠣᠩᠬᠤᠪᠴᠢ᠎ᠳᠤ ᠬᠦᠷᠴᠦ ᠲᠤᠬᠠᠶ ᠵᠢᠨ ᠭᠠᠵᠠᠷ᠎ᠲᠤᠨᠢ ᠭᠦᠢ᠍ᠴᠡᠳᠬᠡᠵᠤ ᠪᠣᠯᠤᠨ᠎ᠠ; ᠪᠤᠰᠤᠳ ᠡᠪᠡᠳᠴᠢᠨ᠎ᠤ ᠲᠥᠷᠥᠯ᠎ᠤᠨ ᠤᠳᠠᠭ᠋ᠠᠨ ᠴᠢᠨᠠᠷᠲᠠᠶ ᠡᠪᠡᠳᠴᠢᠨ᠎ᠲᠠᠢ ᠡᠪᠡᠳᠴᠢᠲᠡᠨ ᠣᠶ᠋ᠢᠷ᠎ᠠ ᠬᠠᠪᠢ᠎ᠳᠠᠭᠠᠨ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠡᠪᠡᠳᠴᠢᠨ᠎ᠢ ᠮᠡᠳᠡᠭᠦᠯᠬᠦ ᠴᠣᠩᠬᠤᠪᠴᠢ᠎ᠳᠤ ᠬᠦᠷᠴᠦ ᠭᠤᠶᠤᠴᠢᠯᠠᠨ ᠮᠡᠳᠡᠭᠦᠯᠵᠦ᠂ 20 ᠠᠵᠢᠯᠯᠠᠬᠤ ᠡᠳᠦᠷ᠎ᠲᠤ ᠭᠦᠢ᠍ᠴᠡᠳᠬᠡᠵᠣ ᠳᠠᠭᠤᠰᠬᠠᠬᠤ ᠪᠤᠯᠭ᠋ᠠᠪᠠ᠃ ᠬᠣᠶᠠᠷ᠎ᠲᠤ᠂ ᠰᠢᠯᠵᠢᠭᠦᠯᠦᠨ ᠡᠮᠨᠡᠭᠦᠯᠬᠦ ᠭᠠᠷ ᠭᠦᠢ᠍ᠴᠡᠳᠬᠡᠯ᠎ᠢ ᠳᠥᠭᠥᠮᠴᠢᠯᠡᠵᠦ᠂ ᠣᠨᠳᠣᠤ ᠭᠠᠵᠠᠷ᠎ᠲᠤ ᠡᠮᠴᠢᠯᠡᠭᠦᠯᠦᠭᠰᠡᠨ ᠬᠥᠮᠦᠰ ᠰᠦᠯᠵᠢᠶ᠎ᠡ ᠪᠠ ᠳ᠋ᠢᠶᠠᠩᠬᠤᠸᠠ᠎ᠪᠠᠷ ᠳᠠᠮᠵᠢᠭᠤᠯᠤᠨ ᠣᠨᠳᠣᠤ ᠭᠠᠵᠠᠷ᠎ᠲᠤ ᠡᠮᠴᠢᠯᠡᠭᠦᠯᠬᠦ᠎ᠪᠠᠨ ᠳᠠᠩᠰᠠᠯᠠᠭᠤᠯᠵᠤ ᠪᠣᠯᠤᠨ᠎ᠠ; ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶ᠋ᠢᠭ᠎ᠠ ᠬᠥᠮᠦᠰ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠲᠤ ᠳᠥᠭᠦᠮ ᠳᠡᠩᠰᠡᠯᠡᠨ ᠲᠡᠮᠳᠡᠭᠯᠡᠬᠦ ᠵᠠᠮ ᠨᠡᠭᠡᠭᠡᠨ ᠥᠭᠴᠦ᠂ ᠣᠨᠳᠣᠤ ᠭᠠᠵᠠᠷ᠎ᠲᠤ ᠡᠮᠴᠢᠯᠡᠭᠦᠯᠬᠦ ᠵᠢ ᠳᠡᠩᠰᠡᠯᠡᠨ ᠲᠡᠮᠳᠡᠭᠯᠡᠬᠦ᠎ᠳᠤ ᠳᠥᠭᠥᠮ ᠳᠥᠲᠡ ᠦᠢ᠍ᠯᠡᠴᠢᠯᠡᠭᠡ ᠬᠠᠩᠭ᠋ᠠᠪᠠ᠃ ᠭᠤᠷᠪᠠ᠎ᠳᠤ᠂ ᠣᠨᠳᠣᠤ ᠭᠠᠵᠠᠷ᠎ᠲᠤ ᠡᠮᠨᠡᠭᠦᠯᠦᠭᠰᠡᠨ᠎ᠢ ᠲᠤᠬᠠᠶ ᠵᠢᠨ ᠲᠠᠯᠠᠪᠤᠷᠲᠤᠨᠢ ᠲᠠᠩᠰᠠ ᠳᠡᠶ᠋ᠢᠯᠵᠦ᠂ ᠬᠣᠲᠠ ᠵᠢᠨ ᠰᠢᠭᠤᠳ ᠬᠠᠷᠢᠶ᠎ᠠ ᠠᠵᠢᠯᠲᠠᠨ ᠠᠵᠢᠯᠴᠢᠨ᠎ᠤ ᠣᠯᠭᠣᠮᠵᠢ ᠵᠢᠨ ᠬᠥᠳᠡᠯᠦᠩᠭᠦᠶ ᠪᠢᠲᠡᠭᠦᠮᠵᠢᠯᠡᠯ᠎ᠤᠨ ᠬᠤᠭᠤᠴᠠᠭ᠎ᠠ ᠵᠢ ᠠᠭᠤᠵᠢᠭᠤ ᠪᠣᠯᠭ᠋ᠠᠵᠤ᠂ ᠬᠣᠲᠠ ᠵᠢᠨ ᠰᠢᠭᠤᠳ ᠬᠠᠷᠢᠶ᠎ᠠ ᠠᠵᠢᠯᠲᠠᠨ ᠠᠵᠢᠯᠴᠢᠨ᠎ᠤ ᠡᠪᠡᠳᠴᠢᠨ ᠦᠵᠡᠭᠦᠯᠵᠦ ᠡᠮᠨᠡᠭᠦᠯᠦᠭᠰᠡᠨ ᠲᠤᠬᠠᠶ ᠵᠢᠨ ᠲᠠᠯᠠᠪᠤᠷ᠎ᠲᠤ ᠲᠠᠩᠰᠠ ᠳᠡᠶ᠋ᠢᠯᠵᠦ᠂ ᠪᠠᠢ᠌ᠭᠤᠯᠭ᠎ᠠ ᠨᠢᠭᠡᠴᠢ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠵᠠᠷᠤᠳᠠᠯ ᠲᠤᠰᠢᠶᠠᠭᠰᠠᠨ ᠪᠠᠶ᠋ᠢᠳᠠᠯ᠎ᠳᠤ ᠳᠠᠭᠢᠵᠤ ᠨᠥᠯᠥᠭᠡᠯᠡᠭᠳᠡᠬᠦ ᠥᠬᠡᠶ ᠪᠣᠯᠵᠠᠶ᠃
ᠬᠣᠶᠠᠷ᠂ ᠦᠢ᠍ᠯᠡᠴᠢᠯᠡᠭᠡᠨ᠎ᠤ ᠵᠦᠢ᠍ᠯᠡᠰ᠎ᠤᠨ ᠨᠠᠷᠢᠨ ᠬᠠᠭᠤᠳᠠᠰᠤ ᠵᠢ ᠨᠢᠭᠡᠳᠦᠯᠲᠡᠶ ᠪᠣᠯᠭ᠋ᠠᠵᠤ᠂ ᠡᠮᠴᠢᠯᠡᠭᠡᠨ᠎ᠤ ᠳᠠᠭ᠋ᠠᠳᠬᠠᠯ᠎ᠢ ᠭᠠᠷᠲᠠᠨ ᠭᠦᠢ᠍ᠴᠡᠳᠬᠡᠬᠦ ᠪᠠᠷᠢᠮᠵᠢᠶᠠᠵᠢᠭᠰᠠᠨ ᠬᠢᠷᠢ ᠲᠥᠪᠰᠢᠨ᠎ᠢ ᠳᠡᠭᠡᠭᠰᠢᠯᠡᠭᠦᠯᠪᠡ
《ᠵᠢᠷᠭᠤᠭ᠎ᠠ ᠵᠢ ᠨᠢᠭᠡᠳᠦᠯᠲᠡᠶ ᠪᠠᠶ᠋ᠢᠯᠭ᠋ᠠᠬᠤ》 (ᠳᠠᠷᠤᠶ ᠨᠢᠭᠡᠳᠦᠯᠲᠡᠶ ᠬᠡᠷᠡᠭ ᠶᠠᠪᠤᠳᠠᠯ᠎ᠤᠨ ᠨᠡᠷᠡᠶ᠋ᠢᠳᠦᠯ᠂ ᠨᠢᠭᠡᠳᠦᠯᠲᠡᠶ ᠬᠡᠷᠡᠭ ᠶᠠᠪᠤᠳᠠᠯ᠎ᠤᠨ ᠳ᠋ᠤᠭ᠋ᠠᠷᠯᠠᠯ᠂ ᠨᠢᠭᠡᠳᠦᠯᠲᠡᠶ ᠬᠡᠷᠡᠭ ᠶᠠᠪᠤᠳᠠᠯ᠎ᠤᠨ ᠮᠠᠲ᠋ᠧᠷᠢᠶᠠᠯ᠂ ᠨᠢᠭᠡᠳᠦᠯᠲᠡᠶ ᠭᠦᠢ᠍ᠴᠡᠳᠬᠡᠬᠦ ᠴᠠᠭ᠎ᠤᠨ ᠬᠢᠵᠠᠭ᠋ᠠᠷ᠂ ᠨᠢᠭᠡᠳᠦᠯᠲᠡᠶ ᠭᠦᠢ᠍ᠴᠡᠳᠬᠡᠬᠦ ᠭᠣᠭᠴᠣᠭ᠎ᠠ᠂ ᠨᠢᠭᠡᠳᠦᠯᠲᠡᠶ ᠦᠢ᠍ᠯᠡᠴᠢᠯᠡᠬᠦ ᠪᠠᠷᠢᠮᠵᠢᠶ᠎ᠠ) ᠪᠠ 《ᠳᠥᠷᠪᠡᠨ ᠬᠠᠮᠤᠭ᠎ᠤᠨ ᠶᠡᠬᠡ》 (ᠳᠠᠷᠤᠶ ᠦᠢ᠍ᠯᠡᠴᠢᠯᠡᠭᠡᠨ᠎ᠤ ᠦᠷ᠎ᠡ ᠪᠦᠲᠦᠮᠵᠢ ᠬᠠᠮᠤᠭ᠎ᠤᠨ ᠥᠨᠳᠥᠷ᠂ ᠬᠡᠷᠡᠭᠰᠡᠬᠦ ᠮᠠᠲ᠋ᠧᠷᠢᠶᠠᠯ ᠬᠠᠮᠤᠭ᠎ᠤᠨ ᠪᠠᠭ᠎ᠠ᠂ ᠭᠦᠢ᠍ᠴᠡᠳᠬᠡᠬᠦ ᠴᠠᠭ᠎ᠤᠨ ᠬᠢᠵᠠᠭ᠋ᠠᠷ ᠬᠠᠮᠤᠭ᠎ᠤᠨ ᠣᠬᠣᠷ᠂ ᠭᠠᠷᠳᠠᠨ ᠭᠦᠢ᠍ᠴᠡᠳᠬᠡᠬᠦ ᠶᠠᠪᠤᠴᠠ ᠬᠠᠮᠤᠭ᠎ᠤᠨ ᠲᠥᠬᠥᠮ) ᠵᠢᠨ ᠱᠠᠭ᠋ᠠᠷᠳᠠᠯᠭ᠎ᠠ ᠶᠣᠰᠣᠭ᠋ᠠᠷ᠂ 《ᠪᠥᠬᠥ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠬᠡᠬᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠲᠣᠳᠣᠷᠬᠠᠶ ᠬᠠᠭᠤᠳᠠᠰᠤ》 ᠵᠢ ᠲᠣᠭᠲᠠᠭ᠋ᠠᠵᠤ᠂ 13 ᠵᠦᠢ᠍ᠯ᠎ᠤᠨ 30 ᠵᠣᠷᠪᠤᠰ ᠡᠮᠴᠢᠯᠡᠭᠡᠨ᠎ᠤ ᠳᠠᠭ᠋ᠠᠳᠬᠠᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠡᠮᠬᠢᠯᠡᠨ ᠲᠢᠭᠯᠡᠬᠦ ᠵᠢᠨ ᠬᠠᠮᠲᠤ ᠪᠥᠬᠥ ᠶᠠᠪᠤᠴᠠ ᠵᠢ ᠰᠢᠯᠢᠳᠡᠭᠵᠢᠭᠦᠯᠦᠨ᠂ ᠭᠦᠢ᠍ᠴᠡᠳᠬᠡᠬᠦ᠎ᠳᠤ ᠬᠡᠷᠡᠭᠰᠡᠬᠦ ᠮᠠᠲ᠋ᠧᠷᠢᠶᠠᠯ᠂ ᠭᠦᠢ᠍ᠴᠡᠳᠬᠡᠬᠦ ᠴᠠᠭ᠎ᠤᠨ ᠬᠢᠵᠠᠭ᠋ᠠᠷ᠂ ᠭᠦᠢ᠍ᠴᠡᠳᠬᠡᠬᠦ ᠭᠣᠭᠴᠣᠭ᠎ᠠ ᠵᠢᠴᠢ ᠭᠦᠢ᠍ᠴᠡᠳᠬᠡᠬᠦ ᠦᠨᠳᠦᠰᠦᠯᠡᠯ᠎ᠢ ᠲᠣᠳᠣᠷᠬᠠᠶ᠋ᠢᠯᠠᠵᠤ᠂ ᠲᠥᠷᠥᠯ ᠵᠦᠢ᠍ᠯ᠎ᠨᠢ ᠪᠥᠬᠥ ᠲᠠᠯ᠎ᠠ ᠵᠢᠨ᠂ ᠦᠨᠳᠦᠰᠦᠯᠡᠯ᠎ᠨᠢ ᠪᠦᠷᠢᠨ ᠭᠦᠢ᠍ᠴᠡᠳ᠂ ᠴᠤᠪᠤᠷᠠᠯ᠎ᠨᠢ ᠲᠥᠬᠥᠮ᠂ ᠵᠦᠢ᠍ᠯᠡᠰ᠎ᠨᠢ ᠨᠠᠷᠢᠨ ᠲᠣᠳᠣᠷᠬᠠᠶ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠬᠡᠬᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠲᠣᠳᠣᠷᠬᠠᠶ ᠬᠠᠭᠤᠳᠠᠰᠤ ᠵᠢ ᠪᠣᠶ ᠪᠣᠯᠭ᠋ᠠᠪᠠ᠃ ᠬᠡᠯᠪᠡᠷᠢ᠎ᠨᠢ ᠠᠳᠠᠯᠢ ᠭᠥᠯᠢᠶᠡᠨ ᠠᠪᠴᠤ ᠰᠢᠢ᠍ᠳᠪᠦᠷᠢᠯᠡᠬᠦ ᠲᠤᠬᠠᠶ᠋ᠢᠯᠠᠭᠰᠠᠨ ᠠᠵᠢᠯ᠎ᠤᠨ ᠭᠠᠷ ᠳᠡᠪᠲᠡᠷ ᠪᠠ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ᠎ᠢ ᠨᠠᠶ᠋ᠢᠷᠠᠭᠤᠯᠤᠨ ᠵᠣᠬᠢᠶᠠᠵᠤ᠂ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠪᠠᠷᠢᠮᠵᠢᠶ᠎ᠠ ᠪᠠ ᠬᠢᠨᠠᠨ ᠪᠠᠶ᠋ᠢᠴᠠᠭ᠋ᠠᠬᠤ ᠪᠠᠷᠢᠮᠵᠢᠶ᠎ᠠ ᠵᠢ ᠲᠣᠳᠣᠷᠬᠠᠶ᠋ᠢᠯᠠᠨ᠂ ᠪᠥᠬᠥ ᠬᠣᠲᠠ ᠵᠢᠨ ᠨᠢᠭᠡᠳᠦᠯᠲᠡᠶ ᠡᠮ ᠡᠮᠨᠡᠯᠭᠡ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠦᠢ᠍ᠯᠡᠴᠢᠯᠡᠭᠡᠨ᠎ᠤ ᠰᠢᠰᠲ᠋ᠧᠮᠵᠢ ᠵᠢ ᠠᠯᠬᠤᠮ ᠠᠯᠬᠤᠮ ᠵᠶ᠋ᠠᠷ ᠪᠠᠶ᠋ᠢᠭᠤᠯᠪᠠ᠃
ᠭᠤᠷᠪᠠ᠂ ᠰᠡᠳᠬᠢᠯ᠎ᠢ ᠳᠤᠯᠠᠭ᠋ᠠᠴᠠᠭᠤᠯᠬᠤ ᠦᠢ᠍ᠯᠡᠴᠢᠯᠡᠭᠡ ᠬᠠᠩᠭ᠋ᠠᠵᠤ᠂ ᠠᠵᠢᠯ ᠶᠠᠪᠤᠳᠠᠯ ᠭᠦᠢ᠍ᠴᠡᠳᠬᠡᠬᠦ ᠥᠩᠭᠡᠷᠡᠯᠲᠡ ᠵᠢ ᠰᠢᠯᠢᠳᠡᠭᠵᠢᠭᠦᠯᠪᠡ
ᠨᠢᠭᠡ᠎ᠳᠤ᠂ ᠶᠡᠷᠦᠩᠬᠡᠶ᠋ᠢᠯᠡᠭᠰᠡᠨ ᠯᠠᠩᠭᠦᠶ ᠵᠢᠨ ᠲᠦᠷᠢᠮ᠎ᠤᠨ ᠪᠠᠶ᠋ᠢᠭᠤᠯᠤᠯᠲᠠ ᠵᠢ ᠳᠥᠯᠭᠢᠨ ᠠᠬᠢᠭᠤᠯᠵᠤ᠂ ᠪᠣᠶ ᠪᠥᠬᠥᠶ ᠡᠮ ᠡᠮᠨᠡᠯᠭᠡ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠲᠤᠬᠠᠶ᠋ᠢᠯᠠᠭᠰᠠᠨ ᠠᠵᠢᠯ᠎ᠳᠤ 《ᠨᠢᠭᠡ ᠴᠣᠩᠬᠣᠪᠴᠢ ᠮᠠᠶᠢᠭ》᠎ᠤᠨ ᠭᠦᠢ᠍ᠴᠡᠳᠬᠡᠬᠦ᠂ 《ᠨᠢᠭᠡ ᠥᠷᠲᠡᠭᠡ ᠮᠠᠶᠢᠭ》᠎ᠤᠨ ᠦᠢ᠍ᠯᠡᠴᠢᠯᠡᠭᠡ ᠵᠢ ᠬᠡᠷᠡᠭᠵᠢᠭᠦᠯᠵᠦ᠂ ᠡᠮᠦᠨ᠎ᠡ ᠲᠠᠪᠴᠠᠩ᠎ᠠᠴᠠ ᠨᠢᠭᠡᠳᠦᠯᠲᠡᠶ ᠭᠥᠯᠢᠶᠡᠨ ᠠᠪᠴᠤ ᠰᠢᠢ᠍ᠳᠪᠦᠷᠢᠯᠡᠵᠦ᠂ ᠬᠠᠷᠢᠭᠤᠴᠠᠯᠭ᠎ᠠ ᠶᠣᠰᠣᠭ᠋ᠠᠷ ᠬᠤᠪᠢᠶᠠᠨ ᠭᠦᠢ᠍ᠴᠡᠳᠬᠡᠵᠣ᠂ ᠴᠠᠭ ᠬᠢᠵᠠᠭ᠋ᠠᠷᠯᠠᠨ ᠭᠦᠢ᠍ᠴᠡᠳᠬᠡᠵᠣ᠂ ᠨᠢᠭᠡᠳᠦᠯᠲᠡᠶ ᠮᠠᠲ᠋ᠧᠷᠢᠶᠠᠯ ᠭᠠᠷᠭ᠋ᠠᠵᠤ᠂ ᠡᠯ᠎ᠡ ᠲᠥᠷᠥᠯ᠎ᠤᠨ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ᠎ᠳᠤ ᠴᠣᠩᠬᠣᠪᠴᠢ ᠰᠣᠯᠢᠬᠤ ᠥᠬᠡᠶ᠂ ᠠᠰᠠᠭᠤᠨ ᠯᠠᠪᠯᠠᠬᠤ᠂ ᠭᠥᠯᠢᠶᠡᠨ ᠠᠪᠴᠤ ᠰᠢᠢ᠍ᠳᠪᠦᠷᠢᠯᠡᠬᠦ ᠵᠢ ᠨᠢᠭᠡ ᠯᠡ ᠤᠳᠠᠭ᠎ᠠ᠎ᠳᠤ ᠪᠡᠶᠡᠯᠡᠭᠦᠯᠬᠦ ᠵᠢ ᠪᠡᠶᠡᠯᠡᠭᠦᠯᠪᠡ᠃ ᠡᠭᠦᠨ᠎ᠤ ᠬᠠᠮᠲᠤ᠂ 《ᠨᠠᠮ᠎ᠤᠨ ᠭᠡᠰᠢᠭᠦᠨ᠎ᠤ ᠵᠢᠱ᠌ᠢᠶ᠎ᠡ ᠦᠵᠡᠭᠦᠯᠬᠦ ᠠᠵᠢᠯ᠎ᠤᠨ ᠪᠠᠶ᠋ᠢᠷᠢ》 《ᠮᠣᠩᠭᠣᠯ ᠬᠢᠲᠠᠳ ᠬᠣᠤᠰ ᠬᠡᠯᠡᠨ᠎ᠤ ᠠᠵᠢᠯ᠎ᠤᠨ ᠪᠠᠶ᠋ᠢᠷᠢ》 《ᠰᠢᠯᠢᠳᠡᠭ ᠡᠷᠦᠬᠡ ᠵᠢᠨ ᠴᠡᠷᠢᠭ᠎ᠤᠨ ᠦᠢ᠍ᠯᠡᠴᠢᠯᠡᠭᠡᠨ᠎ᠤ ᠴᠣᠩᠬᠣ》 ᠵᠢ ᠪᠠᠶ᠋ᠢᠭᠤᠯᠵᠤ᠂ ᠠᠳᠠᠯᠢ ᠪᠤᠰᠤ ᠬᠥᠮᠦᠰ᠎ᠲᠤ ᠴᠢᠭᠯᠡᠭᠦᠯᠦᠨ᠂ ᠥᠪᠡᠷᠮᠢᠴᠡ ᠣᠨᠴᠠᠯᠢᠭ᠎ᠲᠠᠢ ᠭᠠᠷᠲᠠᠨ ᠭᠦᠢ᠍ᠴᠡᠳᠬᠡᠬᠦ ᠦᠢ᠍ᠯᠡᠴᠢᠯᠡᠭᠡ ᠬᠠᠩᠭ᠋ᠠᠪᠠ᠃ ᠬᠣᠶᠠᠷ᠎ᠲᠤ᠂ 《 ᠢᠨᠲᠸᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢ ᠬᠥᠭᠵᠢᠭᠦᠯᠵᠦ᠂ ᠭᠠᠷ ᠤᠲᠠᠰᠤᠨ᠎ᠤ APP ᠪᠠ ᠸᠢᠴᠠᠲ᠎ᠤᠨ ᠣᠯᠠᠨ ᠨᠡᠶ᠋ᠢᠲᠡ ᠵᠢᠨ ᠲᠠᠪᠴᠠᠩ᠎ᠤᠨ ᠬᠡᠷᠡᠭᠯᠡᠯᠲᠡ ᠵᠢ ᠢᠳᠡᠪᠬᠢᠲᠡᠶ ᠳᠡᠯᠭᠡᠷᠡᠭᠦᠯᠵᠦ᠂ 《ᠰᠦᠯᠵᠢᠶᠡᠨ ᠳᠡᠭᠡᠷ᠎ᠡ ᠭᠦᠢ᠍ᠴᠡᠳᠬᠡᠬᠦ》 《ᠠᠯᠠᠭ᠋ᠠᠨ ᠳᠡᠭᠡᠷ᠎ᠡ ᠭᠦᠢ᠍ᠴᠡᠳᠬᠡᠬᠦ》 《ᠤᠲᠠᠰᠤ᠎ᠪᠠᠷ ᠭᠦᠢ᠍ᠴᠡᠳᠬᠡᠬᠦ》 《ᠰᠢᠤᠳᠠᠨ᠎ᠪᠠᠷ ᠭᠦᠢ᠍ᠴᠡᠳᠬᠡᠬᠦ》 ᠵᠡᠷᠭᠡ ᠬᠡᠯᠪᠡᠷᠢ᠎ᠪᠠᠷ ᠳᠠᠮᠵᠢᠭᠤᠯᠤᠨ᠂ ᠭᠠᠷᠲᠠᠨ ᠭᠦᠢ᠍ᠴᠡᠳᠬᠡᠬᠦ ᠦᠢ᠍ᠯᠡᠴᠢᠯᠡᠭᠡᠨ᠎ᠤ 《ᠨᠢᠭᠡ ᠯᠡ ᠤᠳᠠᠭ᠎ᠠ ᠭᠦᠶᠦᠬᠦ》 《ᠨᠢᠭᠡ ᠤᠳᠠᠭ᠎ᠠ᠎ᠳᠤ ᠴᠤ᠌ ᠭᠦᠶᠦᠬᠦ ᠥᠬᠡᠶ》 ᠪᠠᠶ᠋ᠢᠬᠤ ᠵᠢ ᠳᠥᠯᠭᠢᠨ ᠠᠬᠢᠭᠤᠯᠵᠤ᠂ ᠭᠠᠷᠲᠠᠨ ᠭᠦᠢ᠍ᠴᠡᠳᠬᠡᠬᠦ ᠲᠠᠯ᠎ᠠ᠎ᠪᠠᠷ ᠠᠷᠠᠳ᠎ᠲᠤ ᠲᠥᠬᠥᠮ ᠦᠵᠡᠭᠦᠯᠬᠦ ᠬᠢᠷᠢ ᠲᠦᠪᠰᠢᠨ᠎ᠢ ᠳᠡᠭᠡᠭᠰᠢᠯᠡᠭᠦᠯᠪᠡ᠃ ᠭᠤᠷᠪᠠ᠎ᠳᠤ᠂ ᠬᠠᠪᠰᠤᠷᠤᠨ ᠰᠢᠢ᠍ᠳᠪᠦᠷᠢᠯᠡᠵᠦ ᠣᠷᠣᠯᠠᠨ ᠭᠦᠢ᠍ᠴᠡᠳᠬᠡᠬᠦ ᠵᠢ ᠬᠡᠷᠡᠭᠵᠢᠭᠦᠯᠵᠦ᠂ ᠨᠠᠰᠤᠲᠠᠶ᠋ᠢᠴᠤᠳ᠎ᠲᠤ ᠬᠣᠯᠪᠣᠭᠳᠠᠬᠤ ᠥᠨᠳᠥᠷ ᠲᠠᠪᠳᠠᠮᠵᠢᠳᠤ ᠵᠦᠢ᠍ᠯᠡᠰ ᠪᠠ ᠦᠢ᠍ᠯᠡᠴᠢᠯᠡᠭᠡᠨ᠎ᠤ ᠠᠬᠤᠶ ᠪᠠᠶ᠋ᠢᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠪᠰᠤᠷᠤᠨ ᠰᠢᠢ᠍ᠳᠪᠦᠷᠢᠯᠡᠵᠦ ᠣᠷᠣᠯᠠᠨ ᠭᠦᠢ᠍ᠴᠡᠳᠬᠡᠬᠦ ᠲᠦᠷᠢᠮ᠎ᠢ ᠬᠡᠷᠡᠭᠵᠢᠭᠦᠯᠪᠡ᠃ ᠲᠦᠷᠪᠡ᠎ᠳᠤ᠂ ᠠᠵᠢᠯ ᠲᠦᠷᠦᠯ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠪᠠ᠃ ᠠᠩᠬ᠎ᠠ ᠠᠰᠠᠭᠤᠬᠤ᠎ᠳᠤ ᠬᠠᠷᠢᠭᠤᠴᠠᠬᠤ᠂ ᠨᠢᠭᠡ ᠤᠳᠠᠭ᠎ᠠ᠎ᠳᠤ ᠮᠡᠳᠡᠭᠳᠡᠬᠦ᠂ ᠬᠤᠭᠤᠴᠠᠭ᠎ᠠ ᠬᠢᠵᠠᠭ᠋ᠠᠷᠯᠠᠨ ᠭᠦᠢ᠍ᠴᠡᠳᠬᠡᠵᠦ ᠳᠠᠭᠤᠰᠬᠠᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠵᠢᠯ᠎ᠤᠨ ᠲᠦᠷᠢᠮ᠎ᠢ ᠬᠡᠷᠡᠭᠵᠢᠭᠦᠯᠵᠦ᠂ 《ᠰᠠᠶ᠋ᠢᠨ ᠮᠠᠭᠤ ᠵᠢ ᠦᠨᠡᠯᠡᠬᠦ》 ᠠᠵᠢᠯᠯᠠᠭ᠎ᠠ ᠵᠢ ᠥᠷᠨᠢᠭᠦᠯᠵᠦ᠂ ᠣᠯᠠᠨ ᠲᠦᠮᠡᠨ᠎ᠤ ᠬᠠᠨᠤᠮᠵᠢᠲᠠᠶ ᠡᠮᠴᠢᠯᠡᠭᠡᠨ᠎ᠤ ᠳᠠᠭ᠋ᠠᠳᠬᠠᠯ᠎ᠤᠨ ᠦᠶᠯᠡᠴᠢᠯᠡᠭᠡᠨ᠎ᠤ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠪᠠ᠃