ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠠᠭ᠋ᠠᠨᠴᠠᠪ ᠬᠣᠲᠠ ᠵᠢᠨ ᠵᠢᠨᠢᠩ ᠲᠣᠭᠣᠷᠢᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠮᠡᠬᠡᠯᠡᠨ ᠬᠢᠬᠠᠬᠤ ᠪᠠ ᠳᠠᠭ᠋ᠠᠳᠬᠠᠯ᠎ᠢ ᠮᠡᠬᠡᠯᠡᠨ ᠠᠪᠬᠤ᠎ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠰᠡᠷᠡᠮᠵᠢᠯᠡᠭᠦᠯᠬᠦ ᠬᠥᠮᠦᠵᠢᠯ᠎ᠤᠨ ᠶᠡᠬᠡ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-05-18

     2021 ᠣᠨ᠎ᠤ 4 ᠳ᠋ᠤᠭᠡᠷ ᠰᠠᠷ᠎ᠠ ᠵᠢᠨ 28᠎ᠤ ᠡᠳᠦᠷ᠎ᠤᠨ ᠦᠳᠡ ᠵᠢᠨ ᠡᠮᠦᠨ᠎ᠡ᠂ ᠤᠯᠠᠭ᠋ᠠᠨᠴᠠᠪ ᠬᠣᠲᠠ ᠵᠢᠨ ᠵᠢᠨᠢᠩ ᠲᠣᠭᠣᠷᠢᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠮᠡᠬᠡᠯᠡᠨ ᠬᠢᠬᠠᠬᠤ ᠪᠠ ᠳᠠᠭ᠋ᠠᠳᠬᠠᠯ᠎ᠢ ᠮᠡᠬᠡᠯᠡᠨ ᠠᠪᠬᠤ᠎ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠰᠡᠷᠡᠮᠵᠢᠯᠡᠭᠦᠯᠬᠦ ᠬᠥᠮᠦᠵᠢᠯ᠎ᠤᠨ ᠶᠡᠬᠡ ᠬᠤᠷᠠᠯ ᠬᠤᠷᠠᠯᠳᠤᠭᠤᠯᠪᠠ᠃ ᠵᠢᠨᠢᠩ ᠲᠣᠭᠣᠷᠢᠭ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠂ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠪᠠ ᠲᠣᠭᠣᠷᠢᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠤᠳᠤᠷᠢᠳᠤᠯᠭ᠎ᠠ ᠬᠤᠷᠠᠯ᠎ᠳᠤ ᠣᠷᠣᠯᠴᠠᠵᠤ᠂ ᠬᠤᠷᠠᠯ᠎ᠳᠤ ᠪᠥᠬᠥ ᠣᠷᠣᠨ᠎ᠤ ᠵᠥᠪᠳᠡᠯᠴᠡᠨ ᠲᠣᠭᠲᠠᠭᠰᠠᠨ ᠡᠮ᠎ᠤᠨ ᠳᠡᠯᠭᠡᠭᠦᠷ᠂ ᠵᠥᠪᠳᠡᠯᠴᠡᠨ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ ᠪᠠ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠠᠵᠢᠯᠲᠠᠨ ᠵᠢᠴᠢ ᠲᠣᠭᠣᠷᠢᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠪᠴᠢᠶ᠎ᠠ ᠵᠢᠨ ᠡᠯ᠎ᠡ ᠲᠠᠰᠤᠭ᠎ᠤᠨ ᠠᠵᠢᠯᠲᠠᠨ ᠤᠷᠤᠯᠴᠠᠪᠠ᠃



      ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭᠰᠠᠨ ᠳᠥᠷᠪᠡᠨ ᠬᠡᠷᠡᠭ᠎ᠤᠨ ᠵᠢᠱ᠌ᠢᠶ᠎ᠡ ᠵᠢᠨ ᠳᠦᠷᠰᠦ ᠰᠢᠩᠭᠡᠭᠡᠯᠲᠡ ᠵᠢ ᠦᠵᠡᠭᠰᠡᠨ ᠪᠥᠭᠡᠳ ᠭᠤᠷᠪᠠᠨ ᠨᠡᠶ᠋ᠢᠲᠡᠯᠢᠭ ᠬᠡᠷᠡᠭ᠂ ᠤᠯᠠᠭ᠋ᠠᠨᠴᠠᠪ᠎ᠤᠨ ᠬᠠᠮᠲᠤᠷᠠᠨ ᠡᠵᠡᠩᠨᠡᠭᠰᠡᠨ ᠬᠢᠲᠠᠳ ᠮᠣᠩᠭᠣᠯ᠎ᠤᠨ ᠡᠮᠨᠡᠯᠭᠡ ᠵᠢᠨ ᠬᠣᠷᠢᠶ᠎ᠠ ᠵᠢᠨ ᠬᠤᠳᠠᠯ ᠬᠠᠭᠤᠷᠮᠠᠭ ᠡᠪᠡᠳᠴᠢᠨ᠎ᠤ ᠲᠡᠤᠬᠡ᠎ᠪᠠᠷ ᠳᠠᠭ᠋ᠠᠳᠬᠠᠯ ᠮᠡᠬᠡᠯᠡᠭᠰᠡᠨ ᠬᠡᠷᠡᠭ᠂ ᠰᠢᠯᠢ ᠵᠢᠨ ᠭᠣᠤᠯ ᠠᠶ᠋ᠢᠮᠠᠭ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠠᠷᠠᠳ᠎ᠲᠤ ᠠᠰᠢᠭ ᠬᠦᠷᠲᠡᠭᠡᠬᠦ ᠮᠣᠩᠭᠣᠯ ᠡᠮᠨᠡᠯᠭᠡ ᠵᠢᠨ ᠬᠣᠷᠢᠶ᠎ᠠ ᠵᠢᠨ ᠳᠠᠭ᠋ᠠᠳᠬᠠᠯ ᠮᠡᠬᠡᠯᠡᠭᠰᠡᠨ ᠬᠡᠷᠡᠭ ᠪᠠ ᠵᠢᠨᠢᠩ ᠲᠣᠭᠣᠷᠢᠭ᠎ᠤᠨ ᠳᠥᠷᠪᠡᠨ ᠲᠣᠭᠲᠠᠮᠠᠯ ᠴᠡᠭ᠎ᠤᠨ ᠡᠮ᠎ᠤᠨ ᠳᠡᠯᠭᠡᠭᠦᠷ᠎ᠤᠨ ᠲᠣᠭᠲᠠᠭ᠋ᠠᠯ᠎ᠠᠴᠠ ᠵᠥᠷᠢᠴᠡᠨ ᠡᠮ ᠡᠮᠨᠡᠯᠭᠡ ᠵᠢᠨ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ ᠵᠢ ᠬᠤᠯᠠᠭ᠋ᠠᠶ᠋ᠢᠯᠠᠨ ᠬᠡᠷᠡᠭᠯᠡᠵᠦ ᠭᠠᠷ ᠭᠦᠢ᠍ᠴᠡᠳᠭᠡᠯ᠎ᠤᠨ   ᠰᠦᠢ᠍ᠳᠭᠡᠯ ᠬᠤᠷᠢᠶᠠᠭᠰᠠᠨ ᠬᠡᠷᠡᠭ᠎ᠢ ᠵᠠᠷᠯᠠᠨ ᠮᠡᠳᠡᠭᠳᠡᠪᠡ᠃



      ᠬᠤᠷᠠᠯ᠎ᠠᠴᠠ᠂ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢ ᠰᠠᠶ᠋ᠢᠲᠤᠷ ᠬᠠᠮᠢᠶᠠᠷᠤᠨ ᠰᠠᠶ᠋ᠢᠲᠤᠷ ᠬᠡᠷᠡᠭᠯᠡᠵᠦ᠂ ᠮᠡᠬᠡᠯᠡᠨ ᠬᠢᠬᠠᠵᠤ ᠳᠠᠭ᠋ᠠᠳᠬᠠᠯ᠎ᠢ ᠮᠡᠬᠡᠯᠡᠬᠦ ᠠᠵᠢᠯᠯᠠᠭ᠎ᠠ᠎ᠳᠤ ᠦᠷᠭᠦᠯᠵᠢᠯᠡᠨ ᠥᠨᠳᠥᠷ ᠳᠠᠷᠤᠯᠲᠠᠲᠤ ᠬᠢᠨᠠᠯᠲᠠ ᠬᠠᠮᠢᠶᠠᠷᠤᠯᠲᠠ ᠵᠢᠨ ᠪᠠᠶ᠋ᠢᠳᠠᠯ᠎ᠢ ᠪᠤᠢ ᠪᠣᠯᠭ᠋ᠠᠵᠤ᠂ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ᠃ ᠨᠢᠭᠡ᠎ᠳᠤ᠂ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ᠂ ᠰᠢᠨ᠎ᠡ ᠱᠠᠭ᠋ᠠᠷᠳᠠᠯᠭ᠎ᠠ ᠵᠢ ᠭᠦᠨᠵᠡᠭᠡᠶ ᠲᠠᠨᠢᠬᠤ ᠬᠡᠷᠡᠭᠲᠡᠶ; ᠬᠣᠶᠠᠷ᠎ᠲᠤ᠂ 《ᠮᠡᠬᠡᠯᠡᠨ ᠬᠢᠬᠠᠬᠤ ᠪᠠ ᠳᠠᠭ᠋ᠠᠳᠬᠠᠯ᠎ᠢ ᠮᠡᠬᠡᠯᠡᠨ ᠠᠪᠬᠤ᠎ᠳᠤ ᠴᠣᠬᠢᠯᠲᠠ ᠥᠭᠴᠦ ᠰᠠᠭᠤᠷᠢ ᠮᠥᠩᠭᠥᠨ᠎ᠤ ᠠᠮᠤᠷ ᠲᠦᠪᠰᠢᠨ᠎ᠢ ᠴᠢᠩᠭ᠋ᠠᠳᠬᠠᠬᠤ》 ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ; ᠭᠤᠷᠪᠠ᠎ᠳᠤ᠂《ᠮᠡᠬᠡᠯᠡᠨ ᠬᠢᠬᠠᠬᠤ ᠪᠠ ᠳᠠᠭ᠋ᠠᠳᠬᠠᠯ᠎ᠢ ᠮᠡᠬᠡᠯᠡᠨ ᠠᠪᠬᠤ᠎ᠳᠤ ᠴᠣᠬᠢᠯᠲᠠ ᠥᠭᠴᠦ ᠰᠠᠭᠤᠷᠢ ᠮᠥᠩᠭᠥᠨ᠎ᠤ ᠠᠮᠤᠷ ᠲᠦᠪᠰᠢᠨ᠎ᠢ ᠴᠢᠩᠭ᠋ᠠᠳᠬᠠᠬᠤ》 ᠠᠵᠢᠯ᠎ᠤᠨ ᠪᠣᠳᠠᠲᠤ ᠦᠷ᠎ᠡ ᠪᠦᠲᠦᠮᠵᠢ ᠤᠯᠬᠤ ᠵᠢ ᠦᠨᠡᠨᠬᠦ ᠪᠠᠲᠤᠯᠠᠬᠤ ᠬᠡᠷᠡᠭᠲᠡᠶ᠃ ᠳᠠᠷᠠᠭ᠋ᠠᠴᠢ ᠵᠢᠨ ᠠᠯᠬᠤᠮ᠎ᠳᠤ᠂ ᠤᠯᠠᠭ᠋ᠠᠨᠴᠠᠪ ᠬᠣᠲᠠ ᠵᠢᠨ ᠵᠢᠨᠢᠩ ᠲᠣᠭᠣᠷᠢᠭ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠮᠡᠬᠡᠯᠡᠨ ᠬᠢᠬᠠᠬᠤ ᠳᠠᠭ᠋ᠠᠳᠬᠠᠯ᠎ᠢ ᠮᠡᠬᠡᠯᠡᠬᠦ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠮᠡᠬᠡᠯᠡᠨ ᠬᠢᠬᠠᠬᠤ ᠳᠠᠭ᠋ᠠᠳᠬᠠᠯ᠎ᠢ ᠮᠡᠬᠡᠯᠡᠬᠦ ᠠᠵᠢᠯᠯᠠᠭ᠎ᠠ᠎ᠳᠤ ᠬᠦᠴᠦᠲᠡᠶ ᠠᠷᠭ᠎ᠠ ᠬᠡᠮᠵᠢᠶ᠎ᠡ ᠠᠪᠴᠤ᠂ ᠰᠠᠭᠤᠷᠢ ᠮᠥᠩᠭᠥᠨ᠎ᠤ ᠬᠢᠨᠠᠯᠲᠠ ᠬᠠᠮᠢᠶᠠᠷᠤᠯᠲᠠ ᠵᠢᠨ ᠥᠨᠳᠦᠷ ᠳᠠᠷᠤᠯᠲᠠᠲᠤ ᠪᠠᠶ᠋ᠢᠳᠠᠯ᠎ᠢ ᠪᠠᠲᠤᠯᠠᠵᠤ᠂ ᠮᠡᠬᠡᠯᠡᠨ ᠬᠢᠬᠠᠵᠤ ᠳᠠᠭ᠋ᠠᠳᠬᠠᠯ᠎ᠢ ᠮᠡᠬᠡᠯᠡᠬᠦ ᠠᠵᠢᠯᠯᠠᠭ᠎ᠠ᠎ᠳᠤ ᠥᠴᠦᠬᠡᠨ ᠴᠦ᠍ ᠢᠯᠳᠠᠷ ᠬᠠᠶᠠᠬᠤ ᠦᠭᠡᠢ ᠣᠪᠣᠷ ᠵᠶ᠋ᠠᠷ ᠡᠷᠡᠰ ᠴᠣᠬᠢᠯᠲᠠ ᠥᠭᠴᠦ᠂ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥᠨ᠎ᠤ ᠬᠢᠨᠠᠯᠲᠠ ᠬᠠᠮᠢᠶᠠᠷᠤᠯᠲᠠ ᠵᠢᠨ ᠲᠦᠷᠢᠮ᠎ᠤᠨ ᠰᠢᠩᠭᠡᠯᠢᠭ᠎ᠢ ᠨᠢᠭᠲᠠ ᠰᠦᠯᠵᠢᠵᠦ᠂ ᠰᠠᠭᠤᠷᠢ ᠮᠥᠩᠭᠥᠨ᠎ᠤ ᠠᠮᠤᠷ ᠲᠦᠪᠰᠢᠨ᠎ᠢ ᠪᠠᠲᠤᠯᠠᠵᠤ᠂ ᠠᠷᠠᠳ ᠤᠯᠠᠨ᠎ᠤ 《ᠠᠮᠢ ᠠᠪᠤᠷᠠᠬᠤ ᠵᠣᠭᠣᠰ》᠎ᠢ ᠰᠠᠶ᠋ᠢᠲᠤᠷ ᠰᠠᠬᠢᠬᠤ ᠬᠡᠷᠡᠭᠲᠡᠶ ᠭᠡᠪᠡ᠃
    ᠤᠯᠠᠭ᠋ᠠᠨᠴᠠᠪ ᠬᠣᠲᠠ ᠵᠢᠨ ᠵᠢᠨᠢᠩ ᠲᠣᠭᠣᠷᠢᠭ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠠᠴᠠ ᠬᠢᠨᠠᠨ ᠬᠠᠮᠢᠶᠠᠷᠬᠤ ᠠᠰᠠᠭᠤᠳᠠᠯ᠎ᠤᠨ ᠲᠤᠬᠠᠶ ᠭᠤᠷᠪᠠᠨ ᠰᠠᠨᠠᠯ ᠳᠤᠷᠠᠳᠪᠠ᠄ ᠨᠢᠭᠡ᠎ᠳᠤ᠂ ᠬᠠᠷᠢᠭᠤᠴᠠᠯᠭ᠎ᠠ ᠵᠢᠨ ᠠᠰᠠᠭᠤᠳᠠᠯ᠎ᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠳᠣᠲᠣᠭ᠋ᠠᠳᠤ ᠵᠢᠨ ᠬᠢᠨᠠᠨ ᠬᠠᠮᠢᠶᠠᠷᠬᠤ ᠲᠦᠷᠢᠮ᠎ᠤᠨ ᠲᠣᠭᠲᠠᠴᠠ ᠵᠢ ᠪᠠᠶ᠋ᠢᠭᠤᠯᠬᠤ ᠪᠠ ᠰᠢᠨ᠎ᠡ ᠵᠢ ᠡᠭᠦᠳᠬᠦ ᠵᠢ ᠴᠢᠩᠭ᠋ᠠᠳᠬᠠᠬᠤ ᠬᠡᠷᠡᠭᠲᠡᠶ; ᠬᠣᠶᠠᠷ᠎ᠲᠤ᠂ ᠬᠠᠤᠯᠢ ᠶᠣᠰᠣᠭ᠋ᠠᠷ ᠠᠵᠢᠯᠯᠠᠵᠤ᠂ ᠵᠠᠰᠠᠭ᠎ᠤᠨ ᠣᠷᠳᠣᠨ ᠪᠣᠯᠤᠨ ᠬᠤᠳᠠᠯᠳᠤᠭ᠋ᠠᠨ᠎ᠤ ᠬᠠᠷᠢᠴᠠᠭ᠎ᠠ ᠵᠢ 《ᠳᠣᠲᠣᠨᠣᠴᠢᠯᠠᠬᠤ》 ᠬᠡᠷᠡᠭᠲᠡᠶ;ᠭᠤᠷᠪᠠ᠎ᠳᠤ ᠪᠡᠶ᠎ᠡ᠎ᠪᠠᠨ ᠠᠷᠢᠭᠤᠨ ᠴᠡᠪᠡᠷ ᠪᠠᠶ᠋ᠢᠯᠭ᠋ᠠᠵᠤ᠂ ᠲᠣᠭᠲᠠᠭ᠋ᠠᠯ᠎ᠢ ᠵᠢᠷᠤᠮᠯᠠᠨ ᠰᠠᠬᠢᠬᠤ ᠬᠡᠷᠡᠭᠲᠡᠶ ᠬᠡᠵᠦ ᠴᠢᠬᠤᠯᠠᠴᠢᠯᠠᠪᠠ᠃
      ᠬᠤᠷᠠᠯ᠎ᠠᠴᠠ ᠱᠠᠭ᠋ᠠᠷᠳᠠᠭᠰᠠᠨ᠎ᠨᠢ᠂ ᠬᠣᠶᠠᠷ᠎ᠢ ᠲᠣᠭᠲᠠᠭ᠋ᠠᠭᠰᠠᠨ ᠪᠠᠶ᠋ᠢᠭᠤᠯᠤᠮᠵᠢ᠎ᠨᠤᠭᠤᠳ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠮᠡᠬᠡᠯᠡᠨ ᠬᠢᠬᠠᠬᠤ ᠵᠢ ᠡᠰᠡᠷᠭᠦᠴᠡᠬᠦ ᠳᠠᠭ᠋ᠠᠳᠬᠠᠯ᠎ᠤᠨ ᠪᠠᠶ᠋ᠢᠳᠠᠯ᠎ᠢ ᠲᠣᠳᠣᠷᠬᠠᠶ ᠲᠠᠨᠢᠵᠤ᠂ ᠰᠡᠷᠡᠮᠵᠢᠯᠡᠭᠦᠯᠬᠦ ᠬᠥᠮᠦᠵᠢᠯ᠎ᠤᠨ ᠠᠵᠢᠯᠯᠠᠭ᠎ᠠ ᠵᠢ ᠰᠠᠶ᠋ᠢᠲᠤᠷ ᠥᠷᠨᠢᠭᠦᠯᠦᠨ᠂ 《ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢ ᠬᠢᠨᠠᠨ ᠬᠠᠮᠢᠶᠠᠷᠤᠯᠳᠠ ᠵᠢᠨ ᠲᠦᠷᠢᠮ》 ᠵᠢᠴᠢ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠬᠢᠨᠠᠮᠠᠭ᠋ᠠᠶ ᠰᠤᠷᠤᠯᠴᠠᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠠᠮᠤᠷ ᠲᠦᠪᠰᠢᠨ᠎ᠢ ᠬᠠᠮᠠᠭ᠋ᠠᠯᠠᠬᠤ ᠤᠬᠠᠮᠰᠠᠷᠲᠤ ᠴᠢᠨᠠᠷ ᠪᠣᠯᠤᠨ ᠬᠠᠷᠢᠭᠤᠴᠠᠯᠭ᠋ᠠᠲᠤ ᠰᠡᠳᠬᠢᠯᠭᠡ᠎ᠪᠠᠨ ᠲᠠᠰᠤᠷᠠᠯᠲᠠ ᠥᠬᠡᠶ ᠴᠢᠩᠭ᠋ᠠᠷᠠᠭᠤᠯᠵᠤ᠂ 《ᠮᠡᠬᠡᠯᠡᠬᠦ ᠵᠣᠷᠢᠭ ᠥᠬᠡᠶ᠂ ᠮᠡᠬᠡᠯᠡᠬᠦ ᠰᠠᠨᠠᠭ᠎ᠠ ᠥᠬᠡᠶ᠂ ᠮᠡᠬᠡᠯᠡᠵᠦ ᠪᠣᠯᠬᠤ ᠥᠬᠡᠶ》 ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ ᠭᠡᠵᠦ ᠱᠠᠭ᠋ᠠᠷᠳᠠᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠲᠦᠩᠯᠢᠶᠣᠤ ᠬᠤᠲᠠ ᠵᠢᠨ ᠡᠮᠴᠢᠯᠡᠭᠡᠨ᠎ᠤ ᠪᠠᠳᠤᠯᠠᠭ᠎ᠠ ᠵᠢᠨ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ 《ᠪᠢ ᠦᠨᠳᠦᠰᠦᠨ ᠱᠠᠲᠤᠨ᠎ᠤ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠣ ᠥᠭᠭᠦᠨ᠎ᠡ》 ᠲᠤᠰᠬᠠᠢ ᠰᠡᠳᠦᠪᠲᠦ ᠪᠠᠶ᠋ᠢᠴᠠᠭ᠋ᠠᠨ ᠰᠤᠳᠤᠯᠤᠯᠲᠠ ᠥᠷᠨᠢᠭᠦᠯᠵᠡᠢ
ᠰᠢᠨ᠎ᠡ ᠬᠣᠲᠠ ᠲᠣᠭᠣᠷᠢᠭ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠥᠪ ᠠᠷᠠᠳ᠎ᠤᠨ ᠬᠦᠴᠢᠷ ᠵᠣᠪᠠᠭᠤᠷᠢ ᠵᠢ ᠠᠷᠢᠯᠭ᠋ᠠᠵᠤ ᠪᠣᠳᠠᠲᠤ ᠶᠠᠪᠤᠳᠠᠯ ᠪᠦᠲᠦᠭᠡᠭᠡᠳ ᠬᠡᠮᠡᠷᠯᠢᠭ ᠲᠤᠭ ᠲᠤᠰᠪᠠ
《ᠵᠢᠷᠭᠤᠭ᠋ᠠᠨ ᠮᠣᠵᠢ ᠬᠣᠶᠠᠷ ᠣᠷᠣᠨ》᠎ᠤ ᠮᠤᠵᠢ ᠬᠤᠯᠪᠤᠭ᠋ᠠᠯᠠᠨ ᠲᠢᠲᠢᠮ ᠰᠤᠳᠠᠯ᠎ᠤᠨ ᠲᠡᠯᠡᠭᠳᠡᠯ᠎ᠢ ᠵᠠᠰᠠᠬᠤ ᠪᠠᠭ᠋ᠠᠵᠢ ᠲᠥᠪᠯᠡᠷᠡᠩᠭᠦᠶ ᠬᠤᠳᠠᠯᠳᠤᠨ ᠠᠪᠬᠤ ᠰᠤᠩᠭᠤᠭᠳᠠᠭᠰᠠᠨ ᠦᠷ᠎ᠡ ᠳ᠋ᠦᠩ᠎ᠢ ᠬᠡᠷᠡᠭᠵᠢᠭᠦᠯᠬᠦ ᠲᠤᠬᠠᠶ ᠮᠡᠳᠡᠭᠳᠡᠯ
ᠬᠥᠮᠦᠨ᠎ᠤ ᠪᠡᠶ᠎ᠡ ᠵᠢᠨ ᠤᠯᠠᠭ᠋ᠠᠨ ᠠᠬᠢᠭᠤᠯᠬᠤ ᠡᠳ᠋᠎ᠤᠨ ᠲᠠᠷᠢᠯᠭ᠎ᠠ ᠵᠢᠨ ᠰᠢᠩᠭᠡᠨ ᠵᠡᠷᠭᠡ ᠵᠢ ᠳᠠᠩᠰᠠᠯᠠᠭᠤᠯᠤᠨ ᠬᠤᠳᠠᠯᠳᠤᠨ ᠠᠪᠬᠤ ᠡᠮ᠎ᠤᠨ ᠵᠦᠢ᠍ᠯ᠎ᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠨᠡᠶ᠋ᠢᠲᠡᠯᠡᠬᠦ ᠲᠤᠬᠠᠶ ᠮᠡᠳᠡᠭᠳᠡᠯ
ᠪᠢ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠠᠯᠪᠠᠨ ᠵᠢᠷᠤᠮ᠎ᠤᠨ ᠡᠮᠴᠢᠯᠡᠭᠡ ᠬᠢᠵᠤ ᠤᠭ ᠰᠠᠨᠠᠭ᠎ᠠ᠎ᠪᠠᠨ ᠦᠢ᠍ᠯᠡᠳᠦᠯᠭᠡᠵᠢᠭᠦᠯᠦᠨ᠎ᠡ
 
            