ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠡᠰᠡᠭ ᠡᠮ᠎ᠤᠨ ᠵᠦᠢ᠍ᠯ᠎ᠢ ᠬᠤᠳᠠᠯᠳᠤᠨ ᠠᠪᠬᠤ ᠬᠢᠵᠠᠭ᠋ᠠᠷᠲᠤ ᠦᠨ᠎ᠡ ᠵᠢ ᠪᠠᠭᠤᠷᠠᠭᠤᠯᠬᠤ ᠲᠤᠬᠠᠶ ᠮᠡᠳᠡᠭᠳᠡᠯ (2021 — 4)
ᠨᠡᠶ᠋ᠢᠲᠡᠯᠡᠭᠰᠡᠨ ᠴᠠᠭ᠄ 2021-05-17

              ᠥᠪᠥᠷ ᠡᠮ ᠬᠤᠳᠠᠯᠳᠤᠬᠤ ᠲᠥᠪ ᠦᠰᠦᠭ  [2021]  88 ᠳ᠋ᠤᠭ᠋ᠠᠷ ᠲᠣᠭ᠋ᠠᠲᠤ
ᠡᠯ᠎ᠡ ᠬᠠᠮᠢᠶ᠎ᠠ ᠪᠥᠬᠥᠶ ᠨᠢᠭᠡᠴᠢ᠄
      ᠤᠯᠤᠰ᠎ᠤᠨ ᠬᠣᠯᠪᠣᠭᠳᠠᠯ ᠪᠥᠬᠥᠶ ᠲᠥᠷᠥ ᠵᠢᠨ ᠪᠣᠳᠣᠯᠭ᠎ᠠ ᠵᠢ ᠦᠨᠳᠦᠰᠦᠯᠡᠨ᠂ ᠠᠵᠤ ᠠᠬᠤᠶ᠋ᠢᠯᠠᠯ᠎ᠤᠨ ᠬᠦᠰᠡᠯ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠡᠳᠦᠭᠡ ᠯᠢ ᠯᠠᠶ ᠠᠷᠠᠯᠵᠢᠶᠠᠨ᠎ᠤ ᠬᠢᠵᠠᠭ᠋ᠠᠷᠲᠤ ᠺᠣᠮᠫᠠᠨᠢ ᠵᠢᠨ ᠡᠵᠡᠩᠨᠡᠵᠦ ᠪᠠᠶ᠋ᠢᠭ᠎ᠠ ᠢ ᠴᠢ ᠵᠤ᠌ ᠳ᠋ᠠᠨ ᠡᠰᠡᠷᠭᠦᠴᠡᠯ᠎ᠤᠨ ᠲᠠᠷᠢᠯᠭ᠎ᠠ ᠵᠢᠨ ᠰᠢᠩᠭᠡᠨ (80mg/ml)᠎ᠤ ᠡᠮ᠎ᠤᠨ ᠦᠨ᠎ᠡ ᠵᠢ 2896.00 ᠲᠥᠭᠥᠷᠢᠭ \ ᠬᠠᠶ᠋ᠢᠷᠴᠠᠭ ᠪᠣᠯᠭ᠋ᠠᠨ ᠲᠣᠬᠢᠷᠠᠭᠤᠯᠪᠠ᠃ ᠡᠯ᠎ᠡ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ ᠡᠷᠬᠡᠪᠰᠢ ᠬᠤᠳᠠᠯᠳᠤᠨ ᠠᠪᠬᠤ ᠬᠢᠵᠠᠭ᠋ᠠᠷᠲᠤ ᠦᠨ᠎ᠡ᠎ᠳᠤ ᠲᠣᠬᠢᠷᠠᠭᠤᠯᠤᠯᠲᠠ ᠬᠢᠭᠰᠡᠨ᠎ᠤ ᠳᠠᠷᠠᠭ᠎ᠠ ᠤᠤᠯ᠎ᠤᠨ ᠵᠥᠪᠯᠡᠭᠰᠡᠨ ᠦᠨ᠎ᠡ ᠵᠢᠨ ᠠᠷᠭ᠎ᠠ ᠮᠠᠶᠢᠭ ᠵᠶ᠋ᠠᠷ ᠵᠥᠪᠯᠡᠭᠰᠡᠨ ᠦᠨ᠎ᠡ ᠪᠠ ᠬᠤᠳᠠᠯᠳᠤᠨ ᠠᠪᠬᠤ ᠠᠵᠢᠯ᠎ᠢ ᠥᠷᠨᠢᠭᠦᠯᠵᠦ᠂ ᠬᠠᠮᠢᠶ᠎ᠠ ᠪᠥᠬᠥᠶ ᠦᠢ᠍ᠯᠡᠳᠪᠦᠷᠢᠯᠡᠯ (ᠡᠵᠡᠩᠨᠡᠯᠲᠡ)᠎ᠤᠨ ᠠᠵᠤ ᠠᠬᠤᠶ᠋ᠢᠯᠠᠯ᠎ᠤᠳ ᠡᠷᠬᠡᠪᠰᠢ ᠲᠣᠬᠢᠷᠠᠭᠤᠯᠤᠭᠰᠠᠨ᠎ᠤ ᠳᠠᠷᠠᠭ᠋ᠠᠬᠢ ᠦᠨ᠎ᠡ ᠬᠠᠩᠰᠢ᠎ᠪᠠᠷ ᠵᠥᠪᠯᠡᠭᠰᠡᠨ ᠦᠨ᠎ᠡ ᠪᠠ ᠪᠣᠷᠣᠯᠠᠭᠤᠯᠭ᠎ᠠ ᠬᠢᠬᠦ ᠬᠡᠷᠡᠭᠲᠡᠶ᠃
      ᠲᠣᠬᠢᠷᠠᠭᠤᠯᠤᠯᠲᠠ ᠬᠢᠭᠰᠡᠨ᠎ᠤ ᠳᠠᠷᠠᠭ᠎ᠠ ᠦᠨ᠎ᠡ ᠬᠠᠩᠰᠢ ᠵᠢ 2021 ᠣᠨ᠎ᠤ 5 ᠳ᠋ᠤᠭ᠋ᠠᠷ ᠰᠠᠷ᠎ᠠ ᠵᠢᠨ 12᠎ᠤᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
      ᠬᠠᠷᠢᠯᠴᠠᠬᠤ ᠬᠥᠮᠦᠨ᠄ ᠵᠠᠩ ᠶᠠᠨ
      ᠬᠠᠷᠢᠯᠴᠠᠬᠤ ᠤᠲᠠᠰᠤ᠄ 0471 — 4904007
   
                        ᠥᠪᠡᠷᠲᠡᠭᠡᠨ ᠵᠠᠰᠠᠬᠤ ᠣᠷᠣᠨ᠎ᠤ ᠡᠮ ᠬᠤᠳᠠᠯᠳᠤᠨ ᠠᠪᠬᠤ ᠲᠥᠪ
                            2021 ᠣᠨ᠎ᠤ 5 ᠳ᠋ᠤᠭ᠋ᠠᠷ ᠰᠠᠷ᠎ᠠ ᠵᠢᠨ 11᠎ᠤ ᠡᠳᠦᠷ
   

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠠᠶᠠᠨᠨᠠᠭᠤᠷ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠭᠠᠷᠲᠠᠨ ᠭᠦᠢ᠍ᠴᠡᠳᠭᠡᠬᠦ ᠦᠢ᠍ᠯᠡᠴᠢᠯᠡᠭᠡ ᠵᠢ ᠨᠠᠷᠢᠯᠢᠬ᠍ᠵᠢᠭᠤᠯᠬᠤ᠎ᠪᠠᠷ ᠭᠣᠤᠯᠳᠠᠭᠤᠯᠵᠤ 《ᠪᠢ ᠣᠯᠠᠨ ᠲᠦᠮᠡᠨ᠎ᠳᠤ ᠪᠣᠳᠠᠲᠠᠶ ᠠᠵᠢᠯ ᠬᠢᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠪᠠ
ᠤᠯᠠᠭ᠋ᠠᠨᠴᠠᠪ ᠬᠣᠲᠠ ᠵᠢᠨ ᠵᠢᠨᠢᠩ ᠲᠣᠭᠣᠷᠢᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠮᠡᠬᠡᠯᠡᠨ ᠬᠢᠬᠠᠬᠤ ᠪᠠ ᠳᠠᠭ᠋ᠠᠳᠬᠠᠯ᠎ᠢ ᠮᠡᠬᠡᠯᠡᠨ ᠠᠪᠬᠤ᠎ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠰᠡᠷᠡᠮᠵᠢᠯᠡᠭᠦᠯᠬᠦ ᠬᠥᠮᠦᠵᠢᠯ᠎ᠤᠨ ᠶᠡᠬᠡ ᠬᠤᠷᠠᠯ ᠬᠤᠷᠠᠯᠳᠤᠭᠤᠯᠪᠠ
ᠲᠦᠩᠯᠢᠶᠣᠤ ᠬᠤᠲᠠ ᠵᠢᠨ ᠡᠮᠴᠢᠯᠡᠭᠡᠨ᠎ᠤ ᠪᠠᠳᠤᠯᠠᠭ᠎ᠠ ᠵᠢᠨ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ 《ᠪᠢ ᠦᠨᠳᠦᠰᠦᠨ ᠱᠠᠲᠤᠨ᠎ᠤ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠣ ᠥᠭᠭᠦᠨ᠎ᠡ》 ᠲᠤᠰᠬᠠᠢ ᠰᠡᠳᠦᠪᠲᠦ ᠪᠠᠶ᠋ᠢᠴᠠᠭ᠋ᠠᠨ ᠰᠤᠳᠤᠯᠤᠯᠲᠠ ᠥᠷᠨᠢᠭᠦᠯᠵᠡᠢ
ᠰᠢᠨ᠎ᠡ ᠬᠣᠲᠠ ᠲᠣᠭᠣᠷᠢᠭ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠥᠪ ᠠᠷᠠᠳ᠎ᠤᠨ ᠬᠦᠴᠢᠷ ᠵᠣᠪᠠᠭᠤᠷᠢ ᠵᠢ ᠠᠷᠢᠯᠭ᠋ᠠᠵᠤ ᠪᠣᠳᠠᠲᠤ ᠶᠠᠪᠤᠳᠠᠯ ᠪᠦᠲᠦᠭᠡᠭᠡᠳ ᠬᠡᠮᠡᠷᠯᠢᠭ ᠲᠤᠭ ᠲᠤᠰᠪᠠ
《ᠵᠢᠷᠭᠤᠭ᠋ᠠᠨ ᠮᠣᠵᠢ ᠬᠣᠶᠠᠷ ᠣᠷᠣᠨ》᠎ᠤ ᠮᠤᠵᠢ ᠬᠤᠯᠪᠤᠭ᠋ᠠᠯᠠᠨ ᠲᠢᠲᠢᠮ ᠰᠤᠳᠠᠯ᠎ᠤᠨ ᠲᠡᠯᠡᠭᠳᠡᠯ᠎ᠢ ᠵᠠᠰᠠᠬᠤ ᠪᠠᠭ᠋ᠠᠵᠢ ᠲᠥᠪᠯᠡᠷᠡᠩᠭᠦᠶ ᠬᠤᠳᠠᠯᠳᠤᠨ ᠠᠪᠬᠤ ᠰᠤᠩᠭᠤᠭᠳᠠᠭᠰᠠᠨ ᠦᠷ᠎ᠡ ᠳ᠋ᠦᠩ᠎ᠢ ᠬᠡᠷᠡᠭᠵᠢᠭᠦᠯᠬᠦ ᠲᠤᠬᠠᠶ ᠮᠡᠳᠡᠭᠳᠡᠯ
 
            