ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠲᠦᠩᠯᠢᠶᠣᠤ ᠬᠤᠲᠠ ᠵᠢᠨ ᠡᠮᠴᠢᠯᠡᠭᠡᠨ᠎ᠤ ᠪᠠᠳᠤᠯᠠᠭ᠎ᠠ ᠵᠢᠨ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ 《ᠪᠢ ᠦᠨᠳᠦᠰᠦᠨ ᠱᠠᠲᠤᠨ᠎ᠤ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠣ ᠥᠭᠭᠦᠨ᠎ᠡ》 ᠲᠤᠰᠬᠠᠢ ᠰᠡᠳᠦᠪᠲᠦ ᠪᠠᠶ᠋ᠢᠴᠠᠭ᠋ᠠᠨ ᠰᠤᠳᠤᠯᠤᠯᠲᠠ ᠥᠷᠨᠢᠭᠦᠯᠵᠡᠢ
ᠨᠡᠶ᠋ᠢᠲᠡᠯᠡᠭᠰᠡᠨ ᠴᠠᠭ᠄ 2021-05-19

      ᠰᠢ ᠵᠢᠨ ᠫᠢᠩ ᠶᠡᠷᠦᠩᠬᠡᠶ ᠱᠦᠵᠢ ᠵᠢᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠳᠠᠶ᠋ᠢᠴᠢᠯᠠᠯᠲᠠ ᠵᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠴᠢᠨᠠᠷ ᠰᠠᠶ᠋ᠢᠲᠠᠢ ᠥᠷᠨᠢᠭᠦᠯᠵᠦ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠂ ᠠᠷᠠᠳ᠎ᠤᠨ ᠲᠥᠯᠥᠭᠡ ᠵᠢᠳᠬᠦᠬᠦ ᠰᠡᠳᠬᠢᠯᠭᠡ ᠵᠢ ᠪᠠᠲᠤ ᠰᠠᠬᠢᠬᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠶ᠋ᠢᠲᠤᠷ ᠬᠢᠬᠦ ᠲᠠᠯ᠎ᠠ᠎ᠪᠠᠷ ᠪᠣᠳᠠᠲᠤ ᠦᠷ᠎ᠡ ᠪᠦᠲᠦᠮᠵᠢ ᠤᠯᠬᠤ᠎ᠪᠠᠷ ᠬᠦᠴᠦᠯᠡᠬᠦ ᠵᠢᠨ ᠲᠤᠰᠠᠲᠠ᠂ 5 ᠳ᠋ᠤᠭ᠋ᠠᠷ ᠰᠠᠷ᠎ᠠ ᠵᠢᠨ 11᠎ᠤ ᠡᠳᠦᠷ᠂ ᠲᠦᠩᠯᠢᠶᠣᠤ ᠬᠤᠳᠠ ᠵᠢᠨ ᠡᠮᠴᠢᠯᠡᠭᠡᠨ᠎ᠤ ᠪᠠᠳᠤᠯᠠᠭ᠎ᠠ ᠵᠢᠨ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠤᠪᠴᠢᠶ᠎ᠠ ᠵᠢᠨ ᠳᠠᠷᠤᠭ᠎ᠠ ᠫᠠᠩ ᠶᠢᠦ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠤᠪᠴᠢᠶ᠎ᠠ ᠵᠢᠨ ᠳᠡᠳ᠋ ᠳᠠᠷᠤᠭ᠎ᠠ ᠴᠠᠢ ᠬᠣᠩ ᠭᠤᠸᠠᠩ ᠬᠣᠯᠪᠣᠭᠳᠠᠯ ᠪᠦᠬᠦᠢ ᠠᠵᠢᠯᠲᠠᠳ ᠵᠶ᠋ᠠᠨ ᠳᠠᠭ᠋ᠠᠭᠤᠯᠤᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠳᠤ ᠭᠦᠨᠵᠡᠭᠡᠶ᠋ᠢᠷᠡᠵᠦ 《ᠪᠢ ᠦᠨᠳᠦᠰᠦᠨ ᠱᠠᠲᠤᠨ᠎ᠤ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠭᠦᠨ᠎ᠡ》 ᠲᠤᠰᠬᠠᠢ ᠰᠡᠳᠦᠪᠲᠦ ᠪᠠᠶ᠋ᠢᠴᠠᠭ᠋ᠠᠨ ᠰᠤᠳᠤᠯᠤᠯᠲᠠ ᠵᠢ ᠥᠷᠨᠢᠭᠦᠯᠵᠡᠢ᠃


      ᠫᠠᠩ ᠶᠢᠤ ᠨᠠᠷ ᠤᠷᠢᠳ ᠬᠣᠵᠢᠳ   ᠬᠤᠯᠪᠤᠭ᠋ᠠᠯᠠᠨ ᠲᠠᠭ᠋ᠠᠭ᠋ᠠᠴᠢᠯᠠᠭᠰᠠᠨ ᠶᠠᠳᠠᠭᠤ ᠵᠢ ᠲᠡᠳᠬᠦᠬᠦ ᠲᠣᠰᠬᠣᠨ ᠪᠦᠦ ᠺᠠᠩ ᠪᠠᠯᠭ᠋ᠠᠰᠤᠨ᠎ᠤ ᠵᠢᠤᠢ ᠪᠦᠦ ᠱᠠᠨ ᠲᠣᠰᠬᠣᠨ᠎ᠳᠤ ᠬᠦᠷᠴᠦ᠂ ᠲᠣᠰᠬᠣᠨ᠎ᠳᠤ ᠰᠠᠭᠤᠭ᠎ᠠ ᠠᠵᠢᠯᠯᠠᠬᠤ ᠠᠩᠭᠢ᠎ᠠᠴᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠵᠣᠯᠭ᠋ᠠᠭᠤᠯᠬᠤ ᠠᠵᠢᠯ᠎ᠤᠨ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠨᠢᠭᠡᠨᠲᠡ ᠶᠠᠳᠠᠭᠤ᠎ᠠᠴᠠ ᠠᠩᠭᠢᠵᠢᠷᠠᠭᠰᠠᠨ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ᠎ᠳᠤ ᠭᠦᠨᠵᠡᠭᠡᠶ᠋ᠢᠷᠡᠨ᠂ ᠲᠡᠳᠡᠨ᠎ᠲᠠᠢ ᠵᠣᠭᠣᠭ ᠳᠡᠯᠭᠡᠵᠦ᠂ ᠬᠥᠭᠵᠢᠯᠲᠡ ᠵᠢᠨ ᠲᠤᠬᠠᠶ ᠶᠠᠷᠢᠯᠴᠠᠵᠤ᠂ ᠲᠡᠳᠡᠨ᠎ᠤ ᠬᠡᠷ ᠪᠦᠯᠢ ᠵᠢᠨ ᠭᠣᠤᠯ ᠪᠣᠯᠬᠤ ᠠᠵᠤ ᠠᠬᠤᠶ ᠵᠢᠨ ᠣᠷᠣᠯᠭ᠎ᠠ ᠵᠢᠴᠢ ᠠᠮᠢᠳᠤᠷᠠᠯ ᠦᠢ᠍ᠯᠡᠳᠪᠦᠷᠢᠯᠡᠯ᠎ᠤᠨ ᠪᠠᠶ᠋ᠢᠳᠠᠯ᠎ᠢ ᠨᠠᠷᠢᠨ ᠨᠢᠮᠪᠠᠶ ᠠᠰᠠᠭᠤᠨ ᠯᠠᠪᠯᠠᠵᠤ᠂ ᠲᠡᠳᠡᠨ᠎ᠤ ᠡᠮᠴᠢᠯᠡᠭᠡᠨ᠎ᠤ ᠪᠠᠲᠤᠯᠠᠭ᠎ᠠ ᠵᠢᠨ ᠠᠵᠢᠯ᠎ᠤᠨ ᠲᠤᠬᠠᠶ ᠰᠠᠨᠠᠯ ᠰᠠᠨᠠᠭᠤᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠬᠤᠷᠢᠶᠠᠭᠰᠠᠨ ᠪᠥᠭᠡᠳ ᠣᠯᠵᠤ ᠮᠡᠳᠡᠭᠰᠡᠨ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠵᠢᠨ ᠲᠤᠬᠠᠶ ᠲᠣᠳᠣᠷᠬᠠᠶ ᠱᠠᠭ᠋ᠠᠷᠳᠠᠯᠭ᠎ᠠ ᠪᠠ ᠵᠢᠯᠣᠭᠣᠳᠬᠤ ᠰᠠᠨᠠᠯ ᠳᠤᠷᠠᠳᠤᠭᠰᠠᠨ ᠪᠠᠶ᠋ᠢᠨ᠎ᠠ᠃



      ᠳᠠᠷᠠᠭ᠎ᠠ᠎ᠨᠢ᠂ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠴᠣᠩᠬᠤᠪᠴᠢ᠂ ᠪᠦᠦ ᠺᠠᠩ ᠪᠠᠯᠭ᠋ᠠᠰᠤᠨ᠎ᠤ ᠨᠡᠶ᠋ᠢᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ᠎ᠲᠤ ᠬᠦᠷᠴᠦ᠂ ᠦᠢ᠍ᠯᠡᠴᠢᠯᠡᠭᠡᠨ᠎ᠤ ᠴᠣᠩᠬᠤᠪᠴᠢ ᠵᠢᠨ ᠲᠤᠬᠠᠶ᠋ᠢᠯᠠᠭᠰᠠᠨ ᠠᠵᠢᠯ᠎ᠤᠨ ᠭᠠᠷᠲᠠᠨ ᠭᠦᠢ᠍ᠴᠡᠳᠭᠡᠬᠦ᠂ 《ᠬᠣᠶᠠᠷ ᠡᠪᠡᠳᠴᠢᠨ》᠎ᠤ ᠡᠭᠦᠳᠡᠨ ᠡᠮᠨᠡᠯᠭᠡ ᠵᠢᠨ ᠡᠮ ᠬᠡᠷᠡᠭᠯᠡᠬᠦ ᠪᠠᠲᠤᠯᠠᠭ᠎ᠠ᠂ ᠡᠭᠦᠳᠡᠨ ᠡᠮᠨᠡᠯᠭᠡ ᠵᠢᠨ ᠣᠨᠴᠠ ᠤᠳᠠᠭ᠋ᠠᠨ ᠴᠢᠨᠠᠷᠲᠠᠶ ᠡᠪᠡᠳᠴᠢᠨ᠎ᠤ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢᠴᠢ ᠡᠮ᠎ᠤᠨ ᠬᠣᠷᠣᠭᠳᠠᠯ ᠮᠠᠲ᠋ᠧᠷᠢᠶᠠᠯ᠎ᠢ ᠲᠣᠭ᠎ᠠ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠵᠡᠷᠭᠡ ᠲᠠᠯ᠎ᠠ ᠵᠢᠨ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢᠨ ᠪᠠᠶ᠋ᠢᠳᠠᠯ ᠵᠢᠴᠢ ᠣᠷᠣᠰᠢᠵᠤ ᠪᠠᠶ᠋ᠢᠭ᠎ᠠ ᠬᠦᠴᠢᠷᠳᠡᠯ ᠪᠠ ᠠᠰᠠᠭᠤᠳᠠᠯ᠎ᠢ ᠨᠠᠷᠢᠨ ᠠᠰᠠᠭᠤᠨ ᠯᠠᠪᠯᠠᠬᠤ ᠵᠢᠨ ᠬᠠᠮᠲᠤ ᠡᠮᠴᠢᠯᠡᠭᠡᠨ᠎ᠤ ᠪᠠᠶ᠋ᠢᠭᠤᠯᠤᠮᠵᠢ ᠵᠢᠨ ᠰᠠᠨᠠᠯ ᠰᠠᠨᠠᠭᠤᠯᠭ᠎ᠠ ᠵᠢ ᠰᠣᠨᠣᠰᠪᠠ᠃




      ᠫᠠᠩ ᠶᠢᠤ ᠴᠢᠬᠤᠯᠠᠴᠢᠯᠠᠬᠤ᠎ᠳᠠᠭᠠᠨ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠴᠢᠨᠠᠷ ᠰᠠᠶ᠋ᠢᠲᠠᠶ ᠥᠨᠳᠥᠷ ᠪᠠᠷᠢᠮᠵᠢᠶ᠎ᠠ᠎ᠪᠠᠷ ᠥᠷᠨᠢᠭᠦᠯᠵᠦ᠂ ᠨᠠᠮ᠎ᠤᠨ ᠲᠡᠦᠬᠡ ᠵᠢ ᠰᠤᠷᠤᠯᠴᠠᠬᠤ ᠵᠢ ᠲᠤᠷᠰᠢᠯᠭ᠎ᠠ᠎ᠪᠠᠨ ᠳ᠋ᠦᠩᠨᠡᠬᠦ᠂ ᠪᠣᠳᠠᠲᠤ ᠪᠠᠶ᠋ᠢᠳᠠᠯ᠎ᠢ ᠠᠵᠢᠭᠯᠠᠬᠤ᠂ ᠠᠵᠢᠯ ᠵᠶ᠋ᠠᠨ ᠠᠬᠢᠭᠤᠯᠬᠤ᠎ᠲᠠᠢ ᠤᠶᠠᠯᠳᠤᠭᠤᠯᠵᠤ᠂ ᠡᠮᠴᠢᠯᠡᠭᠡᠨ᠎ᠤ ᠪᠠᠲᠤᠯᠠᠭ᠎ᠠ ᠵᠢᠨ ᠡᠯ᠎ᠡ ᠵᠦᠢ᠍ᠯ᠎ᠤᠨ ᠭᠣᠤᠯᠳᠠᠯᠭ᠎ᠠ᠎ᠲᠠᠢ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ 《ᠪᠢ ᠣᠯᠠᠨ ᠲᠦᠮᠡᠨ᠎ᠳᠤ ᠪᠣᠳᠠᠲᠠᠶ ᠠᠵᠢᠯ ᠬᠢᠵᠦ ᠥᠭᠬᠦ》   ᠦᠢ᠍ᠯᠡᠳᠦᠯᠭᠡ ᠵᠢᠨ ᠠᠵᠢᠯᠯᠠᠭ᠎ᠠ ᠵᠢ ᠰᠠᠶ᠋ᠢᠲᠤᠷ ᠥᠷᠨᠢᠭᠦᠯᠵᠦ᠂ ᠠᠷᠠᠳ ᠣᠯᠠᠨ᠎ᠤ ᠡᠮᠴᠢᠯᠡᠭᠡᠨ᠎ᠤ ᠪᠠᠲᠤᠯᠠᠭ᠎ᠠ ᠵᠢᠨ ᠬᠦᠷᠢᠶᠡᠨ᠎ᠳᠠᠬᠢ ᠡᠪᠡᠷᠰᠢᠶᠡᠯ᠎ᠲᠠᠢ ᠭᠠᠵᠠᠷ ᠲᠦᠭᠵᠢᠷᠡᠯ᠎ᠲᠠᠢ ᠭᠠᠵᠠᠷ ᠲᠦᠪᠡᠭᠲᠡᠶ ᠠᠰᠠᠭᠤᠳᠠᠯ᠎ᠢ ᠣᠨᠣᠪᠴᠢᠲᠠᠶ ᠡᠷᠢᠨ ᠣᠯᠵᠤ᠂ ᠭᠣᠤᠯ ᠴᠣᠭᠴᠠ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠨ᠂ ᠣᠯᠠᠨ ᠲᠦᠮᠡᠨ᠎ᠳᠤ ᠪᠣᠳᠠᠲᠠᠶ ᠠᠵᠢᠯ ᠬᠢᠵᠦ᠂ ᠰᠠᠶ᠋ᠢᠨ ᠠᠵᠢᠯ ᠬᠢᠵᠦ᠂ ᠬᠦᠴᠢᠷ ᠠᠰᠠᠭᠤᠳᠠᠯ᠎ᠢ ᠰᠢᠢ᠍ᠳᠪᠦᠷᠢᠯᠡᠨ ᠥᠭᠴᠦ᠂ ᠠᠷᠠᠳ ᠣᠯᠠᠨ᠎ᠳᠤ ᠨᠠᠩ ᠣᠯᠠᠨ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠎ᠲᠠᠢ   ᠪᠤᠯᠭ᠋ᠠᠬᠤ ᠬᠡᠷᠡᠭᠲᠡᠢ ᠭᠡᠪᠡ᠃
   


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠰᠢᠨ᠎ᠡ ᠬᠣᠲᠠ ᠲᠣᠭᠣᠷᠢᠭ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠥᠪ ᠠᠷᠠᠳ᠎ᠤᠨ ᠬᠦᠴᠢᠷ ᠵᠣᠪᠠᠭᠤᠷᠢ ᠵᠢ ᠠᠷᠢᠯᠭ᠋ᠠᠵᠤ ᠪᠣᠳᠠᠲᠤ ᠶᠠᠪᠤᠳᠠᠯ ᠪᠦᠲᠦᠭᠡᠭᠡᠳ ᠬᠡᠮᠡᠷᠯᠢᠭ ᠲᠤᠭ ᠲᠤᠰᠪᠠ
《ᠵᠢᠷᠭᠤᠭ᠋ᠠᠨ ᠮᠣᠵᠢ ᠬᠣᠶᠠᠷ ᠣᠷᠣᠨ》᠎ᠤ ᠮᠤᠵᠢ ᠬᠤᠯᠪᠤᠭ᠋ᠠᠯᠠᠨ ᠲᠢᠲᠢᠮ ᠰᠤᠳᠠᠯ᠎ᠤᠨ ᠲᠡᠯᠡᠭᠳᠡᠯ᠎ᠢ ᠵᠠᠰᠠᠬᠤ ᠪᠠᠭ᠋ᠠᠵᠢ ᠲᠥᠪᠯᠡᠷᠡᠩᠭᠦᠶ ᠬᠤᠳᠠᠯᠳᠤᠨ ᠠᠪᠬᠤ ᠰᠤᠩᠭᠤᠭᠳᠠᠭᠰᠠᠨ ᠦᠷ᠎ᠡ ᠳ᠋ᠦᠩ᠎ᠢ ᠬᠡᠷᠡᠭᠵᠢᠭᠦᠯᠬᠦ ᠲᠤᠬᠠᠶ ᠮᠡᠳᠡᠭᠳᠡᠯ
ᠬᠥᠮᠦᠨ᠎ᠤ ᠪᠡᠶ᠎ᠡ ᠵᠢᠨ ᠤᠯᠠᠭ᠋ᠠᠨ ᠠᠬᠢᠭᠤᠯᠬᠤ ᠡᠳ᠋᠎ᠤᠨ ᠲᠠᠷᠢᠯᠭ᠎ᠠ ᠵᠢᠨ ᠰᠢᠩᠭᠡᠨ ᠵᠡᠷᠭᠡ ᠵᠢ ᠳᠠᠩᠰᠠᠯᠠᠭᠤᠯᠤᠨ ᠬᠤᠳᠠᠯᠳᠤᠨ ᠠᠪᠬᠤ ᠡᠮ᠎ᠤᠨ ᠵᠦᠢ᠍ᠯ᠎ᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠨᠡᠶ᠋ᠢᠲᠡᠯᠡᠬᠦ ᠲᠤᠬᠠᠶ ᠮᠡᠳᠡᠭᠳᠡᠯ
ᠪᠢ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠠᠯᠪᠠᠨ ᠵᠢᠷᠤᠮ᠎ᠤᠨ ᠡᠮᠴᠢᠯᠡᠭᠡ ᠬᠢᠵᠤ ᠤᠭ ᠰᠠᠨᠠᠭ᠎ᠠ᠎ᠪᠠᠨ ᠦᠢ᠍ᠯᠡᠳᠦᠯᠭᠡᠵᠢᠭᠦᠯᠦᠨ᠎ᠡ
ᠠᠷᠠᠳ ᠲᠦᠮᠡᠨ᠎ᠤ ᠲᠥᠯᠥᠭᠡ ᠦᠨᠡᠨ ᠰᠡᠳᠬᠢᠯ᠎ᠠᠴᠠ᠎ᠪᠠᠨ ᠪᠣᠳᠠᠲᠤ ᠶᠠᠪᠤᠳᠠᠯ ᠬᠢᠵᠦ ᠥᠪᠡᠷ᠎ᠤᠨ ᠪᠡᠶ᠎ᠡ᠎ᠪᠠᠷ ᠵᠶ᠋ᠠᠨ ᠴᠢᠷᠮᠠᠶ᠋ᠢᠨ ᠠᠵᠢᠯᠯᠠᠵᠤ ᠤᠬ ᠰᠠᠨᠠᠭ᠎ᠠ᠎ᠪᠠᠨ ᠰᠠᠬᠢᠨ᠎ᠠ
 
            