ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠰᠢᠨ᠎ᠡ ᠬᠣᠲᠠ ᠲᠣᠭᠣᠷᠢᠭ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠥᠪ ᠠᠷᠠᠳ᠎ᠤᠨ ᠬᠦᠴᠢᠷ ᠵᠣᠪᠠᠭᠤᠷᠢ ᠵᠢ ᠠᠷᠢᠯᠭ᠋ᠠᠵᠤ ᠪᠣᠳᠠᠲᠤ ᠶᠠᠪᠤᠳᠠᠯ ᠪᠦᠲᠦᠭᠡᠭᠡᠳ ᠬᠡᠮᠡᠷᠯᠢᠭ ᠲᠤᠭ ᠲᠤᠰᠪᠠ
ᠨᠡᠶ᠋ᠢᠲᠡᠯᠡᠭᠰᠡᠨ ᠴᠠᠭ᠄ 2021-05-19

      ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠠᠴᠠ ᠨᠠᠰᠢ ᠰᠢᠨ᠎ᠡ ᠬᠣᠲᠠ ᠲᠣᠭᠣᠷᠢᠭ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠥᠪ᠎ᠤᠨ᠎ᠬᠢᠨ 《ᠠᠷᠠᠳ᠎ᠤᠨ ᠠᠮᠢᠳᠤᠷᠠᠯ᠎ᠤᠨ ᠶᠠᠪᠤᠳᠠᠯ᠎ᠳᠤ ᠪᠠᠭ᠎ᠠ ᠶᠠᠪᠤᠳᠠᠯ ᠭᠡᠵᠦ ᠦᠭᠡᠶ᠂ ᠪᠢ ᠣᠯᠠᠨ ᠲᠦᠮᠡᠨ᠎ᠳᠤ ᠪᠣᠳᠠᠲᠠᠶ ᠶᠠᠪᠤᠳᠠᠯ ᠬᠢᠵᠦ ᠥᠭᠬᠦ》 ᠵᠣᠷᠢᠯᠲᠠ ᠵᠢ ᠪᠠᠷᠢᠮᠲᠠᠯᠠᠵᠤ᠂ ᠶᠠᠷᠢᠯᠴᠠᠨ ᠰᠣᠯᠢᠯᠴᠠᠬᠤ᠂ ᠠᠶ᠋ᠢᠯ ᠡᠷᠦᠬᠡ᠎ᠳᠤ ᠬᠦᠷᠴᠦ ᠰᠤᠷᠪᠤᠯᠵᠢᠯᠠᠬᠤ᠎ᠪᠠᠷ ᠳᠡᠮᠵᠢᠨ᠂ ᠤᠯᠠᠨ ᠲᠦᠮᠡᠨ᠎ᠤ ᠰᠠᠨᠠᠯ᠎ᠢ ᠥᠷᠭᠡᠨ ᠵᠶ᠋ᠠᠷ ᠰᠣᠨᠣᠰᠴᠤ᠂ ᠡᠮᠴᠢᠯᠡᠭᠡ ᠵᠢᠨ ᠪᠠᠳᠤᠯᠠᠭ᠎ᠠ ᠵᠢᠨ ᠬᠦᠷᠢᠶᠡᠨ᠎ᠳᠤ ᠣᠷᠣᠰᠢᠵᠤ ᠪᠠᠶ᠋ᠢᠭ᠎ᠠ ᠠᠰᠠᠭᠤᠳᠠᠯ᠎ᠢ ᠨᠠᠷᠢᠨ ᠬᠢᠨᠠᠮᠠᠭ᠋ᠠᠢ ᠡᠮᠬᠢᠯᠡᠵᠦ᠂ ᠤᠯᠠᠨ ᠲᠦᠮᠡᠨ᠎ᠤ ᠲᠤᠰᠬᠠᠯ ᠴᠢᠩᠭ᠎ᠠ ᠪᠠᠶ᠋ᠢᠭ᠎ᠠ ᠬᠠᠯᠠᠮᠰᠢᠯ ᠴᠡᠭ᠂ ᠬᠦᠴᠢᠷ ᠠᠰᠠᠭᠤᠳᠠᠯ᠎ᠢ ᠦᠨᠡᠨᠬᠦ ᠠᠩᠬᠠᠷᠴᠤ᠂ ᠡᠮᠴᠢᠯᠡᠭᠡ ᠵᠢᠨ ᠪᠠᠳᠤᠯᠠᠭ᠎ᠠ ᠵᠢᠨ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠷᠭ᠎ᠠ ᠬᠡᠮᠵᠢᠶ᠎ᠡ᠎ᠪᠠᠨ ᠴᠢᠨᠠᠭᠰᠢᠳᠠ ᠴᠢᠩᠭ᠋ᠠᠳᠬᠠᠵᠤ᠂ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠤᠯᠠᠨ ᠲᠦᠮᠡᠨ᠎ᠤ ᠪᠠᠴᠢᠮ ᠬᠦᠴᠢᠷᠲᠡᠢ ᠵᠣᠪᠠᠵᠤ ᠪᠠᠶ᠋ᠢᠭ᠎ᠠ ᠶᠠᠪᠤᠳᠠᠯ᠎ᠢ ᠰᠢᠢ᠍ᠳᠪᠦᠷᠢᠯᠡᠵᠦ᠂ ᠡᠮᠴᠢᠯᠡᠭᠡ ᠵᠢᠨ ᠪᠠᠳᠤᠯᠠᠭ᠎ᠠ ᠵᠢᠨ ᠬᠥᠮᠦᠰ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠦᠨᠡᠨᠬᠦ ᠦᠢ᠍ᠯᠡᠳᠦᠯᠭᠡᠵᠢᠭᠦᠯᠵᠦ᠂ ᠤᠯᠠᠨ ᠲᠦᠮᠡᠨ᠎ᠤ ᠬᠦᠷᠲᠡᠮᠵᠢ ᠵᠢᠨ ᠲᠦᠷᠦᠭᠳᠡᠯ᠂ ᠵᠣᠯ ᠵᠢᠷᠭ᠋ᠠᠯᠲᠤ ᠲᠦᠷᠦᠭᠳᠡᠯ᠎ᠢ ᠨᠡᠮᠡᠭᠳᠡᠭᠦᠯᠵᠦ ᠪᠠᠢ᠌ᠨ᠎ᠠ᠃
      ᠣᠶ᠋ᠢᠷ᠎ᠠ᠎ᠳᠤ᠂ ᠬᠣᠲᠠ ᠵᠢᠨ ᠠᠷᠠᠳ ᠴᠢᠨ ᠠᠪᠤᠭ᠋ᠠᠶ ᠲᠠᠯᠠᠷᠬᠠᠯ᠎ᠤᠨ ᠰᠡᠳᠬᠢᠯᠭᠡ᠎ᠪᠠᠷ ᠰᠢᠨ᠎ᠡ ᠬᠣᠲᠠ ᠲᠣᠭᠣᠷᠢᠭ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠥᠪ᠎ᠲᠤ ᠬᠡᠮᠡᠷᠯᠢᠭ ᠲᠣᠭ ᠪᠡᠯᠡᠭᠯᠡᠵᠡᠶ᠃ ᠡᠮᠴᠢᠯᠡᠭᠡ ᠵᠢᠨ ᠪᠠᠳᠤᠯᠠᠭ᠎ᠠ ᠵᠢᠨ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠤᠯᠠᠨ ᠲᠦᠮᠡᠨ᠎ᠢ ᠬᠠᠶ᠋ᠢᠷᠠᠯᠠᠨ ᠬᠠᠯᠠᠮᠵᠢᠯᠠᠵᠤ᠂ ᠠᠷᠠᠳ ᠤᠯᠠᠨ᠎ᠳᠤ ᠬᠠᠯᠠᠭᠤᠮᠰᠤᠭ᠂ ᠥᠨᠳᠥᠷ ᠪᠦᠲᠦᠮᠵᠢᠲᠡᠢ ᠦᠢ᠍ᠯᠡᠴᠢᠯᠡᠭᠡ ᠬᠠᠩᠭ᠋ᠠᠭᠰᠠᠨ᠎ᠳᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠭᠰᠡᠨ ᠪᠠᠶ᠋ᠢᠨ᠎ᠠ᠃



     《ᠡᠮᠴᠢᠯᠡᠭᠡ ᠵᠢᠨ ᠪᠠᠳᠤᠯᠠᠭ᠎ᠠ ᠵᠢᠨ ᠲᠥᠪ᠎ᠤᠨ ᠪᠢᠳᠡᠨ᠎ᠢ ᠬᠠᠯᠠᠮᠵᠢᠯᠠᠭᠰᠠᠨ᠎ᠳᠤ ᠲᠠᠯᠠᠷᠬᠠᠵᠤ ᠪᠠᠶ᠋ᠢᠨ᠎ᠠ᠂ ᠲᠠ ᠨᠠᠷ᠎ᠤᠨ ᠦᠨᠡᠨᠴᠢ ᠣᠪᠣᠷ᠂ ᠥᠨᠳᠥᠷ ᠪᠦᠲᠦᠮᠵᠢᠲᠡᠶ ᠠᠵᠢᠯ ᠪᠣᠯᠤᠨ ᠬᠠᠯᠠᠭᠤᠨ ᠳᠣᠲᠣᠨᠣ ᠦᠢ᠍ᠯᠡᠴᠢᠯᠡᠭᠡ᠎ᠨᠢ ᠪᠢᠳᠡᠨ᠎ᠳᠤ ᠲᠤᠶ᠋ᠢᠯ᠎ᠤᠨ ᠬᠠᠯᠠᠭᠤᠨ ᠳᠤᠯᠠᠭ᠋ᠠᠨ ᠰᠠᠨᠠᠭᠳᠠᠵᠤ ᠪᠠᠶ᠋ᠢᠨ᠎ᠠ》   ᠭᠡᠵᠤ ᠴᠢᠨ ᠠᠪᠤᠭ᠋ᠠᠶ ᠰᠡᠳᠬᠢᠯ ᠳᠣᠭᠳᠣᠯᠤᠨ ᠠᠵᠢᠯᠲᠠᠳ᠎ᠲᠤ ᠬᠡᠯᠡᠪᠡ᠃ ᠣᠶ᠋ᠢᠯᠠᠭ᠋ᠠᠭᠰᠠᠨ ᠵᠶ᠋ᠠᠷ᠂ ᠴᠢᠨ ᠠᠪᠤᠭ᠋ᠠᠶ ᠬᠡᠩᠭᠡᠷᠭᠡᠨ ᠠᠰᠠᠷ᠎ᠤᠨ ᠣᠶ᠋ᠢᠷᠠᠯᠴᠠᠭ᠎ᠠ ᠨᠢᠭᠡᠨ ᠰᠣᠬᠣᠷᠴᠤᠳ᠎ᠤᠨ ᠢᠯᠢᠯᠭᠡ ᠵᠢᠨ ᠡᠮᠴᠢᠯᠡᠭᠡᠨ᠎ᠤ ᠭᠠᠵᠠᠷ ᠡᠷᠭᠢᠯᠡᠵᠡᠶ᠂ ᠡᠮᠦᠨ᠎ᠡ ᠨᠢᠭᠡ ᠬᠤᠭᠤᠴᠠᠭ᠋ᠠᠨ᠎ᠳᠤ ᠲᠡᠳᠡ ᠵᠠᠰᠠᠭ᠎ᠤᠨ ᠶᠠᠪᠤᠳᠠᠯ᠎ᠤᠨ ᠶᠡᠬᠡ ᠲᠢᠩᠬᠢᠮ᠎ᠳᠤ ᠬᠦᠷᠴᠦ ᠥᠪᠡᠷ᠎ᠤᠨ ᠡᠮᠴᠢᠯᠡᠭᠡᠨ᠎ᠤ ᠭᠠᠵᠠᠷ᠎ᠲᠠᠭᠠᠨ ᠴᠡᠭ ᠲᠣᠭᠲᠠᠭ᠋ᠠᠭᠰᠠᠨ ᠪᠠᠶ᠋ᠢᠭᠤᠯᠤᠮᠵᠢ᠎ᠳᠤ ᠡᠮᠴᠢᠯᠡᠭᠡ ᠵᠢᠨ ᠺᠠᠷᠲ ᠬᠡᠷᠡᠭᠯᠡᠵᠦ ᠪᠤᠯᠬᠤ ᠲᠤᠬᠠᠶ᠋ᠢᠯᠠᠭᠰᠠᠨ ᠠᠵᠢᠯ᠎ᠢ ᠭᠤᠶᠤᠴᠢᠯᠠᠬᠤ᠎ᠳᠠᠭᠠᠨ ᠨᠠᠰᠢ ᠴᠠᠰᠢ ᠶᠠᠪᠤᠵᠤ ᠰᠠᠭᠤᠬᠤ᠎ᠳᠤ ᠳᠥᠭᠥᠮ ᠦᠭᠡᠢ᠎ᠠᠴᠠ ᠪᠣᠯᠵᠤ ᠬᠦᠴᠢᠷ ᠠᠰᠠᠭᠤᠳᠠᠯ᠎ᠳᠤ ᠲᠤᠯᠭ᠋ᠠᠷᠠᠵᠠᠶ᠃ ᠲᠡᠳᠡᠨ᠎ᠤ ᠪᠠᠶ᠋ᠢᠳᠠᠯ᠎ᠢ ᠣᠶ᠋ᠢᠯᠠᠭ᠋ᠠᠭᠰᠠᠨ᠎ᠤ ᠳᠠᠷᠠᠭ᠎ᠠ᠂ ᠠᠵᠢᠯᠲᠠᠳ ᠲᠡᠳᠡᠨ᠎ᠤ ᠣᠨᠴᠠᠭ᠋ᠠᠶ ᠪᠠᠶ᠋ᠢᠳᠠᠯ᠎ᠢ ᠪᠣᠳᠣᠯᠬᠢᠯᠠᠨ ᠰᠠᠨᠠᠭ᠋ᠠᠴᠢᠯᠠᠭ᠎ᠠ᠎ᠠᠴᠠ᠎ᠪᠠᠨ ᠭᠡᠷ᠎ᠲᠤᠨᠢ ᠣᠴᠢᠵᠤ ᠦᠢ᠍ᠯᠡᠴᠢᠯᠡᠬᠦ ᠪᠣᠳᠣᠯ ᠵᠶ᠋ᠠᠨ ᠳᠤᠷᠠᠳᠤᠭᠰᠠᠨ ᠪᠥᠭᠡᠳ ᠲᠡᠷᠡ ᠳᠠᠷᠤᠶ᠎ᠳᠤᠨᠢ ᠨᠠᠶ᠋ᠢᠳᠠᠪᠤᠷᠢᠵᠢᠭᠤᠯᠵᠠᠶ᠃ ᠲᠣᠰ ᠡᠳᠦᠷ᠎ᠲᠤ᠂ ᠡᠮᠴᠢᠯᠡᠭᠡ ᠵᠢᠨ ᠪᠠᠳᠤᠯᠠᠭ᠎ᠠ ᠵᠢᠨ ᠠᠵᠢᠯᠲᠠᠨ ᠴᠢᠨ ᠠᠪᠤᠭ᠋ᠠᠶ ᠵᠢᠨ ᠪᠠᠶ᠋ᠢᠭ᠎ᠠ ᠡᠮᠨᠡᠯᠭᠡ ᠵᠢᠨ ᠭᠠᠵᠠᠷ᠎ᠲᠤ ᠬᠦᠷᠴᠦ᠂ ᠬᠣᠶᠠᠷ᠎ᠢ ᠲᠣᠭᠲᠠᠭ᠋ᠠᠭᠰᠠᠨ ᠪᠠᠶ᠋ᠢᠭᠤᠯᠤᠮᠵᠢ ᠵᠢᠨ ᠭᠦᠢ᠍ᠴᠡᠳᠭᠡᠬᠦ ᠶᠠᠪᠤᠴᠠ᠂ ᠬᠡᠷᠡᠭᠰᠡᠬᠦ ᠮᠠᠲ᠋ᠧᠷᠢᠶᠠᠯ ᠪᠠ ᠬᠣᠯᠪᠣᠭᠳᠠᠯ ᠪᠥᠬᠥᠶ ᠨᠠᠷᠢᠨ ᠵᠦᠢ᠍ᠯᠡᠰ᠎ᠤᠨ ᠱᠠᠭ᠋ᠠᠷᠳᠠᠯᠭ᠎ᠠ ᠵᠢᠨ ᠲᠤᠬᠠᠶ ᠲᠡᠳᠡᠨ᠎ᠳᠤ ᠨᠠᠷᠢᠨ ᠲᠣᠳᠣᠷᠬᠠᠶ ᠲᠠᠨᠢᠯᠴᠠᠭᠤᠯᠤᠨ ᠥᠭᠴᠦ᠂ ᠭᠤᠶᠤᠴᠢᠯᠠᠭᠴᠢ᠎ᠳᠤ ᠭᠦᠢ᠍ᠴᠡᠳᠭᠡᠬᠦ ᠶᠠᠪᠤᠴᠠ ᠵᠢ ᠲᠣᠳᠣᠷᠬᠠᠶ ᠣᠶ᠋ᠢᠯᠠᠭ᠋ᠠᠭᠤᠯᠤᠭᠰᠠᠨ ᠪᠠᠶ᠋ᠢᠨ᠎ᠠ᠃ ᠡᠭᠦᠨ᠎ᠤ ᠬᠠᠮᠲᠤ ᠴᠢᠨ ᠠᠪᠤᠭ᠋ᠠᠶ ᠵᠢᠨ ᠪᠡᠯᠡᠳᠬᠡᠭᠰᠡᠨ ᠭᠤᠶᠤᠴᠢᠯᠠᠯ᠎ᠤᠨ ᠮᠠᠲ᠋ᠧᠷᠢᠶᠠᠯ᠎ᠢ ᠨᠠᠷᠢᠨ ᠬᠢᠨᠠᠮᠠᠭ᠋ᠠᠶ ᠪᠠᠶ᠋ᠢᠴᠠᠭ᠋ᠠᠨ ᠦᠵᠡᠵᠦ   ᠡᠮᠬᠢᠯᠡᠵᠠᠢ᠃ ᠡᠮᠴᠢᠯᠡᠭᠡ ᠵᠢᠨ ᠪᠠᠳᠤᠯᠠᠭ᠎ᠠ ᠵᠢᠨ ᠲᠥᠪ᠎ᠤᠨ ᠠᠵᠢᠯᠲᠠᠨ᠎ᠤ ᠬᠠᠯᠠᠰᠢᠷᠠᠯ ᠦᠭᠡᠶ ᠲᠠᠶ᠋ᠢᠯᠪᠤᠷᠢᠯᠠᠯᠲᠠ᠂ ᠡᠮᠬᠢᠯᠡᠯᠲᠡ ᠪᠣᠯᠤᠨ ᠴᠢᠨ ᠠᠪᠤᠭ᠋ᠠᠶ ᠵᠢᠨ ᠬᠠᠮᠵᠢᠯᠴᠠᠭ᠎ᠠ ᠳᠣᠣᠷ᠎ᠠ᠂ ᠲᠤᠰ ᠡᠳᠦᠷ᠎ᠲᠤ ᠲᠡᠳᠡᠨ᠎ᠢ ᠬᠠᠪᠰᠤᠷᠤᠨ ᠬᠣᠶᠠᠷ ᠵᠦᠢ᠍ᠯ᠎ᠤᠨ ᠪᠠᠶ᠋ᠢᠭᠤᠯᠤᠮᠵᠢ ᠵᠢᠨ ᠮᠠᠲ᠋ᠧᠷᠢᠶᠠᠯ᠎ᠢ ᠬᠣᠷᠢᠶᠠᠨ ᠠᠪᠬᠤ ᠠᠵᠢᠯ᠎ᠢ ᠤᠷᠤᠭᠰᠢᠲᠠᠶ ᠪᠡᠶᠡᠯᠡᠭᠦᠯᠵᠡᠶ᠃



      ᠰᠢᠨ᠎ᠡ ᠬᠣᠲᠠ ᠲᠣᠭᠣᠷᠢᠭ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠥᠪ᠎ᠤᠨ ᠬᠠᠷᠢᠭᠤᠴᠠᠯᠭ᠋ᠠᠲᠠᠨ᠎ᠠᠴᠠ 《ᠠᠯᠲᠠᠨ ᠬᠤᠨᠳᠠᠭ᠎ᠠ ᠮᠥᠩᠭᠥᠨ ᠬᠤᠨᠳᠠᠭ᠎ᠠ᠎ᠨᠢ ᠣᠯᠠᠨ ᠲᠦᠮᠡᠨ᠎ᠤ ᠮᠠᠭᠲᠠᠭ᠋ᠠᠯ᠎ᠢ ᠬᠦᠷᠬᠦ ᠦᠭᠡᠶ》 ᠭᠡᠵᠦ ᠬᠡᠯᠡᠬᠦ ᠵᠢᠨ ᠬᠠᠮᠳᠦ᠂ ᠨᠢᠭᠡ ᠬᠤᠪᠢ ᠬᠥᠬᠢᠭᠦᠯᠦᠯ ᠪᠣᠯ ᠨᠢᠭᠡ ᠬᠤᠪᠢ ᠬᠠᠷᠢᠭᠤᠴᠠᠯᠭ᠎ᠠ ᠮᠥᠨ᠂ ᠡᠨᠡ ᠬᠦ᠌ ᠬᠡᠮᠡᠷᠯᠢᠭ ᠲᠤᠭ᠎ᠲᠤ ᠣᠯᠠᠨ ᠲᠦᠮᠡᠨ᠎ᠤ ᠢᠲᠡᠭᠡᠯ ᠪᠠ ᠬᠦᠨᠳᠦ ᠨᠠᠶ᠋ᠢᠳᠠᠯᠭ᠎ᠠ ᠰᠢᠩᠭᠡᠵᠦ᠂ ᠠᠷᠠᠳ ᠲᠦᠮᠡᠨ᠎ᠤ ᠢᠲᠡᠭᠡᠯ ᠪᠠ ᠬᠦᠰᠡᠯ ᠠᠭᠤᠯᠤᠭᠳᠠᠵᠤ ᠪᠠᠶ᠋ᠢᠨ᠎ᠠ᠃ ᠬᠣᠶ᠋ᠢᠰᠢᠳᠠ ᠵᠢᠨ ᠠᠵᠢᠯ᠎ᠤᠨ ᠳᠤᠮᠳᠠ᠂ ᠪᠢᠳᠡ 《ᠬᠥᠮᠦᠨ ᠵᠶ᠋ᠠᠷ ᠦᠨᠳᠦᠰᠦ ᠪᠣᠯᠭ᠋ᠠᠬᠤ》 ᠦᠵᠡᠯ ᠰᠠᠨᠠᠭ᠎ᠠ ᠵᠢ ᠪᠠᠷᠢᠮᠲᠠᠯᠠᠵᠤ᠂ ᠡᠮᠴᠢᠯᠡᠭᠡ ᠵᠢᠨ ᠪᠠᠳᠤᠯᠠᠭ᠎ᠠ ᠵᠢᠨ ᠠᠵᠢᠯ᠎ᠢ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠳᠤ ᠠᠭᠤᠰᠬᠠᠨ ᠣᠷᠣᠭᠤᠯᠵᠤ᠂ ᠰᠤᠷᠤᠯᠴᠠᠬᠤ ᠪᠠ ᠬᠢᠬᠦ ᠵᠢ ᠣᠷᠭ᠋ᠠᠨᠢᠭ ᠵᠶ᠋ᠠᠷ ᠤᠶᠠᠯᠳᠤᠭᠤᠯᠤᠨ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠪᠣᠳᠠᠲᠠᠶ ᠵᠢ ᠡᠷᠬᠢᠮᠯᠡᠬᠦ ᠰᠤᠷᠲᠠᠯ ᠵᠶ᠋ᠠᠷ ᠰᠠᠭᠤᠭ᠋ᠠᠯᠢ ᠠᠷᠠᠳ᠎ᠲᠤ ᠰᠠᠨᠠᠭ᠋ᠠᠴᠢᠯᠠᠭ᠎ᠠ᠎ᠲᠠᠢ᠂ ᠳᠥᠭᠥᠮ ᠳᠥᠲᠡ᠂ ᠥᠨᠳᠥᠷ ᠪᠦᠲᠦᠮᠵᠢᠲᠡᠶ᠂ ᠰᠡᠳᠬᠢᠯ ᠬᠠᠨᠤᠮᠵᠢᠳᠠᠢ ᠡᠮᠴᠢᠯᠡᠭᠡ ᠵᠢᠨ ᠪᠠᠳᠤᠯᠠᠭ᠎ᠠ ᠵᠢᠨ ᠦᠢ᠍ᠯᠡᠴᠢᠯᠡᠭᠡ ᠵᠢ ᠡᠳ᠋ᠯᠡᠭᠦᠯᠦᠨ᠎ᠡ ᠭᠡᠵᠦ ᠢᠯᠡᠷᠬᠡᠢ᠌ᠯᠡᠪᠡ᠃
      ᠡᠬᠡ ᠪᠢᠴᠢᠭ ᠪᠢᠴᠢᠭᠴᠢ᠄ ᠸᠠᠩ ᠰᠢᠶᠤᠤ ᠶᠠᠨ
      ᠠᠩᠬᠠᠨ᠎ᠤ ᠬᠢᠨᠠᠯᠲᠠ᠄ ᠸᠠᠩ ᠱᠤᠸᠠᠢ
      ᠲᠠᠬᠢᠨ ᠬᠢᠨᠠᠯᠲᠠ᠄ ᠵᠠᠩ ᠵᠢᠶᠦ᠋ᠨ ᠫᠢᠩ
      ᠡᠴᠦᠰ᠎ᠤᠨ ᠰᠢᠭᠦᠯᠲᠡ᠄ ᠵᠠᠩ ᠰᠢᠶᠠ
   

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
《ᠵᠢᠷᠭᠤᠭ᠋ᠠᠨ ᠮᠣᠵᠢ ᠬᠣᠶᠠᠷ ᠣᠷᠣᠨ》᠎ᠤ ᠮᠤᠵᠢ ᠬᠤᠯᠪᠤᠭ᠋ᠠᠯᠠᠨ ᠲᠢᠲᠢᠮ ᠰᠤᠳᠠᠯ᠎ᠤᠨ ᠲᠡᠯᠡᠭᠳᠡᠯ᠎ᠢ ᠵᠠᠰᠠᠬᠤ ᠪᠠᠭ᠋ᠠᠵᠢ ᠲᠥᠪᠯᠡᠷᠡᠩᠭᠦᠶ ᠬᠤᠳᠠᠯᠳᠤᠨ ᠠᠪᠬᠤ ᠰᠤᠩᠭᠤᠭᠳᠠᠭᠰᠠᠨ ᠦᠷ᠎ᠡ ᠳ᠋ᠦᠩ᠎ᠢ ᠬᠡᠷᠡᠭᠵᠢᠭᠦᠯᠬᠦ ᠲᠤᠬᠠᠶ ᠮᠡᠳᠡᠭᠳᠡᠯ
ᠬᠥᠮᠦᠨ᠎ᠤ ᠪᠡᠶ᠎ᠡ ᠵᠢᠨ ᠤᠯᠠᠭ᠋ᠠᠨ ᠠᠬᠢᠭᠤᠯᠬᠤ ᠡᠳ᠋᠎ᠤᠨ ᠲᠠᠷᠢᠯᠭ᠎ᠠ ᠵᠢᠨ ᠰᠢᠩᠭᠡᠨ ᠵᠡᠷᠭᠡ ᠵᠢ ᠳᠠᠩᠰᠠᠯᠠᠭᠤᠯᠤᠨ ᠬᠤᠳᠠᠯᠳᠤᠨ ᠠᠪᠬᠤ ᠡᠮ᠎ᠤᠨ ᠵᠦᠢ᠍ᠯ᠎ᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠨᠡᠶ᠋ᠢᠲᠡᠯᠡᠬᠦ ᠲᠤᠬᠠᠶ ᠮᠡᠳᠡᠭᠳᠡᠯ
ᠪᠢ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠠᠯᠪᠠᠨ ᠵᠢᠷᠤᠮ᠎ᠤᠨ ᠡᠮᠴᠢᠯᠡᠭᠡ ᠬᠢᠵᠤ ᠤᠭ ᠰᠠᠨᠠᠭ᠎ᠠ᠎ᠪᠠᠨ ᠦᠢ᠍ᠯᠡᠳᠦᠯᠭᠡᠵᠢᠭᠦᠯᠦᠨ᠎ᠡ
ᠠᠷᠠᠳ ᠲᠦᠮᠡᠨ᠎ᠤ ᠲᠥᠯᠥᠭᠡ ᠦᠨᠡᠨ ᠰᠡᠳᠬᠢᠯ᠎ᠠᠴᠠ᠎ᠪᠠᠨ ᠪᠣᠳᠠᠲᠤ ᠶᠠᠪᠤᠳᠠᠯ ᠬᠢᠵᠦ ᠥᠪᠡᠷ᠎ᠤᠨ ᠪᠡᠶ᠎ᠡ᠎ᠪᠠᠷ ᠵᠶ᠋ᠠᠨ ᠴᠢᠷᠮᠠᠶ᠋ᠢᠨ ᠠᠵᠢᠯᠯᠠᠵᠤ ᠤᠬ ᠰᠠᠨᠠᠭ᠎ᠠ᠎ᠪᠠᠨ ᠰᠠᠬᠢᠨ᠎ᠠ
ᠬᠢᠩᠭ᠋ᠠᠨ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠣᠨᠳᠣᠤ ᠭᠠᠵᠠᠷ᠎ᠲᠤ ᠡᠮᠴᠢᠯᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠠᠵᠢᠯ᠎ᠢ ᠳᠥᠯᠭᠢᠨ ᠠᠬᠢᠭᠤᠯᠪᠠ
 
            