ᠥᠪᠥᠷ ᠡᠮ ᠬᠤᠳᠠᠯᠳᠤᠨ ᠠᠪᠬᠤ ᠲᠥᠪ ᠦᠰᠦᠭ [2021] 96 ᠳ᠋ᠤᠭ᠋ᠠᠷ ᠲᠣᠭ᠋ᠠᠲᠤ
ᠡᠯ᠎ᠡ ᠬᠠᠮᠢᠶ᠎ᠠ ᠪᠥᠬᠥᠶ ᠨᠢᠭᠡᠴᠢ᠄
《〈ᠵᠢᠷᠭᠤᠭ᠋ᠠᠨ ᠮᠤᠵᠢ ᠬᠣᠶᠠᠷ ᠣᠷᠣᠨ〉᠎ᠤ ᠮᠤᠵᠢ ᠬᠤᠯᠪᠤᠭ᠋ᠠᠯᠠᠨ ᠲᠢᠲᠢᠮ ᠰᠤᠳᠠᠯ᠎ᠤᠨ ᠲᠡᠯᠡᠭᠳᠡᠯ᠎ᠢ ᠵᠠᠰᠠᠬᠤ ᠪᠠᠭ᠋ᠠᠵᠢ ᠲᠥᠪᠯᠡᠷᠡᠭᠦᠯᠦᠨ ᠬᠤᠳᠠᠯᠳᠤᠨ ᠠᠪᠬᠤ ᠪᠠ ᠬᠡᠷᠡᠭᠯᠡᠬᠦ ᠠᠵᠢᠯ᠎ᠢ ᠨᠠᠶ᠋ᠢᠳᠠᠪᠤᠷᠢᠵᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠡᠷᠡᠭᠵᠢᠭᠦᠯᠬᠦ ᠲᠥᠰᠦᠯ》 (ᠥᠪᠥᠷ ᠡᠮᠴᠢᠯᠡᠭᠡ ᠪᠠᠳᠤᠯᠠᠭ᠎ᠠ ᠲᠠᠷᠬᠠᠭ᠋ᠠᠭᠰᠠᠨ [2021] 24 ᠳ᠋ᠤᠭᠡᠷ ᠲᠣᠭ᠋ᠠᠲᠤ) ᠪᠠ 《〈ᠵᠢᠷᠭᠤᠭ᠋ᠠᠨ ᠮᠤᠵᠢ ᠬᠣᠶᠠᠷ ᠣᠷᠣᠨ〉᠎ᠤ ᠲᠢᠲᠢᠮ ᠰᠤᠳᠠᠯ᠎ᠤᠨ ᠲᠡᠯᠡᠭᠳᠡᠯ᠎ᠢ ᠵᠠᠰᠠᠬᠤ ᠪᠠᠭ᠋ᠠᠵᠢ ᠵᠢ ᠲᠥᠪᠯᠡᠷᠡᠭᠦᠯᠦᠨ ᠬᠤᠳᠠᠯᠳᠤᠨ ᠠᠪᠬᠤ ᠪᠠ ᠬᠡᠷᠡᠭᠯᠡᠬᠦ ᠠᠵᠢᠯ᠎ᠢ ᠨᠠᠶ᠋ᠢᠳᠠᠪᠤᠷᠢᠵᠢᠭᠤᠯᠬᠤ ᠲᠤᠬᠠᠶ ᠮᠡᠳᠡᠭᠳᠡᠯ》 ᠪᠠ 《〈ᠵᠢᠷᠭᠤᠭ᠋ᠠᠨ ᠮᠤᠵᠢ ᠬᠣᠶᠠᠷ ᠣᠷᠣᠨ〉᠎ᠤ ᠲᠢᠲᠢᠮ ᠰᠤᠳᠠᠯ᠎ᠤᠨ ᠲᠡᠯᠡᠭᠳᠡᠯ᠎ᠢ ᠵᠠᠰᠠᠬᠤ ᠪᠠᠭ᠋ᠠᠵᠢ ᠲᠥᠪᠯᠡᠷᠡᠭᠦᠯᠦᠨ ᠬᠤᠳᠠᠯᠳᠤᠨ ᠠᠪᠬᠤ ᠪᠠ ᠬᠡᠷᠡᠭᠯᠡᠬᠦ ᠠᠵᠢᠯ᠎ᠢ ᠨᠠᠶ᠋ᠢᠳᠠᠪᠤᠷᠢᠵᠢᠭᠤᠯᠬᠤ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠰᠣᠩᠭᠣᠭᠤᠯᠢ ᠵᠢᠨ ᠦᠷ᠎ᠡ ᠳ᠋ᠦᠩ᠎ᠢ ᠮᠠᠨ᠎ᠤ ᠣᠷᠣᠨ᠎ᠳᠤ ᠤᠷᠤᠭᠰᠢᠲᠠᠶ ᠬᠡᠷᠡᠭᠵᠢᠭᠦᠯᠬᠦ ᠵᠢᠨ ᠲᠤᠰᠠᠳᠠ᠂ ᠡᠳᠦᠭᠡ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠬᠤᠳᠠᠯᠳᠤᠨ ᠠᠪᠬᠤ ᠭᠣᠤᠯ ᠴᠣᠭᠴᠠ ᠵᠢᠴᠢ ᠠᠷᠭ᠎ᠠ ᠮᠠᠶᠢᠭ
ᠪᠥᠬᠥ ᠣᠷᠣᠨ᠎ᠤ ᠲᠢᠲᠢᠮ ᠰᠤᠳᠠᠯ᠎ᠤᠨ ᠲᠡᠯᠡᠭᠳᠡᠯ᠎ᠢ ᠵᠠᠰᠠᠬᠤ ᠪᠠᠭ᠋ᠠᠵᠢ ᠬᠤᠳᠠᠯᠳᠤᠨ ᠠᠪᠬᠤ᠎ᠳᠤ ᠣᠷᠣᠯᠴᠠᠬᠤ ᠵᠢᠨ ᠬᠠᠮᠲᠤ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠬᠡᠮᠵᠢᠶ᠎ᠡ ᠵᠢ ᠮᠡᠳᠡᠭᠦᠯᠦᠨ ᠬᠦᠷᠭᠡᠭᠰᠡᠨ ᠡᠮᠴᠢᠯᠡᠭᠡᠨ᠎ᠤ ᠳᠠᠭ᠋ᠠᠳᠬᠠᠯ᠎ᠤᠨ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠃ ᠬᠡᠷᠡᠭᠴᠡᠭᠡ ᠱᠠᠭ᠋ᠠᠷᠳᠠᠯᠭ᠎ᠠ᠎ᠪᠠᠨ ᠮᠡᠳᠡᠭᠦᠯᠦᠭᠰᠡᠨ ᠥᠬᠡᠶ ᠲᠢᠲᠢᠮ ᠰᠤᠳᠠᠯ᠎ᠤᠨ ᠲᠡᠯᠡᠭᠳᠡᠯ᠎ᠢ ᠵᠠᠰᠠᠬᠤ ᠪᠠᠭ᠋ᠠᠵᠢ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ᠎ᠲᠠᠢ ᠡᠮᠴᠢᠯᠡᠭᠡᠨ᠎ᠤ ᠪᠠᠶ᠋ᠢᠭᠤᠯᠤᠮᠵᠢ᠎ᠨᠢ ᠬᠠᠷᠢᠶ᠎ᠠ ᠭᠠᠵᠠᠷ᠎ᠤᠨ ᠡᠮᠴᠢᠯᠡᠭᠡᠨ᠎ᠤ ᠳᠠᠭ᠋ᠠᠳᠬᠠᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠭᠤᠶᠤᠴᠢᠯᠠᠯ ᠵᠶ᠋ᠠᠨ ᠳᠤᠷᠠᠳᠴᠤ᠂ ᠵᠥᠪᠰᠢᠶᠡᠷᠡᠭᠦᠯᠦᠭᠰᠡᠨ᠎ᠤ ᠳᠠᠷᠠᠭ᠎ᠠ ᠬᠤᠳᠠᠯᠳᠤᠨ ᠠᠪᠬᠤ ᠡᠷᠬᠡ ᠮᠡᠳᠡᠯ᠎ᠤᠨ ᠬᠡᠪᠴᠢᠶ᠎ᠡ ᠵᠢ ᠨᠡᠭᠡᠭᠡᠨ᠎ᠡ᠃
ᠬᠣᠶᠠᠷ᠂ ᠭᠣᠣᠯ ᠡᠭᠦᠷᠭᠡ
(ᠨᠢᠭᠡ) ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠣᠩᠭᠣᠨ ᠲᠣᠭᠲᠠᠭ᠋ᠠᠨ᠎ᠠ᠃ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠠᠴᠠ ᠡᠵᠡᠨ ᠮᠡᠳᠡᠵᠦ ᠰᠣᠩᠭᠣᠬᠤ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠪᠣᠶ ᠪᠥᠬᠥᠶ ᠰᠣᠩᠭᠣᠨ ᠲᠣᠭᠲᠠᠭ᠋ᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠳ ᠴᠠᠭ ᠲᠤᠬᠠᠶ᠎ᠳᠤᠨᠢ ᠳᠣᠭᠢᠷᠠᠭᠤᠯᠤᠨ ᠬᠦᠷᠭᠡᠬᠦ ᠣᠷᠣᠨ ᠪᠦᠰᠡ ᠵᠢᠨ ᠡᠮᠴᠢᠯᠡᠭᠡᠨ᠎ᠤ ᠳᠠᠭ᠋ᠠᠳᠬᠠᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠬᠦᠷᠴᠦ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃
(ᠬᠣᠶᠠᠷ) ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠢ᠌ᠭᠤᠯᠤᠨ᠎ᠠ᠃ ᠰᠤᠩᠭᠤᠭᠳᠠᠭᠰᠠᠨ ᠦᠢ᠍ᠯᠡᠳᠪᠦᠷᠢᠯᠡᠬᠦ ᠠᠵᠤ ᠠᠬᠤᠶ᠋ᠢᠯᠠᠯ ᠬᠢᠭᠡᠳ ᠲᠡᠭᠦᠨ᠎ᠤ ᠨᠠᠶ᠋ᠢᠳᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠰᠢᠭᠤᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ᠎ᠳᠤ ᠦᠢ᠍ᠯᠡᠳᠭᠦᠨ ᠵᠶ᠋ᠠᠷ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠶ᠋ᠢᠭᠤᠯᠵᠤ᠂ ᠡᠮᠴᠢᠯᠡᠭᠡᠨ᠎ᠤ ᠪᠠᠶ᠋ᠢᠭᠤᠯᠤᠮᠵᠢ᠎ᠨᠢ ᠦᠢ᠍ᠯᠡᠳᠭᠦᠨ᠎ᠢ ᠬᠤᠳᠠᠯᠳᠤᠨ ᠠᠪᠬᠤ ᠭᠠᠷᠴᠠᠭ᠎ᠲᠤ ᠬᠦᠷᠲᠡᠯ᠎ᠡ ᠰᠣᠩᠭᠣᠬᠤ ᠵᠢᠨ ᠬᠠᠮᠲᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠣᠩᠭᠣᠨ ᠲᠣᠭᠲᠠᠭ᠋ᠠᠵᠤ ᠪᠣᠯᠤᠨ᠎ᠠ᠃ ᠬᠡᠷᠪᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ᠎ᠳᠠᠬᠢ ᠬᠡᠷᠡᠭᠴᠡᠭᠡ ᠥᠬᠡᠶ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ ᠪᠤᠶᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠵᠣᠬᠢᠬᠤ ᠳᠣᠭᠢᠷᠠᠭᠤᠯᠤᠨ ᠬᠦᠷᠭᠡᠬᠦ ᠭᠠᠵᠠᠷ ᠣᠷᠣᠨ᠎ᠢ ᠨᠡᠪᠲᠡᠷᠡᠭᠦᠯᠦᠭᠰᠡᠨ ᠥᠬᠡᠶ ᠪᠣᠯ᠂ ᠱᠠᠭ᠋ᠠᠷᠳᠠᠯᠭ᠎ᠠ ᠶᠣᠰᠣᠭ᠋ᠠᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠢᠲᠢᠮ ᠰᠤᠳᠠᠯ᠎ᠤᠨ ᠲᠡᠯᠡᠭᠳᠡᠯ᠎ᠢ ᠵᠠᠰᠠᠬᠤ ᠪᠠᠭ᠋ᠠᠵᠢ ᠵᠢ ᠬᠡᠮᠵᠢᠶ᠎ᠡ᠎ᠪᠠᠷ ᠬᠤᠳᠠᠯᠳᠤᠨ ᠠᠪᠬᠤ᠎ᠳᠤ ᠰᠤᠩᠭᠤᠭᠳᠠᠭᠰᠠᠨ ᠦᠢ᠍ᠯᠡᠳᠭᠦᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢᠨ ᠬᠦᠰᠦᠨᠦᠭᠲᠦ》 ᠵᠢ ᠲᠠᠭᠯᠠᠵᠤ ᠰᠢᠤᠳᠠᠨ᠎ᠤ ᠬᠠᠶ᠋ᠢᠷᠴᠠᠭ 463497358@qq.com᠎ᠲᠤ ᠮᠡᠳᠡᠭᠦᠯᠦᠨ᠎ᠡ᠃
(ᠭᠤᠷᠪᠠ) ᠬᠤᠳᠠᠯᠳᠤᠨ ᠠᠪᠬᠤ ᠪᠠ ᠪᠣᠷᠣᠯᠠᠭᠤᠯᠬᠤ ᠬᠡᠯᠡᠯᠴᠡᠭᠡᠷ ᠲᠤᠭᠳᠠᠭ᠋ᠠᠨ᠎ᠠ᠃ ᠬᠠᠩᠭ᠋ᠠᠯᠭ᠎ᠠ ᠬᠡᠷᠡᠭᠴᠡᠭᠡ ᠵᠢᠨ ᠡᠯ᠎ᠡ ᠲᠠᠯ᠎ᠠ ᠵᠢᠴᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠳᠣᠭᠢᠷᠠᠭᠤᠯᠤᠨ ᠬᠦᠷᠭᠡᠬᠦ ᠬᠠᠷᠢᠴᠠᠭ᠎ᠠ ᠵᠢ ᠨᠤᠲᠠᠯᠠᠵᠤ᠂ ᠬᠤᠳᠠᠯᠳᠤᠨ ᠠᠪᠬᠤ ᠬᠡᠮᠵᠢᠶ᠎ᠡ ᠵᠢ ᠪᠣᠯᠵᠣᠨ ᠲᠣᠭᠲᠠᠭᠰᠠᠨ ᠰᠠᠭᠤᠷᠢᠨ ᠳᠡᠭᠡᠷ᠎ᠡ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠯᠡᠯᠴᠡᠭᠡᠷ ᠲᠣᠭᠲᠠᠵᠤ᠂ ᠡᠯ᠎ᠡ ᠨᠢᠭᠡᠳᠦᠯᠲᠡᠶ ᠲᠥᠯᠥᠪᠯᠡᠬᠦ ᠲᠣᠭᠣᠷᠢᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃
ᠭᠤᠷᠪᠠ᠂ ᠬᠤᠳᠠᠯᠳᠤᠨ ᠠᠪᠬᠤ ᠱᠠᠭ᠋ᠠᠷᠳᠠᠯᠭ᠎ᠠ
(ᠨᠢᠭᠡ) ᠬᠤᠳᠠᠯᠳᠤᠨ ᠠᠪᠬᠤ ᠪᠠ ᠬᠥᠮᠥᠷᠭᠡ᠎ᠳᠤ ᠣᠷᠣᠭᠤᠯᠬᠤ᠃ ᠡᠯ᠎ᠡ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ ᠪᠣᠳᠠᠲᠠᠶ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ᠎ᠪᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶ᠎ᠡ᠎ᠪᠠᠷ ᠳᠠᠮᠵᠢᠭᠤᠯᠤᠨ ᠰᠤᠩᠭᠤᠭᠳᠠᠭᠰᠠᠨ ᠦᠢ᠍ᠯᠡᠳᠭᠦᠨ᠎ᠢ ᠬᠤᠳᠠᠯᠳᠤᠨ ᠠᠪᠬᠤ ᠵᠢᠨ ᠬᠠᠮᠲᠤ ᠪᠠᠷᠢᠮᠲᠠ ᠵᠢ ᠬᠢᠨᠠᠨ ᠰᠢᠯᠭ᠋ᠠᠵᠤ᠂ ᠪᠢᠯᠧᠲ ᠪᠠ ᠪᠠᠷᠠᠭ᠎ᠠ᠎ᠨᠢ ᠬᠠᠷᠢᠯᠴᠠᠨ ᠳᠣᠭᠢᠷᠬᠠᠰᠠᠨᠢ ᠴᠠᠭ ᠲᠤᠬᠠᠶ᠎ᠳᠤᠨᠢ ᠰᠢᠯᠭ᠋ᠠᠨ ᠬᠤᠷᠢᠶᠠᠵᠤ ᠬᠥᠮᠥᠷᠭᠡ᠎ᠳᠤ ᠣᠷᠣᠭᠤᠯᠤᠨ᠎ᠠ᠃
(ᠬᠣᠶᠠᠷ) ᠦᠢ᠍ᠯᠡᠳᠬᠦᠨ ᠲᠣᠬᠢᠷᠠᠭᠤᠯᠤᠨ ᠬᠦᠷᠭᠡᠬᠦ᠃ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠪᠣᠯ ᠦᠢ᠍ᠯᠡᠳᠬᠦᠨ᠎ᠤ ᠬᠠᠩᠭ᠋ᠠᠯᠭ᠎ᠠ ᠵᠢᠨ ᠲᠣᠬᠢᠷᠠᠭᠤᠯᠤᠨ ᠬᠦᠷᠭᠡᠬᠦ ᠨᠢᠭᠡᠳᠦᠭᠡᠷ ᠬᠠᠷᠢᠭᠤᠴᠠᠯᠭ᠋ᠠᠲᠠᠨ ᠮᠥᠨ᠂ ᠦᠢ᠍ᠯᠡᠳᠬᠦᠨ᠎ᠢ ᠴᠠᠭ ᠲᠤᠬᠠᠶ᠎ᠳᠤᠨᠢ ᠭᠦᠢ᠍ᠴᠡᠳ ᠬᠡᠮᠵᠢᠶ᠎ᠡ᠎ᠪᠠᠷ ᠬᠠᠩᠭ᠋ᠠᠬᠤ ᠵᠢ ᠪᠠᠲᠤᠯᠠᠬᠤ ᠬᠡᠷᠡᠭᠲᠡᠶ᠃ ᠦᠢ᠍ᠯᠡᠳᠪᠦᠷᠢᠯᠡᠬᠦ ᠪᠤᠶᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠬᠤᠳᠠᠯᠳᠤᠨ ᠠᠪᠬᠤ ᠵᠠᠬᠢᠶᠠᠯᠠᠭ᠎ᠠ ᠵᠢᠨ ᠬᠠᠭᠤᠳᠠᠰᠤ ᠵᠢ ᠭᠥᠯᠢᠶᠡᠨ ᠠᠪᠤᠭᠰᠠᠨ᠎ᠠᠴᠠ ᠡᠬᠢᠯᠡᠨ 72 ᠴᠠᠭ᠎ᠤᠨ ᠳᠣᠲᠣᠷ᠎ᠠ ᠳᠣᠭᠢᠷᠠᠭᠤᠯᠤᠨ ᠬᠦᠷᠭᠡᠬᠦ ᠵᠢ ᠪᠡᠶᠡᠯᠡᠭᠦᠯᠦᠨ᠎ᠡ; ᠪᠠᠴᠢᠮ ᠵᠠᠬᠢᠶᠠᠯᠠᠭ᠎ᠠ ᠵᠢᠨ ᠬᠠᠭᠤᠳᠠᠰᠤ ᠵᠢ ᠵᠠᠬᠢᠶᠠᠯᠠᠭ᠎ᠠ ᠵᠢᠨ ᠬᠠᠭᠤᠳᠠᠰᠤ ᠵᠢ ᠶᠠᠪᠤᠭᠤᠯᠤᠭᠰᠠᠨ ᠴᠠᠭ᠎ᠠᠴᠠ ᠡᠬᠢᠯᠡᠨ 4 ᠴᠠᠭ᠎ᠤᠨ ᠳᠣᠲᠣᠷ᠎ᠠ ᠬᠠᠷᠢᠭᠤ ᠥᠭᠬᠦ ᠵᠢᠨ ᠬᠠᠮᠲᠤ ᠲᠣᠬᠢᠷᠠᠭᠤᠯᠤᠨ ᠬᠦᠷᠭᠡᠬᠦ ᠵᠢ ᠪᠡᠶᠡᠯᠡᠭᠦᠯᠬᠦ ᠬᠡᠷᠡᠭᠲᠡᠶ; ᠣᠨᠴᠠ ᠪᠠᠴᠢᠮ ᠵᠠᠬᠢᠶᠠᠯᠠᠭ᠎ᠠ ᠵᠢᠨ ᠬᠠᠭᠤᠳᠠᠰᠤ ᠵᠢ ᠵᠠᠬᠢᠶᠠᠯᠠᠭ᠎ᠠ ᠵᠢᠨ ᠬᠠᠭᠤᠳᠠᠰᠤ ᠵᠢ ᠶᠠᠪᠤᠭᠤᠯᠤᠭᠰᠠᠨ ᠴᠠᠭ᠎ᠠᠴᠠ ᠡᠬᠢᠯᠡᠨ 2 ᠴᠠᠭ᠎ᠤᠨ ᠳᠣᠲᠣᠷ᠎ᠠ ᠬᠠᠷᠢᠭᠤ ᠥᠭᠬᠦ ᠵᠢᠨ ᠬᠠᠮᠲᠤ ᠲᠣᠬᠢᠷᠠᠭᠤᠯᠤᠨ ᠬᠦᠷᠭᠡᠬᠦ ᠵᠢ ᠪᠡᠶᠡᠯᠡᠭᠦᠯᠬᠦ ᠬᠡᠷᠡᠭᠲᠡᠶ᠃
(ᠭᠤᠷᠪᠠ) ᠪᠠᠷᠠᠭ᠋ᠠᠨ᠎ᠤ ᠵᠣᠭᠣᠰ᠎ᠢ ᠳ᠋ᠦᠩᠨᠡᠨ ᠪᠤᠳᠤᠨ᠎ᠠ᠃ ᠡᠮᠴᠢᠯᠡᠭᠡᠨ᠎ᠤ ᠪᠠᠶ᠋ᠢᠭᠤᠯᠤᠮᠵᠢ᠎ᠨᠢ ᠪᠠᠷᠠᠭ᠋ᠠᠨ᠎ᠤ ᠵᠣᠭᠣᠰ ᠥᠭᠬᠦ ᠬᠠᠷᠢᠭᠤᠴᠠᠯᠭ᠎ᠠ ᠵᠢᠨ ᠭᠣᠣᠯ ᠴᠣᠭᠴᠠ ᠪᠣᠯᠤᠭᠰᠠᠨ᠎ᠤ ᠬᠤᠪᠢ᠎ᠳᠤ᠂ ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠯᠤᠭ᠎ᠠ ᠪᠠᠷᠠᠭ᠋ᠠᠨ᠎ᠤ ᠵᠣᠭᠣᠰ᠎ᠢ ᠴᠠᠭ ᠲᠤᠬᠠᠶ᠎ᠳᠤᠨᠢ ᠳ᠋ᠦᠩᠨᠡᠨ ᠳᠠᠭᠤᠰᠬᠠᠬᠤ ᠬᠡᠷᠡᠭᠲᠡᠶ᠂ ᠳ᠋ᠦᠩᠨᠡᠨ ᠪᠤᠳᠤᠬᠤ ᠴᠠᠭ ᠬᠤᠭᠤᠴᠠᠭ᠎ᠠ ᠵᠢ ᠪᠠᠷᠠᠭ᠎ᠠ ᠲᠤᠰᠢᠶᠠᠵᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠲᠠᠷᠠᠭ᠎ᠠ ᠰᠠᠷ᠎ᠠ ᠵᠢᠨ ᠰᠡᠭᠦᠯᠴᠢ᠎ᠠᠴᠠ ᠬᠡᠲᠦᠷᠡᠭᠦᠯᠵᠦ ᠪᠣᠯᠬᠤ ᠥᠭᠡᠢ᠃
ᠲᠦᠷᠪᠡ᠂ ᠭᠦᠢ᠍ᠴᠡᠳᠬᠡᠬᠦ ᠴᠠᠭ ᠬᠤᠭᠤᠴᠠᠭ᠎ᠠ ᠪᠠ ᠬᠤᠳᠠᠯᠳᠤᠨ ᠠᠪᠬᠤ ᠦᠶᠡᠯᠡᠯ
ᠲᠣᠰ ᠤᠳᠠᠭ᠋ᠠᠨ᠎ᠤ ᠲᠢᠲᠢᠮ ᠰᠤᠳᠠᠯ᠎ᠤᠨ ᠲᠡᠯᠡᠭᠳᠡᠯ᠎ᠢ ᠵᠠᠰᠠᠬᠤ ᠪᠠᠭ᠋ᠠᠵᠢ ᠲᠥᠪᠯᠡᠷᠡᠩᠭᠦᠶ ᠬᠡᠮᠵᠢᠶ᠎ᠡ᠎ᠪᠠᠷ ᠬᠤᠳᠠᠯᠳᠤᠨ ᠠᠪᠬᠤ ᠳᠤ ᠰᠤᠩᠭᠤᠭᠳᠠᠭᠰᠠᠨ ᠦᠷ᠎ᠡ ᠳ᠋ᠦᠩ᠎ᠢ 2021 ᠣᠨ᠎ᠤ 5 ᠳ᠋ᠤᠭ᠋ᠠᠷ ᠰᠠᠷ᠎ᠠ ᠵᠢᠨ 24᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠂ ᠬᠤᠳᠠᠯᠳᠤᠨ ᠠᠪᠬᠤ ᠦᠶᠡᠯᠡᠯ᠎ᠤᠨ ᠬᠤᠭᠤᠴᠠᠭ᠎ᠠ᠎ᠨᠢ 2 ᠵᠢᠯ ᠪᠣᠯᠤᠨ᠎ᠠ᠃
ᠲᠠᠪᠤ᠂ ᠪᠤᠰᠤᠳ ᠵᠦᠢ᠍ᠯ᠎ᠤᠳ
ᠲᠣᠰ ᠮᠡᠳᠡᠭᠳᠡᠯ᠎ᠤᠨ ᠪᠤᠰᠤᠳ ᠰᠢᠢ᠍ᠳᠪᠦᠷᠢᠯᠡᠵᠦ ᠳᠠᠭᠤᠰᠤᠭ᠋ᠠᠳᠤᠶ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠤ 《ᠵᠢᠷᠭᠤᠭ᠋ᠠᠨ ᠮᠤᠵᠢ ᠬᠣᠶᠠᠷ ᠣᠷᠣᠨ》᠎ᠤ ᠮᠤᠵᠢ ᠵᠢᠨ ᠬᠣᠯᠪᠤᠭ᠎ᠠ ᠵᠢᠨ ᠲᠢᠲᠢᠮ ᠰᠤᠳᠠᠯ᠎ᠤᠨ ᠲᠡᠯᠡᠭᠳᠡᠯ᠎ᠢ ᠵᠠᠰᠠᠬᠤ ᠪᠠᠭ᠋ᠠᠵᠢ ᠲᠥᠪᠯᠡᠷᠡᠭᠦᠯᠦᠨ ᠬᠤᠳᠠᠯᠳᠤᠨ ᠠᠪᠬᠤ ᠪᠠ ᠬᠡᠷᠡᠭᠯᠡᠬᠦ ᠠᠵᠢᠯ᠎ᠤᠨ ᠬᠡᠷᠡᠭᠵᠢᠭᠦᠯᠬᠦ ᠲᠥᠰᠦᠯ᠎ᠤᠨ ᠬᠠᠮᠢᠶ᠎ᠠ ᠪᠥᠬᠥᠶ ᠪᠢᠴᠢᠭ ᠮᠠᠲ᠋ᠧᠷᠢᠶᠠᠯ ᠵᠢᠴᠢ ᠭᠠᠷᠤᠨ ᠥᠰᠥᠭ ᠵᠢᠷᠤᠭᠰᠠᠨ ᠵᠥᠪᠯᠡᠯᠴᠡᠭᠡᠷ᠎ᠤᠨ ᠪᠣᠯᠵᠣᠭ᠎ᠠ ᠶᠣᠰᠣᠭ᠋ᠠᠷ ᠬᠡᠷᠡᠭᠵᠢᠭᠦᠯᠦᠨ᠎ᠡ᠃
ᠳᠠᠭ᠋ᠠᠯᠳᠤᠭᠤᠯᠤᠯ᠄
1᠂ 《ᠵᠢᠷᠭᠤᠭ᠋ᠠᠨ ᠮᠤᠵᠢ ᠬᠣᠶᠠᠷ ᠣᠷᠣᠨ》᠎ᠤ ᠲᠢᠲᠢᠮ ᠰᠤᠳᠠᠯ᠎ᠤᠨ ᠲᠡᠯᠡᠭᠳᠡᠯ᠎ᠢ ᠵᠠᠰᠠᠬᠤ ᠪᠠᠭ᠋ᠠᠵᠢ ᠲᠥᠪᠯᠡᠷᠡᠩᠭᠦᠶ ᠪᠦᠰᠡ ᠵᠢᠨ ᠬᠡᠮᠵᠢᠶ᠎ᠡ᠎ᠪᠠᠷ ᠬᠤᠳᠠᠯᠳᠤᠨ ᠠᠪᠬᠤ ᠵᠥᠪᠯᠡᠯᠴᠡᠭᠡᠷ᠎ᠤᠨ ᠵᠠᠭᠪᠤᠷ
2᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠢᠲᠢᠮ ᠰᠤᠳᠠᠯ᠎ᠤᠨ ᠲᠡᠯᠡᠭᠳᠡᠯ᠎ᠢ ᠵᠠᠰᠠᠬᠤ ᠪᠠᠭ᠋ᠠᠵᠢ ᠬᠤᠳᠠᠯᠳᠤᠨ ᠠᠪᠬᠤ᠎ᠳᠤ ᠰᠤᠩᠭᠤᠭᠳᠠᠭᠰᠠᠨ ᠦᠢ᠍ᠯᠡᠳᠭᠦᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢᠨ ᠬᠦᠰᠦᠨᠦᠭᠲᠦ
ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
2021 ᠣᠨ᠎ᠤ 5 ᠳ᠋ᠤᠭ᠋ᠠᠷ ᠰᠠᠷ᠎ᠠ ᠵᠢᠨ 19᠎ᠤ ᠡᠳᠦᠷ