ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠮᠦᠨ᠎ᠤ ᠪᠡᠶ᠎ᠡ ᠵᠢᠨ ᠤᠯᠠᠭ᠋ᠠᠨ ᠠᠬᠢᠭᠤᠯᠬᠤ ᠡᠳ᠋᠎ᠤᠨ ᠲᠠᠷᠢᠯᠭ᠎ᠠ ᠵᠢᠨ ᠰᠢᠩᠭᠡᠨ ᠵᠡᠷᠭᠡ ᠵᠢ ᠳᠠᠩᠰᠠᠯᠠᠭᠤᠯᠤᠨ ᠬᠤᠳᠠᠯᠳᠤᠨ ᠠᠪᠬᠤ ᠡᠮ᠎ᠤᠨ ᠵᠦᠢ᠍ᠯ᠎ᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠨᠡᠶ᠋ᠢᠲᠡᠯᠡᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2021-05-24

            ᠥᠪᠥᠷ ᠡᠮ ᠬᠤᠳᠠᠯᠳᠤᠨ ᠠᠪᠬᠤ ᠲᠥᠪ ᠦᠰᠦᠭ  [2021]  97 ᠳ᠋ᠤᠭ᠋ᠠᠷ ᠲᠣᠭ᠋ᠠᠲᠤ
ᠡᠯ᠎ᠡ ᠬᠠᠮᠢᠶ᠎ᠠ ᠪᠥᠬᠥᠶ ᠨᠢᠭᠡᠴᠢ᠄
     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠡᠮᠴᠢᠯᠡᠭᠡ   ᠪᠠᠳᠤᠯᠠᠭ᠎ᠠ ᠠᠯᠪᠠᠨ ᠲᠠᠷᠬᠠᠭ᠋ᠠᠭᠰᠠᠨ [2019]  41 ᠳ᠋ᠤᠭᠡᠷ ᠲᠣᠭ᠋ᠠᠲᠤ)᠎ᠢ ᠦᠨᠳᠦᠰᠦᠯᠡᠨ ᠰᠤᠳᠤᠯᠬᠤ᠎ᠪᠠᠷ ᠳᠡᠮᠵᠢᠨ᠂ ᠡᠳᠦᠭᠡ ᠤᠯᠠᠭ᠋ᠠᠨ ᠠᠬᠢᠭᠤᠯᠬᠤ ᠡᠳ᠋᠎ᠤᠨ ᠲᠠᠷᠢᠯᠭ᠎ᠠ ᠵᠢᠨ ᠰᠢᠩᠭᠡᠨ ᠵᠡᠷᠭᠡ ᠳᠠᠩᠰᠠᠯᠠᠭᠤᠯᠵᠤ ᠬᠤᠳᠠᠯᠳᠤᠨ ᠠᠪᠤᠭᠰᠠᠨ 5 ᠡᠮ᠎ᠤᠨ   ᠵᠦᠢ᠍ᠯ᠎ᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠨᠡᠶ᠋ᠢᠲᠡᠯᠡᠬᠦ ᠵᠢᠨ ᠬᠠᠮᠲᠤ᠂ ᠬᠠᠮᠢᠶ᠎ᠠ ᠪᠥᠬᠥᠶ ᠤᠴᠢᠷ᠎ᠢ ᠳᠣᠤᠷᠠᠬᠢ ᠮᠡᠲᠦ ᠮᠡᠳᠡᠭᠳᠡᠶ᠎ᠡ᠃
      ᠨᠢᠭᠡ᠂ ᠬᠤᠳᠠᠯᠳᠤᠨ ᠠᠪᠴᠤ ᠬᠠᠩᠭ᠋ᠠᠬᠤ
      ᠪᠥᠬᠥ ᠣᠷᠣᠨ᠎ᠤ ᠰᠦᠯᠵᠢᠶᠡᠨ᠎ᠳᠤ ᠡᠯᠭᠦᠵᠦ ᠬᠤᠳᠠᠯᠳᠤᠨ ᠠᠪᠬᠤ ᠬᠦᠷᠢᠶ᠎ᠡ ᠬᠡᠪᠴᠢᠶᠡᠨ᠎ᠳᠤ ᠣᠷᠣᠭᠤᠯᠤᠭᠰᠠᠨ ᠡᠮ᠎ᠤᠨ ᠵᠦᠢ᠍ᠯ᠎ᠢ ᠡᠮᠴᠢᠯᠡᠭᠡᠨ᠎ᠤ ᠪᠠᠶ᠋ᠢᠭᠤᠯᠤᠮᠵᠢ᠎ᠨᠢ ᠡᠮᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ ᠬᠤᠳᠠᠯᠳᠤᠨ ᠠᠪᠤᠨ᠎ᠠ᠂ ᠬᠠᠮᠢᠶ᠎ᠠ ᠪᠥᠬᠥᠶ ᠠᠵᠤ ᠠᠬᠤᠶ᠋ᠢᠯᠠᠯ᠎ᠨᠢ ᠠᠶ᠋ᠢᠮᠠᠭ ᠬᠣᠲᠠ ᠵᠢᠨ ᠣᠲᠣ ᠵᠢᠨ ᠪᠠᠶ᠋ᠢᠭ᠎ᠠ 《ᠬᠣᠶᠠᠷ ᠪᠠᠷᠢᠮᠲᠠ ᠵᠢᠨ ᠲᠦᠷᠢᠮ》᠎ᠢ ᠬᠡᠷᠡᠭᠵᠢᠭᠦᠯᠵᠦ ᠪᠣᠯᠬᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ ᠨᠠᠶ᠋ᠢᠳᠠᠵᠤ ᠬᠠᠮᠢᠶ᠎ᠠ ᠪᠥᠬᠥᠶ ᠡᠮ᠎ᠤᠨ ᠵᠦᠢ᠍ᠯ᠎ᠢ ᠳᠣᠭᠢᠷᠠᠭᠤᠯᠤᠨ ᠬᠦᠷᠭᠡᠬᠦ ᠪᠤᠶᠤ ᠥᠪᠡᠷᠲᠡᠭᠡᠨ ᠵᠣᠬᠢᠶᠠᠨ ᠪᠠᠶ᠋ᠢᠭᠤᠯᠵᠤ ᠳᠣᠭᠢᠷᠠᠭᠤᠯᠤᠨ ᠬᠦᠷᠭᠡᠵᠦ ᠪᠣᠯᠤᠨ᠎ᠠ᠂ ᠡᠮ᠎ᠤᠨ ᠵᠦᠢ᠍ᠯ᠎ᠢ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠵᠡᠷᠭᠡ ᠵᠢ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ ᠬᠠᠮᠢᠶ᠎ᠠ ᠪᠥᠬᠥᠶ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
      ᠬᠣᠶᠠᠷ᠂ ᠬᠤᠳᠠᠯᠳᠤᠨ ᠠᠪᠬᠤ ᠦᠨ᠎ᠡ
      ᠡᠮ᠎ᠤᠨ ᠵᠦᠢ᠍ᠯ᠎ᠤᠨ ᠠᠷᠠᠯᠵᠢᠶ᠎ᠠ ᠪᠦᠲᠦᠭᠰᠡᠨ ᠦᠨ᠎ᠡ ᠬᠠᠩᠰᠢ ᠵᠢ ᠡᠮᠴᠢᠯᠡᠭᠡᠨ᠎ᠤ ᠪᠠᠶ᠋ᠢᠭᠤᠯᠤᠮᠵᠢ ᠬᠢᠭᠡᠳ ᠡᠮ᠎ᠤᠨ ᠵᠦᠢ᠍ᠯ   ᠦᠢ᠍ᠯᠡᠳᠪᠦᠷᠢᠯᠡᠬᠦ (ᠳᠣᠭᠢᠷᠠᠭᠤᠯᠤᠨ ᠬᠦᠷᠭᠡᠬᠦ) ᠠᠵᠤ ᠠᠬᠤᠶ᠋ᠢᠯᠠᠯ᠎ᠨᠢ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠬᠤᠳᠠᠯᠳᠤᠨ ᠠᠪᠬᠤ ᠰᠢᠰᠲ᠋ᠧᠮ᠎ᠤᠨ ᠰᠦᠯᠵᠢᠶᠡᠨ ᠳᠡᠭᠡᠷ᠎ᠡ ᠵᠥᠪᠳᠡᠯᠴᠡᠨ ᠲᠣᠭᠲᠠᠭ᠋ᠠᠵᠤ ᠪᠦᠷᠢᠯᠳᠦᠭᠦᠯᠦᠨ᠎ᠡ᠃ ᠵᠥᠪᠯᠡᠯᠭᠡᠨ᠎ᠤ ᠦᠨ᠎ᠡ ᠵᠢ ᠲᠣᠭᠲᠠᠭ᠋ᠠᠬᠤ᠎ᠳᠠᠭᠠᠨ ᠠᠵᠤ ᠠᠬᠤᠶ᠋ᠢᠯᠠᠯ᠎ᠤᠨ ᠥᠪᠡᠷᠲᠡᠭᠡᠨ ᠵᠠᠰᠠᠬᠤ ᠣᠷᠣᠨ᠂ ᠪᠤᠰᠤᠳ ᠮᠤᠵᠢ᠎ᠳᠠᠬᠢ ᠲᠡᠦᠬᠡ ᠵᠢᠨ ᠠᠷᠠᠯᠵᠢᠶ᠎ᠠ ᠪᠦᠲᠦᠭᠰᠡᠨ ᠦᠨ᠎ᠡ ᠪᠤᠶᠤ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠦᠨ᠎ᠡ᠎ᠪᠠᠷ ᠯᠠᠪᠯᠠᠯᠲᠠ ᠪᠣᠯᠭ᠋ᠠᠬᠤ ᠵᠢᠨ ᠬᠠᠮᠲᠤ ᠦᠨ᠎ᠡ ᠵᠢᠨ ᠵᠥᠷᠢᠶ᠎ᠡ ᠦᠭᠡᠢ ᠪᠣᠷᠣᠯᠠᠭᠤᠯᠭ᠎ᠠ ᠵᠢ ᠬᠡᠷᠡᠭᠵᠢᠭᠦᠯᠦᠨ᠎ᠡ᠃
      ᠡᠮ᠎ᠤᠨ ᠵᠦᠢ᠍ᠯ᠎ᠢ ᠬᠤᠳᠠᠯᠳᠤᠨ ᠠᠪᠬᠤ ᠦᠨ᠎ᠡ ᠵᠢ ᠵᠠᠷᠴᠢᠮ ᠳᠡᠭᠡᠷ᠎ᠡ᠎ᠪᠠᠨ ᠳᠠᠩᠰᠠᠯᠠᠭᠤᠯᠤᠭᠰᠠᠨ ᠦᠨ᠎ᠡ᠎ᠠᠴᠠ ᠥᠨᠳᠥᠷ ᠪᠠᠶ᠋ᠢᠯᠭ᠋ᠠᠵᠤ ᠪᠣᠯᠬᠤ ᠤᠢ᠍ᠭᠡᠢ᠃ ᠬᠡᠷᠪᠡ ᠣᠨᠳᠣᠣ ᠰᠠᠨᠠᠯ᠎ᠲᠠᠢ ᠪᠣᠯ᠂ 《ᠬᠡᠨ ᠵᠣᠷᠢᠪᠠᠯ ᠬᠡᠨ ᠭᠡᠷᠡᠴᠢ ᠳᠤᠷᠠᠳᠬᠤ》 ᠵᠠᠷᠴᠢᠮ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠥᠪ᠎ᠲᠤ ᠪᠢᠴᠢᠭ᠎ᠤᠨ ᠬᠡᠯᠪᠡᠷᠢ᠎ᠪᠠᠷ ᠵᠠᠭ᠋ᠠᠯᠳᠤᠬᠤ
(ᠥᠭᠬᠦ) ᠮᠠᠲ᠋ᠧᠷᠢᠶᠠᠯ ᠵᠶ᠋ᠠᠨ ᠲᠤᠰᠢᠶᠠᠵᠤ ᠪᠣᠯᠤᠨ᠎ᠠ᠃
      ᠭᠤᠷᠪᠠ᠂ ᠭᠦᠢ᠍ᠴᠡᠳᠬᠡᠬᠦ ᠴᠠᠭ
      ᠲᠣᠰ ᠮᠡᠳᠡᠭᠳᠡᠯ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠨ ᠰᠦᠯᠵᠢᠶᠡᠨ᠎ᠳᠤ ᠡᠯᠭᠦᠭᠰᠡᠨ ᠦᠷ᠎ᠡ ᠳ᠋ᠦᠩ᠎ᠢ ᠬᠡᠷᠡᠭᠵᠢᠭᠦᠯᠦᠨ᠎ᠡ᠃
      ᠳᠠᠭ᠋ᠠᠯᠳᠤᠭᠤᠯᠤᠯ᠄ ᠳᠡᠩᠰᠡᠯᠡᠵᠦ ᠬᠤᠳᠠᠯᠳᠤᠨ ᠠᠪᠬᠤ ᠡᠮ᠎ᠤᠨ ᠵᠦᠢ᠍ᠯ᠎ᠢ ᠪᠥᠬᠥ ᠣᠷᠣᠨ᠎ᠤ ᠰᠦᠯᠵᠢᠶᠡᠨ᠎ᠳᠤ ᠡᠯᠭᠦᠭᠰᠡᠨ ᠡᠮ᠎ᠤᠨ ᠵᠦᠢ᠍ᠯ ᠬᠤᠳᠠᠯᠳᠤᠨ ᠠᠪᠬᠤ ᠬᠡᠪᠴᠢᠶ᠎ᠡ ᠵᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠤᠨ ᠬᠦᠰᠦᠨᠦᠭᠲᠦ
   
                    ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
                          2021 ᠣᠨ᠎ᠤ 5   ᠳ᠋ᠤᠭ᠋ᠠᠷ ᠰᠠᠷ᠎ᠠ ᠵᠢᠨ 20᠎ᠤ ᠡᠳᠦᠷ
   

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠢ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠠᠯᠪᠠᠨ ᠵᠢᠷᠤᠮ᠎ᠤᠨ ᠡᠮᠴᠢᠯᠡᠭᠡ ᠬᠢᠵᠤ ᠤᠭ ᠰᠠᠨᠠᠭ᠎ᠠ᠎ᠪᠠᠨ ᠦᠢ᠍ᠯᠡᠳᠦᠯᠭᠡᠵᠢᠭᠦᠯᠦᠨ᠎ᠡ
ᠠᠷᠠᠳ ᠲᠦᠮᠡᠨ᠎ᠤ ᠲᠥᠯᠥᠭᠡ ᠦᠨᠡᠨ ᠰᠡᠳᠬᠢᠯ᠎ᠠᠴᠠ᠎ᠪᠠᠨ ᠪᠣᠳᠠᠲᠤ ᠶᠠᠪᠤᠳᠠᠯ ᠬᠢᠵᠦ ᠥᠪᠡᠷ᠎ᠤᠨ ᠪᠡᠶ᠎ᠡ᠎ᠪᠠᠷ ᠵᠶ᠋ᠠᠨ ᠴᠢᠷᠮᠠᠶ᠋ᠢᠨ ᠠᠵᠢᠯᠯᠠᠵᠤ ᠤᠬ ᠰᠠᠨᠠᠭ᠎ᠠ᠎ᠪᠠᠨ ᠰᠠᠬᠢᠨ᠎ᠠ
ᠬᠢᠩᠭ᠋ᠠᠨ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠣᠨᠳᠣᠤ ᠭᠠᠵᠠᠷ᠎ᠲᠤ ᠡᠮᠴᠢᠯᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠠᠵᠢᠯ᠎ᠢ ᠳᠥᠯᠭᠢᠨ ᠠᠬᠢᠭᠤᠯᠪᠠ
ᠤᠯᠠᠭ᠋ᠠᠨᠬᠠᠳᠠ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠰᠤᠷᠤᠯᠴᠠᠯᠭ᠎ᠠ ᠬᠥᠮᠦᠵᠢᠯ᠎ᠢ ᠪᠣᠳᠠᠲᠠᠶ᠋ᠢᠵᠢᠭᠤᠯᠤᠨ ᠭᠦᠨᠵᠡᠭᠡᠶ᠋ᠢᠷᠡᠭᠦᠯᠬᠦ ᠵᠢ ᠠᠬᠢᠭᠤᠯᠪᠠ
ᠤᠯᠠᠭ᠋ᠠᠨᠬᠠᠳᠠ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠬᠢᠭᠤᠯᠬᠤ ᠬᠤᠷᠠᠯ᠎ᠢ ᠬᠤᠷᠠᠯᠳᠤᠭᠤᠯᠪᠠ
 
            