ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠲᠦᠩᠯᠢᠶᠣᠤ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢᠨ ᠬᠤᠷᠠᠯ ᠡᠷᠬᠢᠯᠡᠪᠡ
ᠨᠡᠶ᠋ᠢᠲᠡᠯᠡᠭᠰᠡᠨ ᠴᠠᠭ᠄ 2021-05-27

      ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠂ ᠬᠤᠳᠠ ᠵᠢᠨ ᠰᠢᠭᠤᠳ ᠬᠠᠷᠢᠶ᠎ᠠ ᠡᠮ ᠡᠮᠨᠡᠯᠭᠡ ᠵᠢᠨ ᠳᠠᠭ᠋ᠠᠳᠬᠠᠯ᠎ᠤᠨ ᠰᠢᠰᠲ᠋ᠧᠮ᠎ᠤᠨ ᠪᠦᠬᠦ ᠨᠠᠮ᠎ᠤᠨ ᠭᠡᠰᠢᠭᠦᠨ᠎ᠤ ᠨᠠᠮ᠎ᠤᠨ ᠲᠡᠦᠬᠡ ᠵᠢ ᠰᠤᠷᠤᠯᠴᠠᠬᠤ᠂ ᠦᠵᠡᠯ ᠰᠠᠨᠠᠭ᠎ᠠ ᠵᠢ ᠣᠶ᠋ᠢᠯᠠᠭ᠋ᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶ᠋ᠢᠳᠠᠯ᠎ᠢ ᠨᠡᠭᠡᠭᠡᠬᠦ ᠵᠢ ᠬᠦᠳᠦᠯᠦᠨ ᠳᠠᠭ᠋ᠠᠭᠤᠯᠵᠤ᠂ ᠰᠢᠯᠢᠳᠡᠭ ᠬᠢᠷᠢ ᠪᠦᠲᠦᠮᠵᠢ᠎ᠪᠠᠷ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠤᠰᠠᠲᠠ᠂ 5 ᠰᠠᠷ᠎ᠠ ᠵᠢᠨ 18᠎ᠤ ᠡᠳᠦᠷ᠂ ᠲᠦᠩᠯᠢᠶᠣᠤ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢᠨ ᠬᠤᠷᠠᠯ ᠡᠷᠭᠢᠯᠡᠵᠦ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠯᠧᠺᠲ᠋ᠣᠷ ᠸᠧᠶ ᠯᠦ᠍ ᠯᠦ᠍ ᠵᠢ ᠤᠷᠢᠵᠤ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠬᠢᠯᠭᠡᠪᠡ᠂ ᠲᠦᠩᠯᠢᠶᠣᠤ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠥᠬᠥ ᠪᠦᠷᠢᠯᠳᠦᠬᠦᠨ᠂ ᠬᠣᠲᠠ ᠵᠢᠨ ᠰᠢᠭᠤᠳ ᠬᠠᠷᠢᠶ᠎ᠠ ᠡᠮ ᠡᠮᠨᠡᠯᠭᠡ ᠵᠢᠨ ᠳᠠᠭ᠋ᠠᠳᠬᠠᠯ᠎ᠤᠨ ᠰᠢᠰᠲ᠋ᠧᠮ᠎ᠤᠨ ᠪᠥᠬᠥ ᠨᠠᠮ᠎ᠤᠨ ᠭᠡᠰᠢᠭᠦᠨ ᠪᠠ ᠨᠠᠮ᠎ᠳᠤ ᠤᠷᠤᠭᠰᠠᠨ ᠢᠳᠡᠪᠬᠢᠲᠡᠨ ᠰᠤᠷᠤᠯᠴᠠᠯᠭ᠎ᠠ᠎ᠳᠤ ᠣᠷᠣᠯᠴᠠᠵᠠᠶ᠃



      ᠬᠤᠷᠠᠯ ᠳᠡᠭᠡᠷ᠎ᠡ᠂ ᠸᠧᠢ ᠯᠦ᠍ ᠯᠦ᠍ ᠯᠧᠺᠲ᠋ᠣᠷ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠭᠡᠷᠡᠯ ᠰᠠᠴᠤᠷᠠᠩᠭᠤᠢ ᠥᠩᠭᠡᠷᠡᠯᠲᠡ ᠪᠣᠯᠤᠨ ᠲᠡᠦᠬᠡᠲᠦ ᠴᠢᠨᠠᠷᠲᠠᠢ ᠬᠤᠪᠢ ᠨᠡᠮᠡᠷᠢ ᠵᠢ ᠪᠦᠬᠦ ᠲᠠᠯ᠎ᠠ᠎ᠪᠠᠷ ᠣᠶ᠋ᠢᠯᠠᠭ᠋ᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠭᠣᠣᠯᠳᠠᠯᠭ᠎ᠠ ᠵᠢ ᠭᠦᠨᠵᠡᠭᠡᠢ ᠡᠵᠡᠮᠳᠡᠪᠡ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠣᠶ᠋ᠢᠯᠠᠭ᠋ᠠᠵᠤ ᠨᠡᠪᠲᠡᠷᠡᠲᠡᠯ᠎ᠡ ᠣᠶ᠋ᠢᠯᠠᠭ᠋ᠠᠬᠤ 4 ᠲᠠᠯ᠎ᠠ᠎ᠪᠠᠷ ᠰᠢᠰᠲᠸᠮ᠎ᠲᠠᠢ ᠪᠥᠭᠡᠳ ᠠᠮᠢᠳᠤᠯᠢᠭ ᠲᠠᠶ᠋ᠢᠯᠤᠮᠵᠢ ᠬᠢᠵᠦ᠂ ᠬᠣᠲᠠ ᠵᠢᠨ ᠰᠢᠭᠤᠳ ᠬᠠᠷᠢᠶ᠎ᠠ ᠡᠮ ᠡᠮᠨᠡᠯᠭᠡ ᠵᠢᠨ ᠳᠠᠭ᠋ᠠᠳᠬᠠᠯ᠎ᠤᠨ ᠰᠢᠰᠲ᠋ᠧᠮ᠎ᠤᠨ ᠪᠥᠬᠥ ᠨᠠᠮ᠎ᠤᠨ ᠭᠡᠰᠢᠭᠦᠨ᠎ᠤ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠢ ᠴᠢᠩᠭ᠋ᠠᠳᠬᠠᠬᠤ ᠵᠢᠨ ᠴᠢᠬᠤᠯᠠ ᠴᠢᠨᠠᠷ ᠪᠠ ᠲᠤᠯᠭ᠋ᠠᠮ᠎ᠠ ᠴᠢᠨᠠᠷ᠎ᠤᠨ ᠲᠤᠬᠠᠶ ᠲᠠᠨᠢᠯᠲᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠲᠡᠤᠬᠡ ᠵᠢ ᠰᠤᠷᠤᠯᠴᠠᠵᠤ ᠶᠣᠰᠣ ᠤᠴᠢᠷ᠎ᠢ ᠮᠡᠳᠡᠬᠦ᠂ ᠲᠡᠤᠬᠡ ᠵᠢ ᠰᠤᠷᠤᠯᠴᠠᠵᠤ ᠢᠲᠡᠭᠡᠯ᠎ᠢ ᠨᠡᠮᠡᠭᠳᠡᠭᠦᠯᠬᠦ᠂ ᠲᠡᠤᠬᠡ ᠵᠢ ᠰᠤᠷᠤᠯᠴᠠᠵᠤ ᠶᠣᠰᠣ ᠮᠣᠷᠠᠯ᠎ᠢ ᠡᠷᠬᠢᠮᠯᠡᠬᠦ᠂ ᠲᠡᠤᠬᠡ ᠵᠢ ᠰᠤᠷᠤᠯᠴᠠᠵᠤ ᠴᠢᠷᠮᠠᠶ᠋ᠢᠨ ᠬᠡᠷᠡᠭᠵᠢᠭᠦᠯᠬᠦ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠴᠢᠩᠭ᠋ᠠᠳᠬᠠᠪᠠ᠃



      ᠤᠬᠠᠭᠤᠯᠤᠨ ᠲᠠᠶ᠋ᠢᠯᠪᠤᠷᠢᠯᠠᠵᠤ ᠳᠠᠭᠤᠰᠤᠭᠰᠠᠨ᠎ᠤ ᠳᠠᠷᠠᠭ᠎ᠠ᠂ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠫᠠᠩ ᠢᠤ ᠳᠠᠷᠠᠭ᠎ᠠ ᠨᠢᠭᠡ ᠱᠠᠲᠤᠨ᠎ᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠶ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠵᠦ᠂ ᠡᠮ ᠡᠮᠨᠡᠯᠭᠡ ᠵᠢᠨ ᠳᠠᠭ᠋ᠠᠳᠬᠠᠯ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ ᠲᠤᠰ ᠤᠳᠠᠭ᠋ᠠᠨ᠎ᠤ ᠨᠠᠮ᠎ᠤᠨ ᠲᠡᠦᠬᠡ ᠵᠢ ᠤᠬᠠᠭᠤᠯᠤᠨ ᠲᠠᠶ᠋ᠢᠯᠪᠤᠷᠢᠯᠠᠬᠤ᠎ᠪᠠᠷ ᠠᠵᠠ ᠲᠣᠬᠢᠶᠠᠯ ᠪᠣᠯᠭ᠋ᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠰᠢ ᠵᠢᠨ ᠫᠢᠩ ᠶᠡᠷᠦᠩᠬᠡᠢ ᠱᠦᠵᠢ ᠵᠢᠨ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠨ ᠴᠢᠩᠭ᠎ᠠ ᠠᠳᠬᠤᠵᠤ ᠪᠣᠳᠠᠲᠠᠢ ᠠᠳᠬᠤᠵᠤ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠴᠢᠷᠮᠠᠶ᠋ᠢᠨ ᠳᠡᠭᠡᠭᠰᠢᠯᠡᠭᠦᠯᠵᠦ᠂ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠰ᠎ᠢ ᠲᠠᠰᠤᠷᠠᠯᠲᠠ ᠦᠭᠡᠢ ᠠᠬᠢᠭᠤᠯᠵᠤ᠂ ᠰᠢᠯᠢᠳᠡᠭ ᠬᠢᠷᠢ ᠪᠦᠲᠦᠮᠵᠢ᠎ᠪᠠᠷ ᠵᠶ᠋ᠠᠨ ᠨᠠᠮ᠎ᠤᠨ ᠵᠠᠭᠤᠨ ᠵᠢᠯ᠎ᠤᠨ ᠤᠢ᠎ᠳᠤ ᠪᠡᠯᠡᠭ ᠬᠦᠷᠭᠡᠬᠦ ᠬᠡᠷᠡᠭᠲᠡᠢ ᠭᠡᠪᠡ᠃



ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠬᠥᠬᠡᠬᠣᠲᠠ ᠵᠢᠨ᠎ᠬᠢᠨ ᠣᠨᠳᠣᠤ ᠭᠠᠵᠠᠷ᠎ᠲᠤ ᠡᠪᠡᠳᠴᠢᠨ ᠦᠵᠡᠭᠦᠯᠬᠦ ᠵᠢ ᠳᠠᠩᠰᠠᠯᠠᠬᠤ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠵᠦ ᠣᠯᠠᠨ ᠲᠦᠮᠡᠨ᠎ᠤ ᠡᠪᠡᠳᠴᠢᠨ ᠦᠵᠡᠭᠦᠯᠵᠦ ᠡᠮᠨᠡᠭᠦᠯᠬᠦ᠎ᠳᠤ ᠲᠥᠬᠥᠮ ᠦᠵᠡᠭᠦᠯᠪᠡ
ᠠᠷᠠᠳ ᠲᠦᠮᠡᠨ᠎ᠤ ᠲᠥᠯᠥᠭᠡ ᠦᠨᠡᠨ ᠰᠡᠳᠬᠢᠯ᠎ᠠᠴᠠ᠎ᠪᠠᠨ ᠪᠣᠳᠠᠲᠤ ᠶᠠᠪᠤᠳᠠᠯ ᠬᠢᠵᠦ ᠥᠪᠡᠷ᠎ᠤᠨ ᠪᠡᠶ᠎ᠡ᠎ᠪᠠᠷ ᠵᠶ᠋ᠠᠨ ᠴᠢᠷᠮᠠᠶ᠋ᠢᠨ ᠠᠵᠢᠯᠯᠠᠵᠤ ᠤᠬ ᠰᠠᠨᠠᠭ᠎ᠠ᠎ᠪᠠᠨ ᠪᠠᠲᠤ ᠰᠠᠬᠢᠶ᠎ᠠ — ᠠᠶ᠋ᠢᠮᠠᠭ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠤᠪᠴᠢᠶ᠎ᠠ ᠵᠢᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠭᠦᠭᠰᠡᠨ ᠦᠢ᠍ᠯᠡᠳᠦᠯᠭᠡ ᠵᠢᠨ ᠠᠵᠢᠯᠯᠠᠭ᠎ᠠ ᠵᠢᠨ ᠲᠤᠬᠠᠢ ᠪᠣᠳᠠᠲᠤ ᠲᠡᠮᠳᠡᠭᠯᠡᠯ
ᠤᠯᠠᠭ᠋ᠠᠨᠴᠠᠪ ᠬᠣᠲᠠ ᠵᠢᠨ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ ᠡᠪᠡᠳᠴᠢᠲᠡᠨ᠎ᠤ ᠣᠷᠣ᠎ᠪᠠᠷ ᠡᠳᠦᠷ ᠵᠶ᠋ᠠᠷ ᠰᠦᠢ᠍ᠳᠭᠡᠯ ᠲᠤᠰᠢᠶᠠᠬᠤ ᠵᠢᠴᠢ ᠣᠷᠣᠯᠠᠨ ᠳᠥᠯᠥᠬᠦ ᠵᠡᠷᠭᠡ ᠠᠷᠠᠳ᠎ᠲᠤ ᠠᠰᠢᠭ ᠬᠦᠷᠲᠡᠭᠡᠵᠦ ᠠᠷᠠᠳ᠎ᠲᠤ ᠲᠥᠬᠥᠮ ᠦᠵᠡᠭᠦᠯᠬᠦ ᠠᠷᠭ᠎ᠠ ᠬᠡᠮᠵᠢᠶ᠎ᠡ ᠭᠠᠷᠭ᠋ᠠᠪᠠ
ᠬᠥᠬᠡᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠦᠨᠡᠯᠡᠨ ᠵᠢᠱ᠌ᠢᠭᠴᠢ᠂ ᠦᠨᠡᠯᠡᠨ ᠵᠢᠱ᠌ᠢᠬᠦ ᠲᠤᠰᠬᠠᠶ ᠮᠡᠷᠭᠡᠵᠢᠯᠲᠡᠨ᠎ᠤ ᠪᠣᠯᠪᠠᠰᠤᠷᠠᠯ᠎ᠤᠨ ᠠᠩᠭᠢ ᠡᠷᠭᠢᠯᠡᠪᠡ
ᠤᠯᠠᠭ᠋ᠠᠨᠴᠠᠪ ᠬᠣᠲᠠ ᠵᠢᠨ 2021 ᠣᠨ᠎ᠤ ᠪᠠᠷᠢᠯᠭ᠎ᠠ ᠵᠢᠨ ᠠᠵᠢᠯ᠎ᠤᠨ 《ᠠᠶᠤᠯᠭᠦᠶ ᠦᠢ᠍ᠯᠡᠳᠪᠦᠷᠢᠯᠡᠯ᠎ᠤᠨ ᠰᠠᠷ᠎ᠠ》 ᠪᠠ 《ᠠᠶᠤᠯᠭᠦᠶ ᠦᠢ᠍ᠯᠡᠳᠪᠦᠷᠢᠯᠡᠯ᠎ᠤᠨ ᠲᠠᠯ᠎ᠠ ᠨᠤᠲᠤᠭ᠎ᠤᠨ ᠠᠶᠠᠯᠠᠯ》᠎ᠤᠨ ᠤᠬᠠᠭᠤᠯᠭ᠎ᠠ ᠵᠢᠨ ᠡᠬᠢᠯᠡᠯᠲᠡ ᠵᠢᠨ ᠶᠣᠰᠣᠯᠠᠯ ᠠᠮᠵᠢᠯᠲᠠ᠎ᠲᠠᠢ ᠶᠠᠪᠤᠭᠳᠠᠪᠠ
 
            