ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠠᠭ᠋ᠠᠨᠬᠠᠳᠠ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠰᠤᠷᠤᠯᠴᠠᠯᠭ᠎ᠠ ᠬᠥᠮᠦᠵᠢᠯ᠎ᠢ ᠪᠣᠳᠠᠲᠠᠶ᠋ᠢᠵᠢᠭᠤᠯᠤᠨ ᠭᠦᠨᠵᠡᠭᠡᠶ᠋ᠢᠷᠡᠭᠦᠯᠬᠦ ᠵᠢ ᠠᠬᠢᠭᠤᠯᠪᠠ
ᠨᠡᠶ᠋ᠢᠲᠡᠯᠡᠭᠰᠡᠨ ᠴᠠᠭ᠄ 2021-05-27

      ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠠᠴᠠ ᠨᠠᠰᠢ᠂ ᠤᠯᠠᠭ᠋ᠠᠨᠬᠠᠳᠠ ᠬᠤᠳᠠ ᠵᠢᠨ   ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠲᠡᠰ ᠳᠠᠪᠬᠤᠷᠭ᠎ᠠ ᠬᠤᠪᠢᠶᠠᠨ ᠪᠣᠳᠠᠲᠠᠢ ᠵᠢ ᠦᠨᠳᠦᠰᠦᠯᠡᠨ᠂ ᠤᠯᠠᠨ ᠬᠡᠯᠪᠡᠷᠢ᠎ᠪᠠᠷ ᠰᠤᠷᠤᠯᠴᠠᠯᠭ᠎ᠠ ᠬᠥᠮᠦᠵᠢᠯ᠎ᠢ ᠥᠷᠨᠢᠭᠦᠯᠵᠦ᠂ ᠤᠯᠠᠨ ᠠᠷᠭ᠎ᠠ ᠬᠡᠮᠵᠢᠶ᠎ᠡ ᠵᠢ ᠵᠡᠷᠭᠡᠪᠡᠷ ᠬᠡᠷᠡᠭᠯᠡᠨ ᠰᠤᠷᠤᠯᠴᠠᠯᠭ᠎ᠠ ᠬᠥᠮᠦᠵᠢᠯ᠎ᠤᠨ ᠪᠣᠳᠠᠲᠠᠢ᠎ᠳᠤ ᠭᠦᠨᠵᠡᠭᠡᠶ᠋ᠢᠷᠡᠬᠦ ᠵᠢ ᠠᠬᠢᠭᠤᠯᠵᠤ᠂ ᠤᠨᠤᠯ᠎ᠤᠨ ᠰᠤᠷᠤᠯᠴᠠᠯᠭ᠎ᠠ ᠣᠯᠤᠯᠲᠠ᠎ᠲᠠᠢ᠂ ᠦᠵᠡᠯ ᠰᠠᠨᠠᠭ᠎ᠠ ᠤᠯᠤᠰ ᠲᠦᠷᠦ ᠵᠢᠨ ᠲᠠᠯ᠎ᠠ᠎ᠪᠠᠷ ᠤᠬᠢᠶᠠᠯ ᠬᠦᠷᠲᠡᠬᠦ ᠵᠢ ᠴᠢᠷᠮᠠᠶ᠋ᠢᠨ ᠪᠡᠶᠡᠯᠡᠭᠦᠯᠵᠡᠢ᠃



      ᠨᠢᠭᠡ᠎ᠳᠤ᠂ ᠤᠳᠤᠷᠢᠳᠬᠤ ᠺᠠᠳ᠋ᠷᠴᠤᠳ ᠲᠦᠷᠦᠭᠦᠯᠡᠨ ᠰᠤᠷᠤᠯᠴᠠᠪᠠ᠃ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ 《ᠵᠠᠩᠭᠢᠯᠠᠭ᠎ᠠ ᠵᠢᠨ ᠴᠥᠭᠡᠨ ᠲᠣᠭ᠋ᠠᠲᠠᠨ》 ᠪᠠ 《ᠲᠤᠯᠭ᠋ᠠᠭᠤᠷᠢ ᠬᠦᠴᠦᠨ》 ᠪᠣᠯᠤᠭᠰᠠᠨ᠎ᠤ ᠬᠤᠪᠢ᠎ᠳᠤ᠂ ᠲᠦᠷᠦᠭᠦᠯᠡᠨ ᠬᠥᠳᠡᠯᠦᠯᠴᠡᠵᠦ᠂ ᠲᠦᠷᠦᠭᠦᠯᠡᠨ ᠰᠤᠷᠤᠯᠴᠠᠵᠤ᠂ ᠨᠠᠮ᠎ᠤᠨ ᠭᠡᠰᠢᠭᠦᠨ᠎ᠤ ᠵᠠᠪᠠᠯ ᠰᠤᠷᠤᠯᠴᠠᠬᠤ ᠠᠭᠤᠯᠭ᠎ᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠰᠤᠷᠤᠯᠴᠠᠬᠤ ᠬᠡᠪᠴᠢᠶ᠎ᠡ ᠵᠢ ᠥᠷᠭᠡᠳᠬᠡᠵᠦ᠂ ᠥᠪᠡᠷᠲᠡᠭᠡᠨ ᠰᠤᠷᠤᠯᠴᠠᠬᠤ ᠭᠦᠨᠴᠡ ᠵᠢ ᠴᠢᠩᠭ᠋ᠠᠳᠬᠠᠵᠤ᠂ ᠭᠠᠵᠠᠷ᠎ᠤᠨ ᠲᠡᠰ᠎ᠤᠨ ᠤᠳᠤᠷᠢᠳᠬᠤ ᠺᠠᠳ᠋ᠷ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠰᠤᠷᠤᠯᠴᠠᠯᠭ᠎ᠠ ᠵᠢᠨ ᠲᠤᠬᠢᠷᠠᠭᠤᠯᠤᠯᠳᠠ ᠵᠢ ᠲᠣᠭᠲᠠᠭ᠋ᠠᠵᠤ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠲᠦᠷᠦᠭᠦᠯᠡᠨ ᠲᠥᠪᠯᠡᠷᠡᠭᠦᠯᠦᠨ ᠥᠪᠡᠷᠲᠡᠭᠡᠨ ᠰᠤᠷᠤᠯᠴᠠᠬᠤ᠂ ᠰᠤᠷᠤᠯᠴᠠᠯᠭ᠎ᠠ ᠵᠢᠨ ᠠᠬᠢᠴᠠ ᠵᠢ ᠪᠡᠶ᠎ᠡ᠎ᠪᠠᠷ ᠵᠶ᠋ᠠᠨ ᠬᠢᠨᠠᠨ ᠵᠢᠯᠣᠭᠣᠳᠬᠤ ᠠᠵᠢᠯ᠎ᠢ ᠥᠷᠨᠢᠭᠦᠯᠵᠦ᠂ ᠤᠳᠤᠷᠢᠳᠬᠤ ᠺᠠᠳ᠋ᠷ᠎ᠤᠨ ᠪᠡᠶ᠎ᠡ᠎ᠪᠠᠷ ᠵᠶ᠋ᠠᠨ ᠦᠯᠢᠭᠡᠷ ᠳᠠᠭᠤᠷᠢᠶᠠᠯ ᠪᠣᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃
      ᠬᠣᠶᠠᠷ᠎ᠲᠤ᠂ ᠨᠠᠮ᠎ᠤᠨ ᠭᠡᠰᠢᠭᠦᠨ ᠤᠯᠠᠨ ᠲᠦᠮᠡᠨ ᠵᠡᠷᠭᠡᠪᠡᠷ ᠰᠤᠷᠤᠯᠴᠠᠪᠠ᠃ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠪᠠᠢ᠌ᠭᠤᠯᠭ᠎ᠠ ᠵᠢᠨ ᠨᠠᠮ᠎ᠤᠨ ᠡᠭᠦᠷ᠎ᠠᠴᠠ ᠭᠠᠷᠠᠭ᠎ᠤᠨ ᠲᠠᠪᠤᠨ᠎ᠤ ᠦᠳᠡ ᠵᠢᠨ ᠬᠣᠶ᠋ᠢᠨ᠎ᠠ ᠪᠦᠷᠢ ᠵᠢ ᠲᠣᠭᠲᠠᠮᠠᠯ ᠰᠤᠷᠤᠯᠴᠠᠬᠤ ᠡᠳᠦᠷ ᠵᠶ᠋ᠠᠷ ᠲᠣᠭᠲᠠᠭ᠋ᠠᠵᠤ᠂ ᠰᠤᠷᠤᠯᠴᠠᠬᠤ ᠡᠲᠡᠭᠡᠳ᠎ᠤᠨ ᠬᠡᠪᠴᠢᠶ᠎ᠡ ᠵᠢ ᠥᠷᠭᠡᠳᠬᠡᠨ᠂ ᠪᠠᠢ᠌ᠭᠤᠯᠭ᠎ᠠ ᠵᠢᠨ ᠨᠠᠮ᠎ᠤᠨ ᠭᠡᠰᠢᠭᠦᠨ ᠪᠠ ᠠᠷᠠᠳᠴᠢᠯᠠᠭᠰᠠᠨ ᠨᠠᠮ ᠪᠦᠯᠦᠭ᠂ ᠣᠯᠠᠨ ᠲᠦᠮᠡᠨ᠎ᠢ ᠵᠣᠬᠢᠶᠠᠨ ᠪᠠᠶ᠋ᠢᠭᠤᠯᠤᠨ ᠵᠡᠷᠭᠡ᠎ᠪᠠᠷ ᠰᠤᠷᠤᠯᠴᠠᠭᠤᠯᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠪᠴᠢ ᠲᠡᠤᠬᠡ》 ᠵᠢᠨ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢ ᠡᠷᠭᠢᠯᠡᠪᠡ᠃ ᠪᠠᠢ᠌ᠭᠤᠯᠭ᠎ᠠ ᠵᠢᠨ ᠪᠦᠬᠦ ᠺᠠᠳ᠋ᠷ ᠠᠵᠢᠯᠲᠠᠳ 《ᠰᠤᠷᠤᠯᠴᠠᠯᠭ᠎ᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ》 ᠲᠠᠪᠴᠠᠩ᠎ᠢ ᠠᠰᠢᠭᠯᠠᠵᠤ᠂ ᠠᠪᠢᠶᠠᠯᠭ᠎ᠠ᠎ᠲᠠᠢ ᠨᠣᠮ ᠪᠣᠯᠤᠨ ᠪᠣᠳᠠᠲᠤ ᠴᠣᠭᠴᠠᠲᠤ ᠨᠣᠮ᠎ᠢ ᠵᠡᠷᠭᠡᠪᠡᠷ ᠰᠤᠷᠤᠯᠴᠠᠬᠤ᠎ᠪᠠᠷ ᠳᠠᠮᠵᠢᠭᠤᠯᠵᠤ᠂ ᠨᠢᠭᠡ ᠨᠢᠭᠡ ᠦᠭᠡ᠎ᠪᠠᠷ ᠭᠦᠨᠵᠡᠭᠡᠢ ᠰᠤᠷᠤᠯᠴᠠᠵᠤ᠂ ᠬᠠᠮᠲᠤᠪᠠᠷ ᠰᠤᠳᠤᠯᠤᠨ ᠤᠩᠰᠢᠵᠤ᠂ ᠦᠷᠭᠦᠯᠵᠢᠯᠡᠨ ᠴᠤᠴᠠᠯᠲᠠ ᠦᠭᠡᠢ ᠤᠬ ᠵᠣᠬᠢᠶᠠᠯ᠎ᠢ ᠰᠤᠷᠤᠯᠴᠠᠵᠤ᠂ ᠤᠬ ᠵᠣᠬᠢᠶᠠᠯ᠎ᠢ ᠤᠩᠰᠢᠵᠤ᠂ ᠤᠬ ᠶᠣᠰᠣ ᠵᠢ ᠣᠶ᠋ᠢᠯᠠᠭ᠋ᠠᠵᠤ᠂ ᠭᠦᠨ ᠵᠤᠵᠠᠭ᠋ᠠᠨ ᠰᠤᠷᠤᠯᠴᠠᠬᠤ ᠠᠭᠤᠷ ᠠᠮᠢᠰᠬᠤᠯ᠎ᠢ ᠪᠤᠢ ᠪᠣᠯᠭ᠋ᠠᠪᠠ᠃
      ᠭᠤᠷᠪᠠ᠎ᠳᠤ᠂ ᠮᠡᠳᠡᠯᠭᠡ᠎ᠪᠠᠷ ᠠᠵᠢᠯᠯᠠᠭ᠎ᠠ᠎ᠪᠠᠨ ᠠᠬᠢᠭᠤᠯᠵᠤ ᠰᠤᠷᠤᠯᠭ᠎ᠠ᠎ᠪᠠᠨ ᠳᠡᠭᠡᠭᠰᠢᠯᠡᠭᠦᠯᠪᠡ᠃ ᠬᠣᠲᠠ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠬᠡᠷᠡᠭ ᠶᠠᠪᠤᠳᠠᠯ᠎ᠤᠨ ᠲᠥᠪ᠎ᠤᠨ ᠨᠠᠮ᠎ᠤᠨ ᠡᠭᠦᠷ᠎ᠨᠢ ᠴᠣᠩᠬᠤᠪᠴᠢ ᠨᠢᠭᠡᠴᠢ ᠵᠢᠨ ᠣᠯᠠᠨ ᠲᠦᠮᠡᠨ᠎ᠳᠤ ᠦᠢ᠍ᠯᠡᠴᠢᠯᠡᠬᠦ ᠦᠢ᠍ᠯᠡᠳᠦᠯᠭᠡ ᠵᠢᠨ ᠣᠨᠴᠠᠯᠢᠭ᠎ᠲᠠᠢ ᠤᠶᠠᠯᠳᠤᠭᠤᠯᠤᠨ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠱᠠᠲᠤ ᠦᠶ᠎ᠡ ᠵᠢᠨ ᠴᠢᠨᠠᠷᠲᠠᠶ ᠦᠵᠡᠯ ᠰᠠᠨᠠᠭ᠋ᠠᠨ᠎ᠤ ᠬᠠᠷᠢᠭᠤ ᠮᠡᠳᠡᠭᠦᠯᠦᠯᠲᠡ ᠵᠢᠨ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ᠃ ᠪᠥᠬᠥ ᠨᠠᠮ᠎ᠤᠨ ᠭᠡᠰᠢᠭᠦᠨ ᠨᠠᠮ᠎ᠤᠨ ᠲᠡᠤᠬᠡ ᠵᠢ ᠰᠤᠷᠤᠯᠴᠠᠬᠤ ᠪᠠ ᠲᠤᠷᠰᠢᠯᠭ᠎ᠠ᠎ᠪᠠᠨ ᠳ᠋ᠦᠩᠨᠡᠬᠦ᠂ ᠭᠠᠷᠲᠠᠨ   ᠭᠦᠢ᠍ᠴᠡᠳᠬᠡᠬᠦ ᠠᠵᠢᠯ᠎ᠢ ᠠᠬᠢᠭᠤᠯᠬᠤ ᠵᠢ ᠨᠢᠭᠲᠠ ᠤᠶᠠᠯᠳᠤᠭᠤᠯᠵᠤ᠂ ᠣᠯᠤᠯᠲᠠ ᠲᠥᠷᠥᠭᠳᠡᠯ ᠵᠶ᠋ᠠᠨ ᠰᠣᠯᠢᠯᠴᠠᠵᠤ᠂ ᠦᠵᠡᠯ ᠰᠠᠨᠠᠭ᠎ᠠ᠎ᠪᠠᠨ ᠰᠣᠯᠢᠯᠴᠠᠵᠣ᠂ ᠬᠠᠷᠢᠯᠴᠠᠨ ᠰᠡᠩᠬᠡᠷᠡᠭᠦᠯᠵᠦ᠂ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠵᠤ᠂ ᠰᠡᠳᠬᠢᠬᠦ ᠴᠢᠳᠠᠪᠤᠷᠢ᠂ ᠣᠨᠣᠯ᠎ᠤᠨ ᠬᠢᠷᠢ ᠲᠦᠪᠰᠢᠨ ᠪᠠ ᠦᠢ᠍ᠯᠡᠳᠦᠯᠭᠡ ᠵᠢᠨ ᠬᠡᠪ ᠪᠣᠯᠪᠠᠰᠤᠷᠠᠯ ᠵᠶ᠋ᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮ ᠡᠮᠨᠡᠯᠭᠡ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠠᠵᠢᠯ᠎ᠤᠨ ᠲᠣᠭᠲᠠᠭᠤᠨ᠂ ᠡᠷᠡᠭᠦᠯ᠂ ᠥᠨᠳᠥᠷ ᠪᠦᠲᠦᠮᠵᠢᠲᠡᠶ ᠬᠥᠭᠵᠢᠯᠲᠡ ᠵᠢ ᠬᠦᠴᠦᠲᠡᠶ ᠠᠬᠢᠭᠤᠯᠪᠠ᠃



      ᠲᠠᠷᠠᠭ᠋ᠠᠴᠢ ᠵᠢᠨ ᠠᠯᠬᠤᠮ᠎ᠳᠤ᠂ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ 《ᠨᠠᠮ᠎ᠤᠨ ᠲᠡᠦᠬᠡ ᠵᠢ ᠰᠤᠷᠤᠯᠴᠠᠵᠤ᠂ ᠦᠵᠡᠯ ᠰᠠᠨᠠᠭ᠎ᠠ ᠵᠢ ᠣᠶ᠋ᠢᠯᠠᠭ᠋ᠠᠵᠤ᠂ ᠪᠣᠳᠠᠲᠤ ᠶᠠᠪᠤᠳᠠᠯ ᠬᠢᠵᠦ᠂ ᠰᠢᠨ᠎ᠡ ᠪᠠᠶ᠋ᠢᠳᠠᠯ᠎ᠢ ᠨᠡᠭᠡᠭᠡᠬᠦ》 ᠵᠣᠷᠢᠭ ᠰᠠᠨᠠᠭ᠋ᠠᠨ᠎ᠤ ᠠᠭᠤᠯᠬᠤᠨ᠎ᠢ ᠤᠯᠠᠮ ᠨᠢᠭᠡ ᠠᠯᠬᠤᠮ ᠭᠦᠨᠵᠡᠭᠡᠶ ᠣᠶ᠋ᠢᠯᠠᠭ᠋ᠠᠵᠤ᠂ ᠥᠭᠡᠷᠡᠴᠢᠯᠡᠯᠲᠡ ᠵᠢᠨ ᠪᠣᠭᠣᠮᠲᠠ ᠰᠢᠪᠲᠤᠯᠬᠤ ᠳᠤᠮᠳᠠ ᠵᠣᠷᠢᠭᠲᠠᠢ᠎ᠪᠠᠷ ᠲᠦᠷᠦᠭᠦᠯᠡᠵᠦ᠂ ᠴᠢᠨᠠᠷ ᠰᠠᠶ᠋ᠢᠲᠠᠢ ᠬᠥᠭᠵᠢᠯᠲᠡ ᠵᠢᠨ ᠲᠠᠯ᠎ᠠ᠎ᠪᠠᠷ ᠬᠣᠰᠢᠭᠤᠴᠢ ᠪᠤᠯᠵᠤ᠂ ᠠᠷᠠᠳ ᠲᠦᠮᠡᠨ᠎ᠳᠤ ᠦᠢ᠍ᠯᠡᠴᠢᠯᠡᠬᠦ ᠲᠠᠯ᠎ᠠ᠎ᠪᠠᠷ ᠦᠯᠢᠭᠡᠷ ᠳᠠᠭᠤᠷᠢᠶᠠᠯ ᠪᠣᠯᠵᠤ᠂ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠳᠤᠮᠳᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠭᠦᠢ᠍ᠴᠡᠳ ᠢᠯᠡᠷᠡᠭᠦᠯᠵᠦ᠂ ᠠᠷᠠᠳ ᠲᠦᠮᠡᠨ᠎ᠤ ᠰᠡᠳᠬᠢᠯ ᠬᠠᠨᠤᠮᠵᠢᠲᠠᠢ ᠠᠵᠢᠯ᠎ᠤᠨ ᠦᠷ᠎ᠡ ᠪᠦᠲᠦᠮᠵᠢ᠎ᠪᠠᠷ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ ᠵᠢ ᠪᠡᠯᠭᠡᠯᠡᠬᠦ᠎ᠪᠠᠷ ᠪᠣᠢ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠬᠢᠭᠤᠯᠬᠤ ᠬᠤᠷᠠᠯ᠎ᠢ ᠬᠤᠷᠠᠯᠳᠤᠭᠤᠯᠪᠠ
ᠲᠦᠩᠯᠢᠶᠣᠤ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢᠨ ᠬᠤᠷᠠᠯ ᠡᠷᠬᠢᠯᠡᠪᠡ
ᠬᠥᠬᠡᠬᠣᠲᠠ ᠵᠢᠨ᠎ᠬᠢᠨ ᠣᠨᠳᠣᠤ ᠭᠠᠵᠠᠷ᠎ᠲᠤ ᠡᠪᠡᠳᠴᠢᠨ ᠦᠵᠡᠭᠦᠯᠬᠦ ᠵᠢ ᠳᠠᠩᠰᠠᠯᠠᠬᠤ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠵᠦ ᠣᠯᠠᠨ ᠲᠦᠮᠡᠨ᠎ᠤ ᠡᠪᠡᠳᠴᠢᠨ ᠦᠵᠡᠭᠦᠯᠵᠦ ᠡᠮᠨᠡᠭᠦᠯᠬᠦ᠎ᠳᠤ ᠲᠥᠬᠥᠮ ᠦᠵᠡᠭᠦᠯᠪᠡ
ᠠᠷᠠᠳ ᠲᠦᠮᠡᠨ᠎ᠤ ᠲᠥᠯᠥᠭᠡ ᠦᠨᠡᠨ ᠰᠡᠳᠬᠢᠯ᠎ᠠᠴᠠ᠎ᠪᠠᠨ ᠪᠣᠳᠠᠲᠤ ᠶᠠᠪᠤᠳᠠᠯ ᠬᠢᠵᠦ ᠥᠪᠡᠷ᠎ᠤᠨ ᠪᠡᠶ᠎ᠡ᠎ᠪᠠᠷ ᠵᠶ᠋ᠠᠨ ᠴᠢᠷᠮᠠᠶ᠋ᠢᠨ ᠠᠵᠢᠯᠯᠠᠵᠤ ᠤᠬ ᠰᠠᠨᠠᠭ᠎ᠠ᠎ᠪᠠᠨ ᠪᠠᠲᠤ ᠰᠠᠬᠢᠶ᠎ᠠ — ᠠᠶ᠋ᠢᠮᠠᠭ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠤᠪᠴᠢᠶ᠎ᠠ ᠵᠢᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠭᠦᠭᠰᠡᠨ ᠦᠢ᠍ᠯᠡᠳᠦᠯᠭᠡ ᠵᠢᠨ ᠠᠵᠢᠯᠯᠠᠭ᠎ᠠ ᠵᠢᠨ ᠲᠤᠬᠠᠢ ᠪᠣᠳᠠᠲᠤ ᠲᠡᠮᠳᠡᠭᠯᠡᠯ
ᠤᠯᠠᠭ᠋ᠠᠨᠴᠠᠪ ᠬᠣᠲᠠ ᠵᠢᠨ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ ᠡᠪᠡᠳᠴᠢᠲᠡᠨ᠎ᠤ ᠣᠷᠣ᠎ᠪᠠᠷ ᠡᠳᠦᠷ ᠵᠶ᠋ᠠᠷ ᠰᠦᠢ᠍ᠳᠭᠡᠯ ᠲᠤᠰᠢᠶᠠᠬᠤ ᠵᠢᠴᠢ ᠣᠷᠣᠯᠠᠨ ᠳᠥᠯᠥᠬᠦ ᠵᠡᠷᠭᠡ ᠠᠷᠠᠳ᠎ᠲᠤ ᠠᠰᠢᠭ ᠬᠦᠷᠲᠡᠭᠡᠵᠦ ᠠᠷᠠᠳ᠎ᠲᠤ ᠲᠥᠬᠥᠮ ᠦᠵᠡᠭᠦᠯᠬᠦ ᠠᠷᠭ᠎ᠠ ᠬᠡᠮᠵᠢᠶ᠎ᠡ ᠭᠠᠷᠭ᠋ᠠᠪᠠ
 
            