ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠢᠩᠭ᠋ᠠᠨ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠣᠨᠳᠣᠤ ᠭᠠᠵᠠᠷ᠎ᠲᠤ ᠡᠮᠴᠢᠯᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠠᠵᠢᠯ᠎ᠢ ᠳᠥᠯᠭᠢᠨ ᠠᠬᠢᠭᠤᠯᠪᠠ
ᠨᠡᠶ᠋ᠢᠲᠡᠯᠡᠭᠰᠡᠨ ᠴᠠᠭ᠄ 2021-05-26

      ᠬᠢᠩᠭ᠋ᠠᠨ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠰᠢᠰᠲ᠋ᠧᠮ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠲᠠᠰᠤᠷᠠᠯᠲᠠ ᠦᠭᠡᠶ ᠭᠦᠨᠵᠡᠭᠡᠶ᠋ᠢᠷᠡᠭᠦᠯᠦᠨ᠂ ᠰᠡᠳᠬᠢᠯ ᠲᠠᠯᠪᠢᠨ ᠪᠣᠳᠠᠲᠠᠶ᠋ᠢᠵᠢᠭᠤᠯᠬᠤ ᠵᠢᠨ ᠲᠥᠯᠥᠭᠡ᠂ ᠬᠢᠩᠭ᠋ᠠᠨ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ᠎ᠲᠠᠢ ᠤᠶᠠᠯᠳᠤᠭᠤᠯᠵᠤ᠂ ᠡᠪᠡᠳᠴᠢᠲᠡᠨ᠎ᠤ ᠣᠨᠳᠣᠣ ᠭᠠᠵᠠᠷ᠎ᠲᠤ ᠡᠪᠡᠳᠴᠢᠨ ᠦᠵᠡᠭᠦᠯᠬᠦ᠎ᠳᠤ 《ᠭᠦᠶᠦᠬᠦ》᠂ 《ᠣᠷᠣᠯᠠᠨ ᠵᠠᠷᠤᠬᠤ》 《ᠬᠦᠴᠢᠷ ᠠᠰᠠᠭᠤᠳᠠᠯ》 ᠪᠠ 《ᠡᠪᠡᠷᠰᠢᠶᠡᠯ᠎ᠲᠠᠢ ᠭᠠᠵᠠᠷ》᠎ᠤᠨ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡᠪᠡᠷ ᠬᠡᠷᠡᠭᠵᠢᠭᠦᠯᠵᠦ᠂ ᠣᠨᠳᠣᠣ ᠭᠠᠵᠠᠷ᠎ᠲᠤ ᠡᠪᠡᠳᠴᠢᠨ ᠦᠵᠡᠭᠦᠯᠬᠦ ᠵᠢ ᠰᠢᠭᠤᠳ ᠳ᠋ᠦᠩᠨᠡᠨ ᠪᠤᠳᠤᠬᠤ ᠪᠡᠬᠢᠯᠡᠯᠲᠡ ᠵᠢ ᠪᠦᠬᠦ ᠬᠦᠴᠦᠨ ᠵᠶ᠋ᠠᠷ ᠵᠶ᠋ᠠᠨ ᠨᠡᠪᠲᠡᠷᠡᠭᠦᠯᠵᠦ᠂ ᠡᠮ ᠡᠮᠨᠡᠯᠭᠡ ᠵᠢᠨ ᠳᠠᠭ᠋ᠠᠳᠬᠠᠯ᠎ᠤᠨ ᠠᠷᠠᠳ ᠲᠦᠮᠡᠨ᠎ᠳᠤ ᠦᠢ᠍ᠯᠡᠴᠢᠯᠡᠬᠦ ᠵᠢ ᠦᠨᠡᠨᠬᠦ ᠤᠯᠠᠨ ᠲᠦᠮᠡᠨ᠎ᠤ ᠰᠡᠳᠬᠢᠯ᠎ᠳᠤ   ᠬᠠᠳᠠᠩᠰᠢᠭᠤᠯᠪᠠ᠃ 2021 ᠣᠨ᠎ᠤ 3 ᠰᠠᠷ᠎ᠠ ᠵᠢᠨ ᠰᠡᠭᠦᠯᠴᠢ ᠪᠣᠯᠲᠠᠯ᠎ᠠ᠂ ᠬᠢᠩᠭ᠋ᠠᠨ ᠠᠶ᠋ᠢᠮᠠᠭ᠎ᠤᠨ ᠣᠨᠳᠣᠤ ᠭᠠᠵᠠᠷ᠎ᠲᠤ ᠡᠮᠨᠡᠭᠦᠯᠦᠭᠰᠡᠨ ᠬᠥᠮᠦᠨ ᠤᠳᠠᠭ᠎ᠠ ᠵᠢᠨ ᠲᠣᠭ᠎ᠠ 7019 ᠬᠥᠮᠦᠨ ᠤᠳᠠᠭ᠎ᠠ᠎ᠳᠤ ᠬᠦᠷᠴᠦ᠂ ᠡᠮᠨᠡᠯᠭᠡ᠎ᠳᠤ ᠰᠠᠭᠤᠭᠰᠠᠨ ᠪᠥᠬᠥ ᠬᠥᠮᠦᠨ᠎ᠤ ᠲᠣᠭ᠋ᠠᠨ᠎ᠤ 20.8% ᠵᠢ ᠡᠵᠡᠯᠡᠪᠡ᠂ ᠡᠭᠦᠨ᠎ᠳᠤ᠂ ᠣᠨᠳᠣᠤ ᠭᠠᠵᠠᠷ᠎ᠲᠤ ᠰᠢᠭᠤᠳ ᠳ᠋ᠦᠩᠨᠡᠨ ᠪᠤᠳᠤᠭᠰᠠᠨ ᠬᠥᠮᠦᠨ ᠤᠳᠠᠭ᠎ᠠ ᠵᠢᠨ ᠲᠣᠭ᠎ᠠ 3523 ᠬᠥᠮᠦᠨ ᠤᠳᠠᠭ᠎ᠠ᠎ᠳᠤ ᠬᠦᠷᠴᠦ᠂ ᠣᠨᠳᠣᠤ ᠭᠠᠵᠠᠷ᠎ᠲᠤ ᠡᠮᠨᠡᠭᠦᠯᠦᠭᠰᠡᠨ ᠬᠥᠮᠦᠨ ᠤᠳᠠᠭ᠎ᠠ ᠵᠢᠨ 50.1% ᠵᠢ ᠡᠵᠡᠯᠡᠵᠦ᠂ ᠰᠢᠭᠤᠳ ᠳ᠋ᠦᠩᠨᠡᠨ ᠪᠤᠳᠤᠭᠰᠠᠨ ᠨᠣᠷᠮ᠎ᠠ ᠠᠳᠠᠯᠢ ᠬᠤᠭᠤᠴᠠᠭ᠋ᠠᠨ᠎ᠤ᠎ᠬᠢ᠎ᠠᠴᠠ 12% ᠨᠡᠮᠡᠭᠳᠡᠪᠡ᠃ 2021 ᠣᠨ᠎ᠳᠤ ᠮᠤᠵᠢ ᠠᠯᠤᠰᠯᠠᠭᠰᠠᠨ ᠡᠭᠦᠳᠡᠨ ᠡᠮᠨᠡᠯᠭᠡ ᠵᠢᠨ ᠰᠢᠭᠤᠳ ᠲᠡᠰᠦᠯᠦᠨ ᠪᠤᠳᠤᠬᠤ ᠲᠤᠬᠠᠶ᠋ᠢᠯᠠᠭᠰᠠᠨ ᠠᠵᠢᠯ᠎ᠢ ᠰᠢᠨ᠎ᠡ᠎ᠪᠠᠷ ᠨᠡᠮᠡᠭᠳᠡᠭᠦᠯᠵᠦ᠂ ᠣᠳᠣᠬᠠᠨ᠎ᠳᠤ ᠨᠢᠭᠡᠨᠲᠡ 16 ᠬᠥᠮᠦᠨ ᠤᠳᠠᠭ᠎ᠠ ᠲᠡᠰᠦᠯᠦᠨ ᠪᠤᠳᠤᠵᠤ᠂ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ᠎ᠠᠴᠠ 3492.15 ᠲᠥᠭᠥᠷᠢᠭ ᠳᠥᠯᠥᠪᠡ᠃
      ᠨᠢᠭᠡ᠂ ᠲᠠᠪᠴᠠᠩ᠎ᠤᠨ ᠪᠠᠶ᠋ᠢᠭᠤᠯᠤᠯᠲᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠪᠡ
      ᠣᠨᠳᠣᠤ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠲᠡᠰᠦᠯᠦᠨ ᠪᠤᠳᠤᠬᠤ ᠴᠢᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠠᠮᠤᠷᠬᠤ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠱᠠᠭ᠋ᠠᠷᠳᠠᠯᠭ᠎ᠠ ᠶᠣᠰᠣᠭ᠋ᠠᠷ ᠬᠢᠩᠭ᠋ᠠᠨ ᠠᠶ᠋ᠢᠮᠠᠭ᠎ᠤᠨ 3 ᠭᠤᠷᠪᠠᠳᠤᠭ᠋ᠠᠷ ᠳᠡᠰ᠎ᠤᠨ ᠡᠮᠴᠢᠯᠡᠭᠡᠨ᠎ᠤ ᠪᠠᠶ᠋ᠢᠭᠤᠯᠤᠮᠵᠢ᠂ 20 ᠬᠣᠶᠠᠳᠤᠭ᠋ᠠᠷ ᠳᠡᠰ ᠵᠢᠴᠢ ᠲᠡᠭᠦᠨ᠎ᠠᠴᠠ ᠳᠣᠷᠣᠭᠰᠢᠬᠢ ᠡᠮᠴᠢᠯᠡᠭᠡᠨ᠎ᠤ ᠪᠠᠶ᠋ᠢᠭᠤᠯᠤᠮᠵᠢ ᠵᠢ ᠣᠨᠳᠣᠤ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠲᠡᠰᠦᠯᠦᠨ ᠪᠤᠳᠤᠬᠤ ᠲᠠᠪᠴᠠᠩ᠎ᠳᠤ ᠣᠷᠤᠭᠤᠯᠪᠠ᠃ ᠬᠢᠩᠭ᠋ᠠᠨ ᠠᠶ᠋ᠢᠮᠠᠭ᠎ᠨᠢ ᠪᠠᠰᠠ ᠪᠥᠬᠥ ᠤᠯᠤᠰ᠎ᠤᠨ ᠸᠢᠴᠠᠲ᠎ᠢ ᠳᠠᠩᠰᠠᠯᠠᠭᠤᠯᠤᠭᠰᠠᠨ ᠲᠦᠷᠦᠭᠦᠤ ᠪᠦᠯᠦᠭ ᠭᠠᠵᠠᠷ ᠣᠷᠣᠨ ᠪᠣᠯᠵᠣ᠂ 762 ᠬᠥᠮᠦᠨ ᠤᠳᠠᠭ᠎ᠠ ᠵᠢ ᠠᠮᠵᠢᠯᠲᠠ᠎ᠲᠠᠢ᠎ᠪᠠᠷ ᠳᠡᠩᠰᠡᠯᠡᠵᠦ᠂ ᠣᠨᠳᠣᠤ ᠭᠠᠵᠠᠷ᠎ᠲᠤ 177 ᠬᠥᠮᠦᠨ ᠤᠳᠠᠭ᠎ᠠ ᠵᠢ ᠠᠮᠵᠢᠯᠲᠠ᠎ᠲᠠᠢ᠎ᠪᠠᠷ ᠳᠡᠩᠰᠡᠯᠡᠨ ᠥᠭᠴᠡᠶ᠃ 2021 ᠣᠨ᠎ᠳᠤ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠡᠭᠦᠳᠡᠨ ᠡᠮᠨᠡᠯᠭᠡ ᠵᠢᠨ ᠰᠢᠭᠤᠳ ᠲᠠᠰᠤᠯᠤᠨ ᠪᠤᠳᠤᠬᠤ ᠲᠤᠬᠠᠶ᠋ᠢᠯᠠᠭᠰᠠᠨ ᠠᠵᠢᠯ᠎ᠢ ᠠᠮᠵᠢᠯᠲᠠ᠎ᠲᠠᠢ᠎ᠪᠠᠷ ᠰᠦᠯᠵᠢᠶᠡᠨ᠎ᠳᠤ ᠭᠠᠷᠭ᠋ᠠᠵᠤ᠂ ᠤᠯᠠᠨ ᠲᠦᠮᠡᠨ᠎ᠤ ᠣᠨᠳᠣᠣ ᠭᠠᠵᠠᠷ᠎ᠲᠤ ᠡᠮᠨᠡᠭᠦᠯᠬᠦ᠎ᠳᠤ ᠤᠯᠠᠮ ᠨᠢᠭᠡ ᠠᠯᠬᠤᠮ ᠲᠦᠭᠦᠮ ᠦᠵᠡᠭᠦᠯᠪᠡ᠃       ᠬᠣᠶᠠᠷ᠂ ᠣᠨᠳᠣᠤ ᠭᠠᠵᠠᠷ᠎ᠲᠤ ᠳᠠᠩᠰᠠᠯᠠᠭᠤᠯᠬᠤ ᠦᠢ᠍ᠯᠡᠴᠢᠯᠡᠭᠡ ᠵᠢ ᠰᠢᠯᠢᠳᠡᠭᠵᠢᠭᠦᠯᠪᠡ
      ᠨᠢᠭᠡ᠎ᠳᠤ᠂ ᠳᠠᠩᠰᠠᠯᠠᠭᠤᠯᠬᠤ ᠭᠠᠷ ᠭᠦᠢ᠍ᠴᠡᠳᠬᠡᠯ᠎ᠢ ᠳᠥᠭᠦᠮᠴᠢᠯᠡᠪᠡ᠃ ᠡᠪᠡᠳᠴᠢᠲᠡᠨ ᠵᠥᠪᠬᠡᠨ ᠣᠨᠳᠣᠣ ᠭᠠᠵᠠᠷ᠎ᠲᠤ ᠡᠮᠨᠡᠯᠭᠡ᠎ᠳᠤ ᠰᠠᠭᠤᠬᠤ᠎ᠠᠴᠠ ᠡᠮᠦᠨ᠎ᠡ ᠭᠤᠷᠪᠠᠨ ᠰᠠᠷ᠎ᠠ ᠰᠢᠬᠠᠮ᠎ᠤᠨ ᠬᠣᠶᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠭᠠᠷᠭ᠋ᠠᠭᠰᠠᠨ ᠣᠨᠣᠰᠢᠯᠠᠯᠲᠠ ᠵᠢᠨ ᠪᠢᠴᠢᠭ ᠪᠤᠶᠤ ᠪᠠᠶ᠋ᠢᠴᠠᠭ᠋ᠠᠯᠲᠠ ᠵᠢᠨ ᠮᠡᠳᠡᠭᠦᠯᠦᠯᠲᠡ ᠵᠢᠨ ᠬᠠᠭᠤᠳᠠᠰᠤ ᠵᠢ ᠬᠠᠩᠭ᠋ᠠᠪᠠᠯ ᠳᠠᠷᠤᠶ ᠣᠨᠳᠣᠣ ᠭᠠᠵᠠᠷ᠎ᠲᠤ ᠡᠮᠨᠡᠭᠦᠯᠬᠦ ᠵᠢ ᠳᠠᠩᠰᠠᠯᠠᠭᠤᠯᠬᠤ ᠭᠠᠷ ᠭᠦᠢ᠍ᠴᠡᠳᠬᠡᠯ ᠬᠢᠵᠦ ᠪᠣᠯᠤᠨ᠎ᠠ᠃ ᠬᠣᠶᠠᠷ᠎ᠲᠤ᠂ 《ᠠᠮᠠᠯᠠᠯᠲᠠ ᠵᠢᠨ ᠲᠦᠷᠢᠮ》 ᠪᠠ 《ᠳᠤᠲᠠᠭᠳᠠᠯ᠎ᠲᠠᠢ ᠲᠠᠯ᠎ᠠ ᠵᠢ ᠬᠦᠯᠢᠶᠡᠨ ᠠᠪᠴᠤ ᠰᠢᠢ᠍ᠳᠪᠦᠷᠢᠯᠡᠬᠦ》 ᠵᠢ ᠬᠡᠷᠡᠭᠵᠢᠭᠦᠯᠪᠡ᠃ ᠭᠠᠳᠠᠭᠰᠢ ᠭᠠᠷᠤᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠠᠵᠢᠯ ᠣᠯᠵᠤ ᠠᠳᠠᠯ ᠦᠢ᠍ᠯᠡᠰ ᠴᠣᠭᠴᠠᠯᠠᠭᠰᠠᠳ᠎ᠤᠨ ᠣᠨᠳᠣᠤ ᠭᠠᠵᠠᠷ᠎ᠲᠤ ᠡᠮᠴᠢᠯᠡᠭᠦᠯᠬᠦ ᠵᠢ ᠳᠠᠩᠰᠠᠯᠠᠭᠤᠯᠬᠤ 《ᠰᠠᠭ᠋ᠠᠳ ᠥᠬᠡᠶ ᠨᠡᠪᠲᠡᠷᠡᠬᠦ ᠵᠠᠮ》᠎ᠤᠨ ᠴᠣᠩᠬᠤᠪᠴᠢ ᠭᠠᠷᠭ᠋ᠠᠵᠤ᠂ ᠬᠣᠶᠠᠷ ᠲᠥᠷᠥᠯ᠎ᠤᠨ ᠬᠥᠮᠦᠰ᠎ᠤᠨ ᠤᠷᠢᠳᠠᠪᠠᠷ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠲᠠᠭᠠᠨ ᠳᠠᠩᠰᠠᠯᠠᠭᠤᠯᠬᠤ ᠵᠢ ᠵᠥᠪᠰᠢᠶᠡᠷᠡᠬᠦ ᠵᠢᠨ ᠬᠠᠮᠲᠤ ᠡᠮᠴᠢᠯᠡᠭᠦᠯᠦᠭᠰᠡᠨ ᠭᠠᠵᠠᠷ᠎ᠲᠠᠭᠠᠨ ᠬᠠᠮᠢᠶ᠎ᠠ ᠪᠥᠬᠥᠶ ᠮᠠᠲ᠋ᠧᠷᠢᠶᠠᠯ᠎ᠢ ᠣᠯᠤᠭᠰᠠᠨ᠎ᠤ ᠳᠠᠷᠠᠭ᠎ᠠ ᠴᠠᠭ ᠲᠤᠬᠠᠶ᠎ᠳᠤᠨᠢ ᠨᠥᠬᠥᠪᠥᠷᠢᠯᠡᠬᠦ ᠵᠢ ᠠᠮᠠᠯᠠᠨ᠎ᠠ᠃ ᠭᠤᠷᠪᠠ᠎ᠳᠤ᠂ ᠳᠠᠩᠰᠠᠯᠠᠭᠤᠯᠬᠤ ᠠᠷᠭ᠎ᠠ ᠮᠠᠶᠢᠭ᠎ᠤᠨ ᠰᠢᠨ᠎ᠡ ᠵᠢ ᠡᠭᠦᠳᠪᠡ᠃ ᠳ᠋ᠢᠶᠠᠩᠬᠤᠸᠠ᠂ ᠥᠪᠥᠷ ᠮᠣᠩᠭᠣᠯ᠎ᠤᠨ 12333 ᠰᠦᠯᠵᠢᠶᠡᠨ ᠥᠷᠲᠡᠭᠡ᠂ ᠸᠢᠴᠠᠲ᠎ᠤᠨ 《ᠤᠯᠤᠰ᠎ᠤᠨ ᠣᠨᠳᠣᠤ ᠭᠠᠵᠠᠷ᠎ᠲᠤ ᠡᠪᠡᠳᠴᠢᠨ ᠦᠵᠡᠭᠦᠯᠬᠦ》 ᠵᠢᠵᠢᠭ ᠫᠷᠤᠭ᠌ᠷᠠᠮ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠣᠷᠣᠯᠠᠨ ᠳᠠᠩᠰᠠᠯᠠᠬᠤ ᠵᠡᠷᠭᠡ ᠣᠯᠠᠨ ᠵᠦᠢ᠍ᠯ᠎ᠤᠨ ᠳᠠᠩᠰᠠᠯᠠᠬᠤ ᠠᠷᠭ᠎ᠠ ᠵᠠᠮ᠎ᠢ ᠨᠡᠪᠲᠡᠷᠡᠭᠦᠯᠵᠦ᠂ ᠲᠤᠰᠬᠠᠶ ᠬᠥᠮᠦᠨ ᠳᠣᠭᠢᠷᠠᠭᠤᠯᠤᠨ 24 ᠴᠠᠭ᠎ᠤᠨ ᠳᠣᠲᠣᠷ᠎ᠠ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠵᠤ ᠨᠤᠲᠠᠯᠠᠬᠤ ᠵᠢ ᠪᠡᠶᠡᠯᠡᠭᠦᠯᠵᠦ᠂ ᠣᠨᠳᠣᠤ ᠭᠠᠵᠠᠷ᠎ᠲᠤ ᠡᠪᠡᠳᠴᠢᠨ ᠦᠵᠡᠭᠦᠯᠬᠦ ᠵᠢ ᠳᠠᠩᠰᠠᠯᠠᠬᠤ ᠦᠢ᠍ᠯᠡᠴᠢᠯᠡᠭᠡ ᠵᠢ ᠵᠣᠯᠭ᠋ᠠᠭᠤᠯᠬᠤ ᠥᠬᠡᠶ᠂ ᠥᠴᠦᠬᠡᠨ ᠴᠦ᠍ ᠭᠦᠶᠦᠯᠭᠡᠬᠦ ᠥᠬᠡᠶ ᠪᠠᠶ᠋ᠢᠯᠭ᠋ᠠᠬᠤ ᠵᠢ   ᠪᠡᠶᠡᠯᠡᠭᠦᠯᠪᠡ᠃
      ᠭᠤᠷᠪᠠ᠂ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢ ᠥᠷᠭᠡᠨ ᠵᠶ᠋ᠡᠷ ᠥᠷᠨᠢᠭᠦᠯᠪᠡ
      《ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ》᠂ 《ᠣᠨᠳᠣᠤ ᠭᠠᠵᠠᠷ᠎ᠲᠤ ᠡᠮᠴᠢᠯᠡᠭᠦᠯᠬᠦ ᠵᠢ ᠳᠠᠩᠰᠠᠯᠠᠬᠤ ᠴᠤᠪᠤᠷᠠᠯ》 ᠵᠡᠷᠭᠡ ᠤᠬᠠᠭᠤᠯᠭ᠎ᠠ ᠵᠢᠨ ᠮᠠᠲ᠋ᠧᠷᠢᠶᠠᠯ᠎ᠢ ᠳᠠᠷᠤᠮᠠᠯᠯᠠᠨ ᠵᠣᠬᠢᠶᠠᠵᠤ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ᠎ᠤᠨ ᠡᠬᠢ ᠪᠠᠶᠠᠯᠢᠭ᠎ᠢ ᠬᠠᠷᠢᠯᠴᠠᠨ ᠤᠶᠠᠯᠳᠤᠭᠤᠯᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠢ ᠵᠡᠷᠭᠡᠪᠡᠷ ᠬᠦᠴᠦᠯᠡᠬᠦ ᠬᠡᠯᠪᠡᠷᠢ ᠵᠢ ᠠᠪᠴᠤ᠂ ᠣᠨᠳᠣᠤ ᠭᠠᠵᠠᠷ᠎ᠲᠤ ᠡᠮᠴᠢᠯᠡᠭᠦᠯᠬᠦ ᠲᠥᠷᠥ ᠵᠢᠨ ᠪᠣᠳᠣᠯᠭ᠎ᠠ ᠵᠢᠴᠢ ᠳᠠᠩᠰᠠᠯᠠᠬᠤ ᠴᠤᠪᠤᠷᠠᠯ᠎ᠢ ᠣᠯᠠᠨ ᠲᠠᠯ᠎ᠠ᠎ᠠᠴᠠ ᠪᠥᠬᠥ ᠲᠠᠯ᠎ᠠ᠎ᠪᠠᠷ᠂ ᠥᠷᠭᠡᠨ ᠳᠡᠯᠭᠡᠷᠡᠩᠭᠦᠶ᠎ᠪᠠᠷ ᠨᠡᠶ᠋ᠢᠭᠡᠮ᠎ᠳᠤ ᠤᠬᠠᠭᠤᠯᠵᠤ᠂ ᠣᠨᠳᠣᠤ ᠭᠠᠵᠠᠷ᠎ᠲᠤ ᠡᠮᠴᠢᠯᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠲᠥᠷᠥ ᠵᠢᠨ ᠪᠣᠳᠣᠯᠭ᠎ᠠ ᠵᠢ ᠭᠣᠤᠯᠳᠠᠯᠭ᠎ᠠ᠎ᠲᠠᠢ ᠤᠬᠠᠭᠤᠯᠵᠤ᠂ ᠣᠨᠳᠣᠤ ᠭᠠᠵᠠᠷ᠎ᠲᠤ ᠡᠮᠴᠢᠯᠡᠭᠦᠯᠬᠦ ᠲᠥᠷᠥ ᠵᠢᠨ ᠪᠣᠳᠣᠯᠭ᠎ᠠ ᠵᠢ ᠣᠶ᠋ᠢᠯᠠᠭ᠋ᠠᠬᠤ ᠬᠡᠮᠵᠢᠶ᠎ᠡ ᠵᠢ ᠳᠡᠭᠡᠭᠰᠢᠯᠡᠭᠦᠯᠪᠡ᠃
      ᠳᠠᠷᠠᠭ᠋ᠠᠴᠢ ᠵᠢᠨ ᠠᠯᠬᠤᠮ᠎ᠳᠤ᠂ ᠬᠢᠩᠭ᠋ᠠᠨ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ ᠵᠶ᠋ᠠᠷ ᠠᠵᠠ ᠲᠣᠬᠢᠶᠠᠯ ᠪᠣᠯᠭ᠋ᠠᠵᠤ᠂ ᠣᠯᠠᠨ ᠲᠦᠮᠡᠨ᠎ᠤ ᠪᠠᠴᠢᠮᠳᠠᠨ ᠵᠣᠪᠠᠵᠤ ᠪᠠᠶ᠋ᠢᠭ᠎ᠠ ᠠᠰᠠᠭᠤᠳᠠᠯ ᠵᠶ᠋ᠠᠷ ᠭᠣᠣᠯᠳᠠᠭᠤᠯᠵᠤ᠂ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ ᠵᠢ ᠲᠠᠰᠤᠷᠠᠯᠲᠠ ᠥᠬᠡᠶ ᠰᠢᠨ᠎ᠡ᠎ᠪᠠᠷ ᠡᠭᠦᠳᠴᠦ᠂ ᠡᠮ ᠡᠮᠨᠡᠯᠭᠡ ᠵᠢᠨ ᠳᠠᠭ᠋ᠠᠳᠬᠠᠯ᠎ᠤᠨ ᠪᠠᠷᠢᠮᠵᠢᠶᠠᠵᠢᠭᠤᠯᠤᠯᠲᠠ ᠪᠠ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠡᠮ ᠡᠮᠨᠡᠯᠭᠡ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠬᠠᠮᠢᠶᠠᠷᠤᠯᠲᠠ ᠵᠢᠨ ᠵᠢᠷᠤᠮᠵᠢᠭᠰᠠᠨ ᠬᠢᠷᠢ ᠲᠦᠪᠰᠢᠨ ᠪᠠ ᠦᠢ᠍ᠯᠡᠴᠢᠯᠡᠭᠡᠨ᠎ᠤ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠯᠠᠨ ᠲᠦᠮᠡᠨ᠎ᠳᠤ ᠨᠠᠩ ᠳᠥᠭᠥᠮ ᠳᠥᠲᠡ ᠨᠠᠩ ᠥᠨᠳᠥᠷ ᠪᠦᠲᠦᠮᠵᠢᠲᠡᠶ ᠡᠮ ᠡᠮᠨᠡᠯᠭᠡ ᠵᠢᠨ ᠪᠠᠲᠤᠯᠠᠭ᠎ᠠ ᠵᠢᠨ ᠦᠢ᠍ᠯᠡᠴᠢᠯᠡᠭᠡ ᠵᠢ ᠬᠦᠷᠲᠡᠭᠡᠵᠦ᠂ ᠥᠷᠭᠡᠨ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠨᠠᠩ ᠲᠡᠭᠦᠯᠳᠡᠷ ᠨᠠᠩ ᠪᠠᠲᠤᠯᠠᠭ᠎ᠠ᠎ᠲᠠᠢ ᠨᠠᠩ ᠦᠷᠭᠦᠯᠵᠢᠯᠡᠬᠦᠶ᠋ᠢᠴᠡ ᠪᠤᠯᠭ᠋ᠠᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠰᠤᠷᠤᠯᠴᠠᠯᠭ᠎ᠠ ᠬᠥᠮᠦᠵᠢᠯ᠎ᠢ ᠪᠣᠳᠠᠲᠠᠶ᠋ᠢᠵᠢᠭᠤᠯᠤᠨ ᠭᠦᠨᠵᠡᠭᠡᠶ᠋ᠢᠷᠡᠭᠦᠯᠬᠦ ᠵᠢ ᠠᠬᠢᠭᠤᠯᠪᠠ
ᠤᠯᠠᠭ᠋ᠠᠨᠬᠠᠳᠠ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠬᠢᠭᠤᠯᠬᠤ ᠬᠤᠷᠠᠯ᠎ᠢ ᠬᠤᠷᠠᠯᠳᠤᠭᠤᠯᠪᠠ
ᠲᠦᠩᠯᠢᠶᠣᠤ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢᠨ ᠬᠤᠷᠠᠯ ᠡᠷᠬᠢᠯᠡᠪᠡ
ᠬᠥᠬᠡᠬᠣᠲᠠ ᠵᠢᠨ᠎ᠬᠢᠨ ᠣᠨᠳᠣᠤ ᠭᠠᠵᠠᠷ᠎ᠲᠤ ᠡᠪᠡᠳᠴᠢᠨ ᠦᠵᠡᠭᠦᠯᠬᠦ ᠵᠢ ᠳᠠᠩᠰᠠᠯᠠᠬᠤ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠵᠦ ᠣᠯᠠᠨ ᠲᠦᠮᠡᠨ᠎ᠤ ᠡᠪᠡᠳᠴᠢᠨ ᠦᠵᠡᠭᠦᠯᠵᠦ ᠡᠮᠨᠡᠭᠦᠯᠬᠦ᠎ᠳᠤ ᠲᠥᠬᠥᠮ ᠦᠵᠡᠭᠦᠯᠪᠡ
ᠠᠷᠠᠳ ᠲᠦᠮᠡᠨ᠎ᠤ ᠲᠥᠯᠥᠭᠡ ᠦᠨᠡᠨ ᠰᠡᠳᠬᠢᠯ᠎ᠠᠴᠠ᠎ᠪᠠᠨ ᠪᠣᠳᠠᠲᠤ ᠶᠠᠪᠤᠳᠠᠯ ᠬᠢᠵᠦ ᠥᠪᠡᠷ᠎ᠤᠨ ᠪᠡᠶ᠎ᠡ᠎ᠪᠠᠷ ᠵᠶ᠋ᠠᠨ ᠴᠢᠷᠮᠠᠶ᠋ᠢᠨ ᠠᠵᠢᠯᠯᠠᠵᠤ ᠤᠬ ᠰᠠᠨᠠᠭ᠎ᠠ᠎ᠪᠠᠨ ᠪᠠᠲᠤ ᠰᠠᠬᠢᠶ᠎ᠠ — ᠠᠶ᠋ᠢᠮᠠᠭ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠤᠪᠴᠢᠶ᠎ᠠ ᠵᠢᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠭᠦᠭᠰᠡᠨ ᠦᠢ᠍ᠯᠡᠳᠦᠯᠭᠡ ᠵᠢᠨ ᠠᠵᠢᠯᠯᠠᠭ᠎ᠠ ᠵᠢᠨ ᠲᠤᠬᠠᠢ ᠪᠣᠳᠠᠲᠤ ᠲᠡᠮᠳᠡᠭᠯᠡᠯ
 
            