2021 ᠣᠨ᠎ᠤ 5 ᠰᠠᠷ᠎ᠠ ᠵᠢᠨ 19᠎ᠤ ᠦᠳᠡ ᠵᠢᠨ ᠡᠮᠦᠨ᠎ᠡ᠂ ᠤᠯᠠᠭ᠋ᠠᠨᠬᠠᠳᠠ ᠬᠤᠳᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠬᠢᠭᠤᠯᠬᠤ ᠬᠤᠷᠠᠯ᠎ᠢ ᠬᠤᠷᠠᠯᠳᠤᠭᠤᠯᠪᠠ᠃ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶ᠎ᠠ ᠵᠢᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠳᠠᠷᠤᠭ᠎ᠠ ᠫᠠᠨ ᠰᠢᠶᠤᠤ ᠶᠠᠨ ᠬᠤᠷᠠᠯ᠎ᠢ ᠡᠷᠭᠢᠯᠡᠵᠦ᠂ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠵᠢᠴᠢ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠤᠨ ᠪᠦᠷᠢᠯᠳᠦᠬᠦᠨ ᠬᠤᠷᠠᠯ᠎ᠳᠤ ᠣᠷᠣᠯᠴᠠᠵᠠᠶ᠃ ᠬᠣᠲᠠ ᠵᠢᠨ ᠨᠠᠮ᠎ᠤᠨ ᠬᠣᠷᠢᠶᠠᠨ᠎ᠤ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠨᠠᠢ᠍ᠮᠠᠳᠤᠭ᠋ᠠᠷ ᠲᠣᠭᠣᠷᠢᠨ ᠵᠢᠯᠣᠭᠣᠳᠬᠤ ᠳᠤᠭᠤᠶ᠋ᠢᠯᠠᠩ᠎ᠤᠨ ᠳᠠᠷᠤᠭ᠎ᠠ ᠯᠢ ᠬᠠᠨ ᠹᠦ᠋ ᠨᠥᠬᠥᠷ᠂ ᠪᠦᠷᠢᠯᠳᠦᠬᠦᠨ ᠼᠠᠢ ᠴᠠᠩ ᠾᠦᠢ ᠨᠥᠬᠥᠷ ᠬᠤᠷᠠᠯ᠎ᠳᠤ ᠰᠤᠯᠠ ᠣᠷᠣᠯᠴᠠᠵᠤ ᠵᠢᠭ᠋ᠠᠨ ᠵᠢᠯᠣᠭᠣᠳᠪᠠ᠃
ᠬᠤᠷᠠᠯ ᠳᠡᠭᠡᠷ᠎ᠡ᠂ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠤᠳᠤᠷᠢᠳᠬᠤ ᠳᠤᠭᠤᠶ᠋ᠢᠯᠠᠩ᠎ᠤᠨ ᠳᠡᠳ᠋ ᠳᠠᠷᠤᠭ᠎ᠠ ᠯᠢᠦ ᠯᠢ ᠱᠧᠩ ᠲᠣᠪᠴᠢᠶ᠎ᠠ ᠵᠢᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ ᠪᠠᠶ᠋ᠢᠳᠠᠯ᠎ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠲᠡᠷᠡ ᠵᠢᠭ᠋ᠠᠵᠤ ᠭᠠᠷᠭ᠋ᠠᠭᠰᠠᠨ᠎ᠨᠢ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠠᠴᠠ ᠨᠠᠰᠢ᠂ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠴᠢᠩᠭ᠎ᠠ ᠨᠢᠮᠪᠠᠶ ᠲᠣᠬᠢᠷᠠᠭᠤᠯᠤᠨ ᠪᠠᠶ᠋ᠢᠷᠢᠯᠠᠭᠤᠯᠵᠤ᠂ ᠴᠢᠩᠭ᠎ᠠ ᠨᠠᠶ᠋ᠢᠳᠠᠪᠤᠷᠢᠵᠢᠭᠤᠯᠤᠯᠲᠠ ᠵᠢ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠤᠨ ᠲᠠᠯ᠎ᠠ᠎ᠪᠠᠷ ᠤᠳᠤᠷᠢᠳᠬᠤ ᠺᠠᠳ᠋ᠷ ᠲᠦᠷᠦᠭᠦᠯᠡᠨ ᠰᠤᠷᠤᠯᠴᠠᠬᠤ᠂ ᠨᠠᠮ᠎ᠤᠨ ᠭᠡᠰᠢᠭᠦᠨ ᠤᠯᠠᠨ ᠲᠦᠮᠡᠨ ᠵᠡᠷᠭᠡ᠎ᠪᠡᠷ ᠰᠤᠷᠤᠯᠴᠠᠬᠤ᠂ ᠮᠡᠳᠡᠯᠭᠡ᠎ᠪᠠᠷ ᠠᠵᠢᠯᠯᠠᠭ᠎ᠠ᠎ᠪᠠᠨ ᠠᠬᠢᠭᠤᠯᠤᠨ ᠰᠤᠷᠤᠯᠴᠠᠯᠭ᠎ᠠ᠎ᠪᠠᠨ ᠳᠡᠭᠡᠭᠰᠢᠯᠡᠭᠦᠯᠬᠦ ᠵᠢ ᠪᠡᠶᠡᠯᠡᠭᠦᠯᠵᠦ᠂ ᠰᠤᠷᠤᠯᠴᠠᠯᠭ᠎ᠠ ᠵᠢᠨ ᠠᠬᠢᠴᠠ ᠪᠣᠯᠤᠨ ᠰᠤᠷᠤᠯᠴᠠᠯᠭ᠎ᠠ ᠵᠢᠨ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠤᠭᠰᠠᠨ ᠰᠠᠭᠤᠷᠢᠨ ᠳᠡᠭᠡᠷ᠎ᠡ᠂ ᠤᠯᠠᠨ ᠵᠦᠢ᠍ᠯ᠎ᠤᠨ ᠠᠷᠭ᠎ᠠ ᠬᠡᠮᠵᠢ᠊ ᠢ᠎ᠡ ᠵᠢ ᠵᠡᠷᠭᠡ᠎ᠪᠡᠷ ᠬᠡᠷᠡᠭᠯᠡᠨ ᠰᠤᠷᠤᠯᠴᠠᠯᠭ᠎ᠠ ᠬᠥᠮᠦᠵᠢᠯ᠎ᠢ ᠪᠣᠳᠠᠲᠠᠶ᠋ᠢᠵᠢᠭᠤᠯᠤᠨ ᠭᠦᠨᠵᠡᠭᠡᠶ᠋ᠢᠷᠡᠭᠦᠯᠬᠦ ᠵᠢ ᠠᠬᠢᠭᠤᠯᠵᠤ᠂ ᠤᠨᠤᠯ᠎ᠤᠨ ᠰᠤᠷᠤᠯᠴᠠᠯᠭ᠎ᠠ᠎ᠳᠤ ᠣᠯᠤᠯᠲᠠ᠎ᠲᠠᠢ᠂ ᠦᠵᠡᠯ ᠰᠠᠨᠠᠭ᠎ᠠ ᠤᠯᠤᠰ ᠲᠦᠷᠦ᠎ᠳᠤ ᠤᠬᠢᠶᠠᠯ ᠬᠦᠷᠲᠡᠭᠡᠬᠦ ᠵᠢ ᠴᠢᠷᠮᠠᠶ᠋ᠢᠨ ᠪᠡᠶᠡᠯᠡᠭᠦᠯᠪᠡ; 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢᠨ ᠲᠠᠯ᠎ᠠ᠎ᠪᠠᠷ᠂ ᠤᠳᠤᠷᠢᠳᠤᠯᠭ᠎ᠠ ᠲᠦᠷᠦᠭᠦᠯᠡᠨ ᠲᠦᠷᠦᠯ ᠵᠦᠢ᠍ᠯ᠎ᠢ ᠡᠵᠡᠮᠰᠢᠬᠦ᠂ ᠨᠠᠮ᠎ᠤᠨ ᠭᠡᠰᠢᠭᠦᠨ ᠪᠦᠬᠦᠨ ᠵᠶ᠋ᠠᠷ ᠵᠶ᠋ᠠᠨ ᠪᠤᠳᠠᠲᠤ ᠶᠠᠪᠤᠳᠠᠯ᠎ᠢ ᠲᠠᠨᠢᠬᠤ᠂ ᠴᠤᠩᠬᠤᠪᠴᠢ ᠨᠢᠭᠡᠴᠢ ᠬᠣᠰᠢᠭᠤᠴᠢ ᠪᠣᠯᠬᠤ᠂ ᠰᠠᠢ᠍ᠢ᠍ᠨ ᠳᠤᠷ᠎ᠠ ᠵᠢᠨ ᠦᠢ᠍ᠯᠡᠴᠢᠯᠡᠭᠡ ᠵᠢ ᠪᠦᠬᠦᠨ᠎ᠢ ᠪᠦᠷᠬᠦᠬᠦᠯᠬᠦ᠂ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠷᠭ᠎ᠠ ᠪᠦᠬᠦᠨ᠎ᠢ ᠰᠦᠪᠡᠭᠴᠢᠯᠡᠵᠦ ᠪᠠᠶ᠋ᠢᠭ᠋ᠠᠳ ᠳᠠᠭ᠋ᠠᠳᠬᠠᠯ᠎ᠳᠤ ᠣᠷᠣᠯᠴᠠᠭᠰᠠᠨ ᠤᠯᠠᠨ ᠲᠦᠮᠡᠨ᠎ᠳᠤ ᠨᠡᠩ ᠰᠢᠯᠢᠳᠡᠭ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡ ᠬᠠᠩᠭ᠋ᠠᠬᠤ ᠵᠢ ᠪᠡᠶᠡᠯᠡᠭᠦᠯᠵᠦ᠂ ᠡᠯ᠎ᠡ ᠵᠦᠢ᠍ᠯ᠎ᠤᠨ ᠠᠵᠢᠯ᠎ᠢ ᠪᠣᠳᠠᠲᠠᠢ᠎ᠪᠠᠷ ᠭᠦᠨᠵᠡᠭᠡᠶ᠋ᠢᠷᠡᠭᠦᠯᠬᠦ ᠵᠢ ᠪᠡᠶᠡᠯᠡᠭᠦᠯᠵᠡᠢ᠃
ᠫᠠᠨ ᠰᠢᠶᠤᠤ ᠶᠠᠨ ᠨᠥᠬᠥᠷ ᠲᠠᠷᠠᠭ᠋ᠠᠴᠢ ᠵᠢᠨ ᠠᠯᠬᠤᠮ᠎ᠤᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠳᠤ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠪᠠ᠃ ᠫᠠᠨ ᠰᠢᠶᠤᠤ ᠶᠠᠨ ᠵᠢᠭ᠋ᠠᠵᠤ ᠭᠠᠷᠭ᠋ᠠᠭᠰᠠᠨ᠎ᠨᠢ᠂ ᠨᠠᠮ᠎ᠤᠨ ᠲᠡᠤᠬᠡ ᠵᠢ ᠰᠤᠷᠤᠯᠴᠠᠬᠤ᠂ ᠦᠵᠡᠯ ᠰᠠᠨᠠᠭ᠎ᠠ ᠵᠢ ᠣᠶ᠋ᠢᠯᠠᠭ᠋ᠠᠬᠤ ᠲᠠᠯ᠎ᠠ᠎ᠪᠠᠷ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠰᠤᠷᠤᠯᠴᠠᠯᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠶ᠃ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠨᠡᠷ ᠰᠠᠶ᠋ᠢᠲᠤᠷ ᠦᠯᠢᠭᠡᠷ ᠳᠠᠭᠤᠷᠢᠶᠠᠯ ᠦᠵᠡᠭᠦᠯᠵᠦ᠂ ᠪᠡᠶ᠎ᠡ᠎ᠪᠠᠷ ᠵᠶ᠋ᠠᠨ ᠲᠦᠷᠦᠭᠦᠯᠡᠨ ᠰᠤᠷᠤᠯᠴᠠᠵᠤ᠂ ᠡᠳᠦᠷ ᠳᠤᠳᠤᠮ᠎ᠤᠨ ᠰᠤᠷᠤᠯᠴᠠᠯᠭ᠎ᠠ ᠵᠢ ᠪᠡᠶ᠎ᠡ᠎ᠪᠠᠷ ᠵᠶ᠋ᠠᠨ ᠲᠦᠷᠦᠭᠦᠯᠡᠨ ᠰᠠᠶ᠋ᠢᠲᠤᠷ ᠠᠳᠬᠤᠵᠤ᠂ ᠲᠥᠪᠯᠡᠷᠡᠩᠭᠦᠢ ᠰᠤᠷᠤᠯᠴᠠᠯᠭ᠎ᠠ᠎ᠳᠤ ᠪᠡᠶ᠎ᠡ᠎ᠪᠠᠷ ᠵᠶ᠋ᠠᠨ ᠲᠦᠷᠦᠭᠦᠯᠡᠨ ᠣᠷᠣᠯᠴᠠᠵᠤ᠂ ᠴᠢᠨᠠᠷ ᠰᠠᠶ᠋ᠢᠲᠠᠢ ᠰᠤᠳᠤᠯᠤᠨ ᠶᠠᠷᠢᠯᠴᠠᠵᠤ ᠰᠣᠯᠢᠯᠴᠠᠬᠤ ᠠᠵᠢᠯ᠎ᠢ ᠪᠡᠶ᠎ᠡ᠎ᠪᠠᠷ ᠵᠶ᠋ᠠᠨ ᠲᠦᠷᠦᠭᠦᠯᠡᠨ ᠥᠷᠨᠢᠭᠦᠯᠬᠦ ᠬᠡᠷᠡᠭᠲᠡᠢ; ᠡᠯ᠎ᠡ ᠨᠠᠮ᠎ᠤᠨ ᠡᠭᠦᠷ᠎ᠤᠨ᠎ᠬᠢᠨ ᠭᠠᠷᠠᠭ ᠪᠦᠷᠢ ᠵᠢᠨ ᠲᠣᠭᠲᠠᠮᠠᠯ ᠰᠤᠷᠤᠯᠴᠠᠬᠤ ᠴᠠᠭ ᠪᠠ ᠤᠷᠤᠢ ᠵᠢᠨ ᠰᠤᠷᠭ᠋ᠠᠭᠤᠯᠢ᠎ᠳᠤ ᠲᠥᠪᠯᠡᠷᠡᠭᠦᠯᠦᠨ ᠥᠪᠡᠷ ᠵᠶ᠋ᠠᠨ ᠰᠤᠷᠤᠯᠴᠠᠬᠤ ᠵᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠰᠤᠷᠤᠯᠴᠠᠬᠤ ᠬᠡᠯᠪᠡᠷᠢ᠎ᠪᠠᠨ ᠥᠷᠭᠡᠳᠬᠡᠵᠦ᠂ ᠰᠤᠷᠤᠯᠴᠠᠬᠤ ᠠᠭᠤᠯᠭ᠎ᠠ᠎ᠪᠠᠨ ᠪᠠᠶᠠᠯᠢᠭᠵᠢᠭᠤᠯᠵᠤ᠂ ᠤᠨᠤᠯ᠎ᠤᠨ ᠰᠢᠯᠭ᠋ᠠᠯᠲᠠ ᠵᠢ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠰᠢᠯᠭ᠋ᠠᠬᠤ ᠴᠢᠬᠤᠯᠠ ᠠᠷᠭ᠎ᠠ ᠪᠠᠷᠢᠯ ᠪᠣᠯᠭ᠋ᠠᠵᠤ᠂ ᠨᠠᠮ᠎ᠤᠨ ᠭᠡᠰᠢᠭᠦᠨ ᠺᠠᠳ᠋ᠷᠴᠤᠳ᠎ᠲᠤ ᠭᠦᠨᠵᠡᠭᠡᠢ ᠰᠤᠷᠤᠯᠴᠠᠭᠤᠯᠵᠤ ᠨᠡᠪᠲᠡᠷᠡᠲᠡᠯ᠎ᠡ ᠰᠤᠷᠤᠯᠴᠠᠭᠤᠯᠬᠤ ᠬᠡᠷᠡᠭᠲᠡᠢ; ᠪᠦᠬᠦ ᠨᠠᠮ᠎ᠤᠨ ᠭᠡᠰᠢᠭᠦᠨ ᠰᠤᠷᠤᠯᠴᠠᠬᠤ ᠶᠠᠪᠤᠴᠠ᠎ᠳᠠᠭᠠᠨ᠂ ᠰᠤᠷᠤᠯᠴᠠᠯᠭ᠎ᠠ ᠵᠢᠨ ᠴᠢᠨᠠᠷ ᠴᠢᠨᠰᠠᠭ᠎ᠠ᠎ᠪᠠᠨ ᠳᠡᠭᠡᠭᠰᠢᠯᠡᠭᠦᠯᠵᠦ᠂ ᠨᠠᠮ᠎ᠤᠨ ᠬᠥᠭᠵᠢᠯᠲᠡ ᠵᠢᠨ ᠰᠤᠳᠠᠰᠤ ᠵᠢ ᠴᠡᠪᠡᠷᠯᠡᠵᠦ᠂ ᠲᠡᠦᠬᠡ ᠵᠢᠨ ᠵᠢᠮ᠎ᠡ ᠶᠣᠰᠣ ᠵᠢ ᠡᠵᠡᠮᠳᠡᠵᠦ᠂ ᠨᠠᠮ᠎ᠤᠨ ᠲᠡᠦᠬᠡᠨ ᠳᠡᠭᠡᠷᠡᠬᠢ ᠴᠠᠭ ᠦᠶ᠎ᠡ ᠵᠢᠨ ᠥᠷᠢᠰᠥᠯᠳᠦᠭᠡᠨ᠎ᠢ ᠠᠷᠭ᠋ᠠᠴᠠᠭ᠋ᠠᠬᠤ᠂ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠭ᠎ᠠ ᠠᠷᠭ᠎ᠠ ᠵᠢ ᠳ᠋ᠦᠩᠨᠡᠵᠦ᠂ ᠨᠠᠮ᠎ᠤᠨ ᠤᠯᠠᠨ ᠲᠦᠮᠡᠨ᠎ᠲᠠᠢ ᠨᠢᠭᠲᠠ ᠬᠠᠷᠢᠯᠴᠠᠬᠤ᠂ ᠤᠨᠤᠯ᠎ᠢ ᠪᠣᠳᠠᠲᠠᠢ᠎ᠲᠠᠢ ᠤᠶᠠᠯᠳᠤᠭᠤᠯᠬᠤ᠂ ᠵᠣᠷᠢᠭᠲᠠᠢ᠎ᠪᠠᠷ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠰᠢᠯᠢᠳᠡᠭ ᠤᠯᠠᠮᠵᠢᠯᠠᠯ᠎ᠢ ᠨᠠᠷᠢᠨ ᠬᠢᠨᠠᠮᠠᠭ᠋ᠠᠢ ᠰᠤᠷᠤᠯᠴᠠᠨ ᠵᠠᠯᠭ᠋ᠠᠮᠵᠢᠯᠠᠵᠤ᠂ ᠰᠤᠷᠤᠯᠴᠠᠭᠰᠠᠨ ᠦᠷ᠎ᠡ ᠪᠦᠲᠦᠭᠡᠯ ᠵᠶ᠋ᠠᠨ ᠠᠵᠢᠯ᠎ᠤᠨ ᠰᠡᠳᠬᠢᠴᠡ᠎ᠪᠠᠨ ᠰᠠᠶ᠋ᠢᠵᠢᠷᠠᠭᠤᠯᠬᠤ ᠪᠠ ᠴᠢᠳᠠᠪᠤᠷᠢ ᠴᠢᠳᠠᠪᠤᠷᠢ᠎ᠪᠠᠨ ᠳᠡᠭᠡᠭᠰᠢᠯᠡᠭᠦᠯᠬᠦ ᠪᠣᠳᠠᠲᠤ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠪᠡ᠃
ᠫᠠᠨ ᠰᠢᠶᠤᠤ ᠶᠠᠨ ᠴᠢᠬᠤᠯᠠᠴᠢᠯᠠᠬᠤ᠎ᠳᠠᠭᠠᠨ᠂ ᠪᠣᠳᠠᠲᠠᠶ ᠶᠠᠪᠤᠳᠠᠯ ᠪᠦᠲᠦᠭᠡᠬᠦ᠂ ᠰᠢᠨ᠎ᠡ ᠪᠠᠶ᠋ᠢᠳᠠᠯ᠎ᠢ ᠨᠡᠭᠡᠭᠡᠬᠦ ᠲᠠᠯ᠎ᠠ᠎ᠪᠠᠷ᠂ ᠯᠠᠪᠳᠠᠭᠤᠨ ᠲᠣᠭᠲᠠᠭᠤᠨ ᠵᠶ᠋ᠠᠷ ᠠᠷᠠᠳ᠎ᠤᠨ ᠲᠥᠯᠥᠭᠡ ᠠᠵᠢᠯᠯᠠᠬᠤ ᠬᠡᠷᠡᠭᠲᠡᠶ᠃ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠪᠣᠯ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠮᠵᠢ ᠵᠢᠨ ᠦᠢ᠍ᠯᠡᠳᠦᠯᠭᠡ ᠵᠢᠨ ᠰᠢᠯᠭ᠋ᠠᠯᠲᠠ ᠮᠥᠨ᠃ ᠪᠦᠬᠦ ᠲᠠᠯ᠎ᠠ᠎ᠪᠠᠷ ᠬᠠᠷᠢᠭᠤᠴᠠᠯᠭ᠎ᠠ ᠵᠢᠨ ᠤᠬᠠᠮᠰᠠᠷ ᠵᠶ᠋ᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠳᠦᠷᠪᠡᠨ ᠨᠠᠷᠢᠨ ᠳᠠᠩᠰᠠ ᠵᠢ ᠪᠦᠷᠢᠯᠳᠦᠭᠦᠯᠦᠭᠰᠡᠨ ᠰᠠᠭᠤᠷᠢᠨ ᠳᠡᠭᠡᠷ᠎ᠡ᠂ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠵᠤ᠂ ᠨᠠᠶ᠋ᠢᠳᠠᠪᠤᠷᠢᠵᠢᠭᠤᠯᠤᠯᠲᠠ ᠵᠢ ᠠᠬᠢᠭᠤᠯᠵᠤ᠂ ᠠᠰᠠᠭᠤᠳᠠᠯ᠎ᠢ ᠦᠨᠡᠨᠬᠦ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠢ; ᠡᠯ᠎ᠡ ᠨᠠᠮ᠎ᠤᠨ ᠡᠭᠦᠷ᠎ᠤᠳ ᠲᠣᠪᠴᠢᠶ᠎ᠠ ᠵᠢᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠤᠨ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠶᠣᠰᠣᠭ᠋ᠠᠷ᠂ ᠨᠡᠶ᠋ᠢᠭᠡᠮ ᠲᠣᠭᠣᠷᠢᠭ᠂ ᠲᠣᠰᠬᠣᠨ᠎ᠲᠠᠢ ᠳᠠᠭ᠋ᠠᠭ᠋ᠠᠴᠢᠯᠠᠨ ᠬᠣᠯᠪᠣᠭ᠋ᠠᠯᠠᠬᠤ ᠰᠠᠶ᠋ᠢᠨ ᠳᠤᠷ᠎ᠠ ᠵᠢᠨ ᠦᠶᠯᠡᠴᠢᠯᠡᠭᠡᠨ᠎ᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠬᠦ ᠬᠡᠷᠡᠭᠲᠡᠶ; ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠨᠢ ᠠᠵᠢᠯᠯᠠᠭ᠎ᠠ ᠵᠢᠨ ᠠᠯᠬᠤᠮ ᠳᠠᠷᠠᠭ᠎ᠠ ᠵᠢᠨ ᠲᠣᠬᠢᠷᠠᠭᠤᠯᠤᠯᠲᠠ ᠪᠠ ᠵᠢᠱ᠌ᠢᠭᠰᠡᠨ ᠰᠢᠮᠳᠠᠭᠤᠯᠤᠨ ᠪᠠᠶ᠋ᠢᠴᠠᠭ᠋ᠠᠬᠤ ᠠᠷᠭ᠎ᠠ ᠬᠡᠮᠵᠢᠶ᠎ᠡ ᠵᠢ ᠦᠨᠳᠦᠰᠦᠯᠡᠵᠦ᠂ ᠡᠯ᠎ᠡ ᠨᠠᠮ᠎ᠤᠨ ᠡᠭᠦᠷ᠎ᠤᠨ ᠥᠷᠨᠢᠭᠦᠯᠦᠭᠰᠡᠨ ᠪᠠᠶ᠋ᠢᠳᠠᠯ᠎ᠳᠤ ᠵᠢᠯᠤᠭᠤᠳᠤᠯᠭ᠎ᠠ ᠪᠠ ᠪᠠᠶ᠋ᠢᠴᠠᠭ᠋ᠠᠯᠲᠠ ᠬᠢᠵᠦ᠂ ᠠᠵᠢᠯᠯᠠᠭ᠎ᠠ ᠵᠢᠨ ᠵᠢᠱ᠌ᠢᠭᠰᠡᠨ ᠦᠷ᠎ᠡ ᠪᠦᠲᠦᠮᠵᠢ᠎ᠳᠤ ᠬᠦᠷᠬᠦ ᠵᠢ ᠪᠠᠲᠤᠯᠠᠵᠤ᠂ ᠳᠠᠭ᠋ᠠᠳᠬᠠᠯ᠎ᠳᠤ ᠣᠷᠣᠯᠴᠠᠭᠰᠠᠨ ᠤᠯᠠᠨ ᠲᠦᠮᠡᠨ᠎ᠤ ᠬᠦᠷᠲᠡᠮᠵᠢ ᠵᠢᠨ ᠲᠦᠷᠦᠭᠳᠡᠯ᠂ ᠬᠠᠨᠤᠮᠵᠢᠲᠠᠢ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠳᠡᠭᠡᠭᠰᠢᠯᠡᠭᠦᠯᠬᠦ ᠵᠢᠨ ᠬᠠᠮᠲᠤ ᠨᠠᠮ᠎ᠤᠨ ᠭᠡᠰᠢᠭᠦᠨ ᠺᠠᠳ᠋ᠷᠴᠤᠳ᠎ᠤᠨ ᠠᠵᠢᠯᠯᠠᠭ᠎ᠠ ᠵᠢᠨ ᠳᠤᠮᠳᠠ ᠠᠷᠠᠳ᠎ᠤᠨ ᠲᠥᠯᠥᠭᠡ ᠵᠢᠳᠬᠦᠬᠦ ᠤᠬᠠᠮᠰᠠᠷ᠎ᠢ ᠳᠡᠭᠡᠭᠰᠢᠯᠡᠭᠦᠯᠵᠦ᠂ ᠠᠷᠠᠳ᠎ᠤᠨ ᠲᠥᠯᠥᠭᠡ ᠵᠢᠳᠬᠦᠬᠦ ᠰᠡᠳᠬᠢᠯᠭᠡ ᠵᠢ ᠵᠤᠵᠠᠭ᠋ᠠᠳᠬᠠᠵᠤ᠂ ᠠᠷᠠᠳ᠎ᠤᠨ ᠲᠥᠯᠥᠭᠡ ᠵᠢᠳᠬᠦᠬᠦ ᠴᠢᠳᠠᠪᠤᠷᠢ ᠵᠢ ᠳᠡᠭᠡᠭᠰᠢᠯᠡᠭᠦᠯᠵᠦ᠂ ᠪᠣᠳᠠᠲᠠᠢ ᠠᠵᠢᠯᠯᠠᠬᠤ ᠪᠠ ᠬᠤᠪᠢ ᠨᠡᠮᠡᠷᠢ ᠦᠵᠡᠭᠦᠯᠬᠦ ᠳᠤᠮᠳᠠ ᠡᠮ ᠡᠮᠨᠡᠯᠭᠡ ᠵᠢᠨ ᠪᠠᠲᠤᠯᠠᠭ᠎ᠠ ᠵᠢᠨ ᠴᠢᠨᠠᠷ ᠰᠠᠶ᠋ᠢᠲᠠᠢ ᠬᠥᠭᠵᠢᠯᠲᠡ ᠵᠢᠨ ᠬᠦᠴᠦᠷᠬᠡᠭ ᠶᠡᠬᠡ ᠬᠥᠳᠡᠯᠭᠡᠬᠦ ᠬᠦᠴᠦᠨ᠎ᠢ ᠨᠢᠭᠲᠠᠷᠠᠭᠤᠯᠬᠤ ᠵᠢ ᠠᠬᠢᠭᠤᠯᠬᠤ ᠬᠡᠷᠡᠭᠲᠡᠢ ᠭᠡᠪᠡ᠃
ᠳᠤᠭᠤᠶ᠋ᠢᠯᠠᠩ᠎ᠤᠨ ᠳᠠᠷᠤᠭ᠎ᠠ ᠯᠢ ᠬᠠᠨ ᠹᠦ᠋ ᠬᠤᠳᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ ᠪᠠᠶ᠋ᠢᠳᠠᠯ᠎ᠢ ᠭᠦᠢ᠍ᠴᠡᠳ ᠨᠤᠲᠠᠯᠠᠪᠠ᠃ ᠲᠡᠭᠦᠨ᠎ᠤ ᠦᠵᠡᠬᠦ᠎ᠪᠠᠷ᠂ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠶ ᠵᠣᠬᠢᠶᠠᠨ ᠪᠠᠶ᠋ᠢᠭᠤᠯᠵᠤ᠂ ᠨᠠᠷᠢᠨ ᠨᠢᠮᠪᠠᠶ ᠲᠣᠬᠢᠷᠠᠭᠤᠯᠵᠤ᠂ ᠡᠯ᠎ᠡ ᠵᠦᠢ᠍ᠯ᠎ᠤᠨ ᠠᠵᠢᠯ᠎ᠢ ᠰᠠᠶ᠋ᠢᠨ ᠬᠢᠪᠡ᠃ ᠳᠤᠭᠤᠶ᠋ᠢᠯᠠᠩ᠎ᠤᠨ ᠳᠠᠷᠤᠭ᠎ᠠ ᠯᠢ ᠬᠠᠨ ᠹᠦ᠋ ᠴᠢᠬᠤᠯᠠᠴᠢᠯᠠᠬᠤ᠎ᠳᠠᠭᠠᠨ᠂ ᠦᠵᠡᠯ ᠰᠠᠨᠠᠭ᠎ᠠ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠥᠪ ᠣᠨᠣᠪᠴᠢᠲᠠᠶ ᠤᠯᠤᠰ ᠲᠥᠷᠥ ᠵᠢᠨ ᠴᠢᠭᠯᠡᠯ᠎ᠢ ᠣᠨᠣᠪᠴᠢᠲᠠᠶ ᠡᠵᠡᠮᠳᠡᠨ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠠᠷᠪᠠᠨ ᠵᠦᠢ᠍ᠯ᠎ᠤᠨ ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠪᠥᠬᠥ ᠵᠢᠯ᠎ᠤᠨ ᠡᠯ᠎ᠡ ᠵᠦᠢ᠍ᠯ᠎ᠤᠨ ᠡᠭᠦᠷᠭᠡ ᠵᠢ ᠯᠠᠪᠳᠠᠭᠤᠨ ᠪᠠᠲᠤᠲᠠᠶ ᠪᠡᠶᠡᠯᠡᠭᠦᠯᠬᠦ ᠬᠡᠷᠡᠭᠲᠡᠶ ᠭᠡᠵᠡᠶ᠃
ᠬᠤᠷᠠᠯ᠎ᠤᠨ ᠳᠠᠷᠠᠭ᠎ᠠ᠂ ᠵᠢᠯᠣᠭᠣᠳᠬᠤ ᠳᠤᠭᠤᠶ᠋ᠢᠯᠠᠩ᠎ᠠᠴᠠ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠳᠠᠩᠰᠠ ᠡᠪᠬᠡᠮᠡᠯ᠎ᠢ ᠪᠠᠶ᠋ᠢᠴᠠᠭ᠋ᠠᠵᠤ ᠵᠢᠯᠣᠭᠣᠳᠪᠠ᠃ ᠳᠠᠷᠠᠭ᠋ᠠᠴᠢ ᠵᠢᠨ ᠠᠯᠬᠤᠮ᠎ᠳᠤ᠂ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠲᠣᠭᠣᠷᠢᠨ ᠵᠢᠯᠣᠭᠣᠳᠬᠤ ᠳᠤᠭᠤᠶ᠋ᠢᠯᠠᠩ᠎ᠤᠨ ᠵᠢᠯᠣᠭᠣᠳᠬᠤ ᠰᠠᠨᠠᠯ᠎ᠢ ᠴᠢᠩᠭ᠎ᠠ ᠵᠢᠷᠤᠮᠯᠠᠨ᠂ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠬᠣᠲᠠ ᠵᠢᠨ ᠨᠠᠮ᠎ᠤᠨ ᠬᠣᠷᠢᠶ᠎ᠠ ᠵᠢᠨ ᠱᠠᠭ᠋ᠠᠷᠳᠠᠯᠭ᠎ᠠ᠎ᠪᠠᠷ ᠪᠠᠷᠢᠮᠵᠢᠶ᠎ᠠ ᠪᠣᠯᠭ᠋ᠠᠵᠤ᠂ ᠬᠣᠲᠠ ᠵᠢᠨ ᠨᠠᠮ᠎ᠤᠨ ᠬᠣᠷᠢᠶ᠎ᠠ ᠵᠢᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠤᠨ ᠡᠯ᠎ᠡ ᠵᠦᠢ᠍ᠯ᠎ᠤᠨ ᠠᠵᠢᠯ᠎ᠤᠨ ᠰᠠᠨᠠᠭᠤᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠦᠵᠡᠯ ᠰᠠᠨᠠᠭ᠎ᠠ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠳᠠᠲᠠᠶ᠎ᠳᠤ ᠰᠠᠭᠤᠷᠢᠯᠠᠨ᠂ ᠪᠠᠷᠢᠮᠵᠢᠶ᠎ᠠ᠎ᠲᠠᠢ ᠬᠠᠷᠭᠤᠭᠤᠯᠵᠤ᠂ ᠦᠷᠭᠦᠯᠵᠢᠯᠡᠨ ᠨᠠᠶ᠋ᠢᠳᠠᠪᠤᠷᠢᠵᠢᠭᠤᠯᠬᠤ ᠠᠵᠢᠯ᠎ᠢ ᠬᠢᠨᠠᠮᠠᠭ᠋ᠠᠶ ᠰᠠᠶ᠋ᠢᠲᠤᠷ ᠠᠳᠬᠤᠵᠤ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠪᠣᠳᠠᠲᠤ ᠦᠷ᠎ᠡ ᠪᠦᠲᠦᠮᠵᠢ ᠤᠯᠬᠤ ᠵᠢ ᠦᠨᠡᠨᠬᠦ ᠪᠠᠲᠤᠯᠠᠬᠤ ᠪᠣᠯᠤᠨ᠎ᠠ᠃