ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠬᠡᠬᠣᠲᠠ ᠵᠢᠨ᠎ᠬᠢᠨ ᠣᠨᠳᠣᠤ ᠭᠠᠵᠠᠷ᠎ᠲᠤ ᠡᠪᠡᠳᠴᠢᠨ ᠦᠵᠡᠭᠦᠯᠬᠦ ᠵᠢ ᠳᠠᠩᠰᠠᠯᠠᠬᠤ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠵᠦ ᠣᠯᠠᠨ ᠲᠦᠮᠡᠨ᠎ᠤ ᠡᠪᠡᠳᠴᠢᠨ ᠦᠵᠡᠭᠦᠯᠵᠦ ᠡᠮᠨᠡᠭᠦᠯᠬᠦ᠎ᠳᠤ ᠲᠥᠬᠥᠮ ᠦᠵᠡᠭᠦᠯᠪᠡ
ᠨᠡᠶ᠋ᠢᠲᠡᠯᠡᠭᠰᠡᠨ ᠴᠠᠭ᠄ 2021-05-28

      ᠪᠠᠭᠤᠯᠭ᠋ᠠᠬᠤ ᠬᠠᠮᠢᠶᠠᠷᠬᠤ ᠦᠶᠯᠡᠴᠢᠯᠡᠬᠦ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠢ ᠪᠣᠳᠠᠲᠠᠶ᠎ᠳᠤ ᠨᠠᠶ᠋ᠢᠳᠠᠪᠤᠷᠢᠵᠢᠭᠤᠯᠤᠨ᠂ ᠣᠯᠠᠨ ᠲᠦᠮᠡᠨ᠎ᠤ ᠬᠦᠴᠢᠷ ᠵᠣᠪᠠᠯᠠᠩ᠎ᠢ ᠰᠢᠢ᠍ᠳᠪᠦᠷᠢᠯᠡᠬᠦ ᠵᠢᠨ ᠲᠥᠯᠥᠭᠡ᠂ ᠬᠥᠬᠡᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ 《ᠪᠢ ᠣᠯᠠᠨ ᠲᠦᠮᠡᠨ᠎ᠳᠤ ᠪᠣᠳᠠᠲᠠᠶ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠣᠯᠠᠨ ᠲᠦᠮᠡᠨ᠎ᠤ ᠡᠪᠡᠳᠴᠢᠨ ᠦᠵᠡᠭᠦᠯᠵᠦ ᠡᠮᠨᠡᠭᠦᠯᠬᠦ᠎ᠳᠤ ᠲᠥᠬᠥᠮ ᠦᠵᠡᠭᠦᠯᠬᠦ ᠵᠢᠨ ᠲᠥᠯᠥᠭᠡ᠂ ᠬᠥᠬᠡᠬᠣᠲᠠ ᠵᠢᠨ᠎ᠬᠢᠨ ᠣᠨᠳᠣᠤ ᠭᠠᠵᠠᠷ᠎ᠲᠤ ᠳᠠᠩᠰᠠᠯᠠᠭᠤᠯᠬᠤ ᠡᠷᠬᠡ ᠮᠡᠳᠡᠯ᠎ᠢ ᠬᠣᠰᠢᠭᠤ ᠰᠢᠶᠠᠨ ᠲᠣᠭᠣᠷᠢᠭ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠪᠠᠭᠤᠯᠭ᠋ᠠᠨ᠎ᠠ᠃
      ᠨᠢᠭᠡ᠂ ᠳᠠᠩᠰᠠᠯᠠᠬᠤ ᠶᠠᠪᠤᠴᠠ ᠵᠢ ᠳᠥᠭᠥᠮᠴᠢᠯᠡᠵᠦ᠂ ᠤᠯᠠᠨ ᠲᠦᠮᠡᠨ᠎ᠤ ᠲᠦᠷᠭᠡᠨ ᠳᠠᠩᠰᠠᠯᠠᠬᠤ᠎ᠳᠤ ᠲᠦᠬᠦᠮ ᠦᠵᠡᠭᠦᠯᠦᠨ᠎ᠡ
     5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠬᠥᠬᠡᠬᠣᠲᠠ ᠵᠢᠨ ᠲᠣᠰ ᠱᠠᠲᠤᠨ᠎ᠤ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠳ᠎ᠤᠨ ᠣᠷᠳᠣ ᠬᠤᠭᠤᠴᠠᠭ᠎ᠠ᠎ᠪᠠᠷ ᠣᠨᠳᠣᠤ ᠭᠠᠵᠠᠷ᠎ᠲᠤ ᠡᠮᠨᠡᠭᠦᠯᠬᠦ ᠪᠠ ᠰᠢᠯᠵᠢᠭᠦᠯᠦᠨ ᠡᠮᠨᠡᠭᠦᠯᠬᠦ ᠳᠡᠩᠰᠡᠯᠡᠯᠲᠡ ᠵᠢ ᠣᠶ᠋ᠢᠷ᠎ᠠ ᠬᠠᠪᠢ ᠵᠢᠨ ᠬᠣᠲᠠ ᠵᠢᠨ ᠳᠥᠷᠪᠡᠨ ᠲᠣᠭᠣᠷᠢᠭ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ ᠵᠢ ᠰᠣᠩᠭᠣᠨ ᠭᠦᠢ᠍ᠴᠡᠳᠬᠡᠵᠣ ᠪᠣᠯᠤᠨ᠎ᠠ; ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠳ᠎ᠤᠨ ᠣᠨᠳᠣᠤ ᠭᠠᠵᠠᠷ᠎ᠲᠤ ᠲᠦᠷᠭᠡᠨ ᠡᠪᠡᠳᠴᠢᠨ᠎ᠢ ᠳᠠᠩᠰᠠᠯᠠᠭᠤᠯᠬᠤ᠎ᠳᠤ ᠬᠠᠷᠢᠶ᠎ᠠ ᠬᠣᠰᠢᠭᠤ ᠰᠢᠶᠠᠨ ᠲᠣᠭᠣᠷᠢᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠠᠴᠠ ᠪᠦᠷᠢᠳᠬᠡᠨ ᠳᠠᠩᠰᠠᠯᠠᠬᠤ ᠭᠠᠷᠳᠠᠮ᠎ᠢ ᠭᠦᠢ᠍ᠴᠡᠳᠬᠡᠨ᠎ᠡ; ᠡᠯ᠎ᠡ ᠬᠣᠰᠢᠭᠤ ᠰᠢᠶᠠᠨ ᠲᠣᠭᠣᠷᠢᠭ᠎ᠤᠨ ᠤᠤᠯ᠎ᠤᠨ ᠣᠨᠳᠣᠤ ᠭᠠᠵᠠᠷ᠎ᠲᠤ ᠡᠮᠨᠡᠭᠦᠯᠬᠦ ᠠᠵᠢᠯ᠎ᠢ ᠦᠷᠭᠦᠯᠵᠢᠯᠡᠭᠦᠯᠦᠨ᠎ᠡ᠃
      ᠵᠠᠷᠴᠢᠮ ᠳᠡᠭᠡᠷ᠎ᠡ᠎ᠪᠠᠨ᠂ ᠠᠩᠬ᠎ᠠ ᠤᠳᠠᠭ᠎ᠠ ᠳᠠᠩᠰᠠᠯᠠᠭᠤᠯᠬᠤ᠎ᠳᠤ ᠡᠮ ᠡᠮᠨᠡᠯᠭᠡ ᠵᠢᠨ ᠳᠠᠭ᠋ᠠᠳᠬᠠᠯ᠎ᠤᠨ ᠭᠠᠷᠲᠠᠨ   ᠭᠦᠢ᠍ᠴᠡᠳᠬᠡᠬᠦ ᠴᠣᠩᠬᠤᠪᠴᠢ᠎ᠳᠤ ᠬᠦᠷᠴᠦ ᠭᠦᠢ᠍ᠴᠡᠳᠬᠡᠬᠦ ᠬᠡᠷᠡᠭᠲᠡᠶ᠂ ᠳᠠᠷᠠᠭ᠎ᠠ᠎ᠨᠢ ᠮᠤᠵᠢ ᠠᠯᠤᠰᠯᠠᠨ ᠣᠨᠳᠣᠤ ᠭᠠᠵᠠᠷ᠎ᠲᠤ ᠡᠪᠡᠳᠴᠢᠨ ᠦᠵᠡᠭᠦᠯᠬᠦ᠎ᠳᠤ 《ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠠᠪᠴᠠᠩ》᠎ᠤᠨ APP ᠪᠤᠶᠤ 《ᠤᠯᠤᠰ᠎ᠤᠨ ᠣᠨᠳᠣᠤ ᠭᠠᠵᠠᠷ᠎ᠲᠤ ᠡᠪᠡᠳᠴᠢᠨ ᠦᠵᠡᠭᠦᠯᠬᠦ ᠵᠢ ᠳᠠᠩᠰᠠᠯᠠᠭᠤᠯᠬᠤ》 ᠸᠢᠴᠠᠲ᠎ᠤᠨ ᠵᠢᠵᠢᠭ ᠫᠷᠤᠭ᠌ᠷᠠᠮ ᠵᠶ᠋ᠠᠷ ᠮᠡᠳᠡᠭᠦᠯᠦᠨ ᠳᠠᠩᠰᠠᠯᠠᠭᠤᠯᠵᠤ ᠪᠣᠯᠤᠨ᠎ᠠ᠂ ᠠᠵᠢᠯᠲᠠᠨ ᠠᠵᠢᠯᠴᠢᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠲᠣᠭᠣᠷᠢᠭ᠎ᠲᠤ ᠣᠨᠳᠣᠤ ᠭᠠᠵᠠᠷ᠎ᠲᠤ ᠡᠪᠡᠳᠴᠢᠨ ᠦᠵᠡᠭᠦᠯᠬᠦ᠎ᠳᠤ 《ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ》 ᠵᠢᠨ APP᠎ᠪᠠᠷ ᠳᠠᠮᠵᠢᠭᠤᠯᠤᠨ ᠮᠡᠳᠡᠭᠦᠯᠦᠨ ᠳᠠᠩᠰᠠᠯᠠᠭᠤᠯᠵᠤ ᠪᠣᠯᠤᠨ᠎ᠠ᠃
      ᠬᠣᠶᠠᠷ᠂ ᠳᠠᠩᠰᠠᠯᠠᠭᠤᠯᠬᠤ᠎ᠳᠤ ᠵᠥᠪᠬᠡᠨ ᠡᠪᠡᠳᠴᠢᠨ ᠦᠵᠡᠭᠦᠯᠬᠦ ᠲᠤᠰᠬᠠᠶ ᠣᠷᠣᠨ ᠬᠣᠲᠠ ᠵᠢ ᠵᠢᠭ᠋ᠠᠨ ᠲᠣᠭᠲᠠᠭ᠋ᠠᠵᠤ᠂ ᠳᠠᠩᠰᠠᠯᠠᠭᠤᠯᠤᠭᠰᠠᠨ ᠬᠥᠮᠦᠰ᠎ᠲᠤ ᠡᠪᠡᠳᠴᠢᠨ ᠦᠵᠡᠭᠦᠯᠬᠦ ᠰᠣᠩᠭᠣᠯᠲᠠ ᠵᠢ ᠨᠠᠩ ᠢᠯᠡᠭᠦᠤ ᠣᠯᠭᠤᠨ᠎ᠠ
      ᠬᠥᠬᠡᠬᠣᠲᠠ᠎ᠳᠤ ᠳᠠᠩᠰᠠᠯᠠᠭᠤᠯᠬᠤ ᠦᠶ᠎ᠡ᠎ᠳᠤ ᠪᠣᠳᠠᠲᠠᠶ ᠡᠮᠨᠡᠯᠭᠡ ᠵᠢᠨ ᠬᠣᠷᠢᠶ᠎ᠠ ᠵᠢ ᠵᠢᠭ᠋ᠠᠨ ᠲᠣᠭᠲᠠᠭ᠋ᠠᠬᠤ ᠴᠢᠬᠤᠯᠠ ᠥᠬᠡᠶ᠂ ᠵᠥᠪᠬᠡᠨ ᠡᠮᠴᠢᠯᠡᠭᠦᠯᠬᠦ ᠲᠤᠰᠬᠠᠶ ᠣᠷᠣᠨ ᠬᠣᠲᠠ ᠵᠢ ᠵᠢᠭ᠋ᠠᠨ ᠲᠣᠭᠲᠠᠭ᠋ᠠᠪᠠᠯ ᠳᠠᠷᠤᠶ ᠲᠣᠰ ᠲᠤᠰᠬᠠᠶ ᠣᠷᠣᠨ ᠬᠣᠲᠠ ᠵᠢᠨ ᠣᠨᠳᠣᠤ ᠭᠠᠵᠠᠷ᠎ᠲᠤ ᠡᠮᠴᠢᠯᠡᠭᠦᠯᠬᠦ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠡᠮᠨᠡᠯᠭᠡ᠎ᠳᠤ ᠰᠠᠭᠤᠭᠰᠠᠨ ᠵᠠᠷᠤᠳᠠᠯ᠎ᠢ ᠰᠢᠭᠤᠳ ᠲᠡᠰᠦᠯᠦᠨ ᠪᠤᠳᠤᠵᠤ ᠪᠣᠯᠤᠨ᠎ᠠ᠃ ᠡᠭᠦᠨ᠎ᠠᠴᠠ ᠭᠠᠳᠠᠨ᠎ᠠ᠂ ᠪᠡᠭᠡᠵᠢᠩ᠂ ᠲᠢᠶᠠᠨᠵᠢᠨ᠂ ᠱᠠᠩᠬᠠᠶ᠂ ᠴᠦᠩᠴᠢᠩ᠂ ᠬᠠᠶ᠋ᠢᠨᠠᠨ᠂ ᠲᠥᠪᠡᠳ ᠪᠠ ᠰᠢᠨᠵᠢᠶᠠᠩ᠎ᠤᠨ ᠪᠢᠩᠲ᠋ᠤᠸᠠᠨ᠎ᠳᠤ ᠬᠦᠷᠴᠦ ᠣᠨᠳᠣᠤ ᠭᠠᠵᠠᠷ᠎ᠲᠤ ᠡᠮᠴᠢᠯᠡᠭᠦᠯᠬᠦ ᠳᠠᠭ᠋ᠠᠳᠬᠠᠯ᠎ᠳᠤ ᠣᠷᠣᠯᠴᠠᠭᠰᠠᠳ᠎ᠢ ᠡᠮᠴᠢᠯᠡᠭᠦᠯᠬᠦ ᠮᠤᠵᠢ᠎ᠳᠤ ᠰᠢᠭᠤᠳ ᠳᠠᠩᠰᠠᠯᠠᠭᠤᠯᠪᠠᠯ ᠪᠣᠯᠴᠢᠬᠠᠨ᠎ᠠ᠃ ᠣᠨᠳᠣᠤ ᠭᠠᠵᠠᠷ᠎ᠲᠤ ᠰᠢᠯᠵᠢᠭᠦᠯᠦᠨ ᠡᠮᠨᠡᠭᠦᠯᠬᠦ᠎ᠪᠠᠷ ᠳᠠᠩᠰᠠᠯᠠᠭᠤᠯᠤᠭᠰᠠᠨ ᠡᠮᠴᠢᠯᠡᠭᠦᠯᠬᠦ ᠭᠠᠵᠠᠷ ᠪᠣᠯ ᠪᠥᠬᠥ ᠤᠯᠤᠰ᠎ᠤᠨ ᠬᠡᠪᠴᠢᠶᠡᠨ᠎ᠳᠠᠬᠢ ᠪᠣᠶ ᠪᠥᠬᠥᠶ ᠨᠢᠭᠡᠳᠦᠯᠲᠡᠶ ᠲᠥᠯᠥᠪᠯᠡᠬᠦ ᠣᠷᠣᠨ ᠪᠣᠯᠤᠨ᠎ᠠ᠂ ᠨᠢᠭᠡᠳᠦᠯᠲᠡᠶ ᠲᠥᠯᠥᠪᠯᠡᠬᠦ ᠣᠷᠣᠨ᠎ᠤ ᠳᠣᠲᠣᠷᠠᠬᠢ ᠭᠤᠷᠪᠠᠳᠤᠭ᠋ᠠᠷ ᠳᠡᠰ᠎ᠤᠨ ᠣᠨᠳᠣᠤ ᠭᠠᠵᠠᠷ᠎ᠲᠤ ᠲᠣᠭᠲᠠᠭᠰᠠᠨ ᠴᠢᠭ᠎ᠤᠨ ᠶᠡᠷᠦᠩᠬᠡᠶ᠋ᠢᠯᠡᠭᠰᠡᠨ ᠡᠮᠨᠡᠯᠭᠡ ᠵᠢᠨ ᠬᠣᠷᠢᠶ᠎ᠠ (ᠬᠣᠶᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠣᠨᠳᠣᠤ ᠭᠠᠵᠠᠷ᠎ᠲᠤ ᠲᠣᠭᠲᠠᠭᠰᠠᠨ ᠴᠢᠭ᠎ᠤᠨ ᠲᠤᠰᠬᠠᠶ ᠡᠮᠨᠡᠯᠭᠡ ᠵᠢᠨ ᠬᠣᠷᠢᠶ᠎ᠠ) ᠵᠢ ᠴᠥᠮ ᠳᠠᠩᠰᠠᠯᠠᠭᠤᠯᠵᠤ ᠪᠣᠯᠤᠨ᠎ᠠ᠃ ᠨᠢᠭᠡ ᠤᠳᠠᠭ᠎ᠠ᠎ᠳᠤ ᠰᠢᠯᠵᠢᠭᠦᠯᠦᠨ ᠡᠮᠨᠡᠭᠦᠯᠬᠦ᠎ᠪᠠᠷ ᠳᠠᠩᠰᠠᠯᠠᠭᠤᠯᠬᠤ᠎ᠳᠤ ᠵᠥᠪᠬᠡᠨ ᠨᠢᠭᠡ ᠯᠡ ᠤᠳᠠᠭ᠎ᠠ ᠡᠮᠨᠡᠯᠭᠡ᠎ᠳᠤ ᠰᠠᠭᠤᠭᠰᠠᠨ ᠵᠠᠷᠤᠳᠠᠯ᠎ᠢ ᠳᠠᠩᠰᠠᠨ᠎ᠠᠴᠠ ᠲᠠᠶ᠋ᠢᠯᠵᠤ ᠪᠣᠯᠤᠨ᠎ᠠ᠂ ᠳᠠᠩᠰᠠᠯᠠᠭᠤᠯᠬᠤ ᠬᠦᠴᠦᠨ᠎ᠲᠠᠢ ᠬᠤᠭᠤᠴᠠᠭ᠎ᠠ᠎ᠨᠢ ᠨᠢᠭᠡ ᠰᠠᠷ᠎ᠠ ᠪᠣᠯᠤᠨ᠎ᠠ᠂ ᠳᠠᠬᠢᠵᠤ ᠡᠮᠨᠡᠯᠭᠡ᠎ᠳᠤ ᠰᠠᠭᠤᠬᠤ᠎ᠳᠤ ᠡᠮᠨᠡᠯᠭᠡ᠎ᠳᠤ ᠣᠷᠣᠬᠤ᠎ᠠᠴᠠ ᠡᠮᠦᠨ᠎ᠡ ᠳᠠᠬᠢᠵᠤ ᠳᠠᠩᠰᠠᠯᠠᠭᠤᠯᠬᠤ ᠬᠡᠷᠡᠭᠲᠡᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠠᠷᠠᠳ ᠲᠦᠮᠡᠨ᠎ᠤ ᠲᠥᠯᠥᠭᠡ ᠦᠨᠡᠨ ᠰᠡᠳᠬᠢᠯ᠎ᠠᠴᠠ᠎ᠪᠠᠨ ᠪᠣᠳᠠᠲᠤ ᠶᠠᠪᠤᠳᠠᠯ ᠬᠢᠵᠦ ᠥᠪᠡᠷ᠎ᠤᠨ ᠪᠡᠶ᠎ᠡ᠎ᠪᠠᠷ ᠵᠶ᠋ᠠᠨ ᠴᠢᠷᠮᠠᠶ᠋ᠢᠨ ᠠᠵᠢᠯᠯᠠᠵᠤ ᠤᠬ ᠰᠠᠨᠠᠭ᠎ᠠ᠎ᠪᠠᠨ ᠪᠠᠲᠤ ᠰᠠᠬᠢᠶ᠎ᠠ — ᠠᠶ᠋ᠢᠮᠠᠭ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠤᠪᠴᠢᠶ᠎ᠠ ᠵᠢᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠭᠦᠭᠰᠡᠨ ᠦᠢ᠍ᠯᠡᠳᠦᠯᠭᠡ ᠵᠢᠨ ᠠᠵᠢᠯᠯᠠᠭ᠎ᠠ ᠵᠢᠨ ᠲᠤᠬᠠᠢ ᠪᠣᠳᠠᠲᠤ ᠲᠡᠮᠳᠡᠭᠯᠡᠯ
ᠤᠯᠠᠭ᠋ᠠᠨᠴᠠᠪ ᠬᠣᠲᠠ ᠵᠢᠨ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ ᠡᠪᠡᠳᠴᠢᠲᠡᠨ᠎ᠤ ᠣᠷᠣ᠎ᠪᠠᠷ ᠡᠳᠦᠷ ᠵᠶ᠋ᠠᠷ ᠰᠦᠢ᠍ᠳᠭᠡᠯ ᠲᠤᠰᠢᠶᠠᠬᠤ ᠵᠢᠴᠢ ᠣᠷᠣᠯᠠᠨ ᠳᠥᠯᠥᠬᠦ ᠵᠡᠷᠭᠡ ᠠᠷᠠᠳ᠎ᠲᠤ ᠠᠰᠢᠭ ᠬᠦᠷᠲᠡᠭᠡᠵᠦ ᠠᠷᠠᠳ᠎ᠲᠤ ᠲᠥᠬᠥᠮ ᠦᠵᠡᠭᠦᠯᠬᠦ ᠠᠷᠭ᠎ᠠ ᠬᠡᠮᠵᠢᠶ᠎ᠡ ᠭᠠᠷᠭ᠋ᠠᠪᠠ
ᠬᠥᠬᠡᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠦᠨᠡᠯᠡᠨ ᠵᠢᠱ᠌ᠢᠭᠴᠢ᠂ ᠦᠨᠡᠯᠡᠨ ᠵᠢᠱ᠌ᠢᠬᠦ ᠲᠤᠰᠬᠠᠶ ᠮᠡᠷᠭᠡᠵᠢᠯᠲᠡᠨ᠎ᠤ ᠪᠣᠯᠪᠠᠰᠤᠷᠠᠯ᠎ᠤᠨ ᠠᠩᠭᠢ ᠡᠷᠭᠢᠯᠡᠪᠡ
ᠤᠯᠠᠭ᠋ᠠᠨᠴᠠᠪ ᠬᠣᠲᠠ ᠵᠢᠨ 2021 ᠣᠨ᠎ᠤ ᠪᠠᠷᠢᠯᠭ᠎ᠠ ᠵᠢᠨ ᠠᠵᠢᠯ᠎ᠤᠨ 《ᠠᠶᠤᠯᠭᠦᠶ ᠦᠢ᠍ᠯᠡᠳᠪᠦᠷᠢᠯᠡᠯ᠎ᠤᠨ ᠰᠠᠷ᠎ᠠ》 ᠪᠠ 《ᠠᠶᠤᠯᠭᠦᠶ ᠦᠢ᠍ᠯᠡᠳᠪᠦᠷᠢᠯᠡᠯ᠎ᠤᠨ ᠲᠠᠯ᠎ᠠ ᠨᠤᠲᠤᠭ᠎ᠤᠨ ᠠᠶᠠᠯᠠᠯ》᠎ᠤᠨ ᠤᠬᠠᠭᠤᠯᠭ᠎ᠠ ᠵᠢᠨ ᠡᠬᠢᠯᠡᠯᠲᠡ ᠵᠢᠨ ᠶᠣᠰᠣᠯᠠᠯ ᠠᠮᠵᠢᠯᠲᠠ᠎ᠲᠠᠢ ᠶᠠᠪᠤᠭᠳᠠᠪᠠ
ᠥᠪᠥᠷ ᠮᠣᠩᠭᠣᠯ᠎ᠤᠨ ᠠᠩᠬᠠᠳᠠᠭᠴᠢ ᠡᠮᠴᠢᠯᠡᠭᠡ ᠵᠢᠨ ᠪᠠᠳᠤᠯᠠᠭ᠎ᠠ ᠵᠢᠨ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠬᠠᠯᠠᠮᠰᠢᠯ ᠤᠲᠠᠰᠤ 12393 ᠬᠥᠬᠡᠬᠣᠲᠠ᠎ᠳᠤ ᠨᠡᠪᠲᠡᠷᠡᠪᠡ!
 
            