ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠠᠴᠠ ᠨᠠᠰᠢ ᠠᠶ᠋ᠢᠮᠠᠭ᠎ᠤᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠴᠢᠬᠤᠯᠠ ᠠᠭᠤᠯᠭ᠎ᠠ ᠪᠣᠯᠭ᠋ᠠᠵᠤ᠂ 《ᠠᠷᠭ᠎ᠠ ᠪᠣᠳᠣᠯᠭ᠎ᠠ ᠵᠢ ᠠᠷᠠᠳ᠎ᠠᠴᠠ ᠠᠰᠠᠭᠤᠬᠤ᠂ ᠬᠡᠷᠡᠭᠴᠡᠭᠡ ᠵᠢ ᠠᠷᠠᠳ᠎ᠠᠴᠠ ᠠᠰᠠᠭᠤᠬᠤ᠂ ᠵᠠᠰᠠᠭ᠎ᠤᠨ ᠶᠠᠪᠤᠳᠠᠯ᠎ᠢ ᠠᠷᠠᠳ᠎ᠠᠴᠠ ᠠᠰᠠᠭᠤᠬᠤ》 ᠵᠢ ᠥᠷᠭᠡᠨ ᠵᠶ᠋ᠠᠷ ᠥᠷᠨᠢᠭᠦᠯᠦᠭᠰᠡᠨ ᠰᠠᠭᠤᠷᠢᠨ ᠳᠡᠭᠡᠷ᠎ᠡ᠂ ᠰᠤᠷᠤᠯᠴᠠᠯᠭ᠎ᠠ ᠬᠥᠮᠦᠵᠢᠯ᠎ᠢ ᠡᠮ ᠡᠮᠨᠡᠯᠭᠡ ᠵᠢᠨ ᠳᠠᠭ᠋ᠠᠳᠬᠠᠯ᠎ᠤᠨ ᠠᠵᠢᠯ᠎ᠤᠨ ᠦᠢ᠍ᠯᠡᠳᠦᠯᠭᠡ᠎ᠲᠠᠢ ᠤᠶᠠᠯᠳᠤᠭᠤᠯᠵᠤ᠂ ᠪᠣᠳᠠᠲᠠᠶ ᠠᠰᠠᠭᠤᠳᠠᠯ᠎ᠢ ᠰᠢᠢ᠍ᠳᠪᠦᠷᠢᠯᠡᠬᠦ᠎ᠲᠠᠢ ᠤᠶᠠᠯᠳᠤᠭᠤᠯᠵᠤ᠂ ᠠᠷᠠᠳ᠎ᠤᠨ ᠲᠥᠯᠥᠭᠡ ᠠᠷᠠᠳ᠎ᠲᠤ ᠠᠰᠢᠭ ᠬᠦᠷᠲᠡᠭᠡᠵᠦ ᠠᠷᠠᠳ᠎ᠲᠤ ᠲᠦᠬᠦᠮ ᠦᠵᠡᠭᠦᠯᠬᠦ ᠨᠢᠭᠡ ᠪᠦᠯᠦᠭ ᠪᠣᠳᠠᠲᠠᠢ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠰᠡᠳᠬᠢᠯ ᠲᠠᠯᠪᠢᠨ ᠬᠦᠴᠦ ᠣᠷᠣᠭᠤᠯᠵᠤ ᠬᠠᠶ᠋ᠢᠷ᠎ᠠ ᠰᠡᠳᠬᠢᠯᠭᠡ᠎ᠪᠠᠷ ᠵᠶ᠋ᠠᠨ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ᠂ ᠡᠮ ᠡᠮᠨᠡᠯᠭᠡ ᠵᠢᠨ ᠪᠠᠳᠤᠯᠠᠭ᠎ᠠ ᠵᠢᠨ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ᠎ᠢ ᠥᠷᠭᠡᠨ ᠤᠯᠠᠨ ᠲᠦᠮᠡᠨ᠎ᠳᠤ ᠨᠡᠩ ᠭᠣᠣᠯᠴᠢ᠎ᠪᠠᠷ ᠬᠦᠷᠲᠡᠭᠡᠬᠦ ᠵᠢ ᠠᠬᠢᠭᠤᠯᠵᠤ᠂ ᠠᠷᠠᠳ ᠤᠯᠠᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠢ᠍ᠢ᠍ᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠲᠠᠰᠤᠷᠠᠯᠳᠡ ᠦᠭᠡᠢ ᠬᠠᠩᠭ᠋ᠠᠵᠦ ᠪᠠᠢ᠌ᠨ᠎ᠠ᠃
ᠨᠢᠭᠡ᠂ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠡᠪᠡᠳᠴᠢᠨ ᠦᠵᠡᠭᠦᠯᠬᠦ ᠳᠠᠷᠤᠭ᠋ᠠᠰᠤ ᠵᠢ ᠬᠥᠩᠭᠡᠷᠡᠭᠦᠯᠪᠡ
4 ᠳ᠋ᠤᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠰᠢᠯᠢ ᠵᠢᠨ ᠭᠣᠤᠯ ᠠᠶ᠋ᠢᠮᠠᠭ᠎ᠤᠨ ᠬᠣᠲᠠ ᠪᠠᠯᠭ᠋ᠠᠰᠤ ᠵᠢᠨ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠵᠦ᠂ ᠬᠣᠲᠠ ᠪᠠᠯᠭ᠋ᠠᠰᠤ ᠵᠢᠨ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠡᠪᠡᠳᠴᠢᠨ ᠦᠵᠡᠭᠦᠯᠬᠦ ᠳᠠᠷᠤᠭ᠋ᠠᠰᠤ ᠵᠢ ᠦᠨᠡᠨᠬᠦ ᠬᠦᠩᠭᠡᠷᠡᠭᠦᠯᠪᠡ᠃ ᠨᠢᠭᠡ᠎ᠳᠤ᠂ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥ ᠵᠢᠨ ᠡᠬᠢᠯᠡᠵᠦ ᠳᠥᠯᠥᠬᠦ ᠪᠠᠷᠢᠮᠵᠢᠶ᠎ᠠ ᠵᠢ ᠪᠠᠭᠤᠷᠠᠭᠤᠯᠪᠠ᠃ ᠣᠷᠣᠨ᠎ᠤ ᠭᠠᠳᠠᠨ᠎ᠠ ᠠᠩᠬ᠎ᠠ ᠤᠳᠠᠭ᠎ᠠ ᠡᠪᠡᠳᠴᠢᠨ ᠦᠵᠡᠭᠦᠯᠬᠦ᠎ᠳᠤ ᠡᠬᠢᠯᠡᠵᠦ ᠳᠥᠯᠥᠬᠦ ᠪᠠᠷᠢᠮᠵᠢᠶ᠎ᠠ ᠵᠢ 1500 ᠲᠥᠭᠥᠷᠢᠭ ᠪᠠᠶ᠋ᠢᠭᠰᠠᠨ᠎ᠠᠴᠠ 1000 ᠲᠥᠭᠥᠷᠢᠭ ᠪᠣᠯᠭ᠋ᠠᠨ ᠲᠣᠬᠢᠷᠠᠭᠤᠯᠵᠤ᠂ ᠬᠣᠶᠠᠳᠠᠬᠢ ᠤᠳᠠᠭ᠎ᠠ 1350 ᠲᠥᠭᠥᠷᠢᠭ ᠪᠠᠶ᠋ᠢᠭᠰᠠᠨ᠎ᠠᠴᠠ 800 ᠲᠥᠭᠥᠷᠢᠭ ᠪᠣᠯᠭ᠋ᠠᠨ ᠲᠣᠬᠢᠷᠠᠭᠤᠯᠪᠠ; ᠠᠶ᠋ᠢᠮᠠᠭ᠎ᠤᠨ ᠭᠠᠳᠠᠨᠠᠬᠢ ᠣᠷᠣᠨ᠎ᠤ ᠳᠣᠲᠣᠷ᠎ᠠ ᠠᠩᠬ᠎ᠠ ᠤᠳᠠᠭ᠎ᠠ 1000 ᠲᠥᠭᠥᠷᠢᠭ ᠪᠠᠶ᠋ᠢᠭᠰᠠᠨ᠎ᠠᠴᠠ 800 ᠲᠥᠭᠥᠷᠢᠭ ᠪᠣᠯᠭ᠋ᠠᠨ ᠲᠣᠬᠢᠷᠠᠭᠤᠯᠵᠤ᠂ ᠬᠣᠶᠠᠳᠠᠬᠢ ᠤᠳᠠᠭ᠎ᠠ 910 ᠲᠥᠭᠥᠷᠢᠭ ᠪᠠᠶ᠋ᠢᠭᠰᠠᠨ᠎ᠠᠴᠠ 600 ᠲᠥᠭᠥᠷᠢᠭ ᠪᠣᠯᠭ᠋ᠠᠨ ᠲᠣᠬᠢᠷᠠᠭᠤᠯᠪᠠ; ᠣᠨ᠎ᠤ ᠳᠣᠲᠣᠷ᠎ᠠ ᠭᠤᠷᠪᠠᠳᠠᠬᠢ ᠤᠳᠠᠭ᠎ᠠ ᠵᠢᠴᠢ ᠲᠡᠭᠦᠨ᠎ᠠᠴᠠ ᠳᠡᠭᠡᠭᠰᠢᠬᠢ ᠡᠮᠴᠢᠯᠡᠭᠦᠯᠬᠦ᠎ᠳᠤ ᠡᠬᠢᠯᠡᠵᠦ ᠳᠥᠯᠥᠬᠦ ᠪᠠᠷᠢᠮᠵᠢᠶ᠎ᠠ ᠲᠣᠭᠲᠠᠭ᠋ᠠᠬᠤ ᠥᠬᠡᠶ; ᠠᠶ᠋ᠢᠮᠠᠭ᠎ᠤᠨ ᠭᠠᠳᠠᠨ᠎ᠠ ᠡᠮᠴᠢᠯᠡᠭᠦᠯᠦᠭᠰᠡᠨ ᠡᠪᠡᠳᠴᠢᠲᠡᠨ᠂ ᠡᠮᠨᠡᠯᠭᠡ᠎ᠠᠴᠠ ᠭᠠᠷᠤᠭᠰᠠᠨ᠎ᠤ ᠳᠠᠷᠠᠭ᠎ᠠ ᠮᠥᠨ ᠤᠤᠯ᠎ᠤᠨ ᠡᠮᠨᠡᠯᠭᠡ ᠵᠢᠨ ᠬᠣᠷᠢᠶ᠎ᠠ ᠵᠢᠨ ᠡᠭᠦᠳᠡᠨ ᠡᠮᠨᠡᠯᠭᠡ᠎ᠳᠤ ᠳᠠᠬᠢᠨ ᠪᠠᠶ᠋ᠢᠴᠠᠭ᠋ᠠᠬᠤ ᠴᠢᠬᠤᠯᠠᠲᠠᠶ ᠪᠠᠶ᠋ᠢᠪᠠᠯ᠂ ᠡᠮᠨᠡᠯᠭᠡ᠎ᠳᠤ ᠰᠠᠭᠤᠭᠰᠠᠨ᠎ᠤ ᠵᠠᠷᠤᠳᠠᠯ᠎ᠢ ᠳᠥᠯᠥᠬᠦ ᠲᠥᠷᠥ ᠵᠢᠨ ᠪᠣᠳᠣᠯᠭ᠎ᠠ ᠵᠢᠨ ᠶᠣᠰᠣᠭ᠋ᠠᠷ ᠲᠠᠩᠰᠠ ᠳᠡᠶ᠋ᠢᠯᠵᠦ᠂ ᠡᠬᠢᠯᠡᠵᠦ ᠳᠥᠯᠥᠬᠦ ᠪᠠᠷᠢᠮᠵᠢᠶ᠎ᠠ᠎ᠨᠢ 600 ᠲᠥᠭᠥᠷᠢᠭ ᠪᠠᠶ᠋ᠢᠵᠤ᠂ ᠣᠨ᠎ᠤ ᠳᠣᠲᠣᠷ᠎ᠠ ᠬᠣᠶᠠᠳᠤᠭ᠋ᠠᠷ ᠤᠳᠠᠭ᠎ᠠ ᠵᠢᠴᠢ ᠲᠡᠭᠦᠨ᠎ᠠᠴᠠ ᠳᠡᠭᠡᠭᠰᠢᠬᠢ ᠡᠮᠴᠢᠯᠡᠭᠦᠯᠬᠦ᠎ᠳᠤ ᠡᠬᠢᠯᠡᠵᠦ ᠳᠥᠯᠥᠬᠦ ᠪᠠᠷᠢᠮᠵᠢᠶ᠎ᠠ ᠵᠢ ᠳᠠᠭᠢᠵᠤ ᠲᠣᠭᠲᠠᠭ᠋ᠠᠬᠤ ᠥᠬᠡᠶ᠃ ᠬᠣᠶᠠᠷ᠎ᠲᠤ᠂ ᠣᠨᠳᠣᠤ ᠭᠠᠵᠠᠷ᠎ᠲᠤ ᠰᠢᠯᠵᠢᠭᠦᠯᠦᠨ ᠡᠮᠨᠡᠭᠦᠯᠬᠦ ᠵᠠᠷᠤᠳᠠᠯ᠎ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥᠨ᠎ᠤ ᠲᠠᠩᠰᠠ ᠲᠠᠶ᠋ᠢᠯᠬᠤ ᠬᠠᠷᠢᠴᠠᠯ᠎ᠢ ᠳᠡᠭᠡᠭᠰᠢᠯᠡᠭᠦᠯᠪᠡ᠃ ᠠᠶ᠋ᠢᠮᠠᠭ᠎ᠤᠨ ᠭᠠᠳᠠᠨ᠎ᠠ ᠡᠮᠴᠢᠯᠡᠭᠦᠯᠵᠦ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠢ ᠳᠠᠩᠰᠠᠯᠠᠭᠤᠯᠤᠭᠰᠠᠨ᠎ᠤ ᠳᠠᠷᠠᠭ᠎ᠠ᠂ ᠡᠮᠨᠡᠯᠭᠡ᠎ᠳᠤ ᠰᠠᠭᠤᠭᠰᠠᠨ (ᠳᠠᠬᠢᠨ ᠪᠠᠶ᠋ᠢᠴᠠᠭ᠋ᠠᠭᠰᠠᠨ)᠎ᠳᠤ ᠡᠭᠦᠰᠦᠭᠰᠡᠨ ᠡᠮ ᠡᠮᠨᠡᠯᠭᠡ ᠵᠢᠨ ᠵᠠᠷᠤᠳᠠᠯ᠎ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥ ᠵᠢᠨ ᠳᠥᠯᠥᠬᠦ ᠬᠠᠷᠢᠴᠠᠯ᠎ᠢ ᠤᠤᠯ᠎ᠤᠨ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠲᠤᠬᠠᠶ ᠵᠢᠨ ᠭᠠᠵᠠᠷᠤᠨᠬᠢᠠᠴᠠ 10%᠎ᠪᠠᠷ ᠪᠠᠭᠤᠷᠠᠭᠤᠯᠵᠤ ᠪᠠᠶ᠋ᠢᠭᠰᠠᠨ᠎ᠢ 5% ᠪᠣᠯᠭ᠋ᠠᠨ ᠲᠣᠬᠢᠷᠠᠭᠤᠯᠪᠠ᠃ ᠭᠤᠷᠪᠠ᠎ᠳᠤ᠂ ᠨᠢᠭᠡᠳᠦᠯᠲᠡᠶ ᠲᠥᠯᠥᠪᠯᠡᠬᠦ ᠣᠷᠣᠨ᠎ᠤ ᠳᠣᠲᠣᠷᠠᠬᠢ ᠡᠭᠦᠳᠡᠨ ᠡᠮᠨᠡᠯᠭᠡ ᠵᠢᠨ ᠳᠠᠪᠲᠠᠨ ᠪᠠᠶ᠋ᠢᠴᠠᠭ᠋ᠠᠬᠤ ᠵᠠᠷᠤᠳᠠᠯ᠎ᠢ ᠡᠮ ᠡᠮᠨᠡᠯᠭᠡ ᠵᠢᠨ ᠳᠠᠭ᠋ᠠᠳᠬᠠᠯ᠎ᠤᠨ ᠲᠠᠩᠰᠠ ᠲᠠᠶ᠋ᠢᠯᠬᠤ ᠬᠡᠪᠴᠢᠶᠡᠨ᠎ᠳᠤ ᠣᠷᠤᠭᠤᠯᠪᠠ᠃ ᠠᠶ᠋ᠢᠮᠠᠭ᠎ᠤᠨ ᠳᠣᠲᠣᠭ᠋ᠠᠳᠤ᠎ᠳᠠᠭᠠᠨ ᠡᠮᠨᠡᠭᠦᠯᠦᠭᠰᠡᠨ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠂ ᠬᠣᠣᠷᠲᠤ ᠬᠠᠪᠤᠳᠠᠷ᠎ᠤᠨ ᠮᠡᠰᠡ ᠵᠠᠰᠠᠯ᠎ᠤᠨ ᠳᠠᠷᠠᠭ᠋ᠠᠬᠢ ᠡᠭᠦᠳᠡᠨ ᠡᠮᠨᠡᠯᠭᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠳᠠᠪᠲᠠᠨ ᠪᠠᠶ᠋ᠢᠴᠠᠭ᠋ᠠᠬᠤ᠂ ᠡᠷᠬᠡᠲᠡᠨ ᠰᠢᠯᠵᠢᠭᠦᠯᠬᠦ ᠮᠡᠰᠡ ᠵᠠᠰᠠᠯ᠎ᠤᠨ ᠳᠠᠷᠠᠭ᠋ᠠᠬᠢ ᠡᠭᠦᠳᠡᠨ ᠡᠮᠨᠡᠯᠭᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠳᠠᠪᠲᠠᠨ ᠪᠠᠶ᠋ᠢᠴᠠᠭ᠋ᠠᠬᠤ᠂ ᠬᠣᠪᠣᠷ ᠲᠣᠬᠢᠶᠠᠯᠳᠤᠬᠤ ᠡᠪᠡᠳᠴᠢᠲᠡᠨ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠳᠠᠪᠲᠠᠨ ᠪᠠᠶ᠋ᠢᠴᠠᠭ᠋ᠠᠬᠤ᠂ ᠭᠠᠪᠠᠯᠠ ᠲᠠᠷᠢᠬᠢ ᠵᠢᠨ ᠡᠪᠡᠳᠴᠢᠨ᠎ᠤ ᠮᠡᠰᠡ ᠵᠠᠰᠠᠯ᠎ᠤᠨ ᠳᠠᠷᠠᠭ᠋ᠠᠬᠢ ᠡᠭᠦᠳᠡᠨ ᠡᠮᠨᠡᠯᠭᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠳᠠᠪᠲᠠᠨ ᠪᠠᠶ᠋ᠢᠴᠠᠭ᠋ᠠᠬᠤ᠂ ᠵᠢᠷᠦᠬᠡ᠂ ᠠᠭᠤᠰᠬᠢ᠂ ᠡᠯᠢᠭᠡ᠂ ᠰᠥᠰᠥ᠂ ᠬᠣᠳᠣᠭᠣᠳᠣ᠂ ᠪᠥᠭᠡᠷ᠎ᠡ᠂ ᠨᠣᠶ᠋ᠢᠷ᠎ᠤᠨ ᠪᠤᠯᠴᠢᠷᠬᠠᠶ ᠵᠡᠷᠭᠡ ᠴᠢᠬᠤᠯᠠ ᠴᠤᠯᠤ ᠰᠠᠪᠠ ᠵᠢᠨ ᠭᠤᠷᠪᠠᠳᠤᠭ᠋ᠠᠷ ᠳᠡᠰ᠎ᠠᠴᠠ ᠳᠡᠭᠡᠭᠰᠢᠬᠢ ᠮᠡᠰᠡ ᠵᠠᠰᠠᠯ᠎ᠤᠨ ᠳᠠᠷᠠᠭ᠋ᠠᠬᠢ ᠡᠭᠦᠳᠡᠨ ᠡᠮᠨᠡᠯᠭᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠳᠠᠪᠲᠠᠨ ᠪᠠᠶ᠋ᠢᠴᠠᠭ᠋ᠠᠬᠤ᠎ᠠᠴᠠ ᠪᠣᠯᠤᠭᠰᠠᠨ ᠡᠮ ᠡᠮᠨᠡᠯᠭᠡ ᠵᠢᠨ ᠵᠠᠷᠤᠳᠠᠯ᠎ᠢ ᠡᠮᠨᠡᠯᠭᠡ᠎ᠳᠤ ᠰᠠᠭᠤᠭᠰᠠᠨ ᠵᠠᠷᠤᠳᠠᠯ᠎ᠢ ᠳᠥᠯᠥᠬᠦ ᠲᠥᠷᠥ ᠵᠢᠨ ᠪᠣᠳᠣᠯᠭ᠎ᠠ᠎ᠪᠠᠷ ᠳᠠᠩᠰᠠ ᠳᠡᠶ᠋ᠢᠯᠵᠦ᠂ ᠵᠢᠯ᠎ᠳᠤ ᠨᠢᠭᠡ ᠯᠡ ᠤᠳᠠᠭ᠎ᠠ ᠡᠬᠢᠯᠡᠵᠦ ᠳᠥᠯᠥᠬᠦ ᠱᠤᠭᠤᠮ᠎ᠢ ᠪᠤᠳᠤᠨ᠎ᠠ᠃ ᠠᠶ᠋ᠢᠮᠠᠭ᠎ᠤᠨ ᠭᠠᠳᠠᠨ᠎ᠠ ᠡᠮᠨᠡᠭᠦᠯᠦᠭᠰᠡᠨ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠠᠶ᠋ᠢᠮᠠᠭ᠎ᠤᠨ ᠳᠣᠲᠣᠷᠠᠬᠢ ᠬᠣᠶᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠲᠣᠭᠲᠠᠮᠠᠯ ᠴᠡᠭ᠎ᠤᠨ ᠡᠮᠨᠡᠯᠭᠡ ᠵᠢᠨ ᠬᠣᠷᠢᠶ᠎ᠠ᠎ᠳᠤ ᠳᠠᠬᠢᠨ ᠪᠠᠶ᠋ᠢᠴᠠᠭ᠋ᠠᠭ᠋ᠠᠳ ᠡᠭᠦᠰᠦᠭᠰᠡᠨ ᠡᠭᠦᠳᠡᠨ ᠡᠮᠨᠡᠯᠭᠡ ᠵᠢᠨ ᠵᠠᠷᠤᠳᠠᠯ᠎ᠢ ᠡᠮᠨᠡᠯᠭᠡ᠎ᠳᠤ ᠰᠠᠭᠤᠭᠰᠠᠨ ᠵᠠᠷᠤᠳᠠᠯ᠎ᠢ ᠳᠥᠯᠥᠬᠦ ᠲᠥᠷᠥ ᠵᠢᠨ ᠪᠣᠳᠣᠯᠭ᠎ᠠ ᠵᠢᠨ ᠶᠣᠰᠣᠭ᠋ᠠᠷ ᠲᠠᠩᠰᠠ ᠳᠡᠶ᠋ᠢᠯᠵᠦ᠂ ᠣᠨ᠎ᠳᠤ ᠡᠬᠢᠯᠡᠵᠦ ᠳᠥᠯᠥᠬᠦ ᠱᠤᠭᠤᠮ᠎ᠢ ᠨᠢᠭᠡ ᠯᠡ ᠤᠳᠠᠭ᠎ᠠ ᠪᠤᠳᠤᠨ᠎ᠠ᠃
ᠬᠣᠶᠠᠷ᠂ ᠣᠨᠴᠠ ᠤᠳᠠᠭ᠋ᠠᠨ ᠴᠢᠨᠠᠷᠲᠠᠶ ᠡᠪᠡᠳᠴᠢᠨ᠎ᠤ ᠡᠭᠦᠳᠡᠨ ᠡᠮᠨᠡᠯᠭᠡ ᠵᠢᠨ ᠡᠮᠴᠢᠯᠡᠭᠡᠨ᠎ᠤ ᠣᠯᠭᠣᠮᠵᠢ ᠵᠢ ᠳᠡᠭᠡᠭᠰᠢᠯᠡᠭᠦᠯᠪᠡ
ᠤᠳᠠᠭ᠋ᠠᠨ ᠴᠢᠨᠠᠷᠳᠠᠢ ᠡᠪᠡᠳᠴᠢᠨ᠂ ᠣᠨᠴᠠᠭ᠋ᠠᠶ ᠡᠪᠡᠳᠴᠢᠨ᠎ᠤ ᠵᠦᠢ᠍ᠯ᠎ᠤᠨ ᠲᠣᠭ᠎ᠠ ᠬᠡᠮᠵᠢᠶ᠎ᠡ ᠵᠢ ᠥᠷᠭᠡᠳᠬᠡᠵᠦ᠂ ᠬᠤᠳᠠ ᠪᠠᠯᠭ᠋ᠠᠰᠤᠨ᠎ᠤ ᠠᠵᠢᠯᠳᠠᠨ ᠠᠵᠢᠯᠴᠢᠨ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠳᠠᠢ ᠡᠪᠡᠳᠴᠢᠨ᠂ ᠣᠨᠴᠠᠭ᠋ᠠᠶ ᠡᠪᠡᠳᠴᠢᠨ᠎ᠤ ᠵᠦᠢ᠍ᠯ᠎ᠢ ᠲᠤᠰ ᠲᠤᠰ 17 ᠵᠦᠢ᠍ᠯ᠂ 22 ᠵᠦᠢ᠍ᠯ ᠪᠠᠶ᠋ᠢᠭᠰᠠᠨ᠎ᠠᠴᠠ᠎ᠨᠢ 30 ᠵᠦᠢ᠍ᠯ ᠪᠣᠯᠭ᠋ᠠᠨ ᠨᠢᠭᠡᠳᠦᠯᠲᠡᠶ ᠥᠷᠭᠡᠳᠬᠡᠪᠡ; ᠡᠭᠦᠳᠡᠨ ᠡᠮᠨᠡᠯᠭᠡ ᠵᠢᠨ ᠣᠨᠴᠠᠭ᠋ᠠᠢ ᠡᠪᠡᠳᠴᠢᠨ᠂ ᠤᠳᠠᠭ᠋ᠠᠨ ᠴᠢᠨᠠᠷᠲᠠᠶ ᠡᠪᠡᠳᠴᠢᠨ᠎ᠤ ᠡᠮᠴᠢᠯᠡᠭᠡᠨ᠎ᠤ ᠣᠯᠭᠣᠮᠵᠢ ᠵᠢ ᠳᠡᠭᠡᠭᠰᠢᠯᠡᠭᠦᠯᠵᠦ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠭᠦᠳᠡᠨ ᠡᠮᠨᠡᠯᠭᠡ ᠵᠢᠨ ᠣᠨᠴᠠᠭ᠋ᠠᠢ ᠡᠪᠡᠳᠴᠢᠲᠡᠨ᠎ᠤ ᠡᠮᠴᠢᠯᠡᠭᠡᠨ᠎ᠤ ᠵᠠᠷᠤᠳᠠᠯ᠎ᠢ ᠨᠢᠭᠡᠳᠦᠯᠲᠡᠶ ᠲᠥᠯᠥᠪᠯᠡᠬᠦ ᠲᠣᠭᠣᠷᠢᠭ᠎ᠤᠨ ᠡᠮᠨᠡᠯᠭᠡ᠎ᠳᠤ ᠰᠠᠭᠤᠬᠤ ᠲᠥᠷᠥ ᠵᠢᠨ ᠪᠣᠳᠣᠯᠭ᠎ᠠ᠎ᠪᠠᠷ ᠯᠠᠪᠯᠠᠯᠲᠠ ᠪᠣᠯᠭ᠋ᠠᠨ ᠵᠠᠷᠤᠯᠭ᠎ᠠ ᠮᠡᠳᠡᠭᠦᠯᠬᠦ ᠵᠢ ᠵᠥᠪᠰᠢᠶᠡᠷᠡᠵᠦ᠂ ᠥᠩᠭᠡᠷᠡᠭᠰᠡᠨ᠎ᠳᠤ ᠳᠠᠭ᠋ᠠᠳᠬᠠᠯ᠎ᠳᠤ ᠣᠷᠣᠯᠴᠠᠭᠰᠠᠨ ᠬᠥᠮᠦᠰ᠎ᠤᠨ ᠵᠥᠪᠬᠡᠨ ᠨᠢᠭᠡ ᠯᠡ ᠵᠦᠢ᠍ᠯ᠎ᠤᠨ ᠤᠳᠠᠭ᠋ᠠᠨ ᠴᠢᠨᠠᠷᠲᠠᠶ ᠡᠪᠡᠳᠴᠢᠨ᠎ᠤ ᠡᠮᠴᠢᠯᠡᠭᠡᠨ᠎ᠤ ᠡᠮ᠎ᠢ ᠵᠠᠷᠤᠯᠭ᠎ᠠ ᠮᠡᠳᠡᠭᠦᠯᠬᠦ᠎ᠪᠠᠷ ᠮᠡᠳᠡᠭᠦᠯᠵᠦ ᠪᠣᠯᠬᠤ ᠵᠢ ᠣᠯᠠᠨ ᠵᠦᠢ᠍ᠯ᠎ᠤᠨ ᠤᠳᠠᠭ᠋ᠠᠨ ᠴᠢᠨᠠᠷᠲᠠᠶ ᠡᠪᠡᠳᠴᠢᠨ᠎ᠤ ᠣᠨᠣᠰᠢᠯᠠᠯ᠎ᠳᠤ ᠨᠡᠶ᠋ᠢᠴᠡᠬᠦ ᠡᠮ᠎ᠤᠨ ᠵᠦᠢ᠍ᠯ ᠪᠣᠯᠭ᠋ᠠᠨ ᠳᠣᠭᠢᠷᠠᠭᠤᠯᠵᠤ᠂ ᠬᠠᠮᠤᠭ᠎ᠤᠨ ᠥᠨᠳᠥᠷ ᠬᠢᠵᠠᠭ᠋ᠠᠷ ᠲᠣᠭ᠎ᠠ ᠵᠢ ᠬᠡᠷᠡᠭᠵᠢᠭᠦᠯᠪᠡ᠃
ᠭᠤᠷᠪᠠ᠂ ᠡᠭᠦᠳᠡᠨ ᠡᠮᠨᠡᠯᠭᠡ ᠵᠢᠨ ᠣᠨᠴᠠ ᠤᠳᠠᠭ᠋ᠠᠨ ᠴᠢᠨᠠᠷᠲᠠᠶ ᠡᠪᠡᠳᠴᠢᠨ᠎ᠢ ᠬᠢᠨᠠᠨ ᠵᠥᠪᠰᠢᠶᠡᠷᠡᠬᠦ ᠡᠷᠬᠡ ᠮᠡᠳᠡᠯ᠎ᠢ ᠳᠣᠷᠣᠭᠰᠢ ᠪᠠᠭᠤᠯᠭ᠋ᠠᠪᠠ
ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠ ᠡᠪᠡᠳᠴᠢᠨ᠎ᠢ ᠬᠢᠨᠠᠨ ᠵᠥᠪᠰᠢᠶᠡᠷᠡᠬᠦ ᠡᠷᠬᠡ ᠮᠡᠳᠡᠯ᠎ᠤᠨ ᠬᠡᠪᠴᠢᠶ᠎ᠡ ᠵᠢ ᠡᠯ᠎ᠡ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ᠎ᠠᠴᠠ ᠬᠣᠶᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠴᠢᠭ ᠲᠣᠭᠲᠠᠭ᠋ᠠᠭᠰᠠᠨ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠪᠠᠭᠤᠯᠭ᠋ᠠᠵᠤ᠂ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ᠎ᠤ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠ ᠡᠪᠡᠳᠴᠢᠨ᠎ᠤ ᠣᠯᠭᠣᠮᠵᠢ ᠵᠢ ᠦᠭᠬᠦ ᠦᠶ᠎ᠡ᠎ᠳᠤ ᠪᠥᠬᠥ ᠠᠶ᠋ᠢᠮᠠᠭ᠎ᠤᠨ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠ ᠡᠪᠡᠳᠴᠢᠨ᠎ᠳᠤ 《ᠭᠤᠷᠪᠠ ᠵᠢ ᠲᠣᠭᠲᠠᠭ᠋ᠠᠬᠤ》 ᠬᠠᠮᠢᠶᠠᠷᠤᠯᠲᠠ ᠵᠢ ᠬᠡᠷᠡᠭᠵᠢᠭᠦᠯᠪᠡ᠂ ᠲᠤᠬᠠᠶ᠋ᠢᠯᠠᠪᠠᠯ ᠴᠢᠭ ᠲᠣᠭᠲᠠᠭ᠋ᠠᠨ ᠬᠢᠨᠠᠨ ᠲᠣᠭᠲᠠᠭ᠋ᠠᠬᠤ ᠬᠠᠷᠢᠭᠤᠴᠠᠯᠭ᠋ᠠᠲᠤ ᠡᠮᠨᠡᠯᠭᠡ ᠵᠢᠨ ᠬᠣᠷᠢᠶ᠎ᠠ᠂ ᠴᠢᠭ ᠲᠣᠭᠲᠠᠭ᠋ᠠᠨ ᠬᠢᠨᠠᠨ ᠲᠣᠭᠲᠠᠭ᠋ᠠᠬᠤ ᠬᠠᠷᠢᠭᠤᠴᠠᠯᠭ᠋ᠠᠲᠤ ᠡᠮᠴᠢ᠂ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠ ᠡᠪᠡᠳᠴᠢᠨ᠎ᠤ ᠴᠢᠭ ᠲᠣᠭᠲᠠᠭ᠋ᠠᠨ ᠡᠮᠴᠢᠯᠡᠭᠡᠨ᠎ᠤ ᠪᠠᠶ᠋ᠢᠭᠤᠯᠤᠮᠵᠢ ᠪᠣᠯᠤᠨ᠎ᠠ᠃ ᠪᠥᠬᠥ ᠠᠶ᠋ᠢᠮᠠᠭ᠎ᠤᠨ ᠬᠣᠶᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠴᠢᠭ ᠲᠣᠭᠲᠠᠭ᠋ᠠᠭᠰᠠᠨ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠ ᠡᠪᠡᠳᠴᠢᠨ᠎ᠢ ᠬᠢᠨᠠᠨ ᠲᠣᠭᠲᠠᠭ᠋ᠠᠬᠤ ᠪᠠᠶ᠋ᠢᠭᠤᠯᠤᠮᠵᠢ ᠪᠣᠯᠭ᠋ᠠᠨ᠎ᠠ᠃ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠ ᠡᠪᠡᠳᠴᠢᠨ᠎ᠢ ᠬᠢᠨᠠᠨ ᠲᠣᠭᠲᠠᠭ᠋ᠠᠬᠤ᠎ᠳᠤ ᠬᠢᠨᠠᠨ ᠲᠣᠭᠲᠠᠭ᠋ᠠᠬᠤ ᠡᠮᠴᠢ ᠵᠢᠨ ᠬᠠᠷᠢᠭᠤᠴᠠᠯᠭ᠎ᠠ ᠵᠢᠨ ᠲᠦᠷᠢᠮ᠎ᠢ ᠬᠡᠷᠡᠭᠵᠢᠭᠦᠯᠵᠦ᠂ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ᠎ᠤ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠ ᠡᠪᠡᠳᠴᠢᠨ᠎ᠢ ᠵᠥᠪᠰᠢᠶᠡᠷᠡᠨ ᠣᠷᠣᠭᠤᠯᠬᠤ ᠪᠠᠷᠢᠮᠵᠢᠶ᠎ᠠ᠎ᠳᠤ ᠬᠦᠷᠦᠭᠰᠡᠨ ᠡᠰᠡᠬᠦ ᠵᠢ ᠬᠢᠨᠠᠨ ᠲᠣᠭᠲᠠᠭ᠋ᠠᠬᠤ ᠵᠢ ᠬᠠᠷᠢᠭᠤᠴᠠᠪᠠ᠃ ᠰᠢᠯᠭ᠋ᠠᠨ ᠲᠣᠭᠲᠠᠭ᠋ᠠᠬᠤ ᠡᠮᠴᠢ ᠰᠢᠯᠭ᠋ᠠᠨ ᠲᠣᠭᠲᠠᠭ᠋ᠠᠬᠤ ᠶᠠᠪᠤᠴᠠ᠎ᠳᠠᠭᠠᠨ ᠲᠤᠰ ᠬᠣᠷᠢᠶᠠᠨ᠎ᠤ᠎ᠪᠠᠨ ᠡᠪᠡᠳᠴᠢᠨ᠎ᠤ ᠬᠡᠷᠡᠭ᠎ᠤᠨ ᠮᠠᠲ᠋ᠧᠷᠢᠶᠠᠯ᠎ᠢ ᠦᠨᠳᠦᠰᠦᠯᠡᠵᠦ ᠪᠣᠯᠤᠨ᠎ᠠ᠂ ᠪᠠᠰᠠ ᠡᠪᠡᠳᠴᠢᠲᠡᠨ᠎ᠤ ᠣᠨᠳᠣᠣ ᠭᠠᠵᠠᠷ᠎ᠤᠨ ᠭᠤᠷᠪᠠᠳᠤᠭ᠋ᠠᠷ ᠳᠡᠰ ᠵᠢᠴᠢ ᠡᠰᠡᠬᠦᠯ᠎ᠡ ᠬᠣᠶᠠᠳᠤᠭ᠋ᠠᠷ ᠳᠡᠰ᠎ᠠᠴᠠ ᠳᠡᠭᠡᠭᠰᠢᠬᠢ ᠲᠤᠰᠬᠠᠶ ᠰᠠᠯᠠᠭ᠎ᠠ ᠵᠢᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠪᠡᠳᠴᠢᠨ᠎ᠤ ᠬᠡᠷᠡᠭ᠎ᠤᠨ ᠮᠠᠲ᠋ᠧᠷᠢᠶᠠᠯ᠎ᠢ ᠦᠨᠳᠦᠰᠦᠯᠡᠵᠦ ᠰᠢᠯᠭ᠋ᠠᠨ ᠲᠣᠭᠲᠠᠭ᠋ᠠᠯᠲᠠ ᠬᠢᠵᠦ ᠪᠣᠯᠤᠨ᠎ᠠ᠂ ᠰᠢᠯᠭ᠋ᠠᠨ ᠲᠣᠭᠲᠠᠭ᠋ᠠᠯᠭ᠋ᠠᠬᠤ᠎ᠪᠠᠷ ᠰᠢᠯᠲᠠᠭ ᠪᠣᠯᠭ᠋ᠠᠵᠤ ᠡᠪᠡᠳᠴᠢᠲᠡᠨ᠎ᠢ ᠳᠠᠪᠲᠠᠨ ᠪᠠᠶ᠋ᠢᠴᠠᠭ᠋ᠠᠯᠭ᠋ᠠᠬᠤ ᠪᠤᠶᠤ ᠡᠮᠨᠡᠯᠭᠡ᠎ᠳᠤ ᠰᠠᠭᠤᠯᠭ᠋ᠠᠬᠤ᠎ᠪᠠᠷ ᠱᠠᠭ᠋ᠠᠷᠳᠠᠵᠤ ᠪᠣᠯᠬᠤ ᠦᠭᠡᠢ᠃ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ ᠡᠮ᠎ᠤᠨ ᠵᠣᠷ᠂ ᠡᠮ ᠡᠮᠨᠡᠯᠭᠡ ᠵᠢᠨ ᠳᠠᠭ᠋ᠠᠳᠬᠠᠯ᠎ᠤᠨ ᠺᠠᠷᠲ᠂ 《ᠭᠤᠶᠤᠴᠢᠯᠠᠯ᠎ᠤᠨ ᠬᠦᠰᠦᠨᠦᠭᠲᠦ》᠎ᠪᠠᠷ ᠵᠶ᠋ᠠᠨ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠ ᠡᠪᠡᠳᠴᠢᠨ᠎ᠤ ᠲᠣᠭᠲᠠᠭᠰᠠᠨ ᠪᠠᠶ᠋ᠢᠭᠤᠯᠤᠮᠵᠢ᠎ᠳᠤ ᠬᠦᠷᠴᠦ ᠡᠮᠨᠡᠭᠦᠯᠦᠭᠡᠳ ᠡᠮ ᠬᠤᠳᠠᠯᠳᠤᠨ ᠠᠪᠤᠨ᠎ᠠ᠃
ᠳᠥᠷᠪᠡ᠂ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠢ ᠠᠳᠠᠯᠢ ᠲᠡᠭᠰᠢ ᠪᠣᠯᠭ᠋ᠠᠬᠤ ᠵᠢ ᠠᠬᠢᠭᠤᠯᠪᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠵᠤ᠂ ᠡᠮ ᠡᠮᠨᠡᠯᠭᠡ ᠵᠢᠨ ᠪᠠᠳᠤᠯᠠᠭ᠎ᠠ ᠵᠢᠨ ᠦᠢ᠍ᠯᠡᠴᠢᠯᠡᠭᠡ ᠵᠢ ᠠᠳᠠᠯᠢ ᠲᠡᠭᠰᠢ ᠪᠣᠯᠭ᠋ᠠᠬᠤ ᠵᠢ ᠠᠬᠢᠭᠤᠯᠵᠤ᠂ ᠨᠡᠶ᠋ᠢᠭᠡᠮᠯᠢᠭ᠎ᠤᠨ᠎ᠬᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠲᠠᠢ ᠬᠣᠯᠪᠣᠭ᠋ᠠᠯᠠᠨ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠵᠤ ᠬᠢᠲᠠᠳ ᠮᠣᠩᠭᠣᠯ ᠡᠮᠨᠡᠯᠭᠡ ᠵᠢᠨ 13 ᠲᠦᠷᠦᠯ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠦᠨᠡᠯᠡᠨ ᠨᠤᠲᠠᠯᠠᠬᠤ ᠵᠢᠴᠢ ᠬᠠᠮᠲᠤ᠎ᠪᠠᠷ ᠬᠢᠨᠠᠨ ᠵᠥᠪᠯᠡᠵᠦ᠂ ᠰᠢᠢ᠍ᠳᠪᠦᠷᠢ᠎ᠪᠠᠷ ᠳᠠᠮᠵᠢᠨ ᠡᠮ᠎ᠤᠨ ᠰᠠᠪᠠ ᠵᠢᠨ ᠵᠠᠰᠠᠯᠭ᠎ᠠ ᠵᠡᠷᠭᠡ 2 ᠮᠣᠩᠭᠣᠯ ᠡᠮᠨᠡᠯᠭᠡ ᠵᠢᠨ ᠲᠦᠷᠦᠯ ᠵᠦᠢ᠍ᠯ ᠪᠣᠯᠤᠨ ᠰᠠᠪᠠ ᠵᠢᠨ ᠵᠠᠰᠠᠯᠭ᠎ᠠ᠂ ᠬᠠᠯᠠᠭᠤᠨ ᠵᠡᠭᠦᠦ ᠵᠢᠨ ᠵᠠᠰᠠᠯᠭ᠎ᠠ ᠵᠡᠷᠭᠡ 11 ᠬᠢᠲᠠᠳ ᠡᠮᠨᠡᠯᠭᠡ ᠵᠢᠨ ᠲᠦᠷᠦᠯ ᠵᠦᠢ᠍ᠯ᠎ᠤᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠲᠤᠬᠢᠷᠠᠭᠤᠯᠤᠨ ᠨᠢᠭᠡᠳᠬᠡᠵᠡᠢ᠃
ᠲᠠᠪᠤ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠰᠦᠯᠵᠢᠶᠡᠨ᠎ᠳᠤ ᠬᠣᠯᠪᠣᠬᠤ ᠲᠠᠰ ᠳᠠᠷᠠᠭ᠋ᠠᠯᠠᠯ᠎ᠢ ᠰᠢᠯᠢᠳᠡᠭᠵᠢᠭᠦᠯᠪᠡ
4 ᠳ᠋ᠤᠭᠡᠷ ᠰᠠᠷ᠎ᠠ ᠵᠢᠨ 27᠎ᠤ ᠡᠳᠦᠷ᠎ᠠᠴᠠ ᠡᠬᠢᠯᠡᠨ᠂ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠨᠢ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠲᠠᠰ ᠳᠠᠷᠠᠭ᠋ᠠᠯᠠᠯ᠎ᠢ ᠤᠯᠠᠮ ᠨᠢᠭᠡ ᠠᠯᠬᠤᠮ ᠳᠥᠭᠥᠮᠴᠢᠯᠡᠪᠡ᠃ ᠳᠥᠭᠥᠮᠴᠢᠯᠡᠭᠰᠡᠨᠤ ᠳᠠᠷᠠᠭ᠎ᠠ᠂ ᠰᠦᠯᠵᠢᠶᠡᠨ᠎ᠳᠤ ᠬᠤᠯᠪᠤᠬᠤ᠎ᠪᠠᠷ ᠭᠤᠶᠤᠴᠢᠯᠠᠭᠰᠠᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠦᠢ᠍ᠯᠡᠳᠪᠦᠷᠢᠯᠡᠬᠦ ᠠᠵᠤ ᠠᠬᠤᠶ᠋ᠢᠯᠠᠯ (ᠭᠠᠳᠠᠭ᠋ᠠᠳᠤ᠎ᠠᠴᠠ ᠣᠷᠣᠭᠤᠯᠬᠤ ᠠᠵᠤ ᠠᠬᠤᠶ᠋ᠢᠯᠠᠯ᠎ᠤᠨ ᠤᠯᠤᠰ᠎ᠤᠨ ᠳᠣᠲᠣᠭ᠋ᠠᠳᠤ ᠵᠢᠨ ᠶᠡᠷᠦᠩᠬᠡᠶ ᠣᠷᠣᠯᠠᠭᠴᠢ ᠪᠠᠭᠲᠠᠨ᠎ᠠ)᠎ᠠᠴᠠ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶ᠎ᠡ᠎ᠪᠠᠷ ᠳᠠᠮᠵᠢᠭᠤᠯᠤᠨ ᠰᠢᠭᠤᠳ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠥᠪ᠎ᠲᠤ ᠰᠦᠯᠵᠢᠶᠡᠨ᠎ᠳᠤ ᠬᠤᠯᠪᠤᠬᠤ ᠭᠤᠶᠤᠴᠢᠯᠠᠯ ᠭᠠᠷᠭ᠋ᠠᠨ᠎ᠠ᠃ ᠬᠢᠨᠠᠨ ᠬᠠᠷᠭᠤᠭᠤᠯᠤᠭ᠋ᠠᠳ ᠠᠯᠳᠠᠭ᠎ᠠ ᠥᠬᠡᠶ ᠪᠣᠯ ᠰᠦᠯᠵᠢᠶᠡᠨ᠎ᠳᠤ ᠬᠤᠯᠪᠤᠬᠤ᠂ ᠥᠩᠭᠡᠷᠡᠭᠰᠡᠨ᠎ᠳᠤ ᠡᠮᠴᠢᠯᠡᠭᠡᠨ᠎ᠤ ᠪᠠᠶ᠋ᠢᠭᠤᠯᠤᠮᠵᠢ᠎ᠠᠴᠠ ᠭᠤᠶᠤᠴᠢᠯᠠᠯ ᠭᠠᠷᠭ᠋ᠠᠬᠤ ᠴᠢᠬᠤᠯᠠᠲᠠᠶ ᠪᠠᠶ᠋ᠢᠭᠰᠠᠨ᠂ ᠬᠣᠰᠢᠭᠤ ᠰᠢᠶᠠᠨ᠂ ᠠᠶ᠋ᠢᠮᠠᠭ ᠬᠣᠲᠠ ᠵᠢᠨ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠠᠴᠠ ᠱᠠᠲᠤ ᠳᠠᠷᠠᠭ᠋ᠠᠯᠠᠨ ᠬᠢᠨᠠᠨ ᠬᠠᠷᠭᠤᠭᠤᠯᠬᠤ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠡᠮ ᠬᠤᠳᠠᠯᠳᠤᠨ ᠠᠪᠬᠤ ᠲᠥᠪ᠎ᠲᠤ ᠮᠡᠳᠡᠭᠦᠯᠦᠨ ᠵᠥᠪᠰᠢᠶᠡᠷᠡᠭᠦᠯᠦᠭᠰᠡᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠰᠦᠯᠵᠢᠶᠡᠨ᠎ᠳᠤ ᠬᠤᠯᠪᠤᠬᠤ ᠲᠠᠰ ᠳᠠᠷᠠᠭ᠋ᠠᠯᠠᠯ᠎ᠢ ᠰᠢᠯᠢᠳᠡᠭᠵᠢᠭᠦᠯᠪᠡ᠃