ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠤᠪᠴᠢᠶ᠎ᠠ ᠮᠠᠨ᠎ᠤ ᠣᠷᠣᠨ᠎ᠳᠤ ᠡᠮ ᠡᠮᠨᠡᠯᠭᠡ ᠵᠢᠨ ᠳᠠᠭ᠋ᠠᠳᠬᠠᠯ᠎ᠤᠨ ᠣᠶᠤᠨᠴᠢ ᠬᠢᠨᠠᠨ ᠡᠵᠡᠮᠳᠡᠬᠦ ᠠᠵᠢᠯ᠎ᠳᠤ ᠪᠠᠢ᠌ᠴᠠᠭ᠋ᠠᠨ ᠰᠤᠳᠤᠯᠤᠯᠳᠠ ᠬᠢᠪᠡ
ᠨᠡᠶ᠋ᠢᠲᠡᠯᠡᠭᠰᠡᠨ ᠴᠠᠭ᠄ 2021-06-18

      6 ᠳ᠋ᠤᠭ᠋ᠠᠷ ᠰᠠᠷ᠎ᠠ ᠵᠢᠨ 16᠎ᠤ ᠡᠳᠦᠷ᠎ᠠᠴᠠ 17᠎ᠤ ᠡᠳᠦᠷ ᠪᠣᠯᠲᠠᠯ᠎ᠠ᠂ ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠤᠪᠴᠢᠶ᠎ᠠ ᠵᠢᠨ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠵᠤᠷᠭ᠋ᠠᠨ᠎ᠤ ᠳ᠋ᠤᠸᠠᠨ ᠵᠧᠩ ᠮᠢᠩ ᠳᠡᠳ᠋ ᠳᠠᠷᠤᠭ᠎ᠠ᠂ ᠶᠤᠸᠠᠨ   ᠾᠦᠢ ᠭᠠᠵᠠᠷ᠎ᠤᠨ ᠳᠠᠷᠤᠭ᠎ᠠ ᠵᠡᠷᠭᠡ ᠳᠥᠷᠪᠡᠨ ᠬᠥᠮᠦᠨ ᠬᠠᠮᠢᠶ᠎ᠠ ᠪᠥᠬᠥᠶ ᠲᠤᠰᠬᠠᠶ ᠮᠡᠷᠭᠡᠵᠢᠯᠲᠡᠨ ᠵᠢᠴᠢ ᠲᠠᠪᠤᠨ ᠮᠤᠵᠢ ᠵᠢᠨ ᠵᠢᠷᠭᠤᠭ᠋ᠠᠨ ᠵᠢᠱ᠌ᠢᠶ᠎ᠡ ᠦᠵᠡᠭᠦᠯᠬᠦ ᠴᠡᠭ᠎ᠤᠨ ᠭᠠᠵᠠᠷ ᠣᠷᠣᠨ᠎ᠤ ᠲᠥᠯᠥᠭᠡᠯᠡᠭᠴᠢᠳ᠎ᠢ ᠳᠠᠭ᠋ᠠᠭᠤᠯᠤᠨ᠂ ᠮᠠᠨ᠎ᠤ ᠣᠷᠣᠨ᠎ᠤ ᠤᠯᠠᠭ᠋ᠠᠨᠴᠠᠪ ᠬᠣᠲᠠ᠎ᠳᠤ ᠭᠦᠨᠵᠡᠭᠡᠶ᠋ᠢᠷᠡᠨ ᠡᠮ ᠡᠮᠨᠡᠯᠭᠡ ᠵᠢᠨ ᠳᠠᠭ᠋ᠠᠳᠬᠠᠯ᠎ᠤᠨ ᠣᠶᠤᠨᠴᠢ ᠬᠢᠨᠠᠨ ᠡᠵᠡᠮᠳᠡᠬᠦ ᠠᠵᠢᠯ᠎ᠢ ᠪᠠᠶ᠋ᠢᠴᠠᠭ᠋ᠠᠨ ᠰᠤᠳᠤᠯᠪᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠤᠪᠴᠢᠶ᠎ᠠ ᠵᠢᠨ ᠳᠠᠷᠤᠭ᠎ᠠ ᠵᠢᠨ ᠮᠠᠨ ᠢ᠂ ᠲᠦᠯᠦᠪᠯᠡᠯᠭᠡᠳᠦ ᠡᠳ᠋᠎ᠤᠨ ᠶᠠᠪᠤᠳᠠᠯ ᠬᠢᠭᠡᠳ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠯᠢ ᠾᠦᠢ ᠶᠤᠸᠠᠨ᠂ ᠤᠯᠠᠭ᠋ᠠᠨᠴᠠᠪ ᠬᠣᠲᠠ ᠵᠢᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠶᠤᠸᠠᠢ ᠶᠠᠨ ᠮᠧᠶ᠂ ᠳᠡᠳ᠋ ᠨᠠᠷᠢᠨ ᠪᠢᠴᠢᠭ᠎ᠤᠨ ᠳᠠᠷᠤᠭ᠎ᠠ ᠡᠤ ᠵᠥᠩ ᠽᠸ ᠵᠢᠴᠢ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠪᠠᠭ᠎ᠤᠨ ᠪᠦᠷᠢᠯᠳᠦᠬᠦᠨ ᠨᠡᠷ ᠪᠠᠷ᠎ᠠ ᠪᠣᠯᠵᠣ ᠪᠠᠶ᠋ᠢᠴᠠᠭ᠋ᠠᠨ ᠰᠤᠳᠤᠯᠤᠯᠲᠠ ᠬᠢᠪᠠ᠃



   ᠶᠠᠷᠢᠯᠴᠠᠬᠤ ᠬᠤᠷᠠᠯ ᠲᠡᠭᠡᠷ᠎ᠡ
      ᠪᠠᠶ᠋ᠢᠴᠠᠭ᠋ᠠᠨ ᠰᠤᠳᠤᠯᠤᠯᠲᠠ ᠬᠢᠬᠦ ᠬᠤᠭᠤᠴᠠᠭ᠋ᠠᠨ᠎ᠳᠤ᠂ ᠤᠯᠠᠭ᠋ᠠᠨᠴᠠᠪ ᠬᠣᠲᠠ᠎ᠳᠤ ᠶᠠᠷᠢᠯᠴᠠᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠬᠤᠷᠠᠯ ᠳᠡᠭᠡᠷ᠎ᠡ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠵᠢᠨ ᠮᠠᠨ ᠢ ᠪᠦᠬᠦ ᠣᠷᠣᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠠᠵᠢᠯ᠎ᠤᠨ ᠪᠠᠶ᠋ᠢᠭᠤᠯᠤᠯᠲᠠ ᠵᠢᠨ ᠦᠨᠳᠦᠷᠴᠡ᠎ᠠᠴᠠ ᠬᠠᠷᠢᠭᠤ ᠮᠡᠳᠡᠭᠦᠯᠦᠯᠲᠡ ᠬᠢᠵᠦ᠂ ᠤᠯᠠᠭ᠋ᠠᠨᠴᠠᠪ ᠬᠣᠲᠠ ᠵᠢᠨ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠸᠠᠩ ᠾᠦᠢ ᠢᠦᠶ ᠡᠮ ᠡᠮᠨᠡᠯᠭᠡ ᠵᠢᠨ ᠳᠠᠭ᠋ᠠᠳᠬᠠᠯ᠎ᠤᠨ ᠳᠠᠷᠠᠭ᠋ᠠᠬᠢ ᠣᠶᠤᠨᠴᠢ ᠬᠢᠨᠠᠨ ᠡᠵᠡᠮᠳᠡᠬᠦ ᠠᠵᠢᠯ᠎ᠤᠨ ᠰᠢᠰᠲ᠋ᠧᠮ᠎ᠤᠨ ᠪᠠᠶ᠋ᠢᠭᠤᠯᠤᠯᠲᠠ ᠵᠢᠨ ᠪᠠᠶ᠋ᠢᠳᠠᠯ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠬᠡᠷᠡᠭ᠎ᠤᠨ ᠡᠮᠦᠨᠡᠬᠢ ᠪᠠ ᠬᠡᠷᠡᠭ᠎ᠤᠨ ᠳᠤᠮᠳᠠᠬᠢ ᠬᠢᠨᠠᠨ ᠡᠵᠡᠮᠳᠡᠬᠦ ᠰᠢᠰᠲ᠋ᠧᠮ᠎ᠤᠨ ᠪᠠᠶ᠋ᠢᠭᠤᠯᠤᠯᠲᠠ ᠵᠢᠨ ᠪᠠᠶ᠋ᠢᠳᠠᠯ᠂ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠡᠮ᠎ᠤᠨ ᠵᠦᠢ᠍ᠯ᠎ᠤᠨ 《ᠣᠷᠣᠭᠤᠯᠵᠤ ᠪᠣᠷᠣᠯᠠᠭᠤᠯᠬᠤ ᠬᠠᠳᠠᠭ᠋ᠠᠯᠠᠬᠤ》 ᠬᠠᠮᠢᠶᠠᠷᠤᠯᠲᠠ ᠵᠢᠨ ᠰᠢᠰᠲ᠋ᠧᠮ᠎ᠤᠨ ᠪᠠᠶ᠋ᠢᠭᠤᠯᠤᠯᠲᠠ ᠵᠢᠨ ᠪᠠᠶ᠋ᠢᠳᠠᠯ ᠵᠡᠷᠭᠡ ᠲᠠᠯ᠎ᠠ᠎ᠪᠠᠷ ᠲᠣᠰ ᠬᠣᠲᠠ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠣᠶᠤᠨᠴᠢ ᠬᠢᠨᠠᠨ ᠡᠵᠡᠮᠳᠡᠬᠦ ᠰᠢᠰᠲ᠋ᠧᠮ᠎ᠤᠨ ᠪᠠᠶ᠋ᠢᠭᠤᠯᠤᠯᠲᠠ ᠵᠢᠴᠢ ᠬᠡᠷᠡᠭᠯᠡᠯᠲᠡ ᠵᠢᠨ ᠪᠠᠶ᠋ᠢᠳᠠᠯ᠎ᠢ ᠲᠠᠨᠢᠯᠴᠠᠭᠤᠯᠪᠠ᠃



      ᠡᠮᠨᠡᠯᠭᠡ᠎ᠳᠤ ᠬᠦᠷᠴᠦ ᠣᠶᠤᠨᠴᠢ ᠬᠢᠨᠠᠨ ᠡᠵᠡᠮᠳᠡᠬᠦ ᠰᠢᠰᠲ᠋ᠧᠮ᠎ᠤᠨ ᠪᠠᠶ᠋ᠢᠭᠤᠯᠤᠯᠲᠠ ᠵᠢᠨ ᠬᠡᠷᠡᠭᠯᠡᠯᠲᠡ ᠵᠢᠨ ᠪᠠᠶ᠋ᠢᠳᠠᠯ᠎ᠢ ᠪᠠᠶ᠋ᠢᠴᠠᠭ᠋ᠠᠨ ᠦᠵᠡᠵᠦ ᠪᠠᠢ᠌ᠭ᠎ᠠ᠎ᠨᠢ



    ᠢᠨᠵᠸᠨ᠋ᠸᠷᠢᠭᠴᠢ᠎ᠠᠴᠠ ᠣᠶᠤᠨᠴᠢ ᠬᠢᠨᠠᠨ ᠡᠵᠡᠮᠳᠡᠬᠦ ᠰᠢᠰᠲ᠋ᠧᠮ᠎ᠤᠨ ᠠᠵᠢᠯᠯᠠᠭ᠋ᠠᠨ᠎ᠤ ᠪᠠᠢ᠌ᠳᠠᠯ᠎ᠳᠤ ᠲᠤᠬᠠᠶ ᠵᠢᠨ ᠲᠠᠯᠠᠪᠠᠢ ᠵᠢᠨ ᠦᠵᠡᠭᠦᠯᠦᠯᠭᠡ ᠬᠢᠵᠦ ᠪᠠᠢ᠌ᠭ᠎ᠠ᠎ᠨᠢ



      ᠣᠶᠤᠨᠴᠢ ᠬᠢᠨᠠᠨ ᠡᠵᠡᠮᠳᠡᠬᠦ ᠰᠢᠰᠲ᠋ᠧᠮ᠎ᠤᠨ ᠬᠡᠷᠡᠭᠯᠡᠯᠳᠡ ᠵᠢᠨ᠎ᠤ ᠪᠠᠢ᠌ᠳᠠᠯ᠎ᠢ ᠡᠮᠴᠢ ᠵᠢᠨ ᠠᠯᠪᠠᠨ ᠬᠡᠷ᠎ᠲᠤ ᠪᠠᠶ᠋ᠢᠴᠠᠭ᠋ᠠᠨ   ᠰᠤᠳᠤᠯᠵᠦ ᠪᠠᠢ᠌ᠭ᠎ᠠ᠎ᠨᠢ
      ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠤᠯᠠᠭ᠋ᠠᠨᠴᠠᠪ ᠬᠤᠳᠠ ᠵᠢᠨ ᠲᠥᠪ ᠡᠮᠨᠡᠯᠭᠡ ᠵᠢᠨ ᠬᠣᠷᠢᠶᠠᠨ᠎ᠤ ᠤᠶᠤᠨᠲᠤ ᠬᠢᠨᠠᠨ ᠡᠵᠡᠮᠳᠡᠬᠦ ᠲᠠᠪᠴᠠᠩ᠎ᠤᠨ ᠪᠦᠳᠦᠭᠡᠨ ᠪᠠᠶ᠋ᠢᠭᠤᠯᠤᠯᠲᠠ ᠵᠢᠨ ᠬᠡᠷᠡᠭᠯᠡᠯᠲᠡ ᠵᠢᠨ ᠪᠠᠶ᠋ᠢᠳᠠᠯ ᠪᠣᠯᠤᠨ ᠨᠢᠭᠡᠨ ᠴᠡᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠡᠮ᠎ᠤᠨ ᠵᠦᠢ᠍ᠯᠡᠰ᠎ᠤᠨ 《ᠣᠷᠣᠭᠤᠯᠵᠤ ᠪᠣᠷᠣᠯᠠᠭᠤᠯᠬᠤ ᠬᠠᠳᠠᠭ᠋ᠠᠯᠠᠬᠤ》   ᠰᠢᠰᠲᠸᠮ᠎ᠤᠨ ᠬᠡᠷᠡᠭᠯᠡᠯᠲᠡ ᠵᠢᠨ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ᠂ ᠢᠨᠵᠸᠨ᠋ᠸᠷᠢᠭᠴᠢ᠎ᠤᠨ ᠲᠠᠶ᠋ᠢᠯᠤᠮᠵᠢ ᠪᠣᠯᠤᠨ ᠦᠵᠡᠭᠦᠯᠦᠯᠭᠡ ᠵᠢ ᠰᠣᠨᠢᠷᠬᠠᠯᠲᠠᠢ᠎ᠪᠠᠷ ᠰᠣᠨᠣᠰᠤᠭᠰᠠᠨ ᠪᠥᠭᠡᠳ ᠲᠤᠬᠠᠢ ᠵᠢᠨ ᠲᠠᠯᠠᠪᠠᠢ᠎ᠳᠤ ᠶᠠᠷᠢᠯᠴᠠᠨ ᠵᠠᠳᠠᠯᠤᠯᠲᠠ ᠬᠢᠵᠡᠢ᠃



    ᠡᠮ᠎ᠤᠨ ᠳᠡᠯᠭᠡᠭᠦᠷ᠎ᠤᠨ ᠡᠮ᠎ᠤᠨ ᠵᠦᠢ᠍ᠯ᠎ᠤᠨ 《ᠣᠷᠣᠭᠤᠯᠵᠤ ᠪᠣᠷᠣᠯᠠᠭᠤᠯᠬᠤ ᠬᠠᠳᠠᠭ᠋ᠠᠯᠠᠬᠤ》 ᠰᠢᠰᠲ᠋ᠧᠮ᠎ᠤᠨ ᠬᠡᠷᠡᠭᠯᠡᠯᠲᠡ ᠵᠢᠨ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ ᠪᠠᠢ᠌ᠭ᠎ᠠ᠎ᠨᠢ
      ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠪᠠᠰᠠ ᠤᠯᠠᠭ᠋ᠠᠨᠴᠠᠪ ᠬᠣᠲᠠ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶ᠎ᠠ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠣᠶᠤᠨᠴᠢ ᠬᠢᠨᠠᠨ ᠡᠵᠡᠮᠳᠡᠬᠦ ᠲᠠᠰᠤᠭ᠎ᠲᠤ ᠭᠦᠨᠵᠡᠭᠡᠶ᠋ᠢᠷᠡᠵᠦ᠂ ᠲᠤᠬᠠᠶ ᠵᠢᠨ ᠲᠠᠯᠠᠪᠤᠷ᠎ᠲᠤ ᠡᠮ ᠡᠮᠨᠡᠯᠭᠡ ᠵᠢᠨ ᠳᠠᠭ᠋ᠠᠳᠬᠠᠯ᠎ᠤᠨ ᠳᠠᠷᠠᠭ᠋ᠠᠬᠢ ᠬᠢᠨᠠᠨ ᠡᠵᠡᠮᠳᠡᠬᠦ ᠰᠢᠰᠲ᠋ᠧᠮ᠎ᠤᠨ ᠬᠡᠷᠡᠭᠯᠡᠯᠲᠡ ᠵᠢᠨ ᠪᠠᠶ᠋ᠢᠳᠠᠯ᠎ᠢ ᠲᠣᠭᠣᠷᠢᠨ ᠦᠵᠡᠪᠡ᠃ ᠪᠠᠶ᠋ᠢᠴᠠᠭ᠋ᠠᠨ ᠰᠤᠳᠤᠯᠤᠯᠲᠠ ᠵᠢᠨ ᠳᠤᠮᠳᠠ ᠳ᠋ᠤᠸᠠᠨ ᠵᠧᠩ ᠮᠢᠩ᠂ ᠤᠯᠠᠭ᠋ᠠᠨᠴᠠᠪ ᠬᠣᠲᠠ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠣᠶᠤᠨᠴᠢ ᠬᠢᠨᠠᠨ ᠡᠵᠡᠮᠳᠡᠬᠦ ᠪᠠᠶ᠋ᠢᠭᠤᠯᠤᠯᠲᠠ ᠵᠢᠨ 《ᠬᠣᠶᠠᠷ ᠬᠦᠷᠳᠦ᠎ᠪᠠᠷ ᠬᠥᠳᠡᠯᠭᠡᠭᠦᠷ ᠪᠣᠯᠭ᠋ᠠᠵᠤ᠂ ᠬᠠᠮᠲᠤ᠎ᠪᠠᠷ ᠳᠥᠯᠭᠢᠨ ᠠᠬᠢᠭᠤᠯᠬᠤ》 ᠪᠠᠶ᠋ᠢᠯᠳᠤᠬᠤ ᠪᠣᠳᠣᠯᠭ᠎ᠠ ᠵᠢᠨ ᠪᠣᠳᠣᠯᠬᠢᠯᠠᠯ᠎ᠨᠢ ᠲᠣᠰ ᠬᠣᠲᠠ ᠵᠢᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢᠨ ᠬᠡᠷᠡᠭᠴᠡᠭᠡ᠎ᠳᠤ ᠨᠡᠶ᠋ᠢᠴᠡᠵᠦ ᠪᠠᠶ᠋ᠢᠨ᠎ᠠ᠂ ᠢᠯᠠᠩᠭᠤᠶ᠎ᠠ ᠬᠡᠷᠡᠭ᠎ᠤᠨ ᠳᠠᠷᠠᠭ᠋ᠠᠬᠢ ᠬᠢᠨᠠᠨ ᠡᠵᠡᠮᠳᠡᠬᠦ ᠰᠢᠰᠲ᠋ᠧᠮ᠎ᠤᠨ ᠲᠣᠭ᠎ᠠ ᠪᠠᠷᠢᠮᠲᠠ᠎ᠨᠢ ᠡᠯᠪᠡᠭ ᠪᠠᠶᠠᠯᠢᠭ᠂ ᠬᠡᠰᠡᠭ᠎ᠨᠢ ᠵᠦᠶ ᠵᠣᠬᠢᠰᠲᠠᠶ᠂ ᠣᠯᠠᠨ ᠲᠠᠯ᠎ᠠ᠎ᠠᠴᠠ ᠳᠡᠯᠭᠡᠨ ᠦᠵᠡᠭᠦᠯᠵᠦ᠂ ᠰᠢᠭᠤᠳ ᠲᠣᠳᠣᠷᠠᠭᠤᠯᠤᠭᠰᠠᠨ ᠪᠠᠶ᠋ᠢᠨ᠎ᠠ᠃ ᠤᠯᠠᠨ ᠵᠶ᠋ᠠᠷ ᠵᠶ᠋ᠠᠨ ᠬᠣᠶ᠋ᠢᠰᠢᠳᠠ ᠵᠢᠨ ᠠᠵᠢᠯ᠎ᠤᠨ ᠳᠤᠮᠳᠠ᠎ᠪᠠᠨ ᠲᠠᠪᠴᠠᠩ᠎ᠤᠨ ᠬᠡᠷᠡᠭᠯᠡᠭᠡᠨ᠎ᠤ ᠡᠷᠴᠢᠮ ᠵᠶ᠋ᠠᠨ ᠴᠢᠨᠠᠭᠰᠢᠳᠠ ᠴᠢᠩᠭ᠋ᠠᠷᠠᠭᠤᠯᠵᠤ᠂ ᠲᠣᠭᠲᠠᠭᠰᠠᠨ ᠬᠤᠭᠤᠴᠠᠭ᠎ᠠ᠎ᠲᠠᠢ᠎ᠪᠠᠷ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠬᠠᠮᠢᠶ᠎ᠠ ᠪᠦᠬᠦᠢ ᠵᠠᠳᠠᠯᠤᠯᠲᠠ ᠵᠢᠨ ᠮᠡᠳᠡᠭᠦᠯᠦᠯᠲᠡ ᠵᠢ ᠬᠦᠷᠭᠡᠵᠦ᠂ ᠬᠣᠶᠠᠷ᠎ᠢ ᠲᠣᠭᠲᠠᠭ᠋ᠠᠭᠰᠠᠨ ᠪᠠᠶ᠋ᠢᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢ ᠴᠢᠨᠠᠭᠰᠢᠳᠠ ᠵᠢᠷᠤᠮᠵᠢᠭᠤᠯᠤᠨ ᠲᠡᠭᠦᠯᠳᠡᠷᠵᠢᠭᠦᠯᠬᠦ ᠵᠢ ᠠᠬᠢᠭᠤᠯᠬᠤ ᠵᠢ ᠬᠦᠰᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃ ᠡᠭᠦᠨ᠎ᠤ ᠬᠠᠮᠲᠤ ᠪᠠᠰᠠ ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠣᠶᠤᠨᠴᠢ ᠬᠢᠨᠠᠨ ᠡᠵᠡᠮᠳᠡᠬᠦ ᠰᠢᠰᠲ᠋ᠧᠮ᠎ᠤᠨ ᠶᠡᠷᠦᠩᠬᠡᠶ ᠪᠦᠲᠦᠴᠡ᠎ᠲᠠᠢ ᠪᠦᠲᠦᠮᠵᠢᠲᠡᠶ ᠵᠣᠯᠭ᠋ᠠᠯᠳᠤᠭᠤᠯᠬᠤ ᠠᠵᠢᠯ᠎ᠢ ᠰᠠᠶ᠋ᠢᠲᠤᠷ ᠬᠢᠵᠦ᠂ ᠳᠠᠪᠬᠤᠷᠳᠠᠭᠤᠯᠤᠨ ᠪᠥᠲᠥᠭᠡᠨ ᠪᠠᠶ᠋ᠢᠭᠤᠯᠬᠤ᠎ᠠᠴᠠ ᠵᠠᠶ᠋ᠢᠯᠠᠰᠬᠢᠬᠦ ᠬᠡᠷᠡᠭᠲᠡᠶ ᠭᠡᠪᠡ᠃



      ᠡᠮ ᠡᠮᠨᠡᠯᠭᠡ ᠵᠢᠨ ᠳᠠᠭ᠋ᠠᠳᠬᠠᠯ᠎ᠤᠨ ᠳᠠᠷᠠᠭ᠋ᠠᠬᠢ ᠬᠢᠨᠠᠨ ᠡᠵᠡᠮᠳᠡᠬᠦ ᠰᠢᠰᠲ᠋ᠧᠮ᠎ᠤᠨ ᠪᠠᠶ᠋ᠢᠭᠤᠯᠤᠯᠲᠠ ᠵᠢᠨ ᠬᠡᠷᠡᠭᠯᠡᠯᠲᠡ ᠵᠢᠨ ᠪᠠᠢ᠌ᠳᠠᠯ᠎ᠢ ᠪᠠᠢ᠌ᠴᠠᠭ᠋ᠠᠨ ᠦᠵᠡᠵᠦ ᠪᠠᠢ᠌ᠭ᠎ᠠ᠎ᠨᠢ



    ᠲᠤᠬᠠᠶ᠋ᠢᠯᠠᠭᠰᠠᠨ ᠠᠵᠢᠯ᠎ᠤᠨ ᠲᠢᠩᠬᠢᠮ᠎ᠳᠤ ᠪᠠᠶ᠋ᠢᠴᠠᠭ᠋ᠠᠨ ᠰᠤᠳᠤᠯᠵᠦ ᠰᠤᠷᠪᠤᠯᠵᠢᠯᠭ᠎ᠠ ᠬᠢᠵᠦ ᠪᠠᠢ᠌ᠭ᠎ᠠ᠎ᠨᠢ



      ᠪᠠ ᠸᠠᠩ ᠾᠧ ᠨᠡᠶ᠋ᠢᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠦᠪ᠎ᠲᠤ
      ᠪᠠᠶ᠋ᠢᠴᠠᠭ᠋ᠠᠨ ᠰᠤᠳᠤᠯᠬᠤ ᠠᠵᠢᠯ᠎ᠤᠨ ᠳᠤᠮᠳᠠ᠂ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠪᠠᠰᠠ ᠬᠣᠯᠪᠣᠭᠳᠠᠯ ᠪᠥᠬᠥᠶ ᠮᠤᠵᠢ ᠬᠣᠲᠠ ᠵᠢᠨ ᠵᠢᠱ᠌ᠢᠶ᠎ᠡ ᠦᠵᠡᠭᠦᠯᠬᠦ ᠴᠡᠭ᠎ᠤᠨ ᠭᠠᠵᠠᠷ ᠣᠷᠣᠨ᠎ᠤ ᠬᠠᠷᠢᠭᠤ ᠮᠡᠳᠡᠭᠦᠯᠦᠯᠲᠡ ᠵᠢ ᠰᠣᠨᠣᠰᠴᠠᠶ᠃ ᠳ᠋ᠦᠩᠨᠡᠯᠲᠡ ᠵᠢᠨ ᠴᠠᠭ ᠬᠤᠭᠤᠴᠠᠭ᠋ᠠᠨ᠎ᠳᠤ ᠵᠠᠰᠠᠭ᠎ᠤᠨ ᠣᠷᠳᠣᠨ᠎ᠳᠤ ᠱᠠᠭ᠋ᠠᠷᠳᠠᠭᠰᠠᠨ᠎ᠨᠢ᠂ ᠡᠯ᠎ᠡ ᠭᠠᠵᠠᠷ ᠣᠷᠣᠨ᠎ᠤ᠎ᠬᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠬᠡᠷᠡᠭᠯᠡᠭᠡ ᠵᠢ ᠲᠦᠷᠭᠡᠳᠬᠡᠵᠦ᠂ ᠪᠣᠯᠪᠠᠰᠤᠷᠠᠭᠤᠯᠤᠯ᠎ᠢ ᠲᠦᠷᠭᠡᠳᠬᠡᠵᠦ᠂ ᠭᠠᠷᠲᠠᠨ ᠭᠦᠢ᠍ᠴᠡᠳᠭᠡᠬᠦ ᠪᠠ ᠵᠠᠰᠠᠭ ᠵᠠᠬᠢᠷᠭ᠋ᠠᠨ᠎ᠤ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠵᠦ᠂ ᠰᠠᠯᠠᠭ᠎ᠠ ᠮᠥᠴᠢᠷ᠎ᠤᠨ ᠬᠣᠭᠣᠷᠣᠨᠳᠣ᠎ᠪᠠᠨ ᠴᠤ᠌ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠬᠦ ᠬᠡᠷᠡᠭᠲᠡᠶ᠂ ᠡᠭᠦᠨ᠎ᠠᠴᠠ ᠭᠠᠳᠠᠨ᠎ᠠ ᠲᠣᠭ᠎ᠠ ᠪᠠᠷᠢᠮᠲᠠ ᠵᠢ ᠬᠠᠷᠢᠯᠴᠠᠨ ᠨᠡᠪᠲᠡᠷᠡᠭᠦᠯᠵᠦ᠂ ᠠᠬᠤᠶ ᠪᠠᠶ᠋ᠢᠳᠠᠯ᠎ᠢ ᠬᠠᠷᠢᠯᠴᠠᠨ ᠬᠣᠯᠪᠣᠭ᠋ᠠᠯᠠᠵᠤ᠂ ᠪᠥᠬᠥ ᠤᠯᠤᠰ᠎ᠲᠤ ᠬᠠᠭᠤᠯᠪᠤᠷᠢᠯᠠᠵᠤ ᠪᠣᠯᠬᠤ᠂ ᠯᠠᠪᠯᠠᠯᠲᠠ ᠪᠣᠯᠭ᠋ᠠᠵᠤ ᠪᠣᠯᠬᠤ᠂ ᠳᠡᠯᠭᠡᠷᠡᠭᠦᠯᠵᠦ ᠪᠣᠯᠬᠤ ᠵᠢᠱ᠌ᠢᠶ᠎ᠡ ᠦᠵᠡᠭᠦᠯᠬᠦ ᠴᠡᠭ᠎ᠤᠨ ᠪᠥᠲᠥᠭᠡᠨ ᠪᠠᠶ᠋ᠢᠭᠤᠯᠤᠯᠲᠠ ᠵᠢᠨ ᠲᠤᠷᠰᠢᠯᠭ᠎ᠠ ᠵᠢ ᠴᠢᠷᠮᠠᠶ᠋ᠢᠨ ᠬᠠᠩᠭ᠋ᠠᠬᠤ ᠬᠡᠷᠡᠭᠲᠡᠶ ᠭᠡᠵᠡᠢ᠃



ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠤᠯ ᠠᠶ᠋ᠢᠮᠠᠭ᠎ᠤᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠲᠤᠰᠬᠠᠶ ᠠᠵᠢᠯ᠎ᠤᠨ ᠠᠩᠭᠢ ᠲᠣᠮᠢᠯᠠᠵᠤ ᠪᠥᠬᠥ ᠠᠶ᠋ᠢᠮᠠᠭ᠎ᠤᠨ ᠡᠮᠴᠢᠯᠡᠭᠡ ᠵᠢᠨ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠪᠠᠢ᠌ᠭᠤᠯᠤᠯᠳᠠ ᠵᠢ ᠠᠬᠢᠭᠤᠯᠪᠠ
ᠠᠯᠠᠱ᠌ᠠ ᠠᠶ᠋ᠢᠮᠠᠭ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ ᠭᠠᠴᠠᠭ᠎ᠠ ᠲᠠᠭ᠋ᠠᠭ᠋ᠠᠴᠢᠯᠠᠨ ᠬᠤᠯᠪᠤᠭ᠋ᠠᠯᠠᠵᠦ ᠭᠣᠤᠯ ᠰᠡᠳᠦᠪᠲᠦ ᠨᠠᠮ᠎ᠤᠨ ᠡᠳᠦᠷᠯᠢᠭ᠎ᠤᠨ ᠠᠵᠢᠯᠯᠠᠭ᠎ᠠ ᠵᠢ ᠥᠷᠨᠢᠭᠦᠯᠪᠡ
ᠰᠢᠯᠢ ᠵᠢᠨ ᠭᠣᠤᠯ ᠠᠶ᠋ᠢᠮᠠᠭ᠎ᠤᠨ ᠥᠨᠳᠥᠷ ᠥᠷᠲᠡᠭᠲᠦ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠮᠡᠵᠦ ᠨᠥᠬᠥᠪᠥᠷᠢᠯᠡᠬᠦ ᠵᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠤᠨ ᠲᠤᠬᠠᠶ ᠰᠢᠯᠢ ᠵᠢᠨ ᠭᠣᠤᠯ ᠠᠶ᠋ᠢᠮᠠᠭ᠎ᠤᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ
ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠣᠬᠤ ᠲᠤᠬᠠᠶ ᠬᠢᠩᠭ᠋ᠠᠨ ᠠᠶ᠋ᠢᠮᠠᠭ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ᠎ᠤᠨ ᠮᠡᠳᠡᠭᠳᠡᠯ
ᠳᠣᠭᠢᠷᠠᠭᠤᠯᠤᠨ ᠬᠦᠷᠭᠡᠬᠦ ᠵᠥᠪᠳᠡᠯᠴᠡᠬᠡᠷ᠎ᠤᠨ ᠠᠷᠭ᠎ᠠ ᠮᠠᠶᠢᠭ᠎ᠲᠤ ᠲᠣᠬᠢᠷᠠᠭᠤᠯᠤᠯᠲᠠ ᠬᠢᠵᠦ ᠬᠢᠨᠠᠨ ᠬᠠᠷᠭᠤᠭᠤᠯᠬᠤ ᠲᠤᠬᠠᠶ ᠠᠯᠠᠱ᠌ᠠ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ
 
            