ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠭᠦᠨᠵᠡᠭᠡᠶ᠋ᠢᠷᠡᠨ ᠪᠣᠳᠠᠲᠠᠶ᠋ᠢᠵᠢᠬᠤ ᠵᠢ ᠠᠬᠢᠭᠤᠯᠬᠤ ᠵᠢᠨ ᠲᠥᠯᠥᠭᠡ᠂ ᠬᠣᠲᠠ ᠵᠢᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠢ ᠡᠮ ᠡᠮᠨᠡᠯᠭᠡ ᠵᠢᠨ ᠳᠠᠭ᠋ᠠᠳᠬᠠᠯ᠎ᠤᠨ ᠪᠣᠳᠠᠲᠠᠶ ᠠᠵᠢᠯ᠎ᠲᠠᠢ ᠭᠦᠨᠵᠡᠭᠡᠶ ᠤᠶᠠᠯᠳᠤᠭᠤᠯᠵᠤ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠵᠢ ᠰᠠᠶ᠋ᠢᠨ ᠡᠬᠢᠯᠡᠯᠲᠡ᠎ᠲᠠᠢ ᠪᠣᠯᠭ᠋ᠠᠬᠤ᠎ᠪᠠᠷ ᠴᠢᠷᠮᠠᠢ᠌ᠵᠦ ᠪᠠᠢ᠌ᠨ᠎ᠠ᠃
ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠵᠢᠨ ᠬᠤᠭᠤᠴᠠᠭ᠋ᠠᠨ᠎ᠳᠤ᠂ ᠬᠣᠲᠠ ᠵᠢᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ 《ᠨᠠᠮ᠎ᠤᠨ ᠲᠡᠤᠬᠡ ᠵᠢ ᠰᠤᠷᠤᠯᠴᠠᠬᠤ᠂ ᠦᠵᠡᠯ ᠰᠠᠨᠠᠭ᠎ᠠ ᠵᠢ ᠣᠶ᠋ᠢᠯᠠᠭ᠋ᠠᠬᠤ᠂ ᠪᠣᠳᠠᠲᠤ ᠶᠠᠪᠤᠳᠠᠯ ᠪᠦᠲᠦᠭᠡᠬᠦ᠂ ᠰᠢᠨ᠎ᠡ ᠪᠠᠶ᠋ᠢᠳᠠᠯ ᠨᠡᠭᠡᠭᠡᠬᠦ》 ᠱᠠᠭ᠋ᠠᠷᠳᠠᠯᠭ᠎ᠠ᠎ᠳᠤ ᠰᠠᠭᠤᠷᠢᠯᠠᠨ᠂ ᠡᠮ ᠡᠮᠨᠡᠯᠭᠡ ᠵᠢᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ 2021 ᠣᠨ᠎ᠤ 3 ᠳ᠋ᠤᠭ᠋ᠠᠷ ᠰᠠᠷ᠎ᠠ ᠵᠢᠨ 30᠎ᠤ ᠡᠳᠦᠷ 《ᠡᠪᠡᠳᠴᠢᠲᠡᠨ᠎ᠤ ᠣᠷᠣ᠎ᠪᠠᠷ ᠡᠳᠦᠷ ᠵᠶ᠋ᠠᠷ ᠰᠦᠢ᠍ᠳᠭᠡᠯ ᠲᠤᠰᠢᠶᠠᠬᠤ ᠵᠢᠴᠢ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠣᠷᠣᠯᠠᠨ ᠳᠥᠯᠥᠬᠦ ᠠᠵᠢᠯ᠎ᠢ ᠭᠦᠨᠵᠡᠭᠡᠶ ᠠᠬᠢᠭᠤᠯᠬᠤ ᠲᠤᠬᠠᠶ ᠮᠡᠳᠡᠭᠳᠡᠯ》 ᠪᠠᠭᠤᠯᠭ᠋ᠠᠪᠠ᠂ ᠨᠢᠭᠡ᠎ᠳᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠮᠡᠳᠡᠷᠡᠯ᠎ᠤᠨ ᠡᠪᠡᠳᠴᠢᠨ᠎ᠤ ᠡᠷᠡᠭᠦᠯᠵᠢᠯ᠎ᠤᠨ ᠣᠷᠣ᠎ᠪᠠᠷ ᠡᠳᠦᠷ ᠵᠶ᠋ᠠᠷ ᠵᠠᠷᠤᠳᠠᠯ ᠲᠤᠰᠢᠶᠠᠬᠤ ᠪᠠᠷᠢᠮᠵᠢᠶ᠎ᠠ ᠵᠢ ᠳᠡᠭᠡᠭᠰᠢᠯᠡᠭᠦᠯᠪᠡ; ᠬᠣᠶᠠᠷ᠎ᠲᠤ᠂ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠮᠡᠳᠡᠷᠡᠯ᠎ᠤᠨ ᠡᠪᠡᠳᠴᠢᠨ᠎ᠤ ᠡᠷᠡᠭᠦᠯᠵᠢᠯ᠎ᠳᠤ ᠣᠷᠣ ᠵᠢᠨ ᠡᠳᠦᠷ ᠵᠶ᠋ᠠᠷ ᠵᠠᠷᠤᠳᠠᠯ ᠲᠤᠰᠢᠶᠠᠬᠤ ᠵᠢ ᠲᠣᠭᠲᠠᠭ᠋ᠠᠵᠠᠶ᠃ ᠭᠤᠷᠪᠠ᠎ᠳᠤ᠂ ᠵᠡᠮᠳᠡᠭ ᠬᠡᠦᠬᠡᠳ᠎ᠢ ᠡᠷᠡᠭᠦᠯᠵᠢᠭᠦᠯᠬᠦ᠎ᠳᠤ ᠣᠷᠣ ᠵᠢᠨ ᠡᠳᠦᠷ ᠵᠶ᠋ᠠᠷ ᠵᠠᠷᠤᠳᠠᠯ ᠲᠤᠰᠢᠶᠠᠬᠤ ᠵᠢ ᠬᠡᠷᠡᠭᠵᠢᠭᠦᠯᠵᠦ᠂ ᠡᠷᠡᠭᠦᠯᠵᠢᠭᠰᠡᠨ ᠭᠡᠷ ᠪᠦᠯᠢ ᠵᠢᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠵᠦ᠂ ᠡᠮ ᠡᠮᠨᠡᠯᠭᠡ ᠵᠢᠨ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠪᠡ᠃
ᠮᠡᠳᠡᠭᠳᠡᠯ᠎ᠳᠤ ᠲᠣᠳᠣᠷᠬᠠᠶ ᠲᠣᠭᠲᠠᠭ᠋ᠠᠭᠰᠠᠨ᠎ᠨᠢ᠂ ᠮᠠᠨ᠎ᠤ ᠬᠣᠲᠠ ᠵᠢᠨ 《0 — 8 ᠨᠠᠰᠤᠨ᠎ᠤ ᠵᠡᠮᠳᠡᠭ ᠬᠡᠤᠬᠡᠳ᠎ᠤᠨ ᠡᠷᠡᠭᠦᠯᠵᠢᠯ᠎ᠤᠨ ᠡᠮᠴᠢᠯᠡᠭᠡ》᠎ᠳᠤ ᠣᠷᠣ ᠵᠢᠨ ᠡᠳᠦᠷ᠎ᠤᠨ ᠵᠠᠷᠤᠳᠠᠯ᠎ᠢ ᠬᠡᠷᠡᠭᠵᠢᠭᠦᠯᠬᠦ ᠪᠣᠳᠠᠲᠠᠶ ᠪᠠᠷᠢᠮᠵᠢᠶ᠎ᠠ ᠪᠣᠯ᠄ ᠭᠤᠷᠪᠠᠳᠤᠭ᠋ᠠᠷ ᠳᠡᠰ᠎ᠤᠨ ᠡᠮᠴᠢᠯᠡᠭᠡᠨ᠎ᠤ ᠪᠠᠶ᠋ᠢᠭᠤᠯᠤᠮᠵᠢ ᠬᠥᠮᠦᠨ ᠪᠦᠷᠢ ᠡᠳᠦᠷ᠎ᠲᠤ 220 ᠲᠥᠭᠥᠷᠢᠭ᠂ ᠬᠣᠶᠠᠳᠤᠭ᠋ᠠᠷ ᠳᠡᠰ᠎ᠤᠨ ᠡᠮᠴᠢᠯᠡᠭᠡᠨ᠎ᠤ ᠪᠠᠶ᠋ᠢᠭᠤᠯᠤᠮᠵᠢ ᠬᠥᠮᠦᠨ ᠪᠦᠷᠢ ᠡᠳᠦᠷ᠎ᠲᠤ 200 ᠲᠥᠭᠥᠷᠢᠭ᠂ ᠨᠢᠭᠡᠳᠦᠭᠡᠷ ᠳᠡᠰ᠎ᠤᠨ ᠡᠮᠴᠢᠯᠡᠭᠡᠨ᠎ᠤ ᠪᠠᠶ᠋ᠢᠭᠤᠯᠤᠮᠵᠢ ᠬᠥᠮᠦᠨ ᠪᠦᠷᠢ ᠡᠳᠦᠷ᠎ᠲᠤ 180 ᠲᠥᠭᠥᠷᠢᠭ ᠪᠣᠯᠤᠨ᠎ᠠ᠃ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠮᠡᠳᠡᠷᠡᠯ᠎ᠤᠨ ᠡᠪᠡᠳᠴᠢᠨ᠎ᠢ ᠡᠷᠡᠭᠦᠯᠵᠢᠭᠦᠯᠬᠦ ᠡᠮᠴᠢᠯᠡᠭᠡ᠎ᠳᠤ ᠡᠪᠡᠳᠴᠢᠲᠡᠨ᠎ᠤ ᠣᠷᠣ ᠵᠢᠨ ᠡᠳᠦᠷ ᠵᠶ᠋ᠠᠷ ᠵᠠᠷᠤᠳᠠᠯ ᠲᠤᠰᠢᠶᠠᠬᠤ ᠵᠢ ᠬᠡᠷᠡᠭᠵᠢᠭᠦᠯᠬᠦ ᠪᠣᠳᠠᠲᠠᠶ ᠪᠠᠷᠢᠮᠵᠢᠶ᠎ᠠ᠎ᠨᠢ᠄ 45 ᠡᠳᠦᠷ᠎ᠤᠨ ᠳᠣᠲᠣᠷ᠎ᠠ ᠡᠳᠦᠷ ᠪᠦᠷᠢ 220 ᠲᠥᠭᠥᠷᠢᠭ; 46 ~ 90 ᠡᠳᠦᠷ᠎ᠲᠤ 200 ᠲᠥᠭᠥᠷᠢᠭ \ ᠡᠳᠦᠷ; 91 ᠡᠳᠦᠷ᠎ᠠᠴᠠ ᠡᠮᠨᠡᠯᠭᠡ᠎ᠠᠴᠠ ᠭᠠᠷᠬᠤ᠎ᠨᠢ ᠡᠳᠦᠷ ᠪᠦᠷᠢ 150 ᠲᠥᠭᠥᠷᠢᠭ; ᠡᠪᠡᠳᠴᠢᠲᠡᠨ ᠬᠥᠮᠦᠨ ᠪᠦᠷᠢ ᠡᠳᠦᠷ᠎ᠲᠤ 10 ᠲᠥᠭᠥᠷᠢᠭ ᠲᠤᠰᠢᠶᠠᠨ᠎ᠠ᠃ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠣᠷᠣ ᠵᠢᠨ ᠡᠳᠦᠷ᠎ᠤᠨ ᠵᠠᠷᠤᠳᠠᠯ᠎ᠢ ᠳᠥᠯᠥᠬᠦ ᠠᠷᠭ᠎ᠠ ᠮᠠᠶᠢᠭ᠎ᠢ ᠬᠡᠷᠡᠭᠵᠢᠭᠦᠯᠦᠭᠰᠡᠨ᠎ᠨᠢ ᠡᠪᠡᠳᠴᠢᠲᠡᠨ᠎ᠤ ᠤᠤᠯ᠎ᠤᠨ ᠲᠥᠷᠥᠯ ᠵᠦᠢ᠍ᠯ ᠵᠶ᠋ᠠᠷ ᠵᠠᠷᠤᠳᠠᠯ᠎ᠢ ᠳᠥᠯᠥᠵᠦ ᠪᠠᠶ᠋ᠢᠭᠰᠠᠨ ᠥᠪᠡᠷ ᠵᠶ᠋ᠠᠨ ᠳᠥᠯᠥᠬᠦ ᠵᠣᠭᠣᠰ᠎ᠤᠨ ᠲᠣᠭ᠎ᠠ ᠵᠢ ᠶᠡᠬᠡ᠎ᠪᠠᠷ ᠬᠥᠩᠭᠡᠷᠡᠭᠦᠯᠬᠦ ᠪᠣᠯᠤᠨ᠎ᠠ᠃
ᠡᠭᠦᠨ᠎ᠠᠴᠠ ᠭᠠᠳᠠᠨ᠎ᠠ᠂ ᠡᠮᠴᠢᠯᠡᠭᠡᠨ᠎ᠤ ᠲᠥᠷᠥᠯ ᠵᠦᠢ᠍ᠯ᠎ᠤᠨ ᠨᠡᠮᠡᠭᠳᠡᠯ ᠵᠢᠴᠢ ᠡᠮᠴᠢᠯᠡᠭᠡᠨ᠎ᠤ ᠮᠡᠷᠭᠡᠵᠢᠯ ᠪᠠ ᠲᠣᠨᠣᠭ ᠲᠥᠬᠥᠭᠡᠷᠦᠮᠵᠢ ᠵᠢᠨ ᠰᠢᠨᠡᠳᠦᠨ ᠰᠣᠯᠢᠭᠳᠠᠬᠤ ᠵᠢ ᠳᠠᠭ᠋ᠠᠯᠳᠤᠨ᠂ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠶᠤᠨ ᠰᠠᠨᠠᠭ᠋ᠠᠨ᠎ᠤ ᠡᠷᠡᠭᠦᠯᠵᠢᠯ᠎ᠤᠨ ᠡᠳᠦᠷ᠎ᠤᠨ ᠵᠠᠷᠤᠳᠠᠯ᠎ᠤᠨ ᠪᠠᠷᠢᠮᠵᠢᠶ᠎ᠠ᠎ᠨᠢ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠶᠤᠨ ᠰᠠᠨᠠᠭ᠋ᠠᠨ᠎ᠤ ᠡᠷᠡᠭᠦᠯᠵᠢᠯ᠎ᠤᠨ ᠡᠪᠡᠳᠴᠢᠲᠡᠨ᠎ᠤ ᠡᠳᠦᠷ ᠲᠤᠲᠤᠮ᠎ᠤᠨ ᠡᠮᠴᠢᠯᠡᠭᠡᠨ᠎ᠤ ᠬᠡᠷᠡᠭᠴᠡᠭᠡ᠎ᠳᠤ ᠨᠢᠭᠡᠨᠲᠡ ᠵᠣᠬᠢᠴᠠᠬᠤ ᠥᠬᠡᠶ ᠪᠣᠯᠵᠠᠶ᠃ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠵᠢᠨ ᠬᠤᠭᠤᠴᠠᠭ᠋ᠠᠨ᠎ᠳᠤ᠂ ᠮᠠᠨ᠎ᠤ ᠲᠣᠪᠴᠢᠶ᠎ᠠ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠬᠦ᠎ᠪᠠᠷ ᠳᠡᠮᠵᠢᠨ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠶᠤᠨ ᠰᠠᠨᠠᠭ᠋ᠠᠨ᠎ᠤ ᠡᠷᠡᠭᠦᠯᠵᠢᠯ᠎ᠤᠨ ᠣᠷᠣ ᠵᠢᠨ ᠡᠳᠦᠷ᠎ᠤᠨ ᠰᠦᠢ᠍ᠳᠭᠡᠯ ᠲᠤᠰᠢᠶᠠᠬᠤ ᠪᠠᠷᠢᠮᠵᠢᠶ᠎ᠠ ᠵᠢ ᠬᠡᠰᠡᠭ ᠬᠤᠪᠢᠶᠠᠨ 10 ᠲᠥᠭᠥᠷᠢᠭ ᠳᠡᠭᠡᠭᠰᠢᠯᠡᠭᠦᠯᠪᠡ᠂ ᠳᠡᠭᠡᠭᠰᠢᠯᠡᠭᠦᠯᠦᠭᠰᠡᠨ᠎ᠤ ᠳᠠᠷᠠᠭ᠋ᠠᠬᠢ ᠪᠠᠷᠢᠮᠵᠢᠶ᠎ᠠ᠎ᠨᠢ᠄ 45 ᠡᠳᠦᠷ᠎ᠤᠨ ᠳᠣᠲᠣᠷ᠎ᠠ 200 ᠲᠥᠭᠥᠷᠢᠭ \ ᠡᠳᠦᠷ; 46 — 90 ᠡᠳᠦᠷ᠎ᠲᠤ 180 ᠲᠥᠭᠥᠷᠢᠭ \ ᠡᠳᠦᠷ; 91 ᠡᠳᠦᠷ᠎ᠠᠴᠠ ᠡᠮᠨᠡᠯᠭᠡ᠎ᠠᠴᠠ ᠭᠠᠷᠬᠤ᠎ᠨᠢ 120 ᠲᠥᠭᠥᠷᠢᠭ \ ᠡᠳᠦᠷ; ᠡᠪᠡᠳᠴᠢᠲᠡᠨ᠎ᠤ ᠡᠳᠦᠷ ᠪᠦᠷᠢ ᠵᠢᠨ ᠥᠪᠡᠷᠲᠡᠭᠡᠨ ᠲᠥᠯᠥᠬᠦ ᠮᠥᠩᠭᠥ᠎ᠨᠢ 10 ᠲᠥᠭᠥᠷᠢᠭ ᠪᠣᠯᠤᠨ᠎ᠠ᠃
ᠡᠭᠦᠨ᠎ᠤ ᠬᠠᠮᠲᠤ ᠪᠠᠰᠠ ᠪᠥᠬᠥ ᠬᠣᠲᠠ ᠵᠢᠨ ᠡᠮ ᠡᠮᠨᠡᠯᠭᠡ ᠵᠢᠨ ᠠᠪᠤᠷᠠᠨ ᠲᠤᠰᠠᠯᠠᠬᠤ ᠰᠠᠭᠤᠷᠢ ᠮᠥᠩᠭᠥ᠎ᠳᠤ ᠬᠠᠷᠢᠶ᠎ᠠ ᠭᠠᠵᠠᠷ᠎ᠤᠨ 《ᠣᠷᠣᠯᠠᠨ ᠳᠥᠯᠥᠬᠦ》 ᠵᠢ ᠬᠡᠷᠡᠭᠵᠢᠭᠦᠯᠵᠦ᠂ ᠡᠯ᠎ᠡ ᠬᠣᠰᠢᠭᠤ ᠰᠢᠶᠠᠨ ᠬᠣᠲᠠ ᠲᠣᠭᠣᠷᠢᠭ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ᠎ᠨᠤᠭᠤᠳ ᠬᠡᠯᠡᠯᠴᠡᠭᠡᠷ᠎ᠲᠤ ᠲᠣᠭᠲᠠᠭ᠋ᠠᠭᠰᠠᠨ ᠴᠠᠭ᠎ᠤᠨ ᠬᠢᠵᠠᠭ᠋ᠠᠷ ᠶᠣᠰᠣᠭ᠋ᠠᠷ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠯᠤᠭ᠎ᠠ ᠵᠠᠷᠤᠳᠠᠯ᠎ᠢ ᠳ᠋ᠦᠩᠨᠡᠨ ᠪᠤᠳᠤᠵᠤ ᠰᠢᠯᠵᠢᠭᠦᠯᠦᠨ ᠥᠭᠴᠦ᠂ ᠲᠣᠭ᠎ᠠ ᠪᠠᠷᠢᠮᠲᠠ ᠵᠢ ᠢᠯᠡᠭᠦᠬᠡᠨ ᠭᠦᠶᠦᠯᠭᠡᠬᠦ᠂ 《ᠬᠣᠶᠠᠷ᠎ᠢ ᠲᠣᠭᠲᠠᠭ᠋ᠠᠬᠤ》 ᠪᠠᠶ᠋ᠢᠭᠤᠯᠤᠮᠵᠢ ᠵᠢ ᠳᠤᠲᠠᠭᠤ ᠭᠦᠶᠦᠯᠭᠡᠬᠦ ᠵᠣᠷᠢᠯᠭ᠎ᠠ ᠵᠢ ᠪᠡᠶᠡᠯᠡᠭᠦᠯᠦᠨ᠎ᠡ ᠭᠡᠵᠦ ᠲᠣᠳᠣᠷᠬᠠᠶ ᠲᠣᠭᠲᠠᠭ᠋ᠠᠵᠠᠶ᠃
ᠡᠨᠡ ᠬᠡᠳᠦᠨ ᠵᠦᠢ᠍ᠯ᠎ᠤᠨ ᠪᠣᠳᠠᠲᠠᠶ ᠶᠠᠪᠤᠳᠠᠯ ᠪᠦᠲᠦᠭᠡᠬᠦ ᠠᠷᠭ᠎ᠠ ᠬᠡᠮᠵᠢᠶ᠎ᠡ ᠵᠢ ᠨᠡᠶ᠋ᠢᠲᠡᠯᠡᠨ ᠬᠡᠷᠡᠭᠵᠢᠭᠦᠯᠦᠭᠰᠡᠨ᠎ᠨᠢ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠵᠢᠨ ᠦᠷ᠎ᠡ ᠪᠦᠲᠦᠭᠡᠯ᠎ᠢ ᠬᠠᠷᠠᠭᠤᠯᠵᠤ᠂ ᠮᠠᠨ᠎ᠤ ᠬᠣᠲᠠ ᠵᠢᠨ ᠵᠡᠮᠳᠡᠭ ᠬᠡᠤᠬᠡᠳ᠂ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ ᠪᠠ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ᠎ᠤ ᠡᠷᠡᠭᠦᠯᠵᠢᠯ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠪᠡᠳᠴᠢᠨ ᠦᠵᠡᠭᠦᠯᠬᠦ ᠠᠵᠤ ᠠᠬᠤᠶ ᠵᠢᠨ ᠳᠠᠷᠤᠭ᠋ᠠᠰᠤ ᠵᠢ ᠪᠦᠲᠦᠮᠵᠢᠲᠡᠶ᠎ᠪᠠᠷ ᠬᠥᠩᠭᠡᠯᠡᠨ᠂ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠮᠠᠨ᠎ᠤ ᠬᠢᠵᠠᠭ᠋ᠠᠷᠲᠠᠶ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ᠎ᠨᠢ ᠳᠠᠭ᠋ᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠳᠤ ᠬᠠᠮᠤᠭ᠎ᠤᠨ ᠶᠡᠬᠡ ᠦᠨ᠎ᠡ ᠥᠷᠲᠡᠭ᠎ᠢ ᠪᠠᠳᠠᠷᠠᠭᠤᠯᠬᠤ ᠪᠣᠯᠤᠨ᠎ᠠ᠃