ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠠᠭ᠋ᠠᠨᠴᠠᠪ ᠬᠣᠲᠠ ᠵᠢᠨ 2021 ᠣᠨ᠎ᠤ ᠪᠠᠷᠢᠯᠭ᠎ᠠ ᠵᠢᠨ ᠠᠵᠢᠯ᠎ᠤᠨ 《ᠠᠶᠤᠯᠭᠦᠶ ᠦᠢ᠍ᠯᠡᠳᠪᠦᠷᠢᠯᠡᠯ᠎ᠤᠨ ᠰᠠᠷ᠎ᠠ》 ᠪᠠ 《ᠠᠶᠤᠯᠭᠦᠶ ᠦᠢ᠍ᠯᠡᠳᠪᠦᠷᠢᠯᠡᠯ᠎ᠤᠨ ᠲᠠᠯ᠎ᠠ ᠨᠤᠲᠤᠭ᠎ᠤᠨ ᠠᠶᠠᠯᠠᠯ》᠎ᠤᠨ ᠤᠬᠠᠭᠤᠯᠭ᠎ᠠ ᠵᠢᠨ ᠡᠬᠢᠯᠡᠯᠲᠡ ᠵᠢᠨ ᠶᠣᠰᠣᠯᠠᠯ ᠠᠮᠵᠢᠯᠲᠠ᠎ᠲᠠᠢ ᠶᠠᠪᠤᠭᠳᠠᠪᠠ
ᠨᠡᠶ᠋ᠢᠲᠡᠯᠡᠭᠰᠡᠨ ᠴᠠᠭ᠄ 2021-06-07

      ᠡᠨᠡ ᠵᠢᠯ᠎ᠤᠨ 6 ᠳ᠋ᠤᠭ᠋ᠠᠷ ᠰᠠᠷ᠎ᠠ ᠪᠣᠯ 20 ᠳ᠋ᠤᠭ᠋ᠠᠷ ᠪᠦᠬᠦ ᠤᠯᠤᠰ᠎ᠤᠨ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠪᠣᠯᠤᠨ᠎ᠠ᠂ ᠭᠣᠣᠯ ᠰᠡᠳᠦᠪ᠎ᠨᠢ 《ᠠᠮᠤᠷ ᠲᠦᠪᠰᠢᠨ᠎ᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠠᠮᠤᠷ ᠲᠦᠪᠰᠢᠨ᠎ᠤ ᠬᠥᠭᠵᠢᠯᠲᠡ ᠵᠢ ᠠᠬᠢᠭᠤᠯᠬᠤ》 ᠪᠣᠯᠤᠨ᠎ᠠ᠃ 2021 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠤᠨ ᠦᠳᠡ ᠵᠢᠨ ᠡᠮᠦᠨ᠎ᠡ᠂ ᠤᠯᠠᠭ᠋ᠠᠨᠴᠠᠪ ᠬᠤᠳᠠ ᠵᠢᠨ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠪᠣᠯᠤᠨ 《ᠠᠶᠤᠯᠭᠦᠢ ᠦᠢ᠍ᠯᠡᠳᠪᠦᠷᠢᠯᠡᠯ᠎ᠤᠨ ᠲᠠᠯ᠎ᠠ ᠨᠤᠲᠤᠭ᠎ᠤᠨ ᠠᠶᠠᠯᠠᠯ》᠎ᠤᠨ ᠤᠬᠠᠭᠤᠯᠭ᠎ᠠ ᠵᠢᠨ ᠡᠬᠢᠯᠡᠯᠲᠡ ᠵᠢᠨ ᠶᠣᠰᠣᠯᠠᠯ ᠸᠠᠨ ᠳ᠋ᠠ ᠲᠠᠯᠠᠪᠠᠢ ᠵᠢᠨ ᠣᠷᠣᠨ ᠰᠠᠭᠤᠴᠠ ᠵᠢᠨ ᠠᠰᠠᠷ᠎ᠤᠨ ᠲᠦᠷᠦᠯ ᠵᠦᠢ᠍ᠯ᠎ᠤᠨ ᠪᠠᠷᠢᠯᠭ᠎ᠠ ᠵᠢᠨ ᠲᠤᠬᠠᠢ ᠵᠢᠨ ᠲᠠᠯᠠᠪᠠᠢ᠎ᠳᠤ ᠶᠠᠪᠤᠭᠳᠠᠪᠠ᠃ ᠤᠯᠠᠭ᠋ᠠᠨᠴᠠᠪ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ ᠵᠢᠨ ᠳᠡᠳ᠋ ᠳᠠᠷᠤᠭ᠎ᠠ ᠯᠢᠦ ᠢᠦᠶ᠂ ᠬᠠᠮᠢᠶ᠎ᠠ ᠪᠥᠬᠥᠶ ᠰᠠᠯᠠᠭ᠎ᠠ ᠲᠠᠰᠤᠭ᠂ ᠨᠢᠭᠡᠴᠢ ᠵᠢᠨ ᠬᠠᠷᠢᠭᠤᠴᠠᠯᠭ᠋ᠠᠲᠠᠨ ᠵᠢᠴᠢ ᠬᠣᠲᠠ ᠲᠣᠭᠣᠷᠢᠭ᠎ᠤᠨ ᠪᠠᠶ᠋ᠢᠭᠤᠯᠵᠤ ᠪᠠᠶ᠋ᠢᠭ᠎ᠠ ᠭᠣᠤᠯ ᠲᠥᠷᠥᠯ   ᠵᠦᠢ᠍ᠯ᠎ᠤᠨ ᠬᠠᠷᠢᠭᠤᠴᠠᠯᠭ᠋ᠠᠲᠠᠨ ᠨᠡᠶ᠋ᠢᠲᠡ 200 ᠭᠠᠷᠤᠶ ᠬᠥᠮᠦᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠵᠠᠶ᠃




      ᠤᠯᠠᠭ᠋ᠠᠨᠴᠠᠪ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ ᠵᠢᠨ ᠳᠡᠳ᠋ ᠳᠠᠷᠤᠭ᠎ᠠ ᠯᠢᠦ ᠢᠦᠶ 《ᠠᠶᠤᠯᠭᠦᠶ ᠦᠢ᠍ᠯᠡᠳᠪᠦᠷᠢᠯᠡᠯ᠎ᠤᠨ ᠰᠠᠷ᠎ᠠ》 ᠪᠠ 《ᠠᠶᠤᠯᠭᠦᠶ ᠦᠢ᠍ᠯᠡᠳᠪᠦᠷᠢᠯᠡᠯ᠎ᠤᠨ ᠲᠠᠯ᠎ᠠ ᠨᠤᠲᠤᠭ᠎ᠤᠨ ᠠᠶᠠᠯᠠᠯ》 ᠭᠡᠬᠦ ᠬᠣᠶᠠᠷ ᠵᠦᠢ᠍ᠯ᠎ᠤᠨ ᠠᠵᠢᠯᠯᠠᠭ᠎ᠠ ᠵᠢᠩᠬᠢᠨᠢ᠎ᠪᠠᠷ ᠡᠬᠢᠯᠡᠭᠰᠡᠨ᠎ᠢ ᠵᠠᠷᠯᠠᠪᠠ᠃ ᠡᠭᠦᠨ᠎ᠤ ᠬᠠᠮᠲᠤ ᠡᠯ᠎ᠡ ᠬᠣᠰᠢᠭᠤ ᠰᠢᠶᠠᠨ ᠬᠣᠲᠠ ᠲᠣᠭᠣᠷᠢᠭ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠪᠦᠲᠦᠭᠡᠨ ᠪᠠᠶ᠋ᠢᠭᠤᠯᠵᠤ ᠪᠠᠶ᠋ᠢᠭ᠎ᠠ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠭᠰᠠᠨ ᠨᠢᠭᠡᠴᠢ᠎ᠨᠦᠭᠦᠳ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠰᠢ ᠵᠢᠨ ᠫᠢᠩ ᠶᠡᠷᠦᠩᠬᠡᠶ ᠱᠦᠵᠢ ᠵᠢᠨ ᠠᠶᠤᠯᠭᠦᠶ ᠦᠢ᠍ᠯᠡᠳᠪᠦᠷᠢᠯᠡᠯ᠎ᠤᠨ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠵᠢᠴᠢ ᠬᠣᠲᠠ ᠵᠢᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠠᠶᠤᠯᠭᠦᠶ ᠦᠢ᠍ᠯᠡᠳᠪᠦᠷᠢᠯᠡᠯ᠎ᠤᠨ ᠠᠵᠢᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠪᠦᠬᠦ ᠬᠣᠲᠠ ᠵᠢᠨ ᠠᠶᠤᠯᠭᠦᠶ ᠦᠢ᠍ᠯᠡᠳᠪᠦᠷᠢᠯᠡᠯ᠎ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ ᠵᠢᠨ ᠲᠣᠭᠣᠷᠢᠨ᠎ᠳᠤ ᠲᠥᠪᠯᠡᠷᠡᠭᠦᠯᠦᠨ ᠪᠣᠭᠣᠮᠲᠠ ᠰᠢᠪᠲᠤᠯᠵᠤ᠂ 《ᠠᠶᠤᠯᠭᠦᠶ ᠦᠢ᠍ᠯᠡᠳᠪᠦᠷᠢᠯᠡᠯ᠎ᠤᠨ ᠰᠠᠷ᠎ᠠ》 ᠵᠢᠨ ᠰᠢᠷᠢᠰ ᠠᠵᠢᠯᠯᠠᠭ᠎ᠠ ᠵᠢ ᠵᠡᠷᠭᠡᠪᠡᠷ ᠥᠷᠨᠢᠭᠦᠯᠵᠦ᠂ ᠤᠬᠠᠭᠤᠯᠬᠤ᠂ ᠬᠥᠮᠦᠵᠢᠭᠦᠯᠬᠦ᠂ ᠪᠠᠶ᠋ᠢᠴᠠᠭ᠋ᠠᠬᠤ᠂ ᠲᠣᠭᠣᠷᠢᠨ ᠦᠵᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢᠨ ᠠᠵᠢᠯᠯᠠᠭ᠎ᠠ ᠵᠢ ᠨᠠᠷᠢᠨ ᠨᠢᠮᠪᠠᠶ ᠵᠣᠬᠢᠶᠠᠨ ᠪᠠᠶ᠋ᠢᠭᠤᠯᠵᠤ᠂ ᠤᠯᠠᠭ᠋ᠠᠨᠴᠠᠪ ᠬᠣᠲᠠ ᠵᠢᠨ ᠪᠠᠷᠢᠯᠭ᠎ᠠ ᠵᠢᠨ ᠠᠵᠢᠯ᠎ᠤᠨ ᠠᠶᠤᠯᠭᠦᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠯᠲᠠ ᠵᠢᠨ ᠬᠢᠷᠢ ᠬᠡᠮᠵᠢᠶ᠎ᠡ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠂ ᠪᠠᠷᠢᠯᠭ᠎ᠠ ᠵᠢᠨ ᠠᠵᠢᠯᠲᠠᠨ᠎ᠤ ᠠᠶᠤᠯᠭᠦᠶ ᠦᠢ᠍ᠯᠡᠳᠪᠦᠷᠢᠯᠡᠯ᠎ᠤᠨ ᠦᠵᠡᠯ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠬᠦᠨᠳᠦ ᠶᠡᠬᠡ ᠣᠨᠴᠠ ᠶᠡᠬᠡ ᠡᠨᠳᠡᠯ ᠭᠠᠷᠬᠤ ᠵᠢ ᠪᠦᠲᠦᠮᠵᠢᠲᠡᠶ ᠰᠡᠷᠭᠡᠶ᠋ᠢᠯᠡᠨ ᠬᠣᠷᠢᠭᠯᠠᠵᠤ᠂ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ᠎ᠳᠤ ᠪᠡᠯᠡᠭ ᠬᠦᠷᠭᠡᠬᠦ ᠬᠡᠷᠡᠭᠲᠡᠶ ᠭᠡᠪᠡ᠃
      ᠡᠬᠢᠯᠡᠯᠲᠡ ᠵᠢᠨ ᠶᠣᠰᠣᠯᠠᠯ᠎ᠳᠤ᠂ ᠤᠯᠠᠭ᠋ᠠᠨᠴᠠᠪ ᠬᠤᠳᠠ ᠵᠢᠨ ᠪᠠᠷᠢᠯᠭ᠎ᠠ ᠵᠢᠨ ᠦᠢ᠍ᠯᠡᠰ᠎ᠤᠨ ᠨᠡᠶ᠋ᠢᠭᠡᠮᠯᠢᠭ᠎ᠤᠨ ᠳᠠᠷᠤᠭ᠎ᠠ ᠳ᠋ᠠᠢ   ᠾᠦᠢ ᠯᠢᠶᠠᠩ ᠤᠯᠠᠭ᠋ᠠᠨᠴᠠᠪ ᠬᠤᠳᠠ ᠵᠢᠨ ᠡᠨᠡ ᠵᠢᠯ᠎ᠤᠨ ᠪᠠᠷᠢᠯᠭ᠎ᠠ ᠵᠢᠨ ᠠᠵᠢᠯ ᠲᠦᠷᠦᠯ᠎ᠤᠨ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠰᠢᠷᠢᠰ ᠠᠵᠢᠯᠯᠠᠭ᠎ᠠ ᠵᠢᠨ ᠲᠤᠬᠠᠢ ᠨᠠᠷᠢᠨ ᠲᠤᠬᠢᠷᠠᠭᠤᠯᠤᠯᠲᠠ ᠪᠠ ᠪᠣᠳᠠᠲᠠᠢ ᠱᠠᠭ᠋ᠠᠷᠳᠠᠯᠭ᠎ᠠ ᠬᠢᠵᠡᠢ᠃ ᠸᠠᠨ ᠳ᠋ᠠ ᠲᠦᠷᠦᠯ ᠵᠦᠢ᠍ᠯ᠎ᠤᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ ᠵᠢᠨ ᠬᠣᠶᠠᠳᠤᠭ᠋ᠠᠷ ᠲᠣᠪᠴᠢᠶ᠎ᠠ ᠵᠢᠨ ᠭᠤᠷᠪᠠᠳᠤᠭ᠋ᠠᠷ ᠪᠠᠷᠢᠯᠭ᠎ᠠ ᠵᠢᠨ ᠬᠢᠵᠠᠭ᠋ᠠᠷᠲᠤ ᠺᠣᠮᠫᠠᠨᠢ ᠵᠢᠨ ᠲᠦᠷᠦᠯ ᠵᠦᠢ᠍ᠯ᠎ᠤᠨ ᠳᠠᠭ᠋ᠠᠭ᠋ᠠᠮᠠᠯ ᠭᠤᠤ ᠰᠢᠨ ᠪᠠᠷᠢᠯᠭ᠎ᠠ ᠵᠢᠨ ᠠᠵᠤ ᠠᠬᠤᠶ᠋ᠢᠯᠠᠯ᠎ᠢ ᠲᠥᠯᠥᠭᠡᠯᠡᠨ ᠦᠭᠡ ᠬᠡᠯᠡᠪᠡ᠃




      ᠡᠬᠢᠯᠡᠯᠲᠡ ᠵᠢᠨ ᠶᠣᠰᠣᠯᠠᠯ᠎ᠤᠨ ᠲᠤᠬᠠᠢ ᠵᠢᠨ ᠲᠠᠯᠠᠪᠠᠢ᠎ᠳᠤ 20 ᠳ᠋ᠤᠭ᠋ᠠᠷ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠤᠬᠠᠭᠤᠯᠭ᠎ᠠ ᠵᠢᠨ ᠭᠠᠷ ᠳᠡᠪᠲᠡᠷ᠎ᠢ ᠲᠠᠷᠬᠠᠭ᠋ᠠᠵᠤ᠂ ᠪᠠᠷᠢᠯᠭ᠎ᠠ ᠵᠢᠨ ᠠᠵᠢᠯᠲᠠᠳ᠎ᠤᠨ ᠠᠶᠤᠯᠭᠦᠢ ᠦᠢ᠍ᠯᠡᠳᠪᠦᠷᠢᠯᠡᠯ᠎ᠤᠨ ᠤᠬᠠᠮᠰᠠᠷ᠎ᠢ ᠦᠨᠡᠨᠬᠦ ᠳᠡᠭᠡᠭᠰᠢᠯᠡᠭᠦᠯᠵᠦ᠂ ᠥᠪᠡᠷ᠎ᠢ᠎ᠪᠠᠨ ᠠᠪᠤᠷᠠᠬᠤ ᠪᠠ ᠬᠠᠷᠢᠯᠴᠠᠨ ᠠᠪᠤᠷᠠᠬᠤ ᠴᠢᠳᠠᠪᠤᠷᠢ ᠵᠢ ᠨᠡᠮᠡᠭᠳᠡᠭᠦᠯᠵᠡᠢ᠃
    ᠶᠣᠰᠣᠯᠠᠯ ᠲᠡᠭᠦᠰᠦᠭᠰᠡᠨ᠎ᠤ ᠲᠠᠷᠠᠭ᠎ᠠ᠂ ᠬᠤᠷᠠᠯ᠎ᠳᠤ ᠣᠷᠣᠯᠴᠠᠭᠰᠠᠳ ᠸᠠᠨ ᠳ᠋ᠠ ᠠᠭᠤᠳᠠᠮ ᠲᠠᠯᠠᠪᠠᠢ ᠵᠢᠨ ᠣᠷᠣᠨ ᠰᠠᠭᠤᠴᠠ ᠵᠢᠨ ᠠᠰᠠᠷ᠎ᠤᠨ ᠲᠦᠷᠦᠯ ᠵᠦᠢ᠍ᠯ᠎ᠤᠨ ᠪᠠᠷᠢᠮᠵᠢᠶᠠᠵᠢᠭᠰᠠᠨ ᠪᠣᠯᠪᠠᠰᠤᠨ ᠪᠠᠷᠢᠯᠭ᠎ᠠ ᠵᠢᠨ ᠲᠤᠬᠠᠢ ᠵᠢᠨ ᠲᠠᠯᠠᠪᠠᠢ ᠵᠢ ᠲᠣᠭᠣᠷᠢᠨ ᠦᠵᠡᠭᠰᠡᠨ ᠪᠥᠭᠡᠳ ᠠᠶᠤᠯᠭᠦᠢ ᠦᠢ᠍ᠯᠡᠳᠪᠦᠷᠢᠯᠡᠯ᠎ᠤᠨ ᠲᠤᠷᠰᠢᠯᠭ᠎ᠠ ᠮᠡᠳᠡᠯᠭᠡ᠎ᠪᠠᠨ ᠰᠣᠯᠢᠯᠴᠠᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠠᠩᠬᠠᠳᠠᠭᠴᠢ ᠡᠮᠴᠢᠯᠡᠭᠡ ᠵᠢᠨ ᠪᠠᠳᠤᠯᠠᠭ᠎ᠠ ᠵᠢᠨ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠬᠠᠯᠠᠮᠰᠢᠯ ᠤᠲᠠᠰᠤ 12393 ᠬᠥᠬᠡᠬᠣᠲᠠ᠎ᠳᠤ ᠨᠡᠪᠲᠡᠷᠡᠪᠡ!
ᠤᠯᠤᠰ᠎ᠠᠴᠠ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ ᠵᠢ ᠵᠣᠬᠢᠶᠠᠨ ᠪᠠᠶ᠋ᠢᠭᠤᠯᠬᠤ ᠳᠤᠮᠳᠠ᠎ᠠᠴᠠ ᠰᠤᠩᠭᠤᠭᠳᠠᠭᠰᠠᠨ ᠦᠭᠡᠢ ᠡᠮ᠎ᠤᠨ ᠵᠦᠢ᠍ᠯ᠎ᠤᠨ ᠦᠨ᠎ᠡ ᠬᠠᠩᠰᠢ ᠵᠢ ᠲᠣᠬᠢᠷᠠᠭᠤᠯᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠤᠪᠴᠢᠶ᠎ᠠ ᠮᠠᠨ᠎ᠤ ᠣᠷᠣᠨ᠎ᠳᠤ ᠡᠮ ᠡᠮᠨᠡᠯᠭᠡ ᠵᠢᠨ ᠳᠠᠭ᠋ᠠᠳᠬᠠᠯ᠎ᠤᠨ ᠣᠶᠤᠨᠴᠢ ᠬᠢᠨᠠᠨ ᠡᠵᠡᠮᠳᠡᠬᠦ ᠠᠵᠢᠯ᠎ᠳᠤ ᠪᠠᠢ᠌ᠴᠠᠭ᠋ᠠᠨ ᠰᠤᠳᠤᠯᠤᠯᠳᠠ ᠬᠢᠪᠡ
ᠰᠢᠯᠢ ᠵᠢᠨ ᠭᠣᠤᠯ ᠠᠶ᠋ᠢᠮᠠᠭ᠎ᠤᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠲᠤᠰᠬᠠᠶ ᠠᠵᠢᠯ᠎ᠤᠨ ᠠᠩᠭᠢ ᠲᠣᠮᠢᠯᠠᠵᠤ ᠪᠥᠬᠥ ᠠᠶ᠋ᠢᠮᠠᠭ᠎ᠤᠨ ᠡᠮᠴᠢᠯᠡᠭᠡ ᠵᠢᠨ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠪᠠᠢ᠌ᠭᠤᠯᠤᠯᠳᠠ ᠵᠢ ᠠᠬᠢᠭᠤᠯᠪᠠ
ᠠᠯᠠᠱ᠌ᠠ ᠠᠶ᠋ᠢᠮᠠᠭ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ ᠭᠠᠴᠠᠭ᠎ᠠ ᠲᠠᠭ᠋ᠠᠭ᠋ᠠᠴᠢᠯᠠᠨ ᠬᠤᠯᠪᠤᠭ᠋ᠠᠯᠠᠵᠦ ᠭᠣᠤᠯ ᠰᠡᠳᠦᠪᠲᠦ ᠨᠠᠮ᠎ᠤᠨ ᠡᠳᠦᠷᠯᠢᠭ᠎ᠤᠨ ᠠᠵᠢᠯᠯᠠᠭ᠎ᠠ ᠵᠢ ᠥᠷᠨᠢᠭᠦᠯᠪᠡ
 
            