ᠥᠪᠥᠷ ᠡᠮ ᠬᠤᠳᠠᠯᠳᠤᠨ ᠲᠥᠪ ᠦᠰᠦᠭ [2021] 100 ᠳ᠋ᠤᠭ᠋ᠠᠷ ᠲᠣᠭ᠋ᠠᠲᠤ
ᠡᠯ᠎ᠡ ᠬᠠᠮᠢᠶ᠎ᠠ ᠪᠥᠬᠥᠶ ᠠᠵᠤ ᠠᠬᠤᠶ᠋ᠢᠯᠠᠯ᠄
《ᠳᠥᠷᠪᠡᠳᠦᠭᠡᠷ ᠪᠦᠯᠦᠭ ᠤᠯᠤᠰ᠎ᠤᠨ ᠲᠥᠪᠯᠡᠷᠡᠭᠦᠯᠦᠨ ᠬᠤᠳᠠᠯᠳᠤᠨ ᠠᠪᠬᠤ ᠪᠠ 〈ᠵᠢᠷᠭᠤᠭ᠋ᠠᠨ ᠮᠤᠵᠢ ᠬᠣᠶᠠᠷ ᠣᠷᠣᠨ〉᠎ᠤ ᠮᠤᠵᠢ ᠵᠢᠨ ᠬᠣᠭᠣᠷᠣᠨᠳᠣᠬᠢ ᠬᠣᠯᠪᠣᠭ᠋ᠠᠨ᠎ᠤ ᠡᠮ᠎ᠤᠨ ᠵᠦᠢ᠍ᠯ᠎ᠢ ᠲᠥᠪᠯᠡᠷᠡᠭᠦᠯᠦᠨ ᠲᠣᠭ᠎ᠠ ᠬᠡᠮᠵᠢᠶ᠎ᠡ᠎ᠲᠠᠢ ᠬᠤᠳᠠᠯᠳᠤᠨ ᠠᠪᠬᠤ ᠪᠠ ᠬᠡᠷᠡᠭᠯᠡᠬᠦ ᠠᠵᠢᠯ᠎ᠢ ᠨᠠᠶ᠋ᠢᠳᠠᠪᠤᠷᠢᠵᠢᠭᠤᠯᠬᠤ ᠲᠤᠬᠠᠶ ᠮᠡᠳᠡᠭᠳᠡᠯ》 (ᠥᠪᠥᠷ ᠡᠮᠴᠢᠯᠡᠭᠡ ᠪᠠᠳᠤᠯᠠᠭ᠎ᠠ ᠲᠠᠷᠬᠠᠭ᠋ᠠᠭᠰᠠᠨ [2021] 9 ᠳ᠋ᠤᠭᠡᠷ ᠲᠣᠭ᠋ᠠᠲᠤ)᠎ᠢ ᠦᠨᠳᠦᠰᠦᠯᠡᠨ᠂ ᠳᠥᠷᠪᠡᠳᠦᠭᠡᠷ ᠪᠦᠯᠦᠭ ᠤᠯᠤᠰ᠎ᠠᠴᠠ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ ᠵᠢ ᠵᠣᠬᠢᠶᠠᠨ ᠪᠠᠢ᠌ᠭᠤᠯᠬᠤ ᠳᠤᠮᠳᠠ᠎ᠠᠴᠠ ᠰᠤᠩᠭᠤᠭᠳᠠᠭᠰᠠᠨ ᠦᠭᠡᠢ ᠡᠮ᠎ᠤᠨ ᠵᠦᠢ᠍ᠯ᠎ᠤᠨ ᠦᠨ᠎ᠡ ᠬᠠᠩᠰᠢ᠎ᠳᠤ ᠲᠣᠬᠢᠷᠠᠭᠤᠯᠤᠯᠲᠠ ᠬᠢᠬᠦ ᠠᠵᠢᠯ᠎ᠢ ᠰᠠᠶ᠋ᠢᠲᠤᠷ ᠬᠢᠬᠦ ᠲᠤᠬᠠᠶ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠲᠣᠬᠢᠷᠠᠭᠤᠯᠤᠯᠲᠠ ᠬᠢᠬᠦ ᠬᠡᠪᠴᠢᠶ᠎ᠡ
ᠳᠥᠷᠪᠡᠳᠦᠭᠡᠷ ᠪᠦᠯᠦᠭ ᠤᠯᠤᠰ᠎ᠠᠴᠠ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ ᠵᠢ ᠵᠣᠬᠢᠶᠠᠨ ᠪᠠᠶ᠋ᠢᠭᠤᠯᠤᠭᠰᠠᠨ 45 ᠲᠥᠷᠥᠯ ᠵᠦᠢ᠍ᠯ᠎ᠳᠤ ᠬᠠᠷᠢᠶᠠᠯᠠᠭᠳᠠᠬᠤ ᠮᠥᠷᠲᠡᠭᠡᠨ ᠨᠢᠭᠡᠨᠲᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠰᠦᠯᠵᠢᠶᠡᠨ᠎ᠳᠤ ᠬᠤᠯᠪᠤᠭᠰᠠᠨ ᠰᠤᠩᠭᠤᠭᠳᠠᠭᠰᠠᠨ ᠥᠬᠡᠶ ᠡᠮ᠎ᠤᠨ ᠵᠦᠢ᠍ᠯ᠎ᠳᠤ ᠬᠠᠷᠢᠶᠠᠯᠠᠭᠳᠠᠨ᠎ᠠ᠃
ᠬᠣᠶᠠᠷ᠂ ᠳᠣᠭᠢᠷᠠᠭᠤᠯᠬᠤ ᠲᠦᠷᠢᠮ
(ᠨᠢᠭᠡ) ᠰᠣᠩᠭᠣᠭᠳᠠᠭᠰᠠᠨ ᠥᠬᠡᠶ ᠡᠮ᠎ᠤᠨ ᠵᠦᠢ᠍ᠯ᠎ᠤᠨ ᠦᠨ᠎ᠡ ᠬᠠᠩᠰᠢ ᠵᠢ ᠪᠡᠶ᠎ᠡ᠎ᠪᠠᠨ ᠳᠠᠭ᠋ᠠᠭ᠋ᠠᠵᠤ ᠪᠠᠭᠤᠷᠠᠭᠤᠯᠬᠤ ᠵᠢ ᠵᠣᠷᠢᠭᠵᠢᠭᠤᠯᠤᠨ᠎ᠠ᠃ ᠤᠤᠯ᠎ᠤᠨ ᠨᠠᠶ᠋ᠢᠷᠠᠭᠤᠯᠤᠭᠰᠠᠨ ᠡᠮ᠂ ᠠᠳᠠᠯᠢᠳᠬᠠᠨ ᠨᠠᠶ᠋ᠢᠷᠠᠭᠤᠯᠤᠭᠰᠠᠨ ᠡᠮ᠂ ᠭᠠᠳᠠᠭ᠋ᠠᠳᠤ᠎ᠠᠴᠠ ᠣᠷᠣᠭᠤᠯᠤᠭᠰᠠᠨ ᠡᠮ᠎ᠤᠨ ᠵᠦᠢ᠍ᠯ ᠪᠠ ᠶᠠᠰᠤ ᠴᠢᠨᠠᠷ ᠪᠠ ᠡᠮᠴᠢᠯᠡᠭᠡᠨ᠎ᠤ ᠦᠷ᠎ᠡ ᠪᠦᠲᠦᠮᠵᠢ ᠵᠢᠨ ᠨᠢᠭᠡᠳᠦᠯᠲᠦ ᠴᠢᠨᠠᠷ᠎ᠤᠨ ᠦᠨᠡᠯᠡᠯᠲᠡ᠎ᠪᠠᠷ ᠳᠠᠮᠵᠢᠭᠰᠠᠨ ᠳᠠᠭᠤᠷᠢᠶᠠᠮᠠᠯ ᠡᠮ᠎ᠤᠨ ᠵᠦᠢ᠍ᠯ᠎ᠤᠨ ᠮᠠᠨ᠎ᠤ ᠣᠷᠣᠨ᠎ᠳᠤ ᠠᠷᠠᠯᠵᠢᠶᠠᠯᠠᠭᠰᠠᠨ ᠦᠨ᠎ᠡ ᠬᠠᠩᠰᠢ᠎ᠨᠢ ᠪᠥᠬᠥ ᠤᠯᠤᠰ᠎ᠤᠨ ᠡᠯ᠎ᠡ ᠮᠤᠵᠢ ᠵᠢᠨ ᠬᠠᠮᠤᠭ᠎ᠤᠨ ᠳᠣᠤᠷ᠎ᠠ ᠠᠷᠠᠯᠵᠢᠶᠠᠯᠠᠭᠰᠠᠨ ᠦᠨ᠎ᠡ ᠬᠠᠩᠰᠢ᠎ᠠᠴᠠ ᠥᠨᠳᠥᠷ ᠪᠠᠶ᠋ᠢᠵᠤ ᠪᠣᠯᠬᠤ ᠥᠬᠡᠶ ᠮᠥᠷᠲᠡᠭᠡᠨ ᠱᠠᠩᠬᠠᠶ ᠵᠢᠨ ᠤᠯᠠᠭ᠋ᠠᠨ ᠱᠤᠭᠤᠮ᠎ᠤᠨ ᠦᠨ᠎ᠡ ᠬᠠᠩᠰᠢ᠎ᠠᠴᠠ ᠥᠨᠳᠥᠷ ᠪᠠᠶ᠋ᠢᠵᠤ ᠪᠣᠯᠬᠤ ᠥᠬᠡᠶ᠃ ᠬᠡᠷᠪᠡ ᠦᠨ᠎ᠡ ᠬᠠᠩᠰᠢ᠎ᠳᠤ ᠲᠣᠬᠢᠷᠠᠭᠤᠯᠤᠯᠲᠠ ᠬᠢᠬᠦ᠎ᠳᠤ ᠭᠦᠷᠪᠡᠯ᠂ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠴᠠᠭ ᠲᠤᠬᠠᠶ᠎ᠳᠤᠨᠢ ᠰᠠᠨᠠᠭ᠋ᠠᠴᠢᠯᠠᠭ᠎ᠠ᠎ᠠᠴᠠ᠎ᠪᠠᠨ ᠪᠥᠬᠥ ᠤᠯᠤᠰ᠎ᠤᠨ ᠬᠠᠮᠤᠭ᠎ᠤᠨ ᠳᠣᠤᠷ᠎ᠠ ᠡᠯ᠎ᠡ ᠮᠤᠵᠢ ᠵᠢᠨ ᠠᠷᠠᠯᠵᠢᠶᠠᠨ᠎ᠤ ᠦᠨ᠎ᠡ ᠬᠠᠩᠰᠢ ᠵᠢ ᠮᠡᠳᠡᠭᠦᠯᠦᠨ᠎ᠡ᠃
(ᠬᠣᠶᠠᠷ) ᠶᠠᠰᠤ ᠴᠢᠨᠠᠷ ᠪᠠ ᠡᠮᠴᠢᠯᠡᠭᠡᠨ᠎ᠤ ᠦᠷ᠎ᠡ ᠪᠦᠲᠦᠮᠵᠢ ᠵᠢᠨ ᠨᠢᠭᠡᠳᠦᠯᠲᠦ ᠴᠢᠨᠠᠷ᠎ᠤᠨ ᠦᠨᠡᠯᠡᠯᠲᠡ ᠵᠢ ᠳᠠᠮᠵᠢᠭᠰᠠᠨ ᠥᠬᠡᠶ ᠳᠠᠭᠤᠷᠢᠶᠠᠮᠠᠯ ᠡᠮ᠎ᠤᠨ ᠬᠠᠩᠭ᠋ᠠᠯᠭ᠎ᠠ ᠵᠢᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠤᠳᠠᠯᠳᠤᠨ ᠠᠪᠬᠤ ᠦᠨ᠎ᠡ ᠬᠠᠩᠰᠢ ᠵᠢ ᠮᠠᠨ᠎ᠤ ᠣᠷᠣᠨ᠎ᠤ ᠳᠣᠲᠣᠷ᠎ᠠ᠎ᠠᠴᠠ ᠰᠤᠩᠭᠤᠭᠳᠠᠭᠰᠠᠨ ᠡᠮ᠎ᠤᠨ ᠵᠦᠢ᠍ᠯ᠎ᠤᠨ ᠬᠤᠳᠠᠯᠳᠤᠨ ᠠᠪᠬᠤ ᠦᠨ᠎ᠡ ᠬᠠᠩᠰᠢ᠎ᠠᠴᠠ ᠥᠨᠳᠥᠷ ᠪᠠᠶ᠋ᠢᠯᠭ᠋ᠠᠵᠤ ᠪᠣᠯᠬᠤ ᠥᠬᠡᠶ᠂ ᠬᠤᠳᠠᠯᠳᠤᠨ ᠠᠪᠬᠤ ᠦᠨ᠎ᠡ ᠬᠠᠩᠰᠢ ᠵᠢ ᠡᠮᠴᠢᠯᠡᠭᠡᠨ᠎ᠤ ᠪᠠᠶ᠋ᠢᠭᠤᠯᠤᠮᠵᠢ ᠪᠠ ᠠᠵᠤ ᠠᠬᠤᠶ᠋ᠢᠯᠠᠯ᠎ᠠᠴᠠ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶ᠎ᠡ᠎ᠪᠠᠷ ᠳᠡᠮᠵᠢᠨ ᠥᠪᠡᠷᠲᠡᠭᠡᠨ ᠵᠥᠪᠯᠡᠨ ᠲᠣᠭᠲᠠᠭ᠋ᠠᠨ᠎ᠠ᠃ ᠬᠢᠷᠢ ᠲᠡᠩᠴᠡᠭᠰᠡᠨ ᠥᠬᠡᠶ ᠡᠮ᠎ᠤᠨ ᠵᠦᠢ᠍ᠯ᠎ᠨᠢ ᠶᠠᠰᠤ ᠴᠢᠨᠠᠷ ᠪᠠ ᠡᠮᠴᠢᠯᠡᠭᠡᠨ᠎ᠤ ᠲᠤᠰᠠ ᠵᠢᠨ ᠨᠢᠭᠡᠳᠦᠯᠲᠦ ᠴᠢᠨᠠᠷ᠎ᠤᠨ ᠦᠨᠡᠯᠡᠨ ᠰᠢᠯᠭ᠋ᠠᠷᠠᠭᠤᠯᠤᠯᠲᠠ᠎ᠳᠤ ᠬᠢᠷᠢ ᠲᠡᠩᠴᠡᠭᠰᠡᠨ᠎ᠤ ᠳᠠᠷᠠᠭ᠎ᠠ᠂ ᠠᠵᠤ ᠠᠬᠤᠶ᠋ᠢᠯᠠᠯ᠎ᠠᠴᠠ ᠴᠠᠭ ᠲᠤᠬᠠᠶ᠎ᠳᠤᠨᠢ ᠭᠤᠶᠤᠴᠢᠯᠠᠭᠰᠠᠨ ᠮᠠᠲ᠋ᠧᠷᠢᠶᠠᠯ ᠵᠶ᠋ᠠᠨ ᠰᠢᠨᠡᠳᠬᠡᠬᠦ ᠮᠡᠳᠡᠭᠡ ᠵᠠᠩᠭᠢ᠎ᠪᠠᠨ ᠲᠤᠰᠢᠶᠠᠬᠤ ᠬᠡᠷᠡᠭᠲᠡᠶ᠃
(ᠭᠤᠷᠪᠠ) ᠤᠯᠤᠰ᠎ᠠᠴᠠ ᠬᠠᠩᠭ᠋ᠠᠯᠭ᠎ᠠ᠎ᠨᠢ ᠥᠪᠥᠷ ᠮᠣᠩᠭᠣᠯ᠎ᠤᠨ ᠪᠣᠰᠤ ᠰᠤᠩᠭᠤᠭᠳᠠᠭᠰᠠᠨ ᠠᠵᠤ ᠠᠬᠤᠢ᠌ᠯᠠᠯ᠎ᠠᠴᠠ ᠲᠥᠪᠯᠡᠷᠡᠭᠦᠯᠦᠨ ᠬᠤᠳᠠᠯᠳᠤᠨ ᠠᠪᠴᠤ᠂ ᠡᠭᠦᠨ᠎ᠤ ᠳᠣᠲᠣᠷ᠎ᠠ᠎ᠠᠴᠠ ᠰᠤᠩᠭᠤᠭᠳᠠᠭᠰᠠᠨ ᠦᠨ᠎ᠡ᠎ᠪᠠᠷ᠎ᠨᠢ ᠥᠪᠥᠷ ᠮᠣᠩᠭᠣᠯ ᠣᠷᠣᠨ᠎ᠳᠤ ᠬᠠᠩᠭ᠋ᠠᠬᠤ ᠵᠢ ᠵᠣᠷᠢᠭᠵᠢᠭᠤᠯᠤᠨ᠎ᠠ᠃
ᠭᠤᠷᠪᠠ᠂ ᠮᠡᠳᠡᠭᠦᠯᠬᠦ ᠱᠠᠭ᠋ᠠᠷᠳᠠᠯᠭ᠎ᠠ
(ᠨᠢᠭᠡ) ᠤᠤᠯ᠎ᠤᠨ ᠨᠠᠶ᠋ᠢᠷᠠᠭᠤᠯᠤᠭᠰᠠᠨ ᠡᠮ᠂ ᠬᠠᠷᠢᠴᠠᠭᠤᠯᠤᠨ ᠨᠠᠶ᠋ᠢᠷᠠᠭᠤᠯᠤᠭᠰᠠᠨ ᠡᠮ᠂ ᠭᠠᠳᠠᠭ᠋ᠠᠳᠤ᠎ᠠᠴᠠ ᠣᠷᠣᠭᠤᠯᠤᠭᠰᠠᠨ ᠡᠮ᠎ᠤᠨ ᠵᠦᠢ᠍ᠯ᠂ ᠶᠠᠰᠤ ᠴᠢᠨᠠᠷ ᠪᠠ ᠡᠮᠴᠢᠯᠡᠭᠡᠨ᠎ᠤ ᠠᠴᠢ ᠲᠤᠰᠠ ᠵᠢᠨ ᠨᠢᠭᠡᠳᠦᠯᠲᠦ ᠴᠢᠨᠠᠷ᠎ᠤᠨ ᠦᠨᠡᠯᠡᠯᠲᠡ᠎ᠪᠠᠷ ᠳᠠᠮᠵᠢᠭᠤᠯᠤᠨ ᠳᠠᠭᠤᠷᠢᠶᠠᠮᠠᠯ ᠡᠮ᠎ᠤᠨ ᠵᠦᠢ᠍ᠯ (ᠳᠠᠭ᠋ᠠᠯᠳᠤᠭᠤᠯᠤᠯ 1᠎ᠢ ᠨᠠᠷᠢᠪᠴᠢᠯᠠᠨ ᠦᠵᠡ)᠎ᠢ ᠲᠣᠭᠲᠠᠭᠰᠠᠨ ᠴᠠᠭ᠎ᠤᠨ ᠳᠣᠲᠣᠷ᠎ᠠ ᠦᠨ᠎ᠡ ᠬᠠᠩᠰᠢ ᠮᠡᠳᠡᠭᠦᠯᠦᠨ᠎ᠡ᠂ ᠬᠤᠭᠤᠴᠠᠭ᠎ᠠ ᠬᠡᠲᠦᠷᠡᠲᠡᠯ᠎ᠡ ᠦᠨ᠎ᠡ ᠬᠠᠩᠰᠢ ᠵᠢ ᠮᠡᠳᠡᠭᠦᠯᠦᠭᠰᠡᠨ ᠤᠢ᠍ᠭᠡᠢ ᠡᠮ᠎ᠤᠨ ᠵᠦᠢ᠍ᠯ᠎ᠤᠨ ᠠᠷᠠᠯᠵᠢᠶᠠᠯᠠᠬᠤ ᠬᠢᠷᠢ ᠬᠡᠮ᠎ᠢ ᠲᠤᠢ᠍ᠷ ᠵᠣᠭᠰᠣᠭ᠋ᠠᠨ᠎ᠠ᠃
(ᠬᠣᠶᠠᠷ) ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ》᠂ 《ᠬᠠᠤᠯᠢ ᠵᠢᠨ ᠡᠷᠬᠡᠲᠡᠨ᠎ᠤ ᠡᠷᠬᠡ ᠣᠯᠭᠣᠭᠰᠠᠨ ᠪᠢᠴᠢᠭ》᠂ 《ᠰᠤᠩᠭᠤᠭᠳᠠᠭᠰᠠᠨ ᠥᠬᠡᠶ ᠡᠮ᠎ᠤᠨ ᠵᠦᠢ᠍ᠯ᠎ᠤᠨ ᠦᠨ᠎ᠡ ᠬᠠᠩᠰᠢ ᠵᠢᠨ ᠮᠡᠳᠡᠭᠦᠯᠦᠯᠲᠡ ᠵᠢᠨ ᠵᠠᠬᠢᠳᠠᠯ》 ᠪᠠ 《ᠰᠤᠩᠭᠤᠭᠳᠠᠭᠰᠠᠨ ᠥᠬᠡᠶ ᠡᠮ᠎ᠤᠨ ᠵᠦᠢ᠍ᠯ᠎ᠤᠨ ᠦᠨ᠎ᠡ ᠬᠠᠩᠰᠢ ᠵᠢᠨ ᠲᠣᠬᠢᠷᠠᠭᠤᠯᠤᠯᠲᠠ ᠵᠢᠨ ᠮᠡᠳᠡᠭᠡ ᠵᠠᠩᠭᠢ ᠵᠢᠨ ᠬᠤᠷᠢᠶᠠᠩᠭᠤᠶ ᠬᠦᠰᠦᠨᠦᠭᠲᠦ》 ᠵᠡᠷᠭᠡ ᠠᠵᠤ ᠠᠬᠤᠶ᠋ᠢᠯᠠᠯ᠎ᠤᠨ ᠰᠢᠨ᠎ᠡ ᠲᠠᠮᠠᠭ᠎ᠠ ᠳᠠᠷᠤᠭᠰᠠᠨ ᠰᠢᠷᠪᠢᠯᠲᠡ ᠵᠢᠨ ᠮᠠᠲ᠋ᠧᠷᠢᠶᠠᠯ᠎ᠢ ᠱᠠᠭ᠋ᠠᠷᠳᠠᠯᠭ᠎ᠠ ᠶᠣᠰᠣᠭ᠋ᠠᠷ᠂ ᠲᠣᠭᠲᠠᠭ᠋ᠠᠭᠰᠠᠨ ᠰᠢᠤᠳᠠᠨ
(nmgyczxywsl@163.com)᠂ ᠳᠤ ᠬᠦᠷᠭᠡᠬᠦ ᠬᠡᠷᠡᠭᠲᠡᠢ᠂ ᠮᠠᠲ᠋ᠧᠷᠢᠶᠠᠯ᠎ᠤᠨ ᠵᠠᠭᠪᠤᠷ᠎ᠢ
(ᠳᠠᠭ᠋ᠠᠯᠳᠤᠭᠤᠯᠤᠯ 2᠎ᠲᠤ ᠦᠵᠡ)᠃
(ᠭᠤᠷᠪᠠ) ᠮᠠᠲ᠋ᠧᠷᠢᠶᠠᠯ ᠮᠡᠳᠡᠭᠦᠯᠬᠦ ᠴᠠᠭ᠄ 2021 ᠣᠨ᠎ᠤ 6 ᠳ᠋ᠤᠭ᠋ᠠᠷ ᠰᠠᠷ᠎ᠠ ᠵᠢᠨ 2᠎ᠤᠨ ᠡᠳᠦᠷ᠎ᠠᠴᠠ 2020 ᠣᠨ᠎ᠤ 6 ᠳ᠋ᠤᠭ᠋ᠠᠷ ᠰᠠᠷ᠎ᠠ ᠵᠢᠨ 9᠎ᠤ ᠡᠳᠦᠷ ᠪᠤᠯᠳᠠᠯ᠎ᠠ᠃
(ᠳᠥᠷᠪᠡ) ᠦᠨ᠎ᠡ ᠬᠠᠩᠰᠢ ᠵᠢᠨ ᠲᠣᠬᠢᠷᠠᠭᠤᠯᠤᠯᠲᠠ ᠵᠢᠨ ᠦᠷ᠎ᠡ ᠳ᠋ᠦᠩ᠎ᠢ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠰᠦᠯᠵᠢᠶ᠎ᠡ᠎ᠪᠠᠷ ᠳᠠᠮᠵᠢᠭᠤᠯᠤᠨ ᠬᠤᠷᠢᠶᠠᠩᠭᠤᠶ᠋ᠢᠯᠠᠨ ᠨᠡᠶ᠋ᠢᠲᠡᠯᠡᠨ᠎ᠡ᠃
ᠬᠠᠷᠢᠯᠴᠠᠬᠤ ᠬᠡᠯᠪᠡᠷᠢ᠄ ᠪᠢ ᠪᠠᠭᠰᠢ 0471 — 4919735
ᠸᠸᠨ ᠪᠠᠭᠰᠢ 0471 — 4908343
ᠳᠠᠭ᠋ᠠᠯᠳᠤᠭᠤᠯᠤᠯ᠄
1᠂ ᠳᠥᠷᠪᠡᠳᠦᠭᠡᠷ ᠪᠦᠯᠦᠭ ᠤᠯᠤᠰ᠎ᠠᠴᠠ ᠡᠮ᠎ᠤᠨ ᠵᠦᠢ᠍ᠯᠡᠰ᠎ᠢ ᠲᠥᠪᠯᠡᠷᠡᠭᠦᠯᠦᠨ ᠬᠤᠳᠠᠯᠳᠤᠨ ᠠᠪᠬᠤ ᠦᠨᠡᠯᠡᠨ ᠲᠣᠭᠲᠠᠭ᠋ᠠᠭᠰᠠᠨ ᠬᠦᠰᠦᠨᠦᠭᠲᠦ
2᠂ ᠮᠠᠲ᠋ᠧᠷᠢᠶᠠᠯ ᠭᠠᠷᠳᠠᠭᠤᠯᠬᠤ ᠬᠡᠪ ᠬᠠᠪᠲᠠᠰᠤ
ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
2021 ᠣᠨ᠎ᠤ 6 ᠳ᠋ᠤᠭ᠋ᠠᠷ ᠰᠠᠷ᠎ᠠ ᠵᠢᠨ 2᠎ᠤ ᠡᠳᠦᠷ