ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠥᠪᠥᠷ ᠮᠣᠩᠭᠣᠯ᠎ᠤᠨ ᠠᠩᠬᠠᠳᠠᠭᠴᠢ ᠡᠮᠴᠢᠯᠡᠭᠡ ᠵᠢᠨ ᠪᠠᠳᠤᠯᠠᠭ᠎ᠠ ᠵᠢᠨ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠬᠠᠯᠠᠮᠰᠢᠯ ᠤᠲᠠᠰᠤ 12393 ᠬᠥᠬᠡᠬᠣᠲᠠ᠎ᠳᠤ ᠨᠡᠪᠲᠡᠷᠡᠪᠡ!
ᠨᠡᠶ᠋ᠢᠲᠡᠯᠡᠭᠰᠡᠨ ᠴᠠᠭ᠄ 2021-06-07

      ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠵᠢ ᠠᠵᠤ ᠠᠬᠤᠶ᠋ᠢᠯᠠᠯ ᠪᠠ ᠣᠯᠠᠨ ᠲᠦᠮᠡᠨ᠎ᠳᠤ ᠰᠢᠭᠤᠳ ᠬᠠᠨᠳᠤᠭᠤᠯᠵᠤ᠂ ᠠᠰᠠᠭᠤᠳᠠᠯ᠎ᠤᠨ ᠰᠠᠨᠠᠭᠤᠯᠭ᠎ᠠ ᠵᠢ ᠲᠤᠰᠬᠠᠬᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠰᠠᠭᠤᠳᠠᠯ᠎ᠢ   ᠰᠢᠢ᠍ᠳᠪᠦᠷᠢᠯᠡᠬᠦ ᠵᠢ ᠳᠥᠯᠭᠢᠨ ᠠᠬᠢᠭᠤᠯᠬᠤ ᠴᠢᠬᠤᠯᠠ ᠠᠷᠭ᠎ᠠ ᠵᠠᠮ ᠮᠥᠨ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠭᠤᠨ ᠤᠲᠠᠰᠤ ᠵᠢ ᠰᠢᠯᠢᠳᠡᠭᠵᠢᠭᠦᠯᠬᠦ᠎ᠨᠢ ᠵᠠᠰᠠᠭ᠎ᠤᠨ ᠶᠠᠪᠤᠳᠠᠯ᠎ᠤᠨ ᠡᠬᠢ ᠪᠠᠶᠠᠯᠢᠭ᠎ᠢ ᠪᠦᠲᠦᠮᠵᠢᠲᠡᠶ ᠠᠰᠢᠭᠯᠠᠬᠤ᠂ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠬᠢᠨᠠᠯᠲᠠ ᠲᠠᠯᠪᠢᠵᠤ ᠬᠢᠨᠠᠨ ᠰᠢᠯᠭ᠋ᠠᠬᠤ ᠵᠢ ᠴᠢᠩᠭ᠋ᠠᠳᠬᠠᠬᠤ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠬᠦ᠎ᠳᠤ ᠴᠢᠬᠤᠯᠠ   ᠦᠢ᠍ᠯᠡᠳᠦᠯ᠎ᠲᠠᠢ ᠶᠤᠮ᠂ 2021 ᠣᠨ᠎ᠤ 5 ᠳ᠋ᠤᠭ᠋ᠠᠷ ᠰᠠᠷ᠎ᠠ ᠵᠢᠨ 31᠎ᠤ ᠡᠳᠦᠷ᠂ ᠥᠪᠥᠷ ᠮᠣᠩᠭᠣᠯ᠎ᠤᠨ ᠠᠩᠬᠠᠳᠠᠭᠴᠢ ᠡᠮᠴᠢᠯᠡᠭᠡ ᠵᠢᠨ   ᠪᠠᠳᠤᠯᠠᠭ᠎ᠠ ᠵᠢᠨ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠬᠠᠯᠠᠮᠰᠢᠯ ᠤᠲᠠᠰᠤ 12393 ᠵᠢ ᠬᠥᠬᠡᠬᠣᠲᠠ᠎ᠳᠤ ᠵᠢᠩᠬᠢᠨᠢ᠎ᠪᠠᠷ ᠨᠡᠪᠲᠡᠷᠡᠭᠦᠯᠪᠡ᠂ ᠲᠣᠰ ᠬᠠᠯᠠᠮᠰᠢᠯ ᠤᠲᠠᠰᠤ ᠪᠣᠯ ᠲᠤᠰᠬᠠᠶ᠋ᠢᠯᠠᠨ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡ ᠬᠠᠩᠭ᠋ᠠᠬᠤ᠂ ᠠᠷᠠᠳ ᠣᠯᠠᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠠᠰᠠᠭᠤᠳᠠᠯ᠎ᠢ   ᠰᠢᠢ᠍ᠳᠪᠦᠷᠢᠯᠡᠬᠦ ᠬᠠᠯᠠᠮᠰᠢᠯ ᠤᠲᠠᠰᠤ ᠪᠣᠯᠤᠨ᠎ᠠ᠃
      ᠲᠥᠷᠥ ᠵᠢᠨ ᠶᠠᠪᠤᠳᠠᠯ᠎ᠤᠨ ᠬᠣᠷᠢᠶᠠᠨ᠎ᠤ 《ᠣᠷᠣᠨ ᠨᠤᠲᠤᠭ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠵᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠵᠢᠯᠣᠭᠣᠳᠬᠤ ᠰᠠᠨᠠᠯ》᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠬᠣᠲᠠ ᠵᠢᠨ 12393 ᠡᠮ ᠡᠮᠨᠡᠯᠭᠡ ᠵᠢᠨ ᠳᠠᠭ᠋ᠠᠳᠬᠠᠯ᠎ᠤᠨ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠬᠠᠯᠠᠮᠰᠢᠯ ᠤᠲᠠᠰᠤ ᠬᠢᠭᠡᠳ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤᠨ᠎ᠤ ᠬᠣᠤᠰ ᠳ᠋ᠤᠭ᠋ᠠᠷ᠎ᠢ ᠵᠡᠷᠭᠡᠪᠡᠷ ᠬᠡᠷᠡᠭᠯᠡᠵᠦ᠂ ᠳᠠᠭ᠋ᠠᠳᠬᠠᠯ᠎ᠳᠤ ᠣᠷᠣᠯᠴᠠᠭᠰᠠᠳ 12393 ᠪᠤᠶᠤ 12345 ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢ ᠤᠲᠠᠰᠤᠳᠠᠪᠠᠯ ᠴᠥᠮ ᠠᠰᠠᠭᠤᠨ ᠯᠠᠪᠯᠠᠬᠤ   ᠦᠢ᠍ᠯᠡᠴᠢᠯᠡᠭᠡ ᠭᠥᠷᠳᠡᠵᠦ ᠪᠣᠯᠤᠨ᠎ᠠ᠃
      ᠳᠠᠭ᠋ᠠᠳᠬᠠᠯ᠎ᠳᠤ ᠣᠷᠣᠯᠴᠠᠭᠰᠠᠳ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠪᠠ ᠲᠤᠬᠠᠶ᠋ᠢᠯᠠᠭᠰᠠᠨ ᠠᠵᠢᠯ᠎ᠢ ᠭᠠᠷᠲᠠᠨ ᠭᠦᠢ᠍ᠴᠡᠳᠭᠡᠬᠦ ᠯᠠᠪᠯᠠᠯᠲᠠ ᠵᠢᠨ ᠬᠡᠷᠡᠭᠴᠡᠭᠡ ᠵᠢ ᠨᠠᠩ ᠰᠠᠶ᠋ᠢᠲᠤᠷ ᠬᠠᠩᠭ᠋ᠠᠬᠤ ᠵᠢᠨ ᠲᠥᠯᠥᠭᠡ᠂ ᠤᠯᠤᠰ᠎ᠤᠨ   ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ 12393 ᠪᠥᠬᠥ ᠤᠯᠤᠰ᠎ᠤᠨ ᠡᠮᠴᠢᠯᠡᠭᠡ ᠵᠢᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠡᠬᠢᠯᠡᠭᠦᠯᠵᠦ᠂ ᠤᠯᠤᠰ᠎ᠤᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠬᠥᠬᠡᠬᠣᠲᠠ ᠢᠳᠡᠪᠬᠢᠲᠡᠶ ᠣᠷᠣᠯᠴᠠᠵᠤ᠂ ᠲᠦᠷᠭᠡᠨ ᠠᠬᠢᠭᠤᠯᠵᠤ᠂ ᠡᠮ ᠡᠮᠨᠡᠯᠭᠡ ᠵᠢᠨ ᠳᠠᠭ᠋ᠠᠳᠬᠠᠯ᠎ᠤᠨ ᠰᠠᠯᠠᠭ᠎ᠠ ᠮᠥᠴᠢᠷ ᠬᠢᠭᠡᠳ ᠣᠯᠠᠨ ᠲᠦᠮᠡᠨ᠎ᠤ ᠬᠣᠭᠣᠷᠣᠨᠳᠣᠬᠢ
《ᠬᠣᠯᠪᠣᠯᠳᠤᠭᠰᠠᠨ ᠬᠥᠭᠥᠷᠭᠡ》 ᠵᠢ ᠪᠠᠶ᠋ᠢᠭᠤᠯᠪᠠ᠃
      ᠠᠷᠠᠳ᠎ᠲᠤ ᠲᠥᠬᠥᠮ ᠦᠵᠡᠭᠦᠯᠬᠦ 12393 ᠦᠢ᠍ᠯᠡᠴᠢᠯᠡᠭᠡᠨ᠎ᠤ ᠬᠠᠯᠠᠮᠰᠢᠯ ᠤᠲᠠᠰᠤ᠎ᠪᠠᠷ ᠳᠠᠮᠵᠢᠭᠤᠯᠤᠨ᠂ ᠣᠯᠠᠨ ᠲᠦᠮᠡᠨ ᠡᠮ ᠡᠮᠨᠡᠯᠭᠡ ᠵᠢᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠵᠥᠪᠯᠡᠯᠭᠡ ᠥᠭᠬᠦ᠂ ᠲᠤᠬᠠᠶ᠋ᠢᠯᠠᠭᠰᠠᠨ ᠠᠵᠢᠯ᠎ᠤᠨ ᠠᠰᠠᠭᠤᠨ ᠯᠠᠪᠯᠠᠬᠤ ᠵᠡᠷᠭᠡ ᠦᠢ᠍ᠯᠡᠴᠢᠯᠡᠭᠡ ᠵᠢ ᠬᠢᠯᠪᠠᠷᠬᠠᠨ ᠵᠶ᠋ᠠᠷ ᠭᠦᠢ᠍ᠴᠡᠳᠭᠡᠵᠦ ᠪᠣᠯᠤᠨ᠎ᠠ᠃ ᠳ᠋ᠢᠶᠠᠩᠬᠤᠸᠠ ᠵᠢᠨ ᠳᠠᠷᠤᠭᠤᠯ᠎ᠤᠨ ᠠᠪᠢᠶ᠎ᠠ ᠵᠢᠨ ᠰᠠᠨᠠᠭᠤᠯᠤᠮᠵᠢ ᠵᠢᠨ ᠠᠵᠢᠯᠯᠠᠭ᠎ᠠ ᠵᠢ ᠦᠨᠳᠦᠰᠦᠯᠡᠨ᠂ ᠬᠥᠬᠡᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠠᠰᠠᠭᠤᠨ ᠯᠠᠪᠯᠠᠵᠤ᠂ ᠬᠥᠬᠡᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠵᠦᠢ᠍ᠯᠡᠰ᠎ᠤᠨ ᠬᠡᠷᠡᠭ ᠶᠠᠪᠤᠳᠠᠯ ᠭᠦᠢ᠍ᠴᠡᠳᠭᠡᠬᠦ ᠵᠦᠭᠯᠡᠭᠦᠷ᠎ᠢ ᠪᠠᠶ᠋ᠢᠴᠠᠭ᠋ᠠᠨ ᠯᠠᠪᠯᠠᠵᠤ᠂ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠪᠠᠶ᠋ᠢᠭᠤᠯᠤᠮᠵᠢ᠂ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠮᠡᠳᠡᠭᠡ ᠵᠠᠩᠭᠢ ᠵᠡᠷᠭᠡ ᠵᠢ ᠠᠰᠠᠭᠤᠨ ᠯᠠᠪᠯᠠᠵᠣ ᠪᠣᠯᠤᠨ᠎ᠠ᠃ ᠲᠣᠰ ᠬᠠᠯᠠᠮᠰᠢᠯ ᠤᠲᠠᠰᠤ᠎ᠨᠢ ᠪᠠᠰᠠ ᠬᠤᠪᠢ ᠬᠥᠮᠦᠨ᠎ᠤ ᠳᠠᠭ᠋ᠠᠳᠬᠠᠯ᠎ᠳᠤ ᠣᠷᠣᠯᠴᠠᠭᠰᠠᠨ ᠮᠡᠳᠡᠭᠡ ᠵᠠᠩᠭᠢ ᠵᠡᠷᠭᠡ ᠡᠮᠴᠢᠯᠡᠭᠡᠨ᠎ᠤ ᠪᠠᠲᠤᠯᠠᠭ᠎ᠠ ᠵᠢᠨ ᠲᠤᠬᠠᠶ᠋ᠢᠯᠠᠭᠰᠠᠨ ᠠᠵᠢᠯ᠎ᠢ ᠪᠠᠶ᠋ᠢᠴᠠᠭ᠋ᠠᠨ ᠯᠠᠪᠯᠠᠵᠤ ᠪᠣᠯᠤᠨ᠎ᠠ᠃ ᠡᠭᠦᠨ᠎ᠤ ᠬᠠᠮᠲᠤ ᠡᠮᠴᠢᠯᠡᠭᠡᠨ᠎ᠤ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠂ ᠬᠡᠷᠡᠭ ᠭᠦᠢ᠍ᠴᠡᠳᠭᠡᠬᠦ ᠶᠠᠪᠤᠴᠠ᠂ ᠠᠵᠢᠯᠲᠠᠨ᠎ᠳᠤ ᠰᠠᠨᠠᠯ ᠰᠠᠨᠠᠭᠤᠯᠭ᠎ᠠ ᠲᠤᠷᠠᠳᠴᠦ ᠪᠤᠯᠤᠨ᠎ᠠ᠃
      ᠬᠥᠬᠡᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠤ ᠬᠠᠯᠠᠮᠰᠢᠯ ᠤᠲᠠᠰᠤᠨ᠎ᠳᠤ 《ᠨᠢᠭᠡᠳᠦᠭᠡᠷ ᠨᠣᠮᠧᠷ ᠵᠶ᠋ᠠᠷ ᠭᠠᠳᠠᠭᠰᠢ ᠶᠠᠪᠤᠭᠤᠯᠬᠤ᠂ ᠲᠥᠪᠯᠡᠷᠡᠭᠦᠯᠦᠨ ᠭᠥᠯᠢᠶᠡᠨ ᠠᠪᠴᠤ ᠰᠢᠢ᠍ᠳᠪᠦᠷᠢᠯᠡᠬᠦ᠂ ᠲᠥᠷᠥᠯ ᠬᠤᠪᠢᠶᠠᠨ ᠰᠢᠢ᠍ᠳᠪᠦᠷᠢᠯᠡᠬᠦ᠂ ᠨᠢᠭᠡᠳᠦᠯᠲᠡᠶ ᠵᠣᠬᠢᠴᠠᠭᠤᠯᠬᠤ᠂ ᠡᠯ᠎ᠡ ᠲᠠᠯ᠎ᠠ ᠵᠢᠨ᠎ᠬᠢᠨ ᠬᠣᠯᠪᠣᠭ᠋ᠠᠯᠠᠨ ᠬᠥᠳᠡᠯᠦᠯᠴᠡᠬᠦ᠂ ᠴᠠᠭ ᠬᠢᠵᠠᠭ᠋ᠠᠷᠯᠠᠨ ᠭᠦᠢ᠍ᠴᠡᠳᠭᠡᠬᠦ》 ᠠᠵᠢᠯ᠎ᠤᠨ ᠲᠣᠭᠲᠠᠴᠠ ᠵᠢ ᠬᠡᠷᠡᠭᠵᠢᠭᠦᠯᠦᠨ᠎ᠡ᠃ ᠰᠡᠭᠦᠯᠴᠢ᠎ᠪᠠᠷ ᠬᠠᠯᠠᠮᠰᠢᠯ ᠤᠲᠠᠰᠤ᠎ᠨᠢ 7 × 24 ᠴᠠᠭ᠎ᠤᠨ ᠦᠢ᠍ᠯᠡᠴᠢᠯᠡᠭᠡ ᠬᠠᠩᠭ᠋ᠠᠬᠤ᠂ ᠠᠵᠢᠯ᠎ᠤᠨ ᠪᠤᠰᠤ ᠴᠠᠭ᠎ᠲᠤ ᠣᠶᠤᠨᠴᠢ᠎ᠪᠠᠷ ᠬᠠᠷᠢᠭᠤ ᠥᠭᠴᠦ᠂ ᠦᠢ᠍ᠯᠡᠴᠢᠯᠡᠭᠡ ᠵᠢ ᠵᠤᠭᠰᠤᠰᠢ ᠥᠬᠡᠶ ᠪᠡᠶᠡᠯᠡᠭᠦᠯᠬᠦ ᠪᠣᠯᠤᠨ᠎ᠠ᠃ 12393 ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢ ᠨᠡᠪᠲᠡᠷᠡᠭᠦᠯᠦᠭᠰᠡᠨ᠎ᠨᠢ ᠡᠮ ᠡᠮᠨᠡᠯᠭᠡ ᠵᠢᠨ ᠳᠠᠭ᠋ᠠᠳᠬᠠᠯ᠎ᠤᠨ ᠠᠵᠤ ᠠᠬᠤᠶ᠋ᠢᠯᠠᠯ ᠪᠠ ᠣᠯᠠᠨ ᠲᠦᠮᠡᠨ᠎ᠯᠦᠭᠡ ᠬᠠᠷᠢᠯᠴᠠᠨ ᠬᠥᠳᠡᠯᠦᠯᠴᠡᠬᠦ ᠠᠷᠭ᠎ᠠ ᠵᠠᠮ᠎ᠢ ᠤᠯᠠᠮ ᠨᠢᠭᠡ ᠠᠯᠬᠤᠮ ᠰᠠᠭ᠋ᠠᠳ ᠥᠬᠡᠶ ᠨᠡᠪᠲᠡᠷᠡᠭᠦᠯᠵᠦ᠂ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠡᠮ ᠡᠮᠨᠡᠯᠭᠡ ᠵᠢᠨ ᠳᠠᠭ᠋ᠠᠳᠬᠠᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠪᠣᠶ ᠪᠣᠯᠭ᠋ᠠᠵᠤ᠂ ᠠᠷᠠᠳ ᠣᠯᠠᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠥᠬᠡᠶ ᠨᠡᠮᠡᠭᠳᠡᠭᠦᠯᠬᠦ ᠪᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠤᠯᠤᠰ᠎ᠠᠴᠠ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ ᠵᠢ ᠵᠣᠬᠢᠶᠠᠨ ᠪᠠᠶ᠋ᠢᠭᠤᠯᠬᠤ ᠳᠤᠮᠳᠠ᠎ᠠᠴᠠ ᠰᠤᠩᠭᠤᠭᠳᠠᠭᠰᠠᠨ ᠦᠭᠡᠢ ᠡᠮ᠎ᠤᠨ ᠵᠦᠢ᠍ᠯ᠎ᠤᠨ ᠦᠨ᠎ᠡ ᠬᠠᠩᠰᠢ ᠵᠢ ᠲᠣᠬᠢᠷᠠᠭᠤᠯᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠤᠪᠴᠢᠶ᠎ᠠ ᠮᠠᠨ᠎ᠤ ᠣᠷᠣᠨ᠎ᠳᠤ ᠡᠮ ᠡᠮᠨᠡᠯᠭᠡ ᠵᠢᠨ ᠳᠠᠭ᠋ᠠᠳᠬᠠᠯ᠎ᠤᠨ ᠣᠶᠤᠨᠴᠢ ᠬᠢᠨᠠᠨ ᠡᠵᠡᠮᠳᠡᠬᠦ ᠠᠵᠢᠯ᠎ᠳᠤ ᠪᠠᠢ᠌ᠴᠠᠭ᠋ᠠᠨ ᠰᠤᠳᠤᠯᠤᠯᠳᠠ ᠬᠢᠪᠡ
ᠰᠢᠯᠢ ᠵᠢᠨ ᠭᠣᠤᠯ ᠠᠶ᠋ᠢᠮᠠᠭ᠎ᠤᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠲᠤᠰᠬᠠᠶ ᠠᠵᠢᠯ᠎ᠤᠨ ᠠᠩᠭᠢ ᠲᠣᠮᠢᠯᠠᠵᠤ ᠪᠥᠬᠥ ᠠᠶ᠋ᠢᠮᠠᠭ᠎ᠤᠨ ᠡᠮᠴᠢᠯᠡᠭᠡ ᠵᠢᠨ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠪᠠᠢ᠌ᠭᠤᠯᠤᠯᠳᠠ ᠵᠢ ᠠᠬᠢᠭᠤᠯᠪᠠ
ᠠᠯᠠᠱ᠌ᠠ ᠠᠶ᠋ᠢᠮᠠᠭ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ ᠭᠠᠴᠠᠭ᠎ᠠ ᠲᠠᠭ᠋ᠠᠭ᠋ᠠᠴᠢᠯᠠᠨ ᠬᠤᠯᠪᠤᠭ᠋ᠠᠯᠠᠵᠦ ᠭᠣᠤᠯ ᠰᠡᠳᠦᠪᠲᠦ ᠨᠠᠮ᠎ᠤᠨ ᠡᠳᠦᠷᠯᠢᠭ᠎ᠤᠨ ᠠᠵᠢᠯᠯᠠᠭ᠎ᠠ ᠵᠢ ᠥᠷᠨᠢᠭᠦᠯᠪᠡ
ᠰᠢᠯᠢ ᠵᠢᠨ ᠭᠣᠤᠯ ᠠᠶ᠋ᠢᠮᠠᠭ᠎ᠤᠨ ᠥᠨᠳᠥᠷ ᠥᠷᠲᠡᠭᠲᠦ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠮᠡᠵᠦ ᠨᠥᠬᠥᠪᠥᠷᠢᠯᠡᠬᠦ ᠵᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠤᠨ ᠲᠤᠬᠠᠶ ᠰᠢᠯᠢ ᠵᠢᠨ ᠭᠣᠤᠯ ᠠᠶ᠋ᠢᠮᠠᠭ᠎ᠤᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ
 
            