ᠪᠥᠬᠥ ᠠᠶ᠋ᠢᠮᠠᠭ᠎ᠤᠨ ᠡᠮᠴᠢᠯᠡᠭᠡ ᠵᠢᠨ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠢ ᠰᠦᠯᠵᠢᠶᠡᠨ᠎ᠳᠤ ᠣᠷᠣᠭᠤᠯᠤᠨ ᠠᠵᠢᠯᠯᠠᠭᠤᠯᠬᠤ ᠡᠭᠦᠷᠭᠡ ᠵᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠬᠦ ᠵᠢ ᠦᠨᠡᠨ ᠬᠦ᠌ ᠪᠠᠲᠤᠯᠠᠵᠤ᠂ ᠪᠥᠬᠥ ᠤᠯᠤᠰ᠂ ᠪᠥᠬᠥ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠮᠡᠳᠡᠭᠡ ᠵᠠᠩᠭᠢ᠎ᠲᠠᠢ ᠬᠣᠯᠪᠣᠯᠳᠤᠨ ᠨᠡᠪᠲᠡᠷᠡᠯᠴᠡᠬᠦ ᠵᠢ ᠪᠡᠶᠡᠯᠡᠭᠦᠯᠬᠦ ᠵᠢᠨ ᠲᠥᠯᠥᠭᠡ᠂ 6 ᠳ᠋ᠤᠭ᠋ᠠᠷ ᠰᠠᠷ᠎ᠠ ᠵᠢᠨ ᠬᠣᠷᠢᠳ ᠵᠶ᠋ᠠᠷ᠂ ᠠᠶ᠋ᠢᠮᠠᠭ᠎ᠤᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ᠎ᠠᠴᠠ ᠬᠤᠪᠢᠳᠠᠨ ᠬᠠᠮᠢᠶᠠᠷᠴᠤ ᠪᠥᠬᠥᠶ ᠤᠳᠤᠷᠢᠳᠤᠯᠭ᠎ᠠ ᠪᠠ ᠠᠶ᠋ᠢᠮᠠᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠥᠪ᠎ᠤᠨ ᠡᠷᠬᠢᠯᠡᠭᠴᠢ ᠵᠢᠨ ᠳᠠᠭ᠋ᠠᠭᠤᠯᠤᠭᠰᠠᠨ ᠠᠵᠢᠯ᠎ᠤᠨ ᠲᠤᠰᠬᠠᠶ ᠠᠩᠭᠢ ᠵᠢ ᠠᠶ᠋ᠢᠮᠠᠭ᠎ᠤᠨ ᠰᠢᠭᠤᠳ ᠬᠠᠷᠢᠶ᠎ᠠ ᠡᠮᠴᠢᠯᠡᠭᠡᠨ᠎ᠤ ᠪᠠᠶ᠋ᠢᠭᠤᠯᠤᠮᠵᠢ ᠪᠠ ᠡᠯ᠎ᠡ ᠬᠣᠰᠢᠭᠤ ᠰᠢᠶᠠᠨ ᠬᠣᠲᠠ ᠲᠣᠭᠣᠷᠢᠭ᠎ᠲᠤ ᠲᠣᠮᠢᠯᠠᠨ ᠡᠮᠴᠢᠯᠡᠭᠡ ᠵᠢᠨ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠪᠠᠶ᠋ᠢᠭᠤᠯᠤᠯᠲᠠ ᠵᠢ ᠳᠥᠯᠭᠢᠨ ᠠᠬᠢᠭᠤᠯᠪᠠ᠃
ᠠᠵᠢᠯ᠎ᠤᠨ ᠲᠤᠰᠬᠠᠶ ᠠᠩᠭᠢ᠎ᠨᠢ 《ᠰᠢᠯᠢ ᠵᠢᠨ ᠭᠣᠤᠯ ᠠᠶ᠋ᠢᠮᠠᠭ᠎ᠤᠨ ᠡᠮᠴᠢᠯᠡᠭᠡ ᠵᠢᠨ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠪᠠᠶ᠋ᠢᠭᠤᠯᠤᠯᠲᠠ ᠵᠢᠨ ᠠᠵᠢᠯ᠎ᠤᠨ ᠲᠥᠰᠦᠯ》᠎ᠢ ᠦᠨᠳᠦᠰᠦᠯᠡᠨ᠂ ᠪᠥᠬᠥ ᠠᠶ᠋ᠢᠮᠠᠭ᠎ᠤᠨ ᠡᠯ᠎ᠡ ᠱᠠᠲᠤᠨ᠎ᠤ ᠲᠣᠭᠲᠠᠭᠰᠠᠨ ᠴᠢᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠨᠡᠯᠭᠡ ᠵᠢᠨ ᠬᠣᠷᠢᠶ᠎ᠠ ᠵᠢᠨ ᠬᠠᠮᠢᠶᠠᠷᠤᠯᠲᠠ ᠵᠢᠨ ᠰᠢᠰᠲ᠋ᠧᠮ (HIS)᠎ᠤᠨ ᠪᠠᠶ᠋ᠢᠭᠤᠯᠤᠯᠲᠠ ᠵᠢᠨ ᠪᠣᠳᠠᠲᠠᠶ ᠪᠠᠶ᠋ᠢᠳᠠᠯ᠎ᠳᠤ ᠴᠢᠭᠯᠡᠭᠦᠯᠦᠨ᠂ ᠪᠥᠬᠥ ᠲᠠᠯ᠎ᠠ᠎ᠪᠠᠷ ᠠᠬᠢᠭᠤᠯᠵᠤ᠂ ᠭᠣᠤᠯᠳᠠᠯᠭ᠎ᠠ᠎ᠲᠠᠢ ᠰᠢᠪᠲᠤᠯᠤᠯᠲᠠ ᠬᠢᠵᠤ ᠨᠢᠭᠡᠳ ᠨᠢᠭᠡ᠎ᠪᠠᠷ ᠨᠢᠭᠤᠷᠳᠠᠬᠤ ᠬᠡᠯᠪᠡᠷᠢ᠎ᠪᠠᠷ ᠳᠠᠮᠵᠢᠭᠤᠯᠤᠨ ᠡᠮᠴᠢᠯᠡᠭᠡᠨ᠎ᠤ ᠳᠠᠭ᠋ᠠᠳᠬᠠᠯ᠎ᠤᠨ ᠮᠡᠳᠡᠭᠡ ᠵᠠᠩᠭᠢ ᠵᠢᠨ ᠲᠠᠪᠴᠠᠩ᠎ᠤᠨ ᠪᠠᠶ᠋ᠢᠭᠤᠯᠤᠯᠲᠠ᠎ᠳᠤ ᠲᠤᠯᠭ᠋ᠠᠷᠠᠭᠰᠠᠨ ᠪᠣᠳᠠᠲᠠᠶ ᠠᠰᠠᠭᠤᠳᠠᠯ᠎ᠢ ᠰᠢᠢ᠍ᠳᠪᠦᠷᠢᠯᠡᠪᠡ᠃ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ 15 ᠵᠦᠢ᠍ᠯ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠤᠨ ᠳ᠋ᠤᠭ᠋ᠠᠷᠯᠠᠯ᠎ᠤᠨ ᠪᠠᠷᠢᠮᠵᠢᠶ᠎ᠠ ᠵᠢ ᠬᠥᠳᠡᠯᠦᠩᠭᠦᠶ᠎ᠪᠠᠷ ᠬᠠᠮᠠᠭ᠋ᠠᠯᠠᠬᠤ ᠠᠵᠢᠯ᠎ᠤᠨ ᠠᠬᠢᠴᠠ ᠵᠢᠨ ᠪᠠᠶ᠋ᠢᠳᠠᠯ᠂ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠪᠡᠳᠴᠢᠨ ᠡᠮᠭᠡᠭ᠎ᠢ ᠣᠨᠣᠰᠢᠯᠠᠬᠤ᠂ ᠮᠡᠰᠡ ᠵᠠᠰᠠᠯ᠎ᠤᠨ ᠳ᠋ᠤᠭ᠋ᠠᠷᠯᠠᠯ᠎ᠤᠨ ᠰᠢᠰᠲ᠋ᠧᠮ᠎ᠲᠠᠢ ᠬᠠᠷᠢᠴᠠᠭᠤᠯᠤᠨ ᠲᠤᠰᠬᠠᠬᠤ ᠠᠵᠢᠯ᠎ᠢ ᠭᠣᠤᠯᠳᠠᠯᠭ᠎ᠠ᠎ᠲᠠᠢ ᠪᠠᠶ᠋ᠢᠴᠠᠭ᠋ᠠᠪᠠ; ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ HIS ᠰᠢᠰᠲ᠋ᠧᠮ᠎ᠤᠨ ᠵᠠᠯᠭ᠋ᠠᠭ᠋ᠠᠰᠤ ᠵᠢ ᠥᠭᠡᠷᠡᠴᠢᠯᠡᠭᠰᠡᠨ ᠪᠠᠶ᠋ᠢᠳᠠᠯ; ᠡᠮ ᠡᠮᠨᠡᠯᠭᠡ ᠵᠢᠨ ᠳᠠᠭ᠋ᠠᠳᠬᠠᠯ᠎ᠤᠨ ᠮᠡᠳᠡᠭᠡ ᠵᠠᠩᠭᠢ ᠵᠢᠨ ᠲᠠᠪᠴᠠᠩ᠎ᠳᠤ ᠬᠣᠯᠪᠣᠭᠳᠠᠭᠰᠠᠨ ᠲᠤᠰᠬᠠᠶ ᠰᠦᠯᠵᠢᠶ᠎ᠡ ᠵᠢ ᠪᠠᠶ᠋ᠢᠭᠤᠯᠤᠭᠰᠠᠨ ᠪᠠᠶ᠋ᠢᠳᠠᠯ; ᠪᠠᠶ᠋ᠢᠴᠠᠭ᠋ᠠᠬᠤ ᠶᠠᠪᠤᠴᠠ᠎ᠳᠤ ᠣᠯᠵᠤ ᠮᠡᠳᠡᠭᠰᠡᠨ ᠠᠰᠠᠭᠤᠳᠠᠯ᠎ᠢ ᠲᠤᠬᠠᠶ ᠵᠢᠨ ᠭᠠᠵᠠᠷ᠎ᠲᠤᠨᠢ ᠵᠢᠯᠣᠭᠣᠳᠤᠨ ᠰᠢᠢ᠍ᠳᠪᠦᠷᠢᠯᠡᠪᠡ᠃ ᠠᠵᠢᠯ᠎ᠤᠨ ᠲᠤᠰᠬᠠᠶ ᠠᠩᠭᠢ᠎ᠨᠢ ᠡᠮ ᠡᠮᠨᠡᠯᠭᠡ ᠵᠢᠨ ᠳᠠᠭ᠋ᠠᠳᠬᠠᠯ᠎ᠤᠨ ᠮᠡᠳᠡᠭᠡ ᠵᠠᠩᠭᠢ ᠵᠢᠨ ᠲᠠᠪᠴᠠᠩ᠎ᠢ ᠰᠢᠨ᠎ᠡ᠎ᠪᠠᠷ ᠰᠦᠯᠵᠢᠶᠡᠨ᠎ᠳᠤ ᠣᠷᠣᠭᠤᠯᠬᠤ ᠲᠤᠬᠠᠶ ᠡᠯ᠎ᠡ ᠱᠠᠲᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ᠂ ᠴᠢᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠰᠠᠨᠠᠯ ᠰᠠᠨᠠᠭᠤᠯᠭ᠎ᠠ ᠵᠢ ᠵᠡᠷᠭᠡ᠎ᠳᠤ᠎ᠨᠢ ᠡᠮᠬᠢᠯᠡᠨ ᠬᠤᠷᠢᠶᠠᠩᠭᠤᠶ᠋ᠢᠯᠠᠪᠠ᠃
7 ᠳ᠋ᠤᠭ᠋ᠠᠷ ᠰᠠᠷ᠎ᠠ ᠵᠢᠨ 12᠎ᠤᠨ ᠡᠳᠦᠷ ᠪᠣᠯᠲᠠᠯ᠎ᠠ᠂ ᠠᠵᠢᠯ᠎ᠤᠨ ᠲᠤᠰᠬᠠᠶ ᠠᠩᠭᠢ᠎ᠨᠢ ᠪᠥᠬᠥ ᠠᠶ᠋ᠢᠮᠠᠭ᠎ᠤᠨ 28 ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢ ᠲᠤᠬᠠᠶ ᠵᠢᠨ ᠭᠠᠵᠠᠷ᠎ᠲᠤᠨᠢ ᠵᠢᠭ᠋ᠠᠨ ᠵᠢᠯᠣᠭᠣᠳᠪᠠ; ᠲᠤᠬᠠᠶ ᠵᠢᠨ ᠲᠠᠯᠠᠪᠤᠷ᠎ᠲᠤ ᠳᠥᠷᠪᠡᠨ ᠵᠦᠢ᠍ᠯ᠎ᠤᠨ ᠳ᠋ᠤᠭ᠋ᠠᠷᠯᠠᠯ᠎ᠤᠨ ᠬᠣᠯᠪᠣᠭᠳᠠᠯ ᠪᠥᠬᠥᠶ 140 ᠭᠠᠷᠤᠶ ᠠᠰᠠᠭᠤᠳᠠᠯ᠎ᠢ ᠰᠢᠢ᠍ᠳᠪᠦᠷᠢᠯᠡᠵᠦ᠂ 20 ᠭᠠᠷᠤᠶ ᠵᠦᠢ᠍ᠯ᠎ᠤᠨ ᠰᠠᠨᠠᠯ ᠰᠠᠨᠠᠭᠤᠯᠭ᠎ᠠ ᠵᠢ ᠡᠮᠬᠢᠯᠡᠨ ᠬᠤᠷᠢᠶᠠᠩᠭᠤᠶ᠋ᠢᠯᠠᠵᠤ ᠬᠤᠷᠢᠶᠠᠪᠠ᠃