ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠠᠯᠠᠱ᠌ᠠ ᠠᠶ᠋ᠢᠮᠠᠭ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ ᠭᠠᠴᠠᠭ᠎ᠠ ᠲᠠᠭ᠋ᠠᠭ᠋ᠠᠴᠢᠯᠠᠨ ᠬᠤᠯᠪᠤᠭ᠋ᠠᠯᠠᠵᠦ ᠭᠣᠤᠯ ᠰᠡᠳᠦᠪᠲᠦ ᠨᠠᠮ᠎ᠤᠨ ᠡᠳᠦᠷᠯᠢᠭ᠎ᠤᠨ ᠠᠵᠢᠯᠯᠠᠭ᠎ᠠ ᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2021-07-19

     6 ᠳ᠋ᠤᠭ᠋ᠠᠷ ᠰᠠᠷ᠎ᠠ ᠵᠢᠨ 30᠎ᠤ ᠡᠳᠦᠷ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠬᠦ ᠵᠢᠨ ᠲᠥᠯᠥᠭᠡ᠂ ᠠᠶ᠋ᠢᠮᠠᠭ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠡᠭᠦᠷ ᠰᠢᠨᠡᠬᠦᠳᠡᠭᠡ ᠭᠠᠴᠠᠭ᠎ᠠ᠎ᠲᠠᠢ ᠬᠠᠮᠲᠤᠷᠠᠨ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠢ ᠪᠡᠯᠭᠡᠯᠡᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠬᠤ 《ᠬᠤᠪᠢᠰᠬᠠᠯ᠎ᠤᠨ ᠳᠤᠷᠠᠰᠤᠮᠵᠢ ᠵᠢ ᠡᠷᠢᠯᠬᠢᠯᠡᠨ ᠬᠤᠪᠢᠰᠬᠠᠯᠲᠤ ᠵᠣᠷᠢᠭ ᠰᠠᠨᠠᠭ᠎ᠠ ᠵᠢ ᠤᠯᠠᠮᠵᠢᠯᠠᠨ ᠵᠠᠯᠭ᠋ᠠᠮᠵᠢᠯᠠᠬᠤ》 ᠭᠣᠤᠯ ᠰᠡᠳᠦᠪᠲᠦ ᠨᠠᠮ᠎ᠤᠨ ᠡᠳᠦᠷᠯᠢᠭ᠎ᠤᠨ ᠠᠵᠢᠯᠯᠠᠭ᠎ᠠ ᠥᠷᠨᠢᠭᠦᠯᠪᠡ᠃




      ᠲᠤᠰ ᠠᠵᠢᠯᠯᠠᠭ᠎ᠠ ᠵᠢᠨ ᠲᠠᠯ᠎ᠠ᠎ᠪᠠᠷ᠂ ᠰᠢᠨᠡᠬᠦᠳᠡᠭᠡ ᠭᠠᠴᠠᠭ᠋ᠠᠨ᠎ᠤ ᠱᠦᠵᠢ ᠪᠠᠶᠠᠷ᠎ᠤᠨ ᠦᠭᠡ ᠬᠡᠯᠡᠵᠦ᠂ ᠨᠠᠮ᠎ᠳᠤ ᠡᠯᠰᠡᠭᠳᠡᠭᠡᠳ50 ᠵᠢᠯ ᠪᠣᠯᠤᠭᠰᠠᠨ ᠨᠠᠮ᠎ᠤᠨ ᠭᠡᠰᠢᠭᠦᠨ᠎ᠳᠤ ᠳᠤᠷᠠᠰᠬᠠᠯ᠎ᠤᠨ ᠭᠠᠪᠢᠶᠠᠨ ᠳᠡᠮᠳᠡᠭ ᠣᠯᠭᠣᠵᠤ᠂ ᠳᠠᠷᠠᠭ᠎ᠠ᠎ᠪᠠᠷ᠎ᠨᠢ ᠪᠦᠬᠦ ᠨᠠᠮ᠎ᠤᠨ ᠭᠡᠰᠢᠭᠦᠳ ᠨᠠᠮ᠎ᠤᠨ ᠳᠤᠬ᠎ᠤᠨ ᠡᠮᠦᠨ᠎ᠡ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ ᠵᠶ᠋ᠠᠨ ᠳᠠᠬᠢᠨ ᠤᠩᠰᠢᠪᠠ᠃ ᠰᠢᠨᠡᠬᠦᠳᠡᠭᠡ ᠭᠠᠴᠠᠭ᠋ᠠᠨ᠎ᠤ ᠬᠡᠯᠲᠡᠰ᠎ᠲᠤ᠂ ᠠᠶ᠋ᠢᠮᠠᠭ᠎ᠤᠨ ᠨᠠᠮ᠎ᠤᠨ ᠬᠤᠷᠢᠶ᠎ᠠ ᠵᠢᠨ ᠨᠠᠮ᠎ᠤᠨ ᠰᠤᠷᠭ᠋ᠠᠭᠤᠯᠢ ᠵᠢᠨ ᠶᠠᠩ ᠵᠢᠩ ᠫᠷᠤᠹᠸᠰᠰᠤᠷ ᠪᠦᠬᠦ ᠨᠥᠬᠥᠳ᠎ᠲᠤ ᠠᠯᠠᠱ᠌ᠠ ᠵᠢᠨ ᠨᠠᠮ᠎ᠤᠨ ᠲᠡᠦᠬᠡ ᠵᠢᠨ ᠠᠮᠢᠳᠤᠯᠢᠭ ᠬᠢᠴᠢᠶᠡᠯ ᠵᠢᠭ᠋ᠠᠵᠤ᠂ ᠨᠥᠬᠥᠳ᠎ᠲᠤ ᠬᠤᠪᠢᠰᠬᠠᠯ᠎ᠤᠨ ᠴᠠᠭ ᠦᠶ᠎ᠡ᠎ᠳᠠᠬᠢ ᠠᠯᠠᠱ᠌ᠠ ᠵᠢᠨ ᠴᠢᠬᠤᠯᠠ ᠦᠢ᠍ᠯᠡᠳᠦᠯ ᠵᠢᠴᠢ ᠨᠠᠶ᠋ᠢᠷᠠᠮᠳᠠᠯ ᠵᠶ᠋ᠠᠷ ᠴᠢᠯᠥᠭᠡᠯᠡᠭᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠵᠢ ᠨᠡᠩ ᠭᠦᠨᠵᠡᠭᠡᠢ ᠤᠢ᠍ᠢ᠍ᠯᠠᠭ᠋ᠠᠭᠤᠯᠵᠠᠢ᠃ ᠵᠠᠯᠭ᠋ᠠᠭ᠋ᠠᠳ ᠨᠥᠬᠥᠳ ᠨᠡᠷ 《ᠳᠡᠨᠵᠢ ᠵᠢᠨ ᠤᠯᠠᠭ᠎ᠠ ᠵᠢᠨ ᠡᠬᠢ》᠎ᠳᠤ ᠬᠦᠷᠴᠦ᠂ ᠳᠡᠭᠡᠷ᠎ᠡ ᠵᠠᠭᠤᠨ᠎ᠤ ᠭᠤᠴᠢᠭ᠋ᠠᠳ ᠣᠨ᠎ᠤ ᠦᠶ᠎ᠡ᠎ᠳᠤ᠂ ᠮᠠᠰᠢ ᠤᠯᠠᠨ ᠬᠤᠪᠢᠰᠬᠠᠯ᠎ᠤᠨ ᠠᠬᠠᠮᠠᠳ ᠦᠶ᠎ᠡ ᠵᠢᠨ᠎ᠬᠢᠨ ᠵᠦᠪᠯᠡᠯᠳᠤ ᠬᠣᠯᠪᠣᠭ᠋ᠠᠲᠤ ᠤᠯᠤᠰ᠎ᠠᠴᠠ ᠳᠤᠮᠳᠠᠳᠤ ᠤᠯᠤᠰ᠎ᠲᠤ ᠪᠤᠴᠠᠬᠤ ᠦᠶ᠎ᠡ᠎ᠳᠤ᠂ ᠪᠦᠷ ᠠᠷᠤ ᠮᠣᠩᠭᠣᠯ ᠪᠣᠯᠤᠨ ᠳᠤᠮᠳᠠᠳᠤ ᠤᠯᠤᠰ᠎ᠤᠨ ᠬᠢᠯᠢ ᠵᠢᠨ ᠵᠠᠭ᠋ᠠᠭ᠎ᠠᠴᠠ ᠠᠯᠠᠱ᠌ᠠ ᠵᠡᠭᠦᠨ ᠬᠣᠰᠢᠭᠤᠨ᠎ᠤ ᠳ᠋ᠢᠩ ᠶᠤᠸᠠᠨ ᠶᠢᠩ᠎ᠳᠤ ᠬᠦᠷᠴᠦ᠂ ᠲᠠᠬᠢᠨ ᠡᠨᠳᠡ᠎ᠠᠴᠠ ᠬᠤᠪᠢᠰᠬᠠᠯ᠎ᠤᠨ ᠡᠮᠦᠨ᠎ᠡ ᠹᠷᠣᠨᠲ᠎ᠲᠤ ᠣᠴᠢᠭᠰᠠᠨ ᠪᠠᠶ᠋ᠢᠨ᠎ᠠ᠃ ᠡᠨᠳᠡ ᠭᠠᠷᠴᠤ ᠥᠩᠭᠡᠷᠡᠭᠰᠡᠨ ᠦᠯᠢᠭᠡᠷ᠎ᠢ ᠡᠷᠭᠢᠴᠡᠭᠦᠯᠬᠦ᠎ᠳᠤ᠂ ᠬᠤᠪᠢᠰᠬᠠᠯ᠎ᠤᠨ ᠢᠯᠠᠯᠲᠠ ᠣᠯᠤᠭᠰᠠᠨ᠎ᠳᠤ ᠥᠪᠡᠷ᠎ᠤᠨ ᠡᠷᠬᠡ ᠦᠭᠡᠢ ᠰᠡᠳᠬᠢᠯ ᠬᠦᠳᠡᠯᠦᠨ᠎ᠡ᠃ ᠬᠤᠪᠢᠰᠬᠠᠯ᠎ᠤᠨ ᠣᠨ ᠵᠢᠯ᠎ᠤᠳ᠎ᠤᠨ ᠪᠠᠶ᠋ᠢᠯᠳᠤᠭ᠋ᠠᠨ᠎ᠤ ᠠᠮᠢᠳᠤᠷᠠᠯ᠎ᠢ ᠪᠡᠶᠡᠴᠢᠯᠡᠨ ᠣᠶ᠋ᠢᠯᠠᠭ᠋ᠠᠬᠤ᠎ᠳᠤ ᠬᠤᠯᠠ ᠵᠠᠮ᠎ᠤᠨ ᠠᠶᠠᠨ᠎ᠢ ᠥᠩᠭᠡᠷᠡᠭᠡᠭᠡᠳ᠂ ᠡᠴᠦᠰ᠎ᠲᠡᠭᠡᠨ ᠠᠯᠠᠱ᠌ᠠ ᠵᠢᠨ ᠡᠪ ᠬᠠᠮᠲᠤ ᠵᠢᠨ ᠢᠨᠲ᠋ᠧᠷᠨᠠᠼᠢᠣᠨᠠᠯ᠎ᠤᠨ ᠨᠢᠭᠤᠴᠠ ᠵᠠᠮ᠎ᠤᠨ ᠲᠠᠨᠵᠢ ᠵᠢᠨ ᠤᠯᠠᠭ᠎ᠠ ᠥᠷᠲᠡᠭᠡᠨ᠎ᠤ ᠪᠠᠭᠤᠷᠢ᠎ᠳᠤ ᠬᠦᠷᠴᠡᠢ᠃ ᠪᠠᠭᠤᠷᠢ ᠵᠢᠨ ᠬᠦᠰᠢᠶ᠎ᠡ ᠵᠢᠨ ᠡᠮᠦᠨ᠎ᠡ᠂ ᠭᠡᠰᠢᠭᠦᠳ ᠬᠠᠮᠲᠤ᠎ᠪᠠᠷ ᠠᠬᠠᠮᠠᠳ ᠨᠢᠭᠡ ᠦᠶ᠎ᠡ ᠵᠢᠨ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠢ ᠳᠤᠷᠠᠰᠤᠨ ᠰᠠᠨᠠᠭ᠋ᠠᠯᠵᠠᠵᠤ᠂ ᠰᠣᠷᠭᠣᠭ ᠴᠡᠴᠡᠭ ᠬᠦᠷᠭᠡᠪᠡ᠃ ᠨᠠᠮ᠎ᠤᠨ ᠭᠡᠰᠢᠭᠦᠳ᠄ ᠰᠢᠨ᠎ᠡ ᠲᠡᠦᠬᠡᠨ ᠨᠥᠬᠥᠴᠡᠯ ᠳᠣᠣᠷ᠎ᠠ᠂ 《ᠬᠤᠪᠢᠰᠬᠠᠯ᠎ᠤᠨ ᠳᠤᠷᠠᠰᠤᠮᠵᠢ ᠵᠢ ᠡᠷᠢᠯᠬᠢᠯᠡᠵᠦ ᠬᠤᠪᠢᠰᠬᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠵᠠᠯᠭ᠋ᠠᠮᠵᠢᠯᠠᠬᠤ》 ᠭᠣᠣᠯ ᠰᠡᠳᠦᠪᠲᠦ ᠨᠠᠮ᠎ᠤᠨ ᠡᠳᠦᠷᠯᠢᠭ᠎ᠤᠨ ᠠᠵᠢᠯᠯᠠᠭ᠎ᠠ ᠵᠢ ᠥᠷᠨᠢᠭᠦᠯᠬᠦ᠎ᠪᠠᠷ ᠳᠠᠮᠵᠢᠭᠤᠯᠤᠨ᠂ ᠣᠯᠠᠨ ᠵᠶ᠋ᠠᠷ ᠵᠶ᠋ᠠᠨ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠤᠨ ᠬᠦᠴᠢᠷ ᠪᠡᠷᠬᠡᠰᠢᠶᠡᠯ᠎ᠠᠴᠠ ᠠᠶᠤᠬᠤ ᠦᠭᠡᠶ᠂ ᠴᠢᠰᠤ ᠤᠷᠤᠰᠬᠠᠵᠤ ᠠᠮᠢ ᠪᠡᠶ᠎ᠡ᠎ᠪᠠᠨ ᠦᠷᠡᠭᠳᠡᠭᠦᠯᠬᠦ᠎ᠠᠴᠠ ᠠᠶᠤᠬᠤ ᠦᠭᠡᠶ ᠬᠤᠪᠢᠰᠬᠠᠯᠲᠤ ᠵᠣᠷᠢᠭ ᠰᠠᠨᠠᠭ᠎ᠠ ᠵᠢ ᠪᠡᠶ᠎ᠡ᠎ᠪᠠᠷ ᠵᠶ᠋ᠠᠨ ᠥᠩᠭᠡᠷᠡᠭᠦᠯᠵᠦ᠂ ᠨᠠᠮ᠎ᠤᠨ ᠲᠤᠭ᠎ᠤᠨ ᠳᠣᠣᠷ᠎ᠠ ᠠᠮᠢᠳᠤᠯᠢᠭ ᠰᠠᠶ᠋ᠢᠬᠠᠨ ᠬᠤᠪᠢᠰᠬᠠᠯᠲᠤ ᠤᠯᠠᠮᠵᠢᠯᠠᠯ᠎ᠤᠨ ᠬᠥᠮᠦᠵᠢᠯ ᠪᠠ ᠣᠶᠤᠨ ᠰᠠᠨᠠᠭ᠋ᠠᠨ᠎ᠤ ᠤᠬᠢᠶᠠᠯ ᠭᠥᠷᠳᠡᠵᠦ᠂ ᠬᠤᠪᠢᠰᠬᠠᠯ᠎ᠤᠨ ᠲᠡᠦᠬᠡ ᠵᠢ ᠡᠷᠭᠢᠴᠡᠭᠦᠯᠬᠦ ᠵᠢᠨ ᠬᠠᠮᠲᠤ᠂ ᠡᠪ ᠬᠠᠮᠲᠤ ᠶᠣᠰᠣᠨ᠎ᠤ ᠢᠲᠡᠭᠡᠯ ᠪᠢᠰᠢᠷᠡᠯ ᠵᠶ᠋ᠠᠨ ᠴᠢᠨᠠᠭᠰᠢᠳᠠ ᠪᠠᠲᠤᠳᠬᠠᠵᠤ᠂ ᠬᠤᠪᠢᠰᠬᠠᠯ᠎ᠤᠨ ᠠᠬᠠᠮᠠᠳ ᠦᠶ᠎ᠡ ᠵᠢᠨ᠎ᠬᠢᠨ᠎ᠤ ᠠᠷᠢᠭᠤᠨ ᠴᠢᠰᠤ ᠪᠠ ᠠᠮᠢ ᠨᠠᠰᠤ᠎ᠪᠠᠷ ᠵᠶ᠋ᠠᠨ ᠰᠣᠯᠢᠵᠤ ᠠᠪᠴᠢᠷᠠᠭᠰᠠᠨ ᠡᠩᠭᠡ ᠲᠠᠶ᠋ᠢᠪᠤᠩ ᠴᠠᠭ ᠦᠶ᠎ᠡ ᠵᠢ ᠬᠤᠪᠢ ᠲᠠᠬᠢᠨ ᠨᠠᠨᠳᠢᠩᠨᠠᠵᠤ᠂ ᠬᠤᠪᠢᠰᠬᠠᠯ᠎ᠤᠨ ᠠᠬᠠᠮᠠᠳ ᠦᠶ᠎ᠡ ᠵᠢᠨ᠎ᠬᠢᠨ᠎ᠤ ᠬᠤᠪᠢᠰᠬᠠᠯᠲᠤ ᠵᠣᠷᠢᠭ ᠰᠠᠨᠠᠭ᠎ᠠ ᠵᠢ ᠤᠯᠠᠮᠵᠢᠯᠠᠨ ᠵᠠᠯᠭ᠋ᠠᠮᠵᠢᠯᠠᠬᠤ ᠪᠠ ᠰᠢᠯᠢᠳᠡᠭ ᠤᠯᠠᠮᠵᠢᠯᠠᠯ ᠵᠶ᠋ᠠᠨ ᠪᠠᠳᠠᠷᠠᠭᠤᠯᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ᠎ᠪᠠᠷ ᠪᠣᠳᠠᠲᠤ ᠠᠵᠢᠯ᠎ᠳᠠᠭᠠᠨ ᠣᠷᠣᠯᠴᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠵᠢᠨ ᠠᠶᠠᠨ ᠵᠠᠮ᠎ᠳᠤ ᠳᠠᠬᠢᠨᠲᠠ ᠭᠡᠷᠡᠯ ᠰᠠᠴᠤᠷᠠᠩᠭᠤᠢ ᠠᠮᠵᠢᠯᠲᠠ ᠵᠢ ᠡᠭᠦᠳᠬᠦ ᠬᠡᠷᠡᠭᠲᠡᠢ ᠭᠡᠵᠦ ᠤᠷᠢᠶᠠᠯᠠᠪᠠ!

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠤᠯ ᠠᠶ᠋ᠢᠮᠠᠭ᠎ᠤᠨ ᠥᠨᠳᠥᠷ ᠥᠷᠲᠡᠭᠲᠦ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠮᠡᠵᠦ ᠨᠥᠬᠥᠪᠥᠷᠢᠯᠡᠬᠦ ᠵᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠤᠨ ᠲᠤᠬᠠᠶ ᠰᠢᠯᠢ ᠵᠢᠨ ᠭᠣᠤᠯ ᠠᠶ᠋ᠢᠮᠠᠭ᠎ᠤᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ
ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠣᠬᠤ ᠲᠤᠬᠠᠶ ᠬᠢᠩᠭ᠋ᠠᠨ ᠠᠶ᠋ᠢᠮᠠᠭ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ᠎ᠤᠨ ᠮᠡᠳᠡᠭᠳᠡᠯ
ᠳᠣᠭᠢᠷᠠᠭᠤᠯᠤᠨ ᠬᠦᠷᠭᠡᠬᠦ ᠵᠥᠪᠳᠡᠯᠴᠡᠬᠡᠷ᠎ᠤᠨ ᠠᠷᠭ᠎ᠠ ᠮᠠᠶᠢᠭ᠎ᠲᠤ ᠲᠣᠬᠢᠷᠠᠭᠤᠯᠤᠯᠲᠠ ᠬᠢᠵᠦ ᠬᠢᠨᠠᠨ ᠬᠠᠷᠭᠤᠭᠤᠯᠬᠤ ᠲᠤᠬᠠᠶ ᠠᠯᠠᠱ᠌ᠠ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ
ᠡᠮ ᠡᠮᠨᠡᠯᠭᠡ ᠬᠤᠳᠠᠯᠳᠤᠨ ᠠᠪᠬᠤ ᠰᠦᠯᠵᠢᠶᠡᠨ ᠳᠡᠭᠡᠷᠡᠬᠢ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ ᠰᠢᠰᠲ᠋ᠧᠮ᠎ᠢ ᠰᠦᠯᠵᠢᠶᠡᠨ᠎ᠳᠤ ᠣᠷᠣᠭᠤᠯᠤᠨ ᠠᠵᠢᠯᠯᠠᠭᠤᠯᠬᠤ ᠲᠤᠬᠠᠶ ᠮᠡᠳᠡᠭᠳᠡᠯ
ᠪᠣᠭᠤᠲᠤ ᠬᠣᠲᠠ᠎ᠨᠢ ᠬᠥᠬᠡᠬᠣᠲᠠ ᠪᠤᠭᠤᠲᠤ ᠤᠷᠳᠤᠰ ᠤᠯᠠᠭ᠋ᠠᠨᠴᠠᠪ ᠲᠦᠷᠪᠡᠨ ᠬᠤᠳᠠ ᠵᠢᠨ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠦᠭᠡᠳ ᠬᠠᠷᠠᠭ᠋ᠠᠯᠵᠠᠯ᠎ᠤᠨ ᠪᠠᠲᠤᠯᠠᠭ᠎ᠠ ᠵᠢᠨ 《ᠭᠤᠷᠪᠠ ᠵᠢ ᠨᠢᠭᠡᠳᠬᠡᠵᠦ᠂ ᠨᠢᠭᠡ ᠵᠢ ᠬᠦᠴᠦᠨ ᠦᠭᠡᠢ ᠪᠣᠯᠭ᠋ᠠᠵᠤ᠂ ᠨᠢᠭᠡ ᠵᠢ ᠥᠷᠭᠡᠳᠬᠡᠬᠦ》 ᠵᠢ ᠪᠡᠶᠡᠯᠡᠭᠦᠯᠵᠡᠢ
 
            