ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠣᠬᠤ ᠲᠤᠬᠠᠶ ᠬᠢᠩᠭ᠋ᠠᠨ ᠠᠶ᠋ᠢᠮᠠᠭ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2021-08-10

ᠡᠯ᠎ᠡ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠦᠢ᠍ᠯᠡᠳᠪᠦᠷᠢᠯᠡᠬᠦ (ᠳᠣᠭᠢᠷᠠᠭᠤᠯᠤᠨ ᠬᠦᠷᠭᠡᠬᠦ) ᠠᠵᠤ ᠠᠬᠤᠶ᠋ᠢᠯᠠᠯ᠎ᠳᠤ᠄
      ᠬᠢᠩᠭ᠋ᠠᠨ ᠠᠶ᠋ᠢᠮᠠᠭ᠎ᠤᠨ ᠡᠯ᠎ᠡ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠬᠡᠷᠡᠭᠴᠡᠭᠡ ᠵᠢ ᠬᠠᠩᠭ᠋ᠠᠵᠦ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠢᠯ᠎ᠢ ᠰᠠᠶ᠋ᠢᠲᠤᠷ   ᠬᠢᠬᠦ ᠵᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠎ᠤ 《ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠬᠠᠮᠢᠶᠠᠷᠤᠯᠲᠠ ᠵᠢᠨ ᠠᠵᠢᠯ᠎ᠢ ᠲᠡᠭᠦᠯᠳᠡᠷᠵᠢᠭᠦᠯᠬᠦ ᠲᠤᠬᠠᠶ ᠮᠡᠳᠡᠭᠳᠡᠯ》 (ᠥᠪᠥᠷ ᠡᠮ ᠬᠤᠳᠠᠯᠳᠤᠨ ᠠᠪᠬᠤ ᠠᠯᠪᠠᠨ ᠥᠰᠥᠭ  [2017] 8 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠬᠢᠩᠭ᠋ᠠᠨ ᠠᠶ᠋ᠢᠮᠠᠭ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠢᠯᠡ᠎ᠪᠠᠷ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠰᠢᠨ᠎ᠡ᠎ᠪᠠᠷ ᠨᠡᠮᠡᠵᠦ ᠨᠡᠷ᠎ᠡ ᠮᠡᠳᠡᠭᠦᠯᠬᠦ ᠵᠢ ᠰᠢᠯᠢᠨ ᠰᠣᠩᠭᠣᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠬᠦ᠎ᠪᠠᠷ ᠪᠣᠶ᠂ ᠪᠣᠳᠠᠲᠠᠶ ᠵᠦᠢ᠍ᠯᠡᠰ᠎ᠢ ᠳᠣᠤᠷᠠᠬᠢ ᠮᠡᠲᠦ ᠵᠠᠷᠯᠠᠶ᠎ᠠ᠄
      ᠨᠢᠭᠡ᠂ ᠬᠡᠪᠴᠢᠶ᠎ᠡ
     (ᠨᠢᠭᠡ) ᠨᠢᠭᠡᠳᠦᠭᠡᠷ ᠪᠦᠯᠦᠭ᠎ᠤᠨ ᠥᠨᠳᠥᠷ ᠥᠷᠲᠡᠭᠲᠦ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ (ᠵᠢᠷᠦᠬᠡᠨ᠎ᠤ ᠲᠥᠷᠥᠯ᠂ ᠵᠢᠷᠦᠬᠡᠨ᠎ᠤ ᠯᠤᠭᠰᠢᠭᠤᠯᠤᠭᠤᠷ᠎ᠤᠨ ᠲᠥᠷᠥᠯ᠂ ᠴᠠᠬᠢᠯᠭ᠋ᠠᠨ ᠹᠢᠽᠢᠣᠯᠣᠭᠢ ᠵᠢᠨ ᠲᠥᠷᠥᠯ᠂ ᠮᠡᠳᠡᠷᠡᠯ᠎ᠤᠨ ᠭᠠᠳᠠᠷ ᠰᠠᠯᠠᠭ᠋ᠠᠨ᠎ᠤ ᠲᠥᠷᠥᠯ᠂ ᠨᠢᠳᠦᠨ ᠰᠠᠯᠠᠭ᠋ᠠᠨ᠎ᠤ ᠮᠠᠲ᠋ᠧᠷᠢᠶᠠᠯ᠎ᠤᠨ ᠲᠥᠷᠥᠯ)᠎ᠤᠨ ᠢᠯᠡ᠎ᠪᠠᠷ ᠬᠤᠳᠠᠯᠳᠤᠨ ᠠᠪᠬᠤ ᠰᠦᠯᠵᠢᠶᠡᠨ᠎ᠳᠤ   ᠬᠤᠯᠪᠤᠭᠰᠠᠨ ᠦᠢ᠍ᠯᠡᠳᠭᠦᠨ᠎ᠢ ᠮᠠᠨ᠎ᠤ ᠠᠶ᠋ᠢᠮᠠᠭ᠎ᠲᠤ ᠳᠣᠭᠢᠷᠠᠭᠤᠯᠤᠨ ᠬᠦᠷᠭᠡᠬᠦ᠎ᠪᠠᠷ ᠪᠠᠶ᠋ᠢᠭ᠎ᠠ ᠠᠵᠤ ᠠᠬᠤᠶ᠋ᠢᠯᠠᠯ᠎ᠤᠳ ᠴᠥᠮ ᠨᠡᠷ᠎ᠡ ᠮᠡᠳᠡᠭᠦᠯᠬᠦ ᠪᠠ ᠳᠠᠩᠰᠠᠯᠠᠭᠤᠯᠵᠤ ᠪᠣᠯᠤᠨ᠎ᠠ᠃
     (ᠬᠣᠶᠠᠷ) ᠬᠣᠶᠠᠳᠤᠭ᠋ᠠᠷ ᠪᠦᠯᠦᠭ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ (ᠴᠢᠰᠤ ᠴᠡᠪᠡᠷᠰᠢᠭᠦᠯᠬᠦ ᠲᠥᠷᠥᠯ ᠪᠠ ᠨᠡᠶ᠋ᠢᠳᠡᠮ ᠬᠡᠷᠡᠭᠯᠡᠬᠦ ᠲᠣᠮᠣ ᠮᠣᠯᠧᠺᠦ᠋ᠯ᠎ᠤᠨ ᠲᠥᠷᠥᠯ)᠎ᠤᠨ ᠢᠯᠡ᠎ᠪᠠᠷ ᠬᠤᠳᠠᠯᠳᠤᠨ ᠠᠪᠬᠤ ᠰᠦᠯᠵᠢᠶᠡᠨ᠎ᠳᠤ ᠬᠤᠯᠪᠤᠭᠰᠠᠨ ᠦᠢ᠍ᠯᠡᠳᠭᠦᠨ᠎ᠢ ᠮᠠᠨ᠎ᠤ ᠠᠶ᠋ᠢᠮᠠᠭ᠎ᠲᠤ ᠳᠣᠭᠢᠷᠠᠭᠤᠯᠤᠨ ᠬᠦᠷᠭᠡᠬᠦ᠎ᠪᠠᠷ ᠪᠠᠶ᠋ᠢᠭ᠎ᠠ ᠠᠵᠤ ᠠᠬᠤᠶ᠋ᠢᠯᠠᠯ᠎ᠤᠳ ᠴᠥᠮ ᠨᠡᠷ᠎ᠡ ᠮᠡᠳᠡᠭᠦᠯᠬᠦ ᠪᠠ ᠳᠠᠩᠰᠠᠯᠠᠭᠤᠯᠵᠤ ᠪᠣᠯᠤᠨ᠎ᠠ᠃
     (ᠭᠤᠷᠪᠠ) ᠭᠤᠷᠪᠠᠳᠤᠭ᠋ᠠᠷ ᠪᠦᠯᠦᠭ᠎ᠤᠨ ᠥᠨᠳᠥᠷ ᠥᠷᠲᠡᠭᠲᠦ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ (ᠶᠠᠰᠤᠨ᠎ᠤ ᠰᠠᠯᠠᠭ᠎ᠠ ᠵᠢᠨ ᠵᠠᠢ᠌ᠯᠠᠵᠦ ᠤᠷᠭᠤᠭᠤᠯᠬᠤ ᠲᠥᠷᠥᠯ)᠎ᠤᠨ ᠢᠯᠡ᠎ᠪᠠᠷ ᠬᠤᠳᠠᠯᠳᠤᠨ ᠠᠪᠠᠨ᠋ᠥ ᠰᠦᠯᠵᠢᠶᠡᠨ᠎ᠳᠤ ᠬᠤᠯᠪᠤᠭᠰᠠᠨ ᠦᠢ᠍ᠯᠡᠳᠭᠦᠨ᠎ᠢ ᠮᠠᠨ᠎ᠤ ᠠᠶ᠋ᠢᠮᠠᠭ᠎ᠲᠤ ᠳᠣᠭᠢᠷᠠᠭᠤᠯᠤᠨ ᠬᠦᠷᠭᠡᠬᠦ᠎ᠪᠠᠷ ᠪᠠᠶ᠋ᠢᠭ᠎ᠠ ᠠᠵᠤ ᠠᠬᠤᠶ᠋ᠢᠯᠠᠯ᠎ᠤᠳ ᠴᠥᠮ ᠨᠡᠷ᠎ᠡ ᠮᠡᠳᠡᠭᠦᠯᠬᠦ ᠪᠠ ᠳᠠᠩᠰᠠᠯᠠᠭᠤᠯᠵᠤ ᠪᠣᠯᠤᠨ᠎ᠠ᠃
     (ᠳᠥᠷᠪᠡ) ᠳᠥᠷᠪᠡᠳᠦᠭᠡᠷ ᠪᠦᠯᠦᠭ᠎ᠤᠨ ᠥᠨᠳᠥᠷ ᠥᠷᠲᠡᠭᠲᠦ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ(ᠴᠢᠰᠤᠨ ᠰᠤᠳᠠᠯ᠎ᠤᠨ ᠪᠢᠰᠢ ᠲᠥᠷᠥᠯ ᠵᠢᠴᠢ ᠠᠮᠠᠨ ᠬᠥᠨᠳᠡᠶ ᠵᠢᠨ ᠲᠥᠷᠥᠯ)᠎ᠤᠨ ᠢᠯᠡ᠎ᠪᠠᠷ ᠬᠤᠳᠠᠯᠳᠤᠨ ᠠᠪᠬᠤ ᠰᠦᠯᠵᠢᠶᠡᠨ᠎ᠳᠤ ᠬᠤᠯᠪᠤᠭᠰᠠᠨ ᠦᠢ᠍ᠯᠡᠳᠭᠦᠨ᠎ᠢ ᠮᠠᠨ᠎ᠤ ᠠᠶ᠋ᠢᠮᠠᠭ᠎ᠲᠤ ᠳᠣᠭᠢᠷᠠᠭᠤᠯᠤᠨ ᠬᠦᠷᠭᠡᠬᠦ᠎ᠪᠠᠷ ᠪᠠᠶ᠋ᠢᠭ᠎ᠠ ᠠᠵᠤ ᠠᠬᠤᠶ᠋ᠢᠯᠠᠯ᠎ᠤᠳ ᠴᠥᠮ ᠨᠡᠷ᠎ᠡ ᠮᠡᠳᠡᠭᠦᠯᠬᠦ ᠪᠠ ᠳᠠᠩᠰᠠᠯᠠᠭᠤᠯᠵᠤ ᠪᠣᠯᠤᠨ᠎ᠠ᠃
     (ᠲᠠᠪᠤ) ᠲᠠᠪᠤᠳᠤᠭ᠋ᠠᠷ ᠪᠦᠯᠦᠭ᠎ᠤᠨ ᠥᠨᠳᠥᠷ ᠥᠷᠲᠡᠭᠲᠦ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ (ᠪᠦᠲᠦᠴᠡ ᠵᠢᠨ ᠵᠢᠷᠦᠬᠡᠨ ᠡᠪᠡᠳᠴᠢᠨ᠎ᠤ ᠲᠥᠷᠥᠯ᠂ ᠵᠠᠯᠭ᠋ᠠᠭᠤᠷ᠎ᠤᠨ ᠲᠥᠷᠥᠯ᠂ ᠬᠥᠮᠦᠨ᠎ᠤ ᠪᠡᠶ᠎ᠡ ᠵᠢᠨ ᠡᠷᠬᠡᠲᠡᠨ᠎ᠤ ᠨᠡᠬᠡᠳᠡᠰᠦ ᠵᠢᠨ ᠲᠥᠷᠥᠯ᠂ ᠢᠪᠡᠷᠬᠡᠶ ᠨᠥᠬᠥᠬᠦ ᠲᠥᠷᠥᠯ ᠪᠠ ᠭᠠᠳᠠᠷ ᠣᠷᠴᠢᠨ᠎ᠤ ᠴᠢᠰᠤᠨ ᠰᠤᠳᠠᠯ᠎ᠤᠨ ᠣᠷᠣᠭᠤᠯᠤᠯᠲᠠ ᠵᠢᠨ ᠲᠥᠷᠥᠯ) ᠪᠣᠯᠤᠨ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠤᠷᠪᠠᠯᠵᠢ ᠵᠢ ᠢᠯᠡ᠎ᠪᠠᠷ ᠬᠤᠳᠠᠯᠳᠤᠨ ᠠᠪᠬᠤ ᠰᠦᠯᠵᠢᠶᠡᠨ᠎ᠳᠤ ᠬᠤᠯᠪᠤᠭᠰᠠᠨ ᠦᠢ᠍ᠯᠡᠳᠭᠦᠨ᠎ᠢ ᠮᠠᠨ᠎ᠤ ᠠᠶ᠋ᠢᠮᠠᠭ᠎ᠲᠤ ᠳᠣᠭᠢᠷᠠᠭᠤᠯᠤᠨ ᠬᠦᠷᠭᠡᠬᠦ᠎ᠪᠠᠷ ᠪᠠᠶ᠋ᠢᠭ᠎ᠠ ᠠᠵᠤ ᠠᠬᠤᠶ᠋ᠢᠯᠠᠯ᠎ᠤᠳ ᠴᠥᠮ ᠨᠡᠷ᠎ᠡ ᠮᠡᠳᠡᠭᠦᠯᠬᠦ ᠪᠠ ᠳᠠᠩᠰᠠᠯᠠᠭᠤᠯᠵᠤ ᠪᠣᠯᠤᠨ᠎ᠠ᠃
      ᠬᠣᠶᠠᠷ᠂ ᠲᠦᠷᠦᠯ ᠬᠡᠯᠪᠡᠷᠢ
     (ᠨᠢᠭᠡ) ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠰᠢᠨ᠎ᠡ᠎ᠪᠠᠷ ᠨᠡᠮᠡᠭᠳᠡᠭᠦᠯᠬᠦ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠢᠯᠡ᠎ᠪᠠᠷ ᠬᠤᠳᠠᠯᠳᠤᠨ ᠠᠪᠬᠤ ᠰᠢᠰᠲ᠋ᠧᠮ᠎ᠳᠤ ᠣᠷᠣᠭᠤᠯᠤᠭ᠋ᠠᠳᠤᠶ ᠠᠵᠤ ᠠᠬᠤᠶ᠋ᠢᠯᠠᠯ᠂ ᠲᠠᠪᠴᠠᠩ᠎ᠤᠨ ᠬᠡᠷᠡᠭᠯᠡᠭᠴᠢ ᠵᠢᠨ ᠨᠡᠷ᠎ᠡ ᠪᠠ ᠨᠢᠭᠤᠴᠠ ᠨᠣᠮᠧᠷ ᠥᠬᠡᠶ᠂ ᠠᠩᠬ᠎ᠠ ᠤᠳᠠᠭ᠎ᠠ ᠮᠡᠳᠡᠭᠦᠯᠦᠭᠰᠡᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠵᠢᠭ᠋ᠠᠵᠤ ᠪᠣᠶ᠃
     (ᠬᠣᠶᠠᠷ) ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠵᠢ ᠨᠥᠬᠥᠪᠥᠷᠢᠯᠡᠬᠦ ᠠᠵᠤ ᠠᠬᠤᠶ᠋ᠢᠯᠠᠯ᠎ᠨᠢ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠢᠯᠡ᠎ᠪᠠᠷ ᠬᠤᠳᠠᠯᠳᠤᠨ ᠠᠪᠠᠨ᠋ᠥ ᠰᠢᠰᠲ᠋ᠧᠮ᠎ᠳᠤ ᠨᠢᠭᠡᠨᠲᠡ ᠣᠷᠣᠭᠤᠯᠤᠭᠰᠠᠨ ᠠᠵᠤ ᠠᠬᠤᠶ᠋ᠢᠯᠠᠯ᠎ᠢ ᠵᠢᠭ᠋ᠠᠵᠤ ᠪᠣᠶ᠂ ᠲᠠᠪᠴᠠᠩ᠎ᠤᠨ ᠬᠡᠷᠡᠭᠯᠡᠭᠴᠢ ᠵᠢᠨ ᠨᠡᠷ᠎ᠡ ᠪᠠ ᠨᠢᠭᠤᠴᠠ ᠨᠣᠮᠧᠷ᠎ᠲᠠᠢ ᠪᠣᠯᠪᠠᠴᠤ ᠬᠢᠩᠭ᠋ᠠᠨ ᠠᠶ᠋ᠢᠮᠠᠭ᠎ᠤᠨ ᠭᠠᠵᠠᠷ ᠣᠷᠣᠨ᠎ᠳᠤ ᠳᠣᠭᠢᠷᠠᠭᠤᠯᠤᠨ ᠬᠦᠷᠭᠡᠬᠦ ᠡᠷᠬᠡ ᠮᠡᠳᠡᠯ᠎ᠤᠨ ᠬᠡᠪᠴᠢᠶ᠎ᠡ ᠵᠢ ᠨᠡᠭᠡᠭᠡᠭᠡᠳᠦᠶ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠵᠢᠭ᠋ᠠᠵᠤ ᠪᠣᠶ᠃
      ᠭᠤᠷᠪᠠ᠂ ᠨᠥᠬᠥᠴᠡᠯ
      ᠬᠢᠩᠭ᠋ᠠᠨ ᠠᠶ᠋ᠢᠮᠠᠭ᠎ᠲᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠢᠯᠡ᠎ᠪᠠᠷ ᠬᠤᠳᠠᠯᠳᠤᠨ ᠠᠪᠠᠨ᠋ᠥ ᠰᠦᠯᠵᠢᠶᠡᠨ᠎ᠳᠤ ᠬᠤᠯᠪᠤᠭᠰᠠᠨ ᠦᠢ᠍ᠯᠡᠳᠭᠦᠨ᠎ᠢ ᠳᠣᠭᠢᠷᠠᠭᠤᠯᠤᠨ ᠬᠦᠷᠭᠡᠬᠦ᠎ᠪᠠᠷ ᠪᠠᠶ᠋ᠢᠭ᠎ᠠ ᠠᠵᠤ ᠠᠬᠤᠶ᠋ᠢᠯᠠᠯ᠎ᠤᠳ ᠡᠷᠬᠡᠪᠰᠢ ᠳᠣᠤᠷᠠᠬᠢ ᠨᠥᠬᠥᠴᠡᠯ᠎ᠢ ᠪᠦᠷᠢᠯᠳᠦᠭᠦᠯᠦᠭᠰᠡᠨ ᠪᠠᠶ᠋ᠢᠬᠤ ᠬᠡᠷᠡᠭᠲᠡᠶ᠄
     (ᠨᠢᠭᠡ) ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠪᠡᠶ᠎ᠡ᠎ᠪᠠᠨ ᠳᠠᠭ᠋ᠠᠭ᠋ᠠᠵᠤ ᠡᠭᠦᠷᠭᠡᠯᠡᠬᠦ ᠴᠢᠳᠠᠪᠤᠷᠢ᠎ᠲᠠᠢ ᠪᠠᠶ᠋ᠢᠬᠤ;
     (ᠬᠣᠶᠠᠷ) ᠤᠯᠤᠰ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠬᠠᠮᠢᠶᠠᠷᠤᠯᠲᠠ ᠵᠢᠨ ᠬᠠᠮᠢᠶ᠎ᠠ ᠪᠥᠬᠥᠶ ᠲᠣᠭᠲᠠᠭ᠋ᠠᠯ ᠶᠣᠰᠣᠭ᠋ᠠᠷ᠂ ᠲᠣᠰ ᠤᠳᠠᠭ᠋ᠠᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠢᠯᠡ᠎ᠪᠠᠷ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ᠎ᠳᠤ ᠣᠷᠣᠯᠴᠠᠭᠰᠠᠨ ᠡᠵᠡᠩᠨᠡᠯᠲᠡ ᠵᠢᠨ ᠠᠵᠤ ᠠᠬᠤᠶ᠋ᠢᠯᠠᠯ᠎ᠤᠳ ᠡᠷᠬᠡᠪᠰᠢ ᠵᠣᠬᠢᠬᠤ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠣᠭᠢᠷᠠᠭᠤᠯᠤᠨ ᠬᠦᠷᠭᠡᠬᠦ ᠬᠢᠷᠢ ᠬᠡᠮ᠎ᠲᠠᠢ ᠪᠠᠶ᠋ᠢᠬᠤ ᠵᠢᠨ ᠬᠠᠮᠲᠤ᠂ ᠵᠣᠬᠢᠬᠤ ᠬᠢᠷᠢ ᠬᠡᠮ᠎ᠤᠨ ᠦᠨᠡᠮᠯᠡᠯ᠎ᠢ ᠬᠠᠤᠯᠢ ᠶᠣᠰᠣᠭ᠋ᠠᠷ ᠣᠯᠤᠭᠰᠠᠨ ᠮᠥᠷᠲᠡᠭᠡᠨ ᠥᠪᠡᠷᠲᠡᠭᠡᠨ ᠵᠠᠰᠠᠬᠤ ᠣᠷᠣᠨ᠎ᠤ ᠪᠣᠶ ᠪᠥᠬᠥᠶ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠢᠯᠡ᠎ᠪᠠᠷ ᠬᠤᠳᠠᠯᠳᠤᠨ ᠠᠪᠴᠤ ᠰᠦᠯᠵᠢᠶᠡᠨ᠎ᠳᠤ ᠬᠤᠯᠪᠤᠭᠰᠠᠨ ᠦᠢ᠍ᠯᠡᠳᠭᠦᠨ᠎ᠢ ᠳᠣᠭᠢᠷᠠᠭᠤᠯᠤᠨ ᠬᠦᠷᠭᠡᠵᠦ ᠳᠡᠶ᠋ᠢᠯᠬᠦ ᠬᠡᠷᠡᠭᠲᠡᠶ;
     (ᠭᠤᠷᠪᠠ) ᠬᠤᠳᠠᠯᠳᠤᠭ᠋ᠠᠨ᠎ᠤ ᠰᠡᠢ᠍ᠢ᠍ᠠ ᠢᠲᠡᠭᠡᠯ ᠬᠦᠨᠳᠦ᠎ᠲᠠᠢ ᠪᠥᠭᠡᠳ ᠪᠦᠷᠢᠨ ᠲᠡᠭᠦᠯᠳᠡᠷ ᠡᠳ᠋᠎ᠤᠨ ᠶᠠᠪᠤᠳᠠᠯ᠎ᠤᠨ ᠨᠢᠭᠲᠠᠯᠠᠨ ᠪᠤᠳᠦᠬᠤ ᠲᠤᠢ᠍ᠷᠢᠮ᠎ᠲᠠᠢ ᠪᠠᠶ᠋ᠢᠬᠤ;
     (ᠲᠤᠢ᠍ᠷᠪᠡ) ᠭᠡᠷ᠎ᠡ ᠵᠢ ᠭᠦᠢ᠍ᠴᠡᠳᠬᠡᠬᠦ᠎ᠳᠤ ᠵᠠᠪᠠᠯ ᠱᠠᠭ᠋ᠠᠷᠳᠠᠭᠳᠠᠬᠤ ᠦᠢ᠍ᠯᠡᠳᠬᠦᠨ ᠪᠠ ᠲᠤᠰᠬᠠᠶ ᠮᠡᠷᠭᠡᠵᠢᠯ᠎ᠤᠨ ᠴᠢᠳᠠᠪᠤᠷᠢ᠎ᠲᠠᠢ ᠪᠠᠶ᠋ᠢᠬᠤ;
     (ᠲᠠᠪᠤ) ᠭᠠᠶ᠋ᠢᠯᠢ ᠲᠠᠲᠠᠪᠤᠷᠢ ᠪᠠ ᠨᠡᠶ᠋ᠢᠭᠡᠮ᠎ᠤᠨ ᠪᠠᠲᠤᠯᠠᠭ᠎ᠠ ᠵᠢᠨ ᠪᠡᠯᠡ ᠮᠥᠩᠭᠥ ᠵᠢ ᠬᠠᠤᠯᠢ ᠶᠣᠰᠣᠭ᠋ᠠᠷ ᠲᠤᠰᠢᠶᠠᠭᠰᠠᠨ ᠰᠠᠢ᠍ᠢ᠍ᠨ ᠰᠠᠶ᠋ᠢᠬᠠᠨ ᠲᠡᠮᠳᠡᠭᠯᠡᠯ᠎ᠲᠠᠢ ᠪᠠᠶ᠋ᠢᠬᠤ;
     (ᠵᠢᠷᠭᠤᠭ᠎ᠠ) ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨ᠎ᠡ 3 ᠵᠢᠯ᠎ᠤᠨ ᠳᠣᠲᠣᠷ᠎ᠠ᠂ ᠦᠢ᠍ᠯᠡᠳᠪᠦᠷᠢᠯᠡᠯ ᠪᠤᠶᠤ ᠡᠵᠡᠩᠨᠡᠯᠲᠡ ᠵᠢᠨ ᠠᠵᠢᠯᠯᠠᠭ᠎ᠠ ᠵᠢᠨ ᠳᠤᠮᠳᠠ ᠮᠠᠭᠤ ᠲᠡᠮᠳᠡᠭᠯᠡᠯ ᠦᠭᠡᠢ;
     (ᠲᠤᠯᠤᠭ᠎ᠠ) ᠴᠠᠭ ᠲᠤᠬᠠᠶ᠎ᠳᠤᠨᠢ ᠪᠠᠷᠠᠭ᠎ᠠ ᠬᠠᠩᠭ᠋ᠠᠬᠤ᠂ ᠬᠤᠳᠠᠯᠳᠤᠭᠰᠠᠨ᠎ᠤ ᠳᠠᠷᠠᠭ᠋ᠠᠬᠢ ᠦᠢ᠍ᠯᠡᠴᠢᠯᠡᠭᠡ ᠪᠠ ᠮᠡᠷᠭᠡᠵᠢᠯ᠎ᠤᠨ ᠳᠡᠮᠵᠢᠯᠭᠡ ᠦᠵᠡᠭᠦᠯᠬᠦ ᠴᠢᠳᠠᠪᠤᠷᠢ᠎ᠲᠠᠢ ᠪᠠᠶ᠋ᠢᠬᠤ;
     (ᠨᠠᠢ᠍ᠮᠠ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠥᠴᠡᠯ᠃
      ᠳᠥᠷᠪᠡ᠂ ᠲᠤᠰᠢᠶᠠᠬᠤ ᠴᠢᠬᠤᠯᠠᠳᠠᠢ ᠮᠠᠲ᠋ᠧᠷᠢᠶᠠᠯ ᠪᠠ ᠱᠠᠭ᠋ᠠᠷᠳᠠᠯᠭ᠎ᠠ
     (ᠨᠢᠭᠡ) ᠰᠢᠨ᠎ᠡ᠎ᠪᠠᠷ ᠨᠡᠮᠡᠭᠳᠡᠭᠰᠡᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠳ ᠳᠠᠭ᠋ᠠᠯᠳᠤᠭᠤᠯᠤᠯ 1 ᠶᠣᠰᠣᠭ᠋ᠠᠷ ᠮᠠᠲ᠋ᠧᠷᠢᠶᠠᠯ ᠵᠶ᠋ᠠᠨ ᠪᠡᠯᠡᠳᠭᠡᠨ᠎ᠡ᠃
     (ᠬᠣᠶᠠᠷ) ᠮᠠᠲ᠋ᠧᠷᠢᠶᠠᠯ᠎ᠤᠨ ᠱᠠᠭ᠋ᠠᠷᠳᠠᠯᠭ᠎ᠠ
     1᠂ ᠮᠠᠲ᠋ᠧᠷᠢᠶᠠᠯ᠎ᠢ ᠨᠢᠭᠡᠳᠦᠯᠲᠡᠶ᠎ᠪᠠᠷ A4 ᠴᠠᠭ᠋ᠠᠰᠤ ᠵᠢ ᠬᠡᠷᠡᠭᠯᠡᠨ᠎ᠡ;
     2᠂ ᠮᠠᠲ᠋ᠧᠷᠢᠶᠠᠯ᠎ᠨᠢ ᠲᠣᠳᠣᠷᠬᠠᠢ ᠪᠥᠭᠡᠳ ᠪᠦᠷᠢᠨ ᠭᠦᠢ᠍ᠴᠡᠳ ᠪᠠᠶ᠋ᠢᠬᠤ ᠬᠡᠷᠡᠭᠲᠡᠢ;
     3᠂ ᠳᠡᠪᠰᠢᠭᠦᠯᠦᠨ ᠲᠤᠰᠢᠶᠠᠭᠰᠠᠨ ᠪᠤᠢ ᠪᠦᠬᠦᠢ ᠪᠢᠴᠢᠭ ᠮᠠᠲ᠋ᠧᠷᠢᠶᠠᠯ ᠵᠢᠴᠢ ᠬᠠᠷᠢᠯᠴᠠᠭ᠋ᠠᠨ᠎ᠤ ᠵᠠᠬᠢᠳᠠᠯ ᠴᠠᠬᠢᠯᠭ᠋ᠠᠨ ᠮᠡᠳᠡᠭᠡ᠎ᠳᠤ ᠴᠥᠮ ᠬᠢᠲᠠᠳ ᠬᠡᠯᠡ ᠵᠢ ᠬᠡᠷᠡᠭᠯᠡᠵᠦ᠂ ᠭᠠᠳᠠᠭ᠋ᠠᠳᠤ ᠬᠡᠯᠡᠨ᠎ᠤ ᠮᠠᠲ᠋ᠧᠷᠢᠶᠠᠯ᠎ᠳᠤ ᠤᠭ ᠮᠠᠲ᠋ᠧᠷᠢᠶᠠᠯ᠂ ᠪᠠᠭᠤᠯᠭ᠋ᠠᠪᠤᠷᠢ ᠵᠢᠴᠢ ᠬᠢᠲᠠᠳ ᠬᠡᠯᠡᠨ᠎ᠤ ᠣᠷᠴᠢᠭᠤᠯᠭ᠎ᠠ ᠵᠢᠨ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ;
     4᠂ ᠮᠠᠲ᠋ᠧᠷᠢᠶᠠᠯ᠎ᠢ ᠡᠷᠬᠡᠪᠰᠢ ᠱᠠᠭ᠋ᠠᠷᠳᠠᠯᠭ᠎ᠠ ᠶᠣᠰᠣᠭ᠋ᠠᠷ ᠨᠢᠭᠤᠷ᠎ᠤᠨ ᠨᠣᠮᠧᠷ᠎ᠤᠨ ᠲᠠᠷᠠᠭ᠋ᠠᠯᠠᠯ ᠵᠶ᠋ᠠᠷ ᠳᠡᠪᠲᠡᠷᠯᠡᠬᠦ ᠬᠡᠷᠡᠭᠲᠡᠢ᠂ ᠮᠠᠲ᠋ᠧᠷᠢᠶᠠᠯ᠎ᠨᠢ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ ᠪᠣᠯ ᠬᠦᠯᠢᠶᠡᠨ ᠠᠪᠬᠤ ᠦᠭᠡᠢ᠂ ᠲᠤᠰ ᠤᠳᠠᠭ᠎ᠠ ᠲᠤᠰᠢᠶᠠᠭᠰᠠᠨ ᠮᠠᠲ᠋ᠧᠷᠢᠶᠠᠯ᠎ᠢ ᠳᠡᠪᠲᠡᠷᠯᠡᠭᠰᠡᠨ᠎ᠤ ᠳᠠᠷᠠᠭ᠎ᠠ ᠨᠥᠬᠥᠪᠥᠷᠢᠯᠡᠬᠦ ᠮᠠᠲ᠋ᠧᠷᠢᠶᠠᠯ᠎ᠢ ᠬᠦᠯᠢᠶᠡᠨ ᠠᠪᠬᠤ ᠦᠭᠡᠢ;
     5᠂ ᠮᠠᠲ᠋ᠧᠷᠢᠶᠠᠯ᠎ᠢ ᠴᠥᠮ ᠨᠢᠭᠤᠷ ᠳᠠᠷᠠᠭ᠋ᠠᠯᠠᠨ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠳᠠᠷᠤᠬᠤ ᠬᠡᠷᠡᠭᠲᠡᠢ (ᠠᠵᠤ ᠠᠬᠤᠶ᠋ᠢᠯᠠᠯ᠎ᠤᠨ ᠪᠤᠰᠤᠳ ᠲᠠᠮᠠᠭ᠎ᠠ ᠳᠠᠷᠤᠭᠰᠠᠨ᠎ᠨᠢ ᠴᠥᠮ ᠬᠦᠴᠦᠨ ᠦᠭᠡᠢ) ᠪᠥᠭᠡᠳ ᠲᠣᠭᠲᠠᠭᠰᠠᠨ ᠴᠠᠭ ᠬᠤᠭᠤᠴᠠᠭ᠋ᠠᠨ᠎ᠤ ᠳᠣᠲᠣᠷ᠎ᠠ ᠲᠤᠰᠢᠶᠠᠨ᠎ᠠ;
     6᠂ ᠮᠠᠲ᠋ᠧᠷᠢᠶᠠᠯ᠎ᠢ ᠡᠷᠬᠡᠪᠰᠢ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠳᠡᠨ ᠪᠤᠶᠤ ᠡᠷᠬᠡ ᠣᠯᠤᠭᠰᠠᠨ ᠬᠥᠮᠦᠨ ᠨᠢᠭᠤᠷᠲᠠᠨ ᠲᠤᠰᠢᠶᠠᠬᠤ ᠬᠡᠷᠡᠭᠲᠡᠶ᠂ ᠲᠤᠰᠢᠶᠠᠬᠤ ᠦᠶ᠎ᠡ᠎ᠳᠤ ᠡᠷᠬᠡᠪᠰᠢ ᠪᠡᠶ᠎ᠡ ᠵᠢᠨ ᠦᠨᠡᠮᠯᠡᠯ᠎ᠤᠨ ᠤᠤᠯ ᠮᠠᠲ᠋ᠧᠷᠢᠶᠠᠯ᠎ᠢ ᠭᠠᠷᠭ᠋ᠠᠵᠤ ᠦᠵᠡᠭᠦᠯᠬᠦ ᠬᠡᠷᠡᠭᠲᠡᠶ᠂ ᠪᠤᠰᠤᠳ ᠬᠡᠯᠪᠡᠷᠢ᠎ᠪᠠᠷ ᠨᠡᠷ᠎ᠡ ᠮᠡᠳᠡᠭᠦᠯᠬᠦ ᠵᠢ ᠬᠦᠯᠢᠶᠡᠬᠦ ᠦᠭᠡᠶ᠂ ᠠᠵᠤ ᠠᠬᠤᠶ᠋ᠢᠯᠠᠯ ᠲᠣᠭᠲᠠᠭᠰᠠᠨ ᠴᠠᠭ᠎ᠤᠨ ᠳᠣᠲᠣᠷ᠎ᠠ ᠬᠣᠯᠪᠣᠭᠳᠠᠯ ᠪᠦᠬᠦᠢ ᠬᠢᠷᠢ ᠲᠡᠩᠴᠡᠭᠰᠡᠨ ᠮᠠᠲ᠋ᠧᠷᠢᠶᠠᠯ᠎ᠢ ᠲᠤᠰᠢᠶᠠᠭᠰᠠᠨ ᠦᠭᠡᠶ ᠪᠣᠯ ᠲᠤᠰ ᠤᠳᠠᠭ᠋ᠠᠨ᠎ᠤ ᠨᠡᠷ᠎ᠡ ᠮᠡᠳᠡᠭᠦᠯᠬᠦ ᠬᠢᠷᠢ ᠬᠡᠮ ᠵᠶ᠋ᠠᠨ ᠬᠠᠶᠠᠭᠰᠠᠨ ᠵᠶ᠋ᠠᠷ ᠦᠵᠡᠨ᠎ᠡ᠃ ᠰᠢᠨ᠎ᠡ ᠲᠢᠳᠢᠮᠯᠢᠭ ᠠᠭᠤᠰᠬᠢᠨ ᠥᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠦᠨᠳᠦᠷ ᠳᠤᠮᠳᠠ ᠠᠶᠤᠯ᠎ᠲᠠᠢ ᠭᠠᠵᠠᠷ ᠣᠷᠣᠨ᠎ᠳᠤ ᠰᠢᠤᠳᠠᠨ ᠵᠶ᠋ᠠᠷ ᠶᠠᠪᠤᠭᠤᠯᠬᠤ ᠠᠷᠭ᠎ᠠ ᠮᠠᠶᠢᠭ᠎ᠢ ᠠᠪᠴᠤ᠂ ᠰᠢᠤᠳᠠᠨ ᠵᠶ᠋ᠠᠷ ᠶᠠᠪᠤᠭᠤᠯᠬᠤ᠎ᠠᠴᠠ ᠡᠮᠦᠨ᠎ᠡ ᠤᠲᠠᠰᠤ᠎ᠪᠠᠷ   ᠬᠠᠷᠢᠯᠴᠠᠬᠤ ᠴᠢᠬᠤᠯᠠᠳᠠᠢ᠃
      ᠲᠠᠪᠤ᠂ ᠮᠠᠲ᠋ᠧᠷᠢᠶᠠᠯ ᠲᠤᠰᠢᠶᠠᠬᠤ ᠴᠠᠭ ᠪᠠ ᠭᠠᠵᠠᠷ
      ᠴᠠᠭ᠄ 2021 ᠣᠨ᠎ᠤ 8 ᠳ᠋ᠤᠭ᠋ᠠᠷ ᠰᠠᠷ᠎ᠠ ᠵᠢᠨ 9᠎ᠤ ᠡᠳᠦᠷ᠎ᠠᠴᠠ 2021 ᠣᠨ᠎ᠤ 8 ᠳ᠋ᠤᠭ᠋ᠠᠷ ᠰᠠᠷ᠎ᠠ ᠵᠢᠨ 13᠎ᠤ ᠡᠳᠦᠷ (ᠦᠳᠡ ᠵᠢᠨ ᠡᠮᠦᠨᠡᠬᠢ 8᠄ 30 — 11᠄ 30᠂ ᠦᠳᠡ ᠵᠢᠨ ᠬᠣᠶ᠋ᠢᠨᠠᠬᠢ 14᠄ 30 — 17᠄ 30)᠂ ᠭᠠᠷᠠᠭ᠎ᠤᠨ ᠵᠢᠷᠭᠤᠭ᠋ᠠᠨ᠂ ᠡᠳᠦᠷ ᠡᠭᠦᠨ᠎ᠳᠤ ᠪᠠᠭᠲᠠᠬᠤ ᠥᠬᠡᠶ᠃
      ᠭᠠᠵᠠᠷ᠄ ᠬᠢᠩᠭ᠋ᠠᠨ ᠠᠶ᠋ᠢᠮᠠᠭ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ᠎ᠤᠨ ᠡᠮ ᠪᠠ   ᠡᠮ ᠡᠮᠨᠡᠯᠭᠡ ᠵᠢᠨ ᠪᠠᠭ᠋ᠠᠵᠢ ᠬᠡᠷᠡᠭᠰᠡᠯ᠎ᠤᠨ ᠬᠠᠮᠢᠶᠠᠷᠤᠯᠲᠠ ᠵᠢᠨ ᠰᠠᠯᠠᠭ᠋ᠠᠨ᠎ᠤ 505 ᠲᠠᠰᠤᠭ (ᠤᠯᠠᠭ᠋ᠠᠨᠬᠣᠲᠠ ᠵᠢᠨ ᠬᠢᠩᠭ᠋ᠠᠨ ᠵᠠᠬ᠎ᠠ ᠳᠡᠯᠭᠡᠭᠦᠷ᠎ᠤᠨ ᠵᠡᠭᠦᠨ ᠡᠭᠦᠳᠡᠨ᠎ᠤ ᠪᠥᠲᠥᠭᠡᠨ ᠪᠠᠶ᠋ᠢᠭᠤᠯᠤᠯᠲᠠ ᠵᠢᠨ ᠪᠠᠩᠬᠢ ᠵᠢᠨ ᠬᠠᠵᠠᠭᠤ)᠃
      ᠬᠠᠷᠢᠯᠴᠠᠬᠤ ᠬᠥᠮᠦᠨ᠄ ᠸᠠᠩ ᠰᠢᠤᠸᠠᠢ
      ᠬᠠᠷᠢᠯᠴᠠᠬᠤ ᠤᠲᠠᠰᠤ᠄ 0482 - 8232288

      ᠳᠠᠭ᠋ᠠᠯᠳᠤᠭᠤᠯᠤᠯ᠄ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠲᠤᠰᠢᠶᠠᠬᠤ ᠴᠢᠬᠤᠯᠠᠲᠠᠶ ᠮᠠᠲ᠋ᠧᠷᠢᠶᠠᠯ
                            2021 ᠣᠨ᠎ᠤ 8 ᠳ᠋ᠤᠭ᠋ᠠᠷ ᠰᠠᠷ᠎ᠠ ᠵᠢᠨ 5᠎ᠤ ᠡᠳᠦᠷ
   

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠳᠣᠭᠢᠷᠠᠭᠤᠯᠤᠨ ᠬᠦᠷᠭᠡᠬᠦ ᠵᠥᠪᠳᠡᠯᠴᠡᠬᠡᠷ᠎ᠤᠨ ᠠᠷᠭ᠎ᠠ ᠮᠠᠶᠢᠭ᠎ᠲᠤ ᠲᠣᠬᠢᠷᠠᠭᠤᠯᠤᠯᠲᠠ ᠬᠢᠵᠦ ᠬᠢᠨᠠᠨ ᠬᠠᠷᠭᠤᠭᠤᠯᠬᠤ ᠲᠤᠬᠠᠶ ᠠᠯᠠᠱ᠌ᠠ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ
ᠡᠮ ᠡᠮᠨᠡᠯᠭᠡ ᠬᠤᠳᠠᠯᠳᠤᠨ ᠠᠪᠬᠤ ᠰᠦᠯᠵᠢᠶᠡᠨ ᠳᠡᠭᠡᠷᠡᠬᠢ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ ᠰᠢᠰᠲ᠋ᠧᠮ᠎ᠢ ᠰᠦᠯᠵᠢᠶᠡᠨ᠎ᠳᠤ ᠣᠷᠣᠭᠤᠯᠤᠨ ᠠᠵᠢᠯᠯᠠᠭᠤᠯᠬᠤ ᠲᠤᠬᠠᠶ ᠮᠡᠳᠡᠭᠳᠡᠯ
ᠪᠣᠭᠤᠲᠤ ᠬᠣᠲᠠ᠎ᠨᠢ ᠬᠥᠬᠡᠬᠣᠲᠠ ᠪᠤᠭᠤᠲᠤ ᠤᠷᠳᠤᠰ ᠤᠯᠠᠭ᠋ᠠᠨᠴᠠᠪ ᠲᠦᠷᠪᠡᠨ ᠬᠤᠳᠠ ᠵᠢᠨ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠦᠭᠡᠳ ᠬᠠᠷᠠᠭ᠋ᠠᠯᠵᠠᠯ᠎ᠤᠨ ᠪᠠᠲᠤᠯᠠᠭ᠎ᠠ ᠵᠢᠨ 《ᠭᠤᠷᠪᠠ ᠵᠢ ᠨᠢᠭᠡᠳᠬᠡᠵᠦ᠂ ᠨᠢᠭᠡ ᠵᠢ ᠬᠦᠴᠦᠨ ᠦᠭᠡᠢ ᠪᠣᠯᠭ᠋ᠠᠵᠤ᠂ ᠨᠢᠭᠡ ᠵᠢ ᠥᠷᠭᠡᠳᠬᠡᠬᠦ》 ᠵᠢ ᠪᠡᠶᠡᠯᠡᠭᠦᠯᠵᠡᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠰᠦᠯᠵᠢᠶᠡᠨ᠎ᠳᠤ ᠬᠤᠯᠪᠤᠬᠤ ᠦᠢ᠍ᠯᠡᠳᠭᠦᠨ (ᠳᠥᠷᠪᠡᠳᠦᠭᠡᠷ ᠪᠦᠯᠦᠭ)᠎ᠢ ᠢᠯᠡ ᠨᠡᠶ᠋ᠢᠲᠡᠯᠡᠬᠦ ᠲᠤᠬᠠᠶ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠰᠦᠯᠵᠢᠶᠡᠨ᠎ᠳᠤ ᠬᠣᠯᠪᠣᠬᠤ ᠬᠠᠮᠢᠶ᠎ᠠ ᠪᠥᠬᠥᠶ ᠠᠵᠢᠯ᠎ᠤᠨ ᠠᠰᠠᠭᠤᠯᠲᠠ ᠬᠠᠷᠢᠭᠤᠯᠲᠠ
 
            