ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠬᠠᠮᠵᠢᠯᠴᠠᠨ ᠬᠥᠭᠵᠢᠬᠦ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠣᠷᠣᠨ ᠪᠦᠰᠡ ᠵᠢᠨ ᠠᠵᠤ ᠠᠬᠤᠶ ᠵᠢᠨ ᠨᠢᠭᠡ ᠴᠤᠭᠴᠠᠵᠢᠬᠤ᠂ ᠭᠠᠵᠠᠷ ᠣᠷᠣᠨ᠎ᠤ ᠡᠵᠡᠩᠨᠡᠯᠲᠡ ᠵᠢᠨ ᠣᠷᠴᠢᠨ ᠲᠣᠭᠣᠷᠢᠨ᠎ᠢ ᠤᠯᠠᠮ ᠴᠢᠨᠠᠭᠰᠢᠳᠠ ᠰᠢᠯᠢᠳᠡᠭᠵᠢᠭᠦᠯᠬᠦ ᠵᠢᠨ ᠲᠤᠰᠠᠲᠠ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ 《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠪᠤᠭᠤᠲᠤ ᠬᠣᠲᠠ ᠵᠢᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠥᠷᠥᠯ ᠵᠦᠢ᠍ᠯ᠎ᠨᠢ ᠡᠮᠦᠨᠡᠬᠢ ᠬᠤᠭᠤᠴᠠᠭ᠋ᠠᠨ᠎ᠤ ᠵᠠᠳᠠᠯᠤᠯᠲᠠ ᠨᠤᠲᠠᠯᠠᠯᠲᠠ᠂ ᠰᠢᠰᠲ᠋ᠧᠮ᠎ᠢ ᠳᠡᠰ ᠳᠡᠪᠰᠢᠭᠦᠯᠦᠨ ᠥᠭᠡᠷᠡᠴᠢᠯᠡᠬᠦ ᠵᠡᠷᠭᠡ ᠱᠠᠲᠤ ᠦᠶ᠎ᠡ᠎ᠪᠠᠷ ᠳᠡᠮᠵᠢᠨ᠂ ᠬᠥᠬᠡᠬᠣᠲᠠ᠂ ᠣᠷᠳᠣᠰ ᠬᠣᠲᠠ᠂ ᠤᠯᠠᠭ᠋ᠠᠨᠴᠠᠪ ᠬᠣᠲᠠ ᠵᠡᠷᠭᠡ ᠭᠤᠷᠪᠠᠨ ᠬᠣᠲᠠ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠪᠠ ᠣᠯᠭᠣᠮᠵᠢ ᠵᠢᠨ ᠲᠠᠯ᠎ᠠ᠎ᠪᠠᠷ ᠨᠢᠭᠡᠳᠦᠯᠲᠡᠶ ᠪᠠᠶ᠋ᠢᠬᠤ ᠵᠢ ᠪᠡᠶᠡᠯᠡᠭᠦᠯᠵᠦ᠂ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠬᠥᠮ ᠴᠢᠨᠠᠷ᠎ᠢ ᠬᠦᠴᠦᠲᠡᠶ ᠳᠡᠭᠡᠭᠰᠢᠯᠡᠭᠦᠯᠦᠨ᠂ ᠳᠥᠷᠪᠡᠨ ᠬᠣᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠎ᠢ ᠬᠠᠮᠲᠤ᠎ᠪᠠᠷ ᠭᠥᠷᠳᠡᠬᠦ ᠠᠯᠬᠤᠴᠠ ᠵᠢ ᠲᠦᠷᠭᠡᠳᠬᠡᠪᠡ᠃
ᠬᠥᠬᠡᠬᠣᠲᠠ ᠪᠤᠭᠤᠲᠤ ᠤᠷᠳᠤᠰ ᠤᠯᠠᠭ᠋ᠠᠨᠴᠠᠪ᠎ᠤᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠳᠦᠷᠦ ᠵᠢᠨ ᠪᠤᠳᠤᠯᠭ᠎ᠠ ᠪᠣᠯᠤᠨ ᠬᠠᠷᠠᠭ᠋ᠠᠯᠵᠠᠯ᠎ᠢ ᠨᠢᠭᠡ ᠴᠤᠭᠴᠠᠵᠢᠭᠤᠯᠤᠭᠰᠠᠨᠤ ᠳᠠᠷᠠᠭ᠎ᠠ᠂ 《ᠭᠤᠷᠪᠠ ᠵᠢ ᠨᠢᠭᠡᠳᠬᠡᠬᠦ᠂ ᠨᠢᠭᠡ ᠵᠢ ᠬᠦᠴᠦᠨ ᠦᠭᠡᠢ ᠪᠤᠯᠭ᠋ᠠᠬᠤ᠂ ᠨᠢᠭᠡ ᠵᠢ ᠥᠷᠭᠡᠳᠬᠡᠬᠦ》 ᠵᠢ ᠪᠡᠶᠡᠯᠡᠭᠦᠯᠵᠦ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠳᠦᠷᠢᠮ᠎ᠢ ᠨᠡᠩ ᠪᠠᠲᠤ᠂ ᠨᠡᠩ ᠲᠣᠭᠲᠠᠭᠤᠨ ᠵᠶ᠋ᠠᠷ ᠶᠠᠪᠤᠭᠳᠠᠬᠤ ᠵᠢ ᠪᠠᠲᠤᠯᠠᠭᠰᠠᠨ ᠪᠠᠶ᠋ᠢᠨ᠎ᠠ᠃ ᠨᠢᠭᠡ᠎ᠳᠤ᠂ ᠪᠡᠯᠡ ᠮᠥᠩᠭᠥ ᠴᠤᠭᠯᠠᠭᠤᠯᠬᠤ ᠪᠠᠷᠢᠮᠵᠢᠶ᠎ᠠ ᠵᠢ ᠨᠢᠭᠡᠳᠭᠡᠪᠡ᠃ 2021 ᠣᠨ᠎ᠤ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠳᠥᠷᠪᠡᠨ ᠬᠣᠲᠠ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠪᠠᠯᠠ ᠴᠤᠭᠯᠠᠭᠤᠯᠬᠤ ᠪᠠᠷᠢᠮᠵᠢᠶ᠎ᠠ ᠵᠢ ᠬᠥᠮᠦᠨ ᠪᠦᠷᠢ ᠵᠢᠯ᠎ᠳᠤ 50 ᠲᠥᠭᠥᠷᠢᠭ ᠵᠶ᠋ᠠᠷ ᠨᠢᠭᠡᠳᠦᠯᠲᠡᠶ ᠲᠣᠭᠲᠠᠭ᠋ᠠᠪᠠ᠂ ᠲᠤᠬᠠᠶ᠋ᠢᠯᠠᠪᠠᠯ 2021 ᠣᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠰᠠᠭᠤᠭ᠋ᠠᠯᠢ ᠠᠷᠠᠳ ᠬᠤᠪᠢ ᠬᠥᠮᠦᠨ᠎ᠤ ᠳᠠᠭ᠋ᠠᠳᠬᠠᠯ᠎ᠳᠤ ᠣᠷᠣᠯᠴᠠᠭᠰᠠᠨ ᠵᠠᠷᠤᠳᠠᠯ ᠵᠶ᠋ᠠᠨ ᠭᠦᠢ᠍ᠴᠡᠳ ᠲᠤᠰᠢᠶᠠᠭᠰᠠᠨ᠎ᠤ ᠳᠠᠷᠠᠭ᠎ᠠ᠂ ᠳᠠᠷᠤᠶ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠬᠠᠷᠠᠭ᠋ᠠᠯᠵᠠᠯ᠎ᠢ ᠭᠥᠷᠳᠡᠵᠦ ᠪᠣᠯᠤᠨ᠎ᠠ᠂ ᠳᠠᠭᠢᠵᠤ ᠰᠦᠢ᠍ᠳᠬᠡᠯ ᠲᠤᠰᠢᠶᠠᠬᠤ ᠴᠢᠬᠤᠯᠠ ᠥᠬᠡᠶ᠃ ᠬᠣᠶᠠᠷ᠎ᠲᠤ᠂ ᠡᠬᠢᠯᠡᠵᠦ ᠳᠥᠯᠥᠬᠦ ᠱᠤᠭᠤᠮ ᠪᠠ ᠲᠠᠩᠰᠠ ᠲᠠᠶ᠋ᠢᠯᠬᠤ ᠬᠠᠷᠢᠴᠠᠯ᠎ᠢ ᠨᠢᠭᠡᠳᠭᠡᠪᠡ᠃ 2021 ᠣᠨ᠎ᠤ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠳᠥᠷᠪᠡᠨ ᠬᠣᠲᠠ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠳᠥᠯᠥᠬᠦ ᠡᠬᠢᠯᠡᠯᠲᠡ ᠵᠢᠨ ᠱᠤᠭᠤᠮ᠎ᠨᠢ 1.4 ᠲᠦᠮᠡᠨ ᠲᠥᠭᠥᠷᠢᠭ ᠪᠣᠯᠤᠨ᠎ᠠ᠂ ᠲᠤᠬᠠᠶ᠋ᠢᠯᠠᠪᠠᠯ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠰ᠎ᠤᠨ ᠬᠤᠪᠢ ᠬᠥᠮᠦᠨ᠎ᠤ ᠵᠢᠯ᠎ᠤᠨ ᠡᠭᠦᠷᠭᠡᠯᠡᠯ ᠨᠡᠶ᠋ᠢᠲᠡ 1.4 ᠲᠦᠮᠡᠨ ᠲᠥᠭᠥᠷᠢᠭ᠎ᠢ ᠳᠠᠪᠠᠭᠰᠠᠨ᠎ᠤ ᠳᠠᠷᠠᠭ᠎ᠠ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠠᠩᠰᠠ ᠲᠠᠶ᠋ᠢᠯᠬᠤ ᠬᠡᠪᠴᠢᠶᠡᠨ᠎ᠳᠤ ᠣᠷᠣᠵᠤ ᠪᠣᠯᠤᠨ᠎ᠠ᠃ ᠳᠠᠭ᠋ᠠᠳᠬᠠᠯ᠎ᠳᠤ ᠵᠡᠷᠭᠡ᠎ᠪᠡᠷ ᠣᠷᠣᠯᠴᠠᠭᠰᠠᠨ ᠬᠥᠮᠦᠰ᠎ᠤᠨ ᠡᠮᠨᠡᠯᠭᠡ᠎ᠳᠤ ᠰᠠᠭᠤᠭᠰᠠᠨ ᠡᠮᠴᠢᠯᠡᠭᠡᠨ᠎ᠤ ᠵᠠᠷᠤᠳᠠᠯ (ᠡᠩ᠎ᠤᠨ ᠡᠮᠨᠡᠯᠭᠡ᠎ᠳᠤ ᠰᠠᠭᠤᠭᠰᠠᠨ ᠪᠠ ᠭᠠᠳᠠᠷ ᠰᠢᠷᠬ᠎ᠠ ᠵᠢᠨ ᠡᠮᠨᠡᠯᠭᠡ᠎ᠳᠤ ᠰᠠᠭᠤᠭᠰᠠᠨ ᠵᠠᠷᠤᠳᠠᠯ᠎ᠢ ᠯᠠ ᠪᠠᠭᠲᠠᠭ᠋ᠠᠨ᠎ᠠ)᠎ᠢ ᠦᠨᠳᠦᠰᠦᠨ ᠡᠮᠨᠡᠯᠭᠡ ᠵᠢᠨ ᠳᠠᠭ᠋ᠠᠳᠬᠠᠯ᠎ᠤᠨ ᠳᠠᠩᠰᠠ ᠲᠠᠶ᠋ᠢᠯᠤᠭᠰᠠᠨᠤ ᠳᠠᠷᠠᠭ᠎ᠠ᠂ ᠲᠣᠭᠲᠠᠭ᠋ᠠᠯ᠎ᠳᠤ ᠨᠡᠶ᠋ᠢᠴᠡᠬᠦ ᠦᠯᠡᠳᠡᠭᠰᠡᠨ ᠬᠡᠰᠡᠭ᠎ᠤᠨ ᠵᠠᠷᠤᠳᠠᠯ᠎ᠨᠢ ᠡᠬᠢᠯᠡᠵᠦ ᠳᠥᠯᠥᠬᠦ ᠱᠤᠭᠤᠮ᠎ᠠᠴᠠ ᠳᠠᠪᠠᠭᠰᠠᠨ ᠪᠠᠶ᠋ᠢᠪᠠᠯ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠠᠩᠰᠠ ᠲᠠᠶ᠋ᠢᠯᠬᠤ ᠬᠠᠷᠢᠴᠠᠯ᠎ᠨᠢ 60% ᠪᠣᠯᠤᠨ᠎ᠠ᠂ ᠡᠭᠦᠨ᠎ᠤ ᠵᠡᠷᠭᠡ᠎ᠳᠤ ᠪᠦᠬᠦᠯᠢ 18 ᠨᠠᠰᠤᠨ᠎ᠠᠴᠠ ᠳᠣᠷᠣᠭᠰᠢᠬᠢ ᠳᠠᠭ᠋ᠠᠳᠬᠠᠯ᠎ᠳᠤ ᠣᠷᠣᠯᠴᠠᠭᠴᠢ ᠪᠠ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢᠳ᠎ᠤᠨ ᠲᠠᠩᠰᠠ ᠲᠠᠶ᠋ᠢᠯᠬᠤ ᠬᠠᠷᠢᠴᠠᠯ᠎ᠢ 5 ᠵᠠᠭᠤᠨ᠎ᠤ ᠨᠢᠭᠡᠴᠢ ᠳᠡᠭᠡᠭᠰᠢᠯᠡᠭᠦᠯᠵᠦ᠂ ᠮᠠᠨ᠎ᠤ ᠬᠣᠲᠠ ᠵᠢᠨ ᠤᠤᠯ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠬᠡᠰᠡᠭ ᠬᠤᠪᠢᠶᠠᠨ ᠲᠠᠩᠰᠠ ᠲᠠᠶ᠋ᠢᠯᠬᠤ ᠬᠡᠯᠪᠡᠷᠢ ᠵᠢ ᠬᠦᠴᠦᠨ ᠥᠬᠡᠶ ᠪᠣᠯᠭ᠋ᠠᠵᠠᠶ᠃ ᠭᠤᠷᠪᠠ᠎ᠳᠤ᠂ ᠭᠠᠷᠲᠠᠨ ᠭᠦᠢ᠍ᠴᠡᠳᠭᠡᠬᠦ ᠦᠢ᠍ᠯᠡᠴᠢᠯᠡᠭᠡᠨ᠎ᠤ ᠴᠤᠪᠤᠷᠠᠯ᠎ᠢ ᠨᠢᠭᠡᠳᠭᠡᠪᠡ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠮᠠᠨ᠎ᠤ ᠬᠣᠲᠠ ᠵᠢᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠳᠤ ᠡᠮ ᠡᠮᠨᠡᠯᠭᠡ ᠵᠢᠨ ᠳᠠᠭ᠋ᠠᠳᠬᠠᠯ᠎ᠤᠨ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠨᠡᠯᠭᠡ᠎ᠠᠴᠠ ᠭᠠᠷᠬᠤ
《ᠨᠢᠭᠡ ᠲᠠᠩᠰᠠ》᠎ᠪᠠᠷ ᠳ᠋ᠦᠩᠨᠡᠨ ᠪᠣᠳᠣᠯᠲᠠ ᠬᠢᠬᠦ ᠵᠢ ᠪᠡᠶᠡᠯᠡᠭᠦᠯᠵᠦ᠂ ᠳᠠᠷᠤᠶ ᠥᠷᠭᠡᠨ ᠣᠯᠠᠨ ᠳᠠᠭ᠋ᠠᠳᠬᠠᠯ᠎ᠳᠤ ᠣᠷᠣᠯᠴᠠᠭᠰᠠᠨ ᠰᠠᠭᠤᠭ᠋ᠠᠯᠢ ᠠᠷᠠᠳ ᠡᠮᠨᠡᠯᠭᠡ᠎ᠠᠴᠠ ᠭᠠᠷᠬᠤ ᠭᠠᠷ ᠭᠦᠢ᠍ᠴᠡᠳᠬᠡᠯ ᠬᠢᠬᠦ ᠦᠶ᠎ᠡ᠎ᠳᠤ᠂ ᠡᠮᠨᠡᠯᠭᠡ ᠵᠢᠨ ᠬᠣᠷᠢᠶ᠎ᠠ ᠮᠡᠳᠡᠭᠡ ᠵᠠᠩᠭᠢ ᠵᠢᠨ ᠰᠢᠰᠲ᠋ᠧᠮ ᠵᠶ᠋ᠠᠷ ᠳᠠᠮᠵᠢᠭᠤᠯᠤᠨ ᠳᠠᠭ᠋ᠠᠳᠬᠠᠯ᠎ᠳᠤ ᠣᠷᠣᠯᠴᠠᠭᠰᠠᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠢ ᠭᠥᠷᠳᠡᠵᠦ ᠪᠣᠯᠬᠤ ᠵᠣᠭᠣᠰ᠎ᠤᠨ ᠲᠣᠭ᠎ᠠ ᠵᠢ ᠰᠢᠭᠤᠳ ᠲᠡᠰᠦᠯᠦᠨ ᠪᠤᠳᠤᠵᠤ᠂ ᠳᠠᠭ᠋ᠠᠳᠬᠠᠯ᠎ᠳᠤ ᠣᠷᠣᠯᠴᠠᠭᠰᠠᠨ ᠰᠠᠭᠤᠭ᠋ᠠᠯᠢ ᠠᠷᠠᠳ ᠥᠪᠡᠷᠲᠡᠭᠡᠨ ᠳᠥᠯᠥᠬᠦ ᠵᠠᠷᠤᠳᠠᠯ ᠵᠶ᠋ᠠᠨ ᠲᠤᠰᠢᠶᠠᠪᠠᠯ ᠪᠣᠯᠴᠢᠬᠠᠨ᠎ᠠ᠂ ᠡᠨᠡ᠎ᠨᠢ ᠮᠡᠳᠡᠭᠡ ᠵᠠᠩᠭᠢ ᠵᠢ ᠢᠯᠡᠭᠦᠤ ᠶᠠᠪᠤᠭᠤᠯᠵᠤ᠂ ᠠᠷᠠᠳ ᠢᠷᠭᠡᠳ ᠳᠤᠲᠠᠭᠤ ᠭᠦᠶᠦᠯᠭᠡᠬᠦ ᠬᠠᠷᠠᠯᠲᠠ ᠵᠢ ᠪᠡᠶᠡᠯᠡᠭᠦᠯᠦᠭᠰᠡᠨ ᠮᠥᠷᠲᠡᠭᠡᠨ ᠣᠳᠣᠬᠠᠨ᠎ᠤ ᠪᠥᠬᠥ ᠬᠣᠲᠠ ᠵᠢᠨ ᠳᠡᠭᠡᠳᠦ ᠳᠣᠤᠷᠠᠳᠤ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ 《ᠳᠠᠷᠤᠶ᠋ᠢᠬᠠᠨ ᠭᠦᠢ᠍ᠴᠡᠳᠭᠡᠬᠦ᠂ ᠰᠦᠯᠵᠢᠶᠡᠨ ᠳᠡᠭᠡᠷ᠎ᠡ ᠭᠦᠢ᠍ᠴᠡᠳᠭᠡᠬᠦ᠂ ᠣᠶ᠋ᠢᠷ᠎ᠠ ᠬᠠᠪᠢ᠎ᠳᠠᠭᠠᠨ ᠭᠦᠢ᠍ᠴᠡᠳᠭᠡᠬᠦ᠂ ᠨᠢᠭᠡ ᠯᠡ ᠤᠳᠠᠭ᠎ᠠ᠎ᠳᠤ ᠭᠦᠢ᠍ᠴᠡᠳᠭᠡᠬᠦ》 ᠲᠤᠬᠠᠶ ᠶᠡᠷᠦᠩᠬᠡᠶ ᠬᠠᠷᠠᠯᠲᠠ ᠵᠢᠨ ᠱᠠᠭ᠋ᠠᠷᠳᠠᠯᠭ᠎ᠠ᠎ᠳᠤ ᠵᠣᠬᠢᠴᠠᠭᠤᠯᠤᠭᠰᠠᠨ ᠪᠠᠶ᠋ᠢᠨ᠎ᠠ᠃ ᠳᠥᠷᠪᠡ᠎ᠳᠤ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠬᠠᠮᠤᠭ᠎ᠤᠨ ᠥᠨᠳᠥᠷ ᠳᠥᠯᠥᠬᠦ ᠬᠢᠵᠠᠭ᠋ᠠᠷ ᠲᠣᠭ᠎ᠠ ᠵᠢ ᠪᠥᠬᠥ ᠲᠠᠯ᠎ᠠ᠎ᠪᠠᠷ ᠬᠦᠴᠦᠨ ᠥᠬᠡᠶ ᠪᠤᠯᠭ᠋ᠠᠨ᠎ᠠ᠂ ᠲᠤᠬᠠᠶ᠋ᠢᠯᠠᠪᠠᠯ 2021 ᠣᠨ᠎ᠤ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠳᠥᠷᠪᠡᠨ ᠬᠣᠲᠠ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠨᠢ ᠡᠬᠢᠯᠡᠵᠦ ᠳᠥᠯᠥᠬᠦ ᠱᠤᠭᠤᠮ᠎ᠠᠴᠠ 1.4 ᠲᠦᠮᠡᠨ ᠲᠥᠭᠥᠷᠢᠭ ᠬᠡᠲᠦᠷᠡᠭᠰᠡᠨᠤ ᠳᠠᠷᠠᠭ᠎ᠠ᠂ ᠬᠠᠮᠤᠭ᠎ᠤᠨ ᠳᠡᠭᠡᠳᠦ ᠬᠢᠵᠠᠭ᠋ᠠᠷ ᠲᠣᠭ᠎ᠠ ᠵᠢ ᠬᠦᠴᠦᠨ ᠥᠬᠡᠶ ᠪᠤᠯᠭ᠋ᠠᠨ᠎ᠠ᠂ ᠬᠦᠨᠳᠦ ᠡᠪᠡᠳᠴᠢᠨ ᠪᠠ ᠬᠦᠨᠳᠦ ᠡᠪᠡᠳᠴᠢᠨ᠎ᠳᠤ ᠨᠡᠷᠪᠡᠭᠳᠡᠭᠰᠡᠨ ᠳᠠᠭ᠋ᠠᠳᠬᠠᠯ᠎ᠳᠤ ᠣᠷᠣᠯᠴᠠᠭᠰᠠᠨ ᠰᠠᠭᠤᠭ᠋ᠠᠯᠢ ᠠᠷᠠᠳ᠎ᠲᠤ ᠠᠪᠴᠤ ᠬᠡᠯᠡᠪᠡᠯ᠂ ᠬᠣᠶ᠋ᠢᠰᠢᠳᠠ ᠵᠢᠨ ᠵᠣᠪᠠᠨᠢᠯ᠎ᠢ ᠲᠤᠶ᠋ᠢᠯᠪᠤᠷᠢᠲᠠᠶ ᠠᠷᠢᠯᠭ᠋ᠠᠵᠤ᠂ ᠡᠪᠡᠳᠴᠢᠨ ᠡᠮᠭᠡᠭ᠎ᠤᠨ ᠡᠮᠴᠢᠯᠡᠭᠡ ᠵᠢ ᠰᠠᠨᠠᠭ᠎ᠠ ᠠᠮᠤᠷ ᠬᠢᠵᠦ ᠪᠣᠯᠤᠨ᠎ᠠ᠃ ᠲᠠᠷᠤᠢ 2021 ᠣᠨ᠎ᠤ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠳᠥᠷᠪᠡᠨ ᠬᠣᠲᠠ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠨᠢ ᠡᠬᠢᠯᠡᠵᠦ ᠳᠥᠯᠥᠬᠦ ᠬᠢᠵᠠᠭ᠋ᠠᠷ 1.4 ᠲᠦᠮᠡᠨ ᠲᠥᠭᠥᠷᠢᠭ᠎ᠠᠴᠠ ᠬᠡᠲᠦᠷᠡᠭᠰᠡᠨᠤ ᠳᠠᠷᠠᠭ᠎ᠠ᠂ ᠬᠠᠮᠤᠭ᠎ᠤᠨ ᠳᠡᠭᠡᠳᠦ ᠬᠢᠵᠠᠭ᠋ᠠᠷ ᠲᠣᠭ᠎ᠠ ᠥᠬᠡᠶ ᠪᠣᠯᠤᠨ᠎ᠠ᠃ ᠲᠠᠪᠤ᠎ᠳᠤ᠂ ᠵᠣᠭᠣᠰ ᠥᠭᠬᠦ ᠬᠦᠷᠢᠶ᠎ᠡ ᠬᠡᠪᠴᠢᠶ᠎ᠡ ᠵᠢ ᠦᠷᠭᠡᠳᠭᠡᠪᠡ᠃ 2021 ᠣᠨ᠎ᠤ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠳᠥᠷᠪᠡᠨ ᠬᠣᠲᠠ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠵᠠᠷᠤᠳᠠᠯ᠎ᠢ 100%᠎ᠪᠠᠷ ᠳᠥᠯᠥᠬᠦ ᠬᠡᠪᠴᠢᠶᠡᠨ᠎ᠳᠤ ᠣᠷᠣᠭᠤᠯᠵᠤ᠂ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠠᠴᠠ ᠭᠠᠳᠠᠨᠠᠬᠢ ᠲᠣᠭᠲᠠᠭ᠋ᠠᠯ᠎ᠳᠤ ᠨᠡᠶ᠋ᠢᠴᠡᠬᠦ ᠵᠠᠷᠤᠳᠠᠯ᠎ᠢ 60%᠎ᠪᠠᠷ ᠳᠥᠯᠥᠬᠦ ᠬᠡᠪᠴᠢᠶᠡᠨ᠎ᠳᠤ ᠣᠷᠣᠭᠤᠯᠤᠨ᠎ᠠ᠂ ᠪᠣᠳᠠᠲᠠᠶ᠎ᠪᠠᠷ᠂ ᠭᠠᠷᠴᠠᠭ᠎ᠠᠴᠠ ᠭᠠᠳᠠᠨᠠᠬᠢ ᠬᠡᠷᠡᠭᠯᠡᠬᠦ ᠡᠮ ᠪᠠ ᠣᠨᠣᠰᠢᠯᠠᠨ ᠡᠮᠨᠡᠬᠦ ᠵᠠᠷᠤᠳᠠᠯ᠎ᠢ ᠪᠠᠭᠲᠠᠭ᠋ᠠᠨ᠎ᠠ᠂ ᠭᠡᠪᠡᠴᠦ ᠪᠠᠷᠢᠮᠵᠢᠶ᠎ᠠ᠎ᠠᠴᠠ ᠬᠡᠲᠦᠷᠡᠭᠰᠡᠨ ᠣᠷᠣ ᠵᠢᠨ ᠵᠠᠷᠤᠳᠠᠯ᠂ ᠲᠤᠰᠬᠠᠶ ᠮᠡᠷᠭᠡᠵᠢᠯᠲᠡᠨ᠎ᠤ ᠵᠠᠷᠤᠳᠠᠯ᠂ ᠳᠤᠯᠠᠭ᠋ᠠᠯᠠᠯᠭ᠎ᠠ ᠵᠢᠨ ᠵᠠᠷᠤᠳᠠᠯ᠂ ᠬᠣᠭᠣᠯᠠᠨ᠎ᠤ ᠵᠠᠷᠤᠳᠠᠯ᠂ ᠡᠷᠡᠭᠦᠯ ᠮᠡᠨᠳᠦ ᠵᠢᠨ ᠪᠡᠶ᠎ᠡ ᠵᠢᠨ ᠪᠠᠶ᠋ᠢᠴᠠᠭ᠋ᠠᠯᠲᠠ ᠵᠢᠨ ᠵᠠᠷᠤᠳᠠᠯ᠂ ᠬᠠᠨᠢ ᠪᠣᠯᠬᠤ ᠵᠠᠷᠤᠳᠠᠯ᠂ ᠣᠨᠴᠠ ᠬᠡᠷᠡᠭᠴᠡᠭᠡᠨ᠎ᠤ ᠵᠠᠷᠤᠳᠠᠯ ᠪᠠ ᠪᠤᠰᠤᠳ ᠡᠮᠴᠢᠯᠡᠭᠡᠨ᠎ᠤ ᠪᠤᠰᠤ ᠵᠠᠷᠤᠯᠭ᠎ᠠ ᠵᠢ ᠪᠠᠭᠲᠠᠭ᠋ᠠᠬᠤ ᠥᠬᠡᠶ᠃ ᠵᠢᠱ᠌ᠢᠶᠡᠯᠡᠪᠡᠯ᠂ 2021 ᠣᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠱ᠌ᠢ ᠣᠪᠣᠭᠲᠤ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ᠂ ᠲᠥᠷᠥᠯᠬᠢ ᠵᠢᠨ ᠴᠢᠰᠤ ᠳᠤᠲᠠᠬᠤ ᠡᠪᠡᠳᠴᠢᠨ᠎ᠲᠠᠢ᠂ 2020 ᠣᠨ᠎ᠤ 9 ᠳ᠋ᠤᠭᠡᠷ ᠰᠠᠷ᠎ᠠ ᠵᠢᠨ 23᠎ᠤ ᠡᠳᠦᠷ ᠪᠡᠭᠡᠵᠢᠩ᠎ᠤᠨ ᠬᠡᠤᠬᠡᠳ᠎ᠤᠨ ᠡᠮᠨᠡᠯᠭᠡ ᠵᠢᠨ ᠬᠣᠷᠢᠶᠠᠨ᠎ᠳᠤ ᠡᠮᠨᠡᠯᠭᠡ᠎ᠳᠤ ᠰᠠᠭᠤᠵᠤ ᠡᠮᠨᠡᠭᠦᠯᠬᠦ᠎ᠳᠤ 24 ᠲᠦᠮᠡ ᠭᠠᠷᠤᠶ ᠲᠥᠭᠥᠷᠢᠭ ᠵᠠᠷᠤᠴᠠᠭᠤᠯᠵᠠᠶ᠂ ᠮᠠᠨ᠎ᠤ ᠬᠣᠲᠠ ᠵᠢᠨ ᠤᠤᠯ᠎ᠤᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠶᠣᠰᠣᠭ᠋ᠠᠷ᠂ ᠰᠠᠭᠤᠭ᠋ᠠᠯᠢ ᠠᠷᠠᠳ᠎ᠤᠨ ᠡᠮ ᠡᠮᠨᠡᠯᠭᠡ ᠵᠢᠨ ᠦᠨᠳᠦᠰᠦᠨ ᠳᠠᠭ᠋ᠠᠳᠬᠠᠯ᠎ᠳᠤ 12 ᠲᠦᠮᠡᠨ ᠲᠥᠭᠥᠷᠢᠭ ᠲᠠᠩᠰᠠ ᠲᠠᠶ᠋ᠢᠯᠤᠭᠰᠠᠨᠤ ᠳᠠᠷᠠᠭ᠎ᠠ᠂ ᠲᠣᠭᠲᠠᠭ᠋ᠠᠯ᠎ᠳᠤ ᠨᠡᠶ᠋ᠢᠴᠡᠭᠰᠡᠨ 4 ᠲᠦᠮᠡᠨ ᠲᠥᠭᠥᠷᠢᠭ ᠯᠡ ᠬᠦᠨᠳᠦ ᠡᠪᠡᠳᠴᠢᠨ᠎ᠤ ᠳᠠᠭ᠋ᠠᠳᠬᠠᠯ᠎ᠤᠨ ᠬᠡᠪᠴᠢᠶᠡᠨ᠎ᠳᠤ ᠣᠷᠣᠵᠠᠶ᠂ ᠲᠤᠬᠠᠶ᠋ᠢᠯᠠᠪᠠᠯ ᠬᠦᠨᠳᠦ ᠡᠪᠡᠳᠴᠢᠨ᠎ᠤ ᠳᠠᠭ᠋ᠠᠳᠬᠠᠯ᠎ᠳᠤ 1.8 ᠲᠦᠮᠡᠨ ᠲᠥᠭᠥᠷᠢᠭ ᠲᠠᠩᠰᠠ ᠳᠡᠶ᠋ᠢᠯᠵᠦ᠂ ᠨᠡᠶ᠋ᠢᠲᠡ 13.8 ᠲᠦᠮᠡᠨ ᠲᠥᠭᠥᠷᠢᠭ (12 ᠲᠦᠮᠡᠨ ᠲᠥᠭᠥᠷᠢᠭ + 1.8 ᠲᠦᠮᠡᠨ ᠲᠥᠭᠥᠷᠢᠭ) ᠲᠠᠩᠰᠠ ᠳᠡᠶ᠋ᠢᠯᠵᠦ ᠪᠣᠯᠤᠨ᠎ᠠ᠃ 2021 ᠣᠨ᠎ᠤ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ᠎ᠤ ᠳᠠᠷᠠᠭ᠎ᠠ᠂ ᠱ᠌ᠢ ᠣᠪᠣᠭᠲᠤ ᠲᠣᠭᠲᠠᠭ᠋ᠠᠯ᠎ᠳᠤ ᠨᠡᠶ᠋ᠢᠴᠡᠭᠰᠡᠨ 8.5 ᠲᠦᠮᠡᠨ ᠲᠥᠭᠥᠷᠢᠭ᠎ᠤᠨ ᠵᠠᠷᠤᠳᠠᠯ᠎ᠢ ᠬᠦᠨᠳᠦ ᠡᠪᠡᠳᠴᠢᠨ᠎ᠤ ᠳᠠᠭ᠋ᠠᠳᠬᠠᠯ᠎ᠤᠨ ᠬᠡᠪᠴᠢᠶᠡᠨ᠎ᠳᠤ ᠣᠷᠣᠭᠤᠯᠵᠤ ᠪᠣᠯᠤᠨ᠎ᠠ᠂ ᠲᠤᠬᠠᠶ᠋ᠢᠯᠠᠪᠠᠯ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠠᠩᠰᠠ ᠲᠠᠶ᠋ᠢᠯᠤᠭᠰᠠᠨ᠎ᠨᠢ 4.6 ᠲᠦᠮᠡᠨ ᠲᠥᠭᠥᠷᠢᠭ (ᠢᠯᠡᠭᠦᠤ 2.8 ᠲᠦᠮᠡᠨ ᠲᠥᠭᠥᠷᠢᠭ) ᠪᠠᠶ᠋ᠢᠵᠤ᠂ ᠨᠡᠶ᠋ᠢᠲᠡ 16.6 ᠲᠦᠮᠡᠨ ᠲᠥᠭᠥᠷᠢᠭ᠎ᠤᠨ ᠲᠠᠩᠰᠠ ᠲᠠᠶ᠋ᠢᠯᠤᠭᠰᠠᠨ ᠪᠠᠶ᠋ᠢᠨ᠎ᠠ᠂ ᠡᠨᠡ᠎ᠨᠢ ᠥᠩᠭᠡᠷᠡᠭᠰᠡᠨ᠎ᠤ ᠪᠣᠳᠠᠲᠠᠶ ᠲᠠᠩᠰᠠ ᠲᠠᠶ᠋ᠢᠯᠤᠭᠰᠠᠨ ᠬᠠᠷᠢᠴᠠᠯ᠎ᠠᠴᠠ ᠠᠷᠪᠠᠨ ᠬᠣᠶᠠᠷ ᠵᠠᠭᠤᠨ᠎ᠤ ᠨᠢᠭᠡᠴᠢ ᠳᠡᠭᠡᠭᠰᠢᠯᠡᠭᠰᠡᠨ ᠪᠠᠶ᠋ᠢᠨ᠎ᠠ᠃
ᠬᠥᠬᠡᠬᠣᠲᠠ ᠪᠤᠭᠤᠲᠤ ᠤᠷᠳᠤᠰ ᠤᠯᠠᠭ᠋ᠠᠨᠴᠠᠪ ᠲᠦᠷᠪᠡᠨ ᠬᠤᠳᠠ ᠵᠢᠨ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠦᠭᠰᠡᠨ᠎ᠨᠢ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠪᠡᠳᠴᠢᠨ ᠦᠵᠡᠭᠦᠯᠬᠦ᠎ᠳᠤ ᠪᠣᠳᠠᠲᠠᠢ ᠠᠰᠢᠭ ᠬᠦᠷᠲᠡᠭᠡᠵᠦ᠂ ᠳᠠᠭ᠋ᠠᠳᠬᠠᠯ᠎ᠳᠤ ᠣᠷᠣᠯᠴᠠᠭᠰᠠᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠳᠤ ᠨᠡᠷᠪᠡᠭᠳᠡᠭᠰᠡᠨ ᠠᠵᠤ ᠠᠬᠤᠢ ᠵᠢᠨ ᠳᠠᠷᠤᠭ᠋ᠠᠰᠤ ᠵᠢ ᠶᠡᠬᠡᠪᠡᠷ ᠬᠥᠩᠭᠡᠷᠡᠭᠦᠯᠵᠦ᠂ ᠡᠪᠡᠳᠴᠢᠨ᠎ᠠᠴᠠ ᠪᠤᠯᠵᠤ ᠶᠠᠳᠠᠭᠤᠷᠠᠬᠤ᠂ ᠡᠪᠡᠳᠴᠢᠨ᠎ᠠᠴᠠ ᠪᠤᠯᠵᠤ ᠲᠠᠬᠢᠨ ᠶᠠᠳᠠᠭᠤᠷᠠᠬᠤ ᠦᠵᠡᠭᠳᠡᠯ ᠭᠠᠷᠬᠤ ᠦᠭᠡᠢ ᠵᠢ ᠪᠠᠲᠤᠯᠠᠬᠤ ᠵᠢ ᠪᠡᠶᠡᠯᠡᠭᠦᠯᠵᠦ᠂ ᠥᠷᠭᠡᠨ ᠤᠯᠠᠨ ᠳᠠᠭ᠋ᠠᠳᠬᠠᠯ᠎ᠳᠤ ᠣᠷᠣᠯᠴᠠᠭᠰᠠᠨ ᠰᠠᠭᠤᠭ᠋ᠠᠯᠢ ᠠᠷᠠᠳ᠎ᠤᠨ ᠬᠦᠷᠲᠡᠮᠵᠢ ᠵᠢᠨ ᠲᠦᠷᠦᠭᠳᠡᠯ ᠪᠣᠯᠤᠨ ᠵᠣᠯ ᠵᠢᠷᠭ᠋ᠠᠯ᠎ᠤᠨ ᠲᠦᠷᠦᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠬᠦ ᠪᠣᠯᠤᠨ᠎ᠠ᠃