ᠥᠪᠥᠷ ᠡᠮ ᠴᠤᠭᠯᠠᠭᠤᠯᠬᠤ ᠲᠥᠪ ᠦᠰᠦᠭ [2021] 161 ᠳ᠋ᠦ᠍ᠭᠡᠷ ᠲᠣᠭ᠋ᠠᠲᠤ
ᠡᠯ᠎ᠡ ᠬᠠᠮᠢᠶ᠎ᠠ ᠪᠥᠬᠥᠶ ᠡᠮ ᠡᠮᠨᠡᠯᠭᠡ ᠵᠢᠨ ᠠᠵᠤ ᠠᠬᠤᠶ᠋ᠢᠯᠠᠯ᠄
ᠡᠮ ᠡᠮᠨᠡᠯᠭᠡ ᠬᠤᠳᠠᠯᠳᠤᠨ ᠠᠪᠬᠤ ᠡᠳᠦᠷ ᠲᠤᠲᠤᠮ᠎ᠤᠨ ᠲᠤᠬᠠᠶ᠋ᠢᠯᠠᠭᠰᠠᠨ ᠠᠵᠢᠯ᠎ᠢ ᠰᠦᠯᠵᠢᠶᠡᠨ ᠳᠡᠭᠡᠷ᠎ᠡ ᠭᠦᠢ᠍ᠴᠡᠳᠬᠡᠬᠦ ᠵᠢ ᠪᠡᠶᠡᠯᠡᠭᠦᠯᠵᠦ᠂ ᠠᠵᠢᠯ ᠶᠠᠪᠤᠳᠠᠯ ᠭᠦᠢ᠍ᠴᠡᠳᠬᠡᠬᠦ ᠴᠤᠪᠤᠷᠠᠯ᠎ᠢ ᠳᠥᠭᠥᠮᠴᠢᠯᠡᠨ᠂ ᠭᠦᠢ᠍ᠴᠡᠳᠬᠡᠬᠦ ᠴᠠᠭ᠎ᠢ ᠪᠣᠭᠣᠨᠢᠰᠬᠠᠬᠤ ᠪᠠ ᠠᠵᠢᠯ ᠶᠠᠪᠤᠳᠠᠯ ᠭᠦᠢ᠍ᠴᠡᠳᠬᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠤᠰᠠᠳᠠ᠂ ᠡᠳᠦᠭᠡ ᠡᠮ ᠡᠮᠨᠡᠯᠭᠡ ᠬᠤᠳᠠᠯᠳᠤᠨ ᠠᠪᠬᠤ ᠰᠦᠯᠵᠢᠶᠡᠨ ᠳᠡᠭᠡᠷᠡᠬᠢ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ ᠰᠢᠰᠲ᠋ᠧᠮ᠎ᠢ ᠰᠦᠯᠵᠢᠶᠡᠨ᠎ᠳᠤ ᠣᠷᠣᠭᠤᠯᠤᠨ ᠠᠵᠢᠯᠯᠠᠭᠤᠯᠬᠤ ᠬᠣᠯᠪᠣᠭᠳᠠᠯ ᠪᠥᠬᠥᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠭᠦᠢ᠍ᠴᠡᠳᠬᠡᠬᠦ ᠲᠤᠬᠠᠢ᠌ᠯᠠᠭᠰᠠᠨ ᠠᠵᠢᠯ᠎ᠤᠨ ᠵᠦᠢ᠍ᠯᠡᠰ
(ᠨᠢᠭᠡ) ᠰᠦᠯᠵᠢᠶᠡᠨ ᠳᠡᠭᠡᠷ᠎ᠡ ᠭᠦᠢ᠍ᠴᠡᠳᠬᠡᠬᠦ᠃ ᠠᠵᠤ ᠠᠬᠤᠶ᠋ᠢᠯᠠᠯ᠎ᠨᠢ ᠰᠦᠯᠵᠢᠶᠡᠨ ᠳᠡᠭᠡᠷᠡᠬᠢ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ ᠰᠢᠰᠲ᠋ᠧᠮ ᠵᠶ᠋ᠠᠷ ᠳᠠᠮᠵᠢᠭᠤᠯᠤᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠠᠵᠤ ᠠᠬᠤᠶ᠋ᠢᠯᠠᠯ᠎ᠤᠨ ᠲᠠᠩᠰᠠᠨ ᠨᠣᠮᠧᠷ᠎ᠢ ᠭᠤᠶᠤᠴᠢᠯᠠᠨ ᠠᠪᠬᠤ᠂ ᠨᠢᠭᠤᠴᠠ ᠨᠣᠮᠧᠷ᠎ᠢ ᠳᠠᠬᠢᠨ ᠳᠣᠭᠢᠷᠠᠭᠤᠯᠬᠤ᠂ ᠠᠵᠤ ᠠᠬᠤᠶ᠋ᠢᠯᠠᠯ ᠪᠤᠶᠤ ᠦᠢ᠍ᠯᠡᠳᠬᠦᠨ᠎ᠤ ᠬᠢᠷᠢ ᠬᠡᠮ᠎ᠤᠨ ᠮᠡᠳᠡᠭᠡ ᠵᠠᠩᠭᠢ ᠵᠢ ᠬᠤᠪᠢᠷᠠᠭᠤᠯᠬᠤ᠂ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠰᠡᠷᠭᠦᠭᠡᠬᠦ᠎ᠳᠤ ᠠᠷᠠᠯᠵᠢᠶᠠᠯᠠᠬᠤ ᠵᠢ ᠲᠦᠷ ᠵᠣᠭᠰᠣᠭ᠋ᠠᠬᠤ᠂ ᠰᠦᠯᠵᠢᠶᠡᠨ᠎ᠳᠤ ᠡᠯᠭᠦᠭᠰᠡᠨ ᠦᠢ᠍ᠯᠡᠳᠬᠦᠨ᠎ᠢ ᠭᠤᠶᠤᠴᠢᠯᠠᠨ ᠮᠡᠳᠡᠭᠦᠯᠵᠦ ᠠᠷᠠᠯᠵᠢᠶᠠᠯᠠᠬᠤ ᠵᠢ ᠬᠦᠴᠦᠨ ᠥᠬᠡᠶ ᠪᠣᠯᠭ᠋ᠠᠬᠤ᠂ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠠᠷᠠᠯᠵᠢᠶ᠎ᠠ ᠵᠢᠨ ᠦᠨ᠎ᠡ ᠬᠠᠩᠰᠢ ᠵᠢ ᠳᠣᠭᠢᠷᠠᠭᠤᠯᠬᠤ᠎ᠪᠠᠷ ᠭᠤᠶᠤᠴᠢᠯᠠᠨ ᠮᠡᠳᠡᠭᠦᠯᠬᠦ᠂ ᠠᠵᠤ ᠠᠬᠤᠶ᠋ᠢᠯᠠᠯ᠎ᠤᠨ ᠠᠮᠠᠯᠠᠯᠲᠠ ᠵᠢᠨ ᠪᠢᠴᠢᠭ᠎ᠢ ᠳᠡᠭᠡᠭᠰᠢ ᠳᠠᠮᠵᠢᠭᠤᠯᠬᠤ ᠵᠢᠴᠢ ᠢᠲᠡᠭᠡᠮᠵᠢ ᠵᠢᠨ ᠦᠨᠡᠯᠡᠯᠲᠡ ᠬᠢᠬᠦ ᠵᠡᠷᠭᠡ ᠬᠠᠮᠢᠶ᠎ᠠ ᠪᠥᠬᠥᠶ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠨ᠎ᠡ᠃ ᠰᠦᠯᠵᠢᠶᠡᠨ ᠳᠡᠭᠡᠷ᠎ᠡ ᠬᠡᠷᠡᠭ ᠶᠠᠪᠤᠳᠠᠯ ᠰᠢᠢ᠍ᠳᠪᠦᠷᠢᠯᠡᠬᠦ ᠵᠢᠭ᠋ᠠᠯᠲᠠ᠂ ᠰᠢᠢ᠍ᠳᠪᠦᠷᠢᠯᠡᠭᠰᠡᠨ ᠠᠬᠢᠴᠠ ᠵᠢᠴᠢ ᠰᠢᠢ᠍ᠳᠪᠦᠷᠢᠯᠡᠭᠰᠡᠨ ᠦᠷ᠎ᠡ ᠳ᠋ᠦᠩ᠎ᠢ ᠯᠠᠪᠯᠠᠵᠤ ᠪᠣᠯᠤᠨ᠎ᠠ᠃
(ᠬᠣᠶᠠᠷ) ᠰᠦᠯᠵᠢᠶᠡᠨ᠎ᠠᠴᠠ ᠭᠠᠳᠠᠨ᠎ᠠ ᠭᠦᠢ᠍ᠴᠡᠳᠬᠡᠬᠦ᠃ ᠠᠵᠤ ᠠᠬᠤᠶ᠋ᠢᠯᠠᠯ᠎ᠤᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠪᠠᠷ ᠭᠤᠶᠤᠴᠢᠯᠠᠬᠤ (ᠪᠠᠯᠠ ᠣᠷᠣᠭᠤᠯᠬᠤ) ᠵᠠᠭ᠋ᠠᠯᠳᠤᠯᠭ᠎ᠠ ᠵᠢᠨ ᠲᠤᠬᠠᠶ᠋ᠢᠯᠠᠭᠰᠠᠨ ᠠᠵᠢᠯ᠎ᠤᠨ ᠲᠤᠬᠠᠶ ᠵᠢᠨ ᠲᠠᠯᠠᠪᠠᠶ ᠵᠢᠨ ᠲᠤᠰᠢᠶᠠᠬᠤ ᠮᠠᠲ᠋ᠧᠷᠢᠶᠠᠯ᠎ᠤᠨ ᠭᠠᠷᠴᠠᠭ ᠵᠢᠴᠢ ᠲᠣᠳᠣᠷᠬᠠᠶ᠋ᠢᠯᠠᠯᠲᠠ (ᠵᠠᠰᠠᠪᠤᠷᠢ ᠣᠷᠣᠭᠤᠯᠤᠭᠰᠠᠨ ᠬᠡᠪᠯᠡᠯ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠪᠠᠷ ᠭᠤᠶᠤᠴᠢᠯᠠᠬᠤ (ᠪᠠᠯᠠ ᠣᠷᠣᠭᠤᠯᠬᠤ) ᠵᠠᠭ᠋ᠠᠯᠳᠤᠯᠭ᠎ᠠ ᠵᠢᠨ ᠲᠤᠬᠠᠶ᠋ᠢᠯᠠᠭᠰᠠᠨ ᠠᠵᠢᠯ᠎ᠤᠨ ᠲᠤᠬᠠᠶ ᠵᠢᠨ ᠲᠠᠯᠠᠪᠠᠶ ᠵᠢᠨ ᠲᠤᠰᠢᠶᠠᠬᠤ ᠮᠠᠲ᠋ᠧᠷᠢᠶᠠᠯ᠎ᠤᠨ ᠲᠥᠷᠥᠯ ᠵᠦᠢ᠍ᠯ ᠵᠢᠴᠢ ᠲᠣᠳᠣᠷᠬᠠᠶ᠋ᠢᠯᠠᠯᠲᠠ (ᠵᠠᠰᠠᠪᠤᠷᠢ ᠣᠷᠣᠭᠤᠯᠤᠭᠰᠠᠨ ᠬᠡᠪᠯᠡᠯ)》 ᠵᠢᠨ ᠱᠠᠭ᠋ᠠᠷᠳᠠᠯᠭ᠎ᠠ ᠶᠣᠰᠣᠭ᠋ᠠᠷ᠂ ᠭᠦᠢ᠍ᠴᠡᠳᠬᠡᠬᠦ᠎ᠪᠠᠷ ᠭᠤᠶᠤᠴᠢᠯᠠᠬᠤ ᠵᠦᠢ᠍ᠯᠡᠰ᠎ᠲᠤ ᠬᠣᠯᠪᠣᠭᠳᠠᠬᠤ ᠮᠠᠲ᠋ᠧᠷᠢᠶᠠᠯ᠎ᠢ ᠪᠦᠷᠢᠨ ᠭᠦᠢ᠍ᠴᠡᠳ ᠪᠡᠯᠡᠳᠬᠡᠬᠦ ᠵᠢᠨ ᠬᠠᠮᠲᠤ᠂ ᠨᠢᠭᠤᠷ ᠳᠠᠷᠠᠭ᠋ᠠᠯᠠᠨ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ (ᠠᠯᠪᠠᠨ ᠲᠠᠮᠠᠭ᠎ᠠ ᠵᠢ ᠲᠣᠳᠣᠷᠬᠠᠶ ᠣᠯᠵᠤ ᠦᠵᠡᠬᠦ ᠴᠢᠬᠤᠯᠠᠲᠠᠢ) ᠵᠢ ᠳᠠᠷᠤᠵᠤ ᠴᠣᠩᠬᠣ᠎ᠪᠠᠷ ᠲᠤᠰᠢᠶᠠᠨ ᠥᠭᠴᠦ ᠭᠦᠢ᠍ᠴᠡᠳᠬᠡᠨ᠎ᠡ᠃
(ᠭᠤᠷᠪᠠ) ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ᠎ᠤᠨ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ ᠨᠡᠶ᠋ᠢᠲᠡᠯᠡᠭᠰᠡᠨ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢ᠍ᠳᠪᠦᠷᠢᠯᠡᠬᠦ ᠡᠯᠧᠺᠲᠷᠣᠨ ᠰᠢᠤᠳᠠᠨ᠎ᠤ ᠬᠠᠶ᠋ᠢᠷᠴᠠᠭ᠎ᠢ ᠰᠦᠯᠵᠢᠶᠡᠨ ᠳᠡᠭᠡᠷᠡᠬᠢ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ ᠰᠢᠰᠲ᠋ᠧᠮ᠎ᠢ ᠰᠦᠯᠵᠢᠶᠡᠨ᠎ᠳᠤ ᠣᠷᠣᠭᠤᠯᠤᠭᠰᠠᠨ ᠡᠳᠦᠷ᠎ᠠᠴᠠ ᠡᠬᠢᠯᠡᠨ ᠬᠡᠷᠡᠭᠯᠡᠬᠦ᠎ᠪᠠᠨ ᠵᠣᠭᠰᠣᠨ᠎ᠠ᠃
ᠬᠣᠶᠠᠷ᠂ CA ᠲᠣᠭ᠋ᠠᠨ᠎ᠤ ᠦᠨᠡᠮᠯᠡᠯ᠎ᠢ ᠭᠦᠢ᠍ᠴᠡᠳᠬᠡᠬᠦ
(ᠨᠢᠭᠡ) ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ ᠶᠠᠪᠤᠴᠠ ᠵᠢ ᠴᠠᠭ ᠲᠤᠬᠠᠶ᠎ᠳᠤᠨᠢ ᠠᠮᠤᠷ ᠲᠦᠪᠰᠢᠨ ᠪᠥᠭᠡᠳ ᠪᠦᠲᠦᠮᠵᠢᠲᠡᠶ ᠪᠠᠶ᠋ᠢᠯᠭ᠋ᠠᠬᠤ ᠵᠢ ᠪᠠᠲᠤᠯᠠᠬᠤ ᠵᠢᠨ ᠲᠤᠰᠠᠳᠠ᠂ CA ᠲᠣᠭ᠋ᠠᠨ᠎ᠤ ᠦᠨᠡᠮᠯᠡᠯ᠎ᠢ ᠰᠢᠰᠲ᠋ᠧᠮ᠎ᠲᠠᠢ ᠢᠵᠢ ᠪᠥᠷᠢᠳᠦᠭᠦᠯᠦᠨ ᠬᠡᠷᠡᠭᠯᠡᠵᠦ᠂ ᠡᠯᠧᠺᠲᠷᠣᠨ ᠭᠠᠷᠤᠨ ᠥᠰᠥᠭ ᠪᠠ ᠡᠯᠧᠺᠲᠷᠣᠨ ᠲᠠᠮᠠᠭ᠎ᠠ ᠳᠠᠷᠤᠬᠤ ᠴᠢᠳᠠᠮᠵᠢ ᠵᠢ ᠪᠦᠷᠢᠳᠦᠭᠦᠯᠦᠭᠰᠡᠨ ᠪᠠᠶ᠋ᠢᠬᠤ ᠬᠡᠷᠡᠭᠲᠡᠶ᠃ ᠠᠵᠤ ᠠᠬᠤᠶ᠋ᠢᠯᠠᠯ᠎ᠨᠢ ᠰᠠᠢ᠍ᠢ᠍ᠨ ᠳᠤᠷ᠎ᠠ᠎ᠠᠴᠠ᠎ᠪᠠᠨ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠭᠠᠵᠠᠷ᠎ᠲᠤ ᠬᠡᠷᠡᠭᠯᠡᠬᠦ ᠭᠠᠷ ᠭᠦᠢ᠍ᠴᠡᠳᠬᠡᠯ ᠬᠢᠵᠦ ᠪᠣᠯᠬᠤ ᠪᠥᠭᠡᠳ ᠬᠣᠯᠪᠣᠭᠳᠠᠯ ᠪᠦᠬᠦᠢ ᠵᠠᠷᠤᠳᠠᠯ᠎ᠢ ᠡᠭᠦᠷᠭᠡᠯᠡᠵᠦ ᠪᠣᠯᠤᠨ᠎ᠠ᠃
(ᠬᠣᠶᠠᠷ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ᠎ᠤᠨ ᠲᠣᠭ᠋ᠠᠴᠢᠯᠠᠭᠰᠠᠨ ᠦᠨᠡᠮᠯᠡᠯ᠎ᠲᠠᠢ ᠪᠣᠯᠤᠭᠰᠠᠨ ᠠᠵᠤ ᠠᠬᠤᠶ᠋ᠢᠯᠠᠯ᠎ᠨᠢ ᠰᠢᠭᠤᠳ ᠬᠡᠷᠡᠭᠯᠡᠵᠦ ᠪᠣᠯᠤᠨ᠎ᠠ᠂ ᠳᠠᠭᠢᠵᠤ ᠭᠦᠢ᠍ᠴᠡᠳᠬᠡᠬᠦ ᠴᠢᠬᠤᠯᠠ ᠥᠬᠡᠶ᠃
(ᠭᠤᠷᠪᠠ) CA ᠲᠣᠭ᠋ᠠᠨ᠎ᠤ ᠦᠨᠡᠮᠯᠡᠯ᠎ᠢ ᠭᠦᠢ᠍ᠴᠡᠳᠬᠡᠭᠰᠡᠳ ᠥᠬᠡᠶ ᠠᠵᠤ ᠠᠬᠤᠶ᠋ᠢᠯᠠᠯ᠎ᠨᠢ ᠰᠦᠯᠵᠢᠶᠡᠨ᠎ᠠᠴᠠ ᠭᠠᠳᠠᠨ᠎ᠠ ᠭᠦᠢ᠍ᠴᠡᠳᠬᠡᠬᠦ ᠠᠷᠭ᠎ᠠ ᠮᠠᠶᠢᠭ ᠵᠶ᠋ᠠᠷ ᠬᠠᠮᠢᠶ᠎ᠠ ᠪᠥᠬᠥᠶ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠵᠦ ᠪᠣᠯᠤᠨ᠎ᠠ᠃
ᠭᠤᠷᠪᠠ᠂ ᠰᠢᠰᠲ᠋ᠧᠮ᠎ᠤᠨ ᠰᠦᠯᠵᠢᠶᠡᠨ᠎ᠳᠤ ᠭᠠᠷᠬᠤ ᠴᠠᠭ
2021 ᠣᠨ᠎ᠤ 8 ᠰᠠᠷ᠎ᠠ ᠵᠢᠨ 20᠎ᠤ ᠡᠳᠦᠷ᠎ᠠᠴᠠ ᠡᠬᠢᠯᠡᠨ ᠰᠦᠯᠵᠢᠶᠡᠨ᠎ᠳᠤ ᠣᠷᠣᠭᠤᠯᠤᠨ ᠠᠵᠢᠯᠯᠠᠭᠤᠯᠤᠨ᠎ᠠ᠃ ᠬᠡᠷᠡᠭᠯᠡᠭᠴᠢ ᠰᠢᠰᠲ᠋ᠧᠮ᠎ᠳᠤ ᠭᠠᠷᠤᠭᠰᠠᠨ᠎ᠤ ᠳᠠᠷᠠᠭ᠎ᠠ ᠡᠬᠢᠨ᠎ᠤ ᠨᠢᠭᠤᠷ᠎ᠠᠴᠠ ᠠᠵᠢᠯᠯᠠᠬᠤ ᠭᠠᠷ ᠳᠡᠪᠲᠡᠷ᠎ᠢ ᠪᠠᠭᠤᠯᠭ᠋ᠠᠨ ᠠᠪᠴᠤ ᠪᠣᠯᠤᠨ᠎ᠠ᠃
ᠮᠡᠷᠭᠡᠵᠢᠯ᠎ᠤᠨ ᠳᠡᠮᠵᠢᠯᠭᠡ᠄ 0471-4967106
ᠲᠤᠬᠠᠶ᠋ᠢᠯᠠᠭᠰᠠᠨ ᠠᠵᠢᠯ᠎ᠢ ᠬᠦᠯᠢᠶᠡᠨ ᠠᠪᠴᠤ ᠰᠢᠢ᠍ᠳᠪᠦᠷᠢᠯᠡᠬᠦ᠄ 0471-4919735
ᠲᠦᠷᠪᠡ᠂ ᠪᠤᠰᠤᠳ ᠵᠦᠢ᠍ᠯ
(ᠨᠢᠭᠡ) ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠩᠭᠤ ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠮᠠᠲ᠋ᠧᠷᠢᠶᠠᠯ ᠵᠶ᠋ᠠᠨ ᠲᠤᠰᠢᠶᠠᠬᠤ᠎ᠠᠴᠠ ᠡᠮᠦᠨ᠎ᠡ14 ᠡᠳᠦᠷ᠎ᠤᠨ ᠳᠣᠲᠣᠷ᠎ᠠ ᠠᠭᠤᠰᠬᠢᠨ ᠦᠷᠪᠢᠰᠦᠯ᠎ᠤᠨ ᠰᠡᠵᠢᠭᠯᠡᠯᠲᠡᠶ ᠰᠢᠨ᠎ᠡ ᠡᠪᠡᠳᠴᠢᠨ᠎ᠤ ᠪᠠᠶ᠋ᠢᠳᠠᠯ᠂ ᠬᠢᠵᠢᠭ᠎ᠤᠨ ᠪᠠᠶ᠋ᠢᠳᠠᠯ᠎ᠤᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ᠎ᠳᠤ ᠣᠷᠣᠰᠢᠨ ᠰᠠᠭᠤᠭᠰᠠᠨ ᠲᠡᠤᠬᠡ ᠪᠤᠶᠤ ᠪᠤᠰᠤᠳ ᠶᠠᠮᠠᠷᠪᠠ ᠰᠡᠵᠢᠭᠯᠡᠯᠲᠡᠶ ᠪᠠᠶ᠋ᠢᠳᠠᠯ᠎ᠲᠠᠢ ᠬᠥᠮᠦᠰ ᠴᠣᠩᠬᠣ᠎ᠪᠠᠷ ᠳᠠᠮᠵᠢᠭᠤᠯᠤᠨ ᠲᠤᠬᠠᠶ᠋ᠢᠯᠠᠭᠰᠠᠨ ᠠᠵᠢᠯ ᠵᠶ᠋ᠠᠨ ᠭᠦᠢ᠍ᠴᠡᠳᠬᠡᠵᠦ ᠪᠣᠯᠬᠤ ᠥᠬᠡᠶ᠃
(ᠬᠣᠶᠠᠷ) ᠴᠣᠩᠬᠣᠨ᠎ᠳᠤ ᠮᠠᠲ᠋ᠧᠷᠢᠶᠠᠯ ᠲᠤᠰᠢᠶᠠᠬᠤ ᠠᠵᠢᠯᠲᠠᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠠᠮᠢᠶ᠎ᠠ ᠪᠥᠬᠥᠶ ᠲᠣᠭᠲᠠᠭ᠋ᠠᠯ᠎ᠢ ᠤᠬᠠᠮᠰᠠᠷ᠎ᠠᠴᠠ᠎ᠪᠠᠨ ᠵᠢᠷᠤᠮᠯᠠᠨ ᠰᠠᠬᠢᠵᠤ᠂ ᠠᠮᠠᠪᠴᠢ ᠵᠡᠭᠦᠵᠦ᠂ ᠡᠷᠡᠭᠦᠯ ᠮᠡᠨᠳᠦ ᠵᠢᠨ ᠨᠣᠭᠣᠭ᠋ᠠᠨ ᠨᠣᠮᠧᠷ ᠵᠶ᠋ᠠᠨ ᠦᠵᠡᠭᠦᠯᠬᠦ ᠵᠢᠨ ᠬᠠᠮᠲᠤ᠂ ᠮᠠᠨ᠎ᠤ ᠲᠥᠪ᠎ᠤᠨ ᠠᠵᠢᠯᠲᠠᠳ᠎ᠲᠠᠢ ᠬᠠᠮᠵᠢᠯᠴᠠᠨ ᠳᠡᠩᠰᠡᠯᠡᠨ ᠲᠡᠮᠳᠡᠭᠯᠡᠬᠦ ᠪᠠ ᠪᠠᠶ᠋ᠢᠴᠠᠭ᠋ᠠᠨ ᠰᠢᠯᠭ᠋ᠠᠬᠤ ᠵᠢ ᠰᠠᠶ᠋ᠢᠲᠤᠷ ᠬᠢᠬᠦ ᠬᠡᠷᠡᠭᠲᠡᠶ᠃
ᠳᠠᠭ᠋ᠠᠯᠳᠤᠭᠤᠯᠤᠯ᠄ CA ᠦᠨᠡᠮᠯᠡᠯ ᠵᠢᠴᠢ ᠡᠯᠧᠺᠲᠷᠣᠨ ᠲᠠᠮᠠᠭ᠎ᠠ ᠵᠢᠨ ᠮᠡᠳᠡᠭᠡ ᠵᠠᠩᠭᠢ ᠵᠢ ᠭᠦᠢ᠍ᠴᠡᠳᠬᠡᠬᠦ ᠴᠤᠪᠤᠷᠠᠯ
ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
2021 ᠣᠨ᠎ᠤ 8 ᠰᠠᠷ᠎ᠠ ᠵᠢᠨ 17᠎ᠤ ᠡᠳᠦᠷ