ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠰᠦᠯᠵᠢᠶᠡᠨ᠎ᠳᠤ ᠬᠣᠯᠪᠣᠬᠤ ᠬᠠᠮᠢᠶ᠎ᠠ ᠪᠥᠬᠥᠶ ᠠᠵᠢᠯ᠎ᠤᠨ ᠠᠰᠠᠭᠤᠯᠲᠠ ᠬᠠᠷᠢᠭᠤᠯᠲᠠ
ᠨᠡᠶ᠋ᠢᠲᠡᠯᠡᠭᠰᠡᠨ ᠴᠠᠭ᠄ 2021-08-24

      ᠠᠰᠠᠭᠤᠯᠲᠠ᠄ ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠳᠤ ᠳ᠋ᠤᠭ᠋ᠠᠷᠯᠠᠭᠰᠠᠨ ᠠᠵᠤ ᠠᠬᠤᠶ᠋ᠢᠯᠠᠯ᠎ᠤᠨ ᠮᠡᠳᠡᠭᠡ ᠵᠠᠩᠭᠢ᠂ ᠳᠠᠩᠰᠠᠯᠠᠭᠤᠯᠤᠭᠰᠠᠨ ᠦᠨᠡᠮᠯᠡᠯ᠎ᠤᠨ ᠮᠡᠳᠡᠭᠡ ᠵᠠᠩᠭᠢ᠎ᠳᠤ ᠵᠠᠰᠠᠪᠤᠷᠢ ᠣᠷᠣᠭᠤᠯᠵᠤ ᠪᠣᠯᠤᠨ᠎ᠠ ᠤᠤ?
      ᠬᠠᠷᠢᠭᠤᠯᠲᠠ᠄   ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠭᠤᠶᠤᠴᠢᠯᠠᠨ ᠮᠡᠳᠡᠭᠦᠯᠬᠦ᠎ᠳᠤ᠂ ᠥᠪᠡᠷᠲᠡᠭᠡᠨ ᠵᠠᠰᠠᠬᠤ ᠣᠷᠣᠨ ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ ᠵᠢᠨ ᠨᠡᠶ᠋ᠢᠲᠡᠯᠡᠭᠰᠡᠨ ᠮᠡᠳᠡᠭᠡ ᠵᠠᠩᠭᠢ ᠵᠢ ᠬᠡᠷᠡᠭᠯᠡᠨ᠎ᠡ᠂ ᠬᠡᠷᠪᠡ ᠠᠵᠤ ᠠᠬᠤᠶ᠋ᠢᠯᠠᠯ᠎ᠤᠨ ᠮᠡᠳᠡᠭᠡ ᠵᠠᠩᠭᠢ᠎ᠨᠢ ᠨᠢᠭᠡᠳᠦᠯ ᠥᠬᠡᠶ ᠪᠤᠶᠤ ᠪᠤᠷᠤᠭᠤ᠎ᠲᠠᠢ ᠪᠠᠢ᠌ᠪᠠᠯ᠂ ᠰᠢᠰᠲ᠋ᠧᠮ᠎ᠳᠤ ᠰᠢᠭᠤᠳ ᠵᠠᠰᠠᠪᠤᠷᠢ ᠣᠷᠣᠭᠤᠯᠬᠤ ᠲᠡᠢ᠌ᠯᠬᠦ ᠥᠬᠡᠶ᠂ ᠠᠵᠤ ᠠᠬᠤᠶ᠋ᠢᠯᠠᠯ᠎ᠨᠢ ᠪᠡᠶ᠎ᠡ᠎ᠪᠠᠨ ᠳᠠᠭ᠋ᠠᠭ᠋ᠠᠨ ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ ᠵᠢᠨ ᠬᠠᠷᠢᠯᠴᠠᠵᠦ᠂ ᠮᠡᠳᠡᠭᠡ ᠵᠠᠩᠭᠢ ᠎ᠪᠠᠨ ᠰᠢᠨᠡᠴᠢᠯᠡᠬᠦ᠎ᠪᠠᠷ ᠭᠤᠶᠤᠴᠢᠯᠠᠨ᠎ᠠ᠃ ᠮᠠᠨ᠎ᠤ ᠣᠷᠣᠨ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠬᠣᠷᠣᠭᠳᠠᠯ ᠮᠠᠲ᠋ᠧᠷᠢᠶᠠᠯ᠎ᠤᠨ ᠳ᠋ᠤᠭ᠋ᠠᠷᠯᠠᠯ᠎ᠤᠨ ᠲᠣᠭ᠎ᠠ ᠪᠠᠷᠢᠮᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠰᠢᠨᠡᠳᠭᠡᠨ᠎ᠡ᠂ ᠮᠡᠳᠡᠭᠡ ᠵᠠᠩᠭᠢ ᠵᠢ ᠰᠢᠨᠡᠳᠬᠡᠬᠦ᠎ᠠᠴᠠ ᠡᠮᠦᠨ᠎ᠡ ᠣᠲᠣ ᠵᠢᠨ ᠪᠠᠶ᠋ᠢᠭ᠎ᠠ ᠲᠣᠭ᠎ᠠ ᠪᠠᠷᠢᠮᠳᠠ᠎ᠪᠠᠨ ᠬᠡᠷᠡᠭᠯᠡᠨ᠎ᠡ᠃
      ᠠᠰᠠᠭᠤᠯᠲᠠ᠄ ᠶᠠᠭᠤᠨ᠎ᠳᠤ ᠵᠠᠷᠯᠠᠨ ᠨᠡᠶ᠋ᠢᠲᠡᠯᠡᠭᠰᠡᠨ ᠲᠣᠭ᠎ᠠ ᠪᠠᠷᠢᠮᠲᠠ ᠵᠢ ᠠᠷᠠᠯᠵᠢᠶᠠᠨ᠎ᠤ ᠰᠢᠰᠲ᠋ᠧᠮ᠎ᠳᠤ ᠪᠠᠶ᠋ᠢᠴᠠᠭ᠋ᠠᠨ ᠯᠠᠪᠯᠠᠵᠤ ᠳᠡᠶ᠋ᠢᠯᠬᠦ ᠥᠬᠡᠶ ᠪᠣᠶ?
      ᠬᠠᠷᠢᠭᠤᠯᠲᠠ᠄ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠰᠢᠰᠲ᠋ᠧᠮ᠎ᠤᠨ ᠰᠦᠯᠵᠢᠶᠡᠨ᠎ᠳᠤ ᠬᠤᠯᠪᠤᠭᠰᠠᠨ ᠦᠢ᠍ᠯᠡᠳᠭᠦᠨ᠎ᠤ ᠬᠠᠮᠢᠶ᠎ᠠ ᠪᠥᠬᠥᠶ ᠦᠨᠡᠮᠯᠡᠯ᠎ᠨᠢ ᠴᠥᠮ ᠬᠦᠴᠦᠨ᠎ᠲᠠᠢ ᠬᠤᠭᠤᠴᠠᠭ᠋ᠠᠨ᠎ᠳᠤ   ᠪᠠᠢ᠌ᠳᠠᠭ᠂ ᠠᠵᠤ ᠠᠬᠤᠶ᠋ᠢᠯᠠᠯ᠎ᠨᠢ ᠦᠢ᠍ᠯᠡᠳᠭᠦᠨ᠎ᠤ 《ᠦᠢ᠍ᠯᠡᠳᠪᠦᠷᠢᠯᠡᠬᠦ ᠵᠥᠪᠰᠢᠶᠡᠷᠡᠯ᠎ᠤᠨ ᠦᠨᠡᠮᠯᠡᠯ》᠂ 《ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ》᠂ 《ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠳᠠᠩᠰᠠᠯᠠᠭᠤᠯᠤᠭᠰᠠᠨ ᠦᠨᠡᠮᠯᠡᠯ》᠎ᠢ ᠭᠤᠶᠤᠴᠢᠯᠠᠨ ᠮᠡᠳᠡᠭᠦᠯᠬᠦ ᠵᠡᠷᠭᠡ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠳ᠋ᠤᠭ᠋ᠠᠷᠯᠠᠯ᠎ᠨᠢ ᠬᠦᠴᠦᠨ᠎ᠲᠠᠢ ᠬᠤᠭᠤᠴᠠᠭ᠎ᠠ᠎ᠠᠴᠠ᠎ᠪᠠᠨ ᠬᠡᠲᠦᠷᠡᠭᠰᠡᠨ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠠᠴᠠ ᠰᠦᠯᠵᠢᠶᠡᠨ᠎ᠳᠤ ᠬᠤᠯᠪᠤᠬᠤ ᠵᠢ ᠲᠦᠷ ᠵᠦᠪᠰᠢᠶᠡᠷᠡᠬᠦ ᠥᠬᠡᠶ᠃ ᠦᠢ᠍ᠯᠡᠳᠭᠦᠨ᠎ᠢ ᠢᠯᠡ ᠨᠡᠶ᠋ᠢᠲᠡᠯᠡᠬᠦ ᠰᠢᠰᠲ᠋ᠧᠮ᠎ᠤᠨ ᠨᠢᠭᠡᠨᠲᠡ ᠬᠠᠮᠢᠶ᠎ᠠ ᠪᠥᠬᠥᠶ ᠠᠭᠤᠯᠭ᠎ᠠ᠎ᠳᠤ ᠲᠤᠳᠤᠷᠬᠠᠢ᠌ᠯᠠᠯᠳᠠ ᠬᠢᠭᠰᠡᠨ ᠲᠤᠯᠠ᠂ ᠡᠯ᠎ᠡ ᠠᠵᠤ ᠠᠬᠤᠶ᠋ᠢᠯᠠᠯ᠎ᠤᠳ ᠬᠠᠷᠢᠴᠠᠭᠤᠯᠤᠨ ᠪᠠᠶ᠋ᠢᠴᠠᠭ᠋ᠠᠵᠤ ᠦᠵᠡᠭᠡᠷᠡᠶ᠃
      ᠠᠰᠠᠭᠤᠯᠲᠠ᠄ ᠨᠡᠮᠡᠵᠦ ᠨᠥᠬᠥᠪᠥᠷᠢᠯᠡᠭᠰᠡᠨ ᠦᠢ᠍ᠯᠡᠳᠭᠦᠨ ᠪᠤᠶᠤ ᠪᠠᠷᠢᠮᠵᠢᠶ᠎ᠠ ᠵᠢᠨ ᠰᠠᠨᠠᠭᠤᠯᠤᠮᠵᠢ᠎ᠨᠢ ᠣᠳᠣᠬᠠᠨ᠎ᠤ ᠳᠠᠩᠰᠠᠯᠠᠭᠤᠯᠤᠭᠰᠠᠨ ᠦᠨᠡᠮᠯᠡᠯ ᠳᠣᠤᠷᠠᠬᠢ ᠦᠢ᠍ᠯᠡᠳᠭᠦᠨ᠎ᠤ ᠲᠣᠭ᠎ᠠ ᠬᠡᠮᠵᠢᠶ᠎ᠡ / ᠪᠠᠷᠢᠮᠵᠢᠶ᠎ᠠ ᠠᠩᠬᠢ ᠲᠦᠷᠦᠯ ᠲᠣᠭ᠎ᠠ ᠬᠡᠮᠵᠢᠶ᠎ᠡ᠎ᠨᠢ ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠳ᠋ᠤᠭ᠋ᠠᠷᠯᠠᠯ᠎ᠤᠨ ᠳᠠᠩᠰᠠᠯᠠᠭᠤᠯᠤᠭᠰᠠᠨ ᠦᠨᠡᠮᠯᠡᠯ ᠳᠣᠤᠷᠠᠬᠢ ᠦᠢ᠍ᠯᠡᠳᠭᠦᠨ᠎ᠤ ᠲᠣᠭ᠎ᠠ ᠬᠡᠮᠵᠢᠶ᠎ᠡ / ᠪᠠᠷᠢᠮᠵᠢᠶ᠎ᠠ ᠠᠩᠬᠢ ᠲᠦᠷᠦᠯ᠎ᠤᠨ ᠲᠣᠭ᠎ᠠ ᠬᠡᠮᠵᠢᠶ᠎ᠡ᠎ᠠᠴᠠ ᠶᠡᠬᠡ ᠪᠤᠶᠤ ᠲᠡᠭᠦᠨ᠎ᠲᠠᠢ ᠲᠡᠩᠴᠡᠪᠡᠯ ᠶᠠᠭ᠋ᠠᠬᠢᠬᠤ ᠪᠣᠶ?
      ᠬᠠᠷᠢᠭᠤᠯᠲᠠ᠄ ᠥᠪᠡᠷᠲᠡᠭᠡᠨ ᠵᠠᠰᠠᠬᠤ ᠣᠷᠣᠨ᠎ᠤ ᠬᠣᠷᠣᠭᠳᠠᠯ ᠮᠠᠲ᠋ᠧᠷᠢᠶᠠᠯ ᠬᠢᠭᠡᠳ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠳ᠋ᠤᠭ᠋ᠠᠷᠯᠠᠯ᠎ᠢ ᠵᠣᠯᠭ᠋ᠠᠭᠤᠯᠬᠤ ᠵᠠᠷᠴᠢᠮ ᠶᠣᠰᠣᠭ᠋ᠠᠷ᠂ ᠳᠠᠩᠰᠠᠯᠠᠭᠤᠯᠤᠭᠰᠠᠨ ᠦᠨᠡᠮᠯᠡᠯ ᠪᠠ ᠦᠢ᠍ᠯᠡᠳᠭᠦᠨ᠎ᠳᠤ ᠤᠯᠤᠰ᠎ᠤᠨ ᠳ᠋ᠤᠭ᠋ᠠᠷᠯᠠᠯ᠎ᠤᠨ ᠪᠠᠷᠢᠮᠵᠢᠶ᠎ᠠ ᠵᠢ ᠬᠡᠷᠡᠭᠵᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠳᠤ   ᠬᠤᠯᠪᠤᠬᠤ ᠵᠢ ᠳᠠᠩᠰᠠᠯᠠᠭᠤᠯᠤᠭᠰᠠᠨ ᠦᠨᠡᠮᠯᠡᠯ ᠪᠠ ᠦᠢ᠍ᠯᠡᠳᠭᠦᠨ᠎ᠤ ᠪᠠᠷᠢᠮᠵᠢᠶ᠎ᠠ ᠲᠣᠭ᠎ᠠ ᠬᠡᠮᠵᠢᠶ᠎ᠡ᠎ᠨᠢ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠳ᠋ᠤᠭ᠋ᠠᠷᠯᠠᠯ᠎ᠠᠴᠠ ᠶᠡᠬᠡ ᠪᠠᠶ᠋ᠢᠵᠤ ᠪᠣᠯᠬᠤ ᠥᠬᠡᠶ᠃ ᠬᠡᠷᠪᠡ ᠨᠢᠭᠡᠨᠲᠡ ᠬᠡᠲᠦᠷᠡᠭᠰᠡᠨ ᠪᠠᠶ᠋ᠢᠪᠠᠯ᠂ ᠮᠠᠨ᠎ᠤ ᠲᠥᠪ᠎ᠳᠤ᠂ ᠳᠠᠩᠰᠠᠯᠠᠭᠤᠯᠤᠭᠰᠠᠨ ᠦᠨᠡᠮᠯᠡᠯ ᠪᠤᠶᠤ ᠪᠦᠲᠦᠭᠡᠭᠳᠡᠬᠦᠨ ᠵᠶ᠋ᠠᠨ ᠨᠡᠶ᠋ᠢᠯᠡᠭᠦᠯᠬᠦ᠎ᠪᠠᠷ ᠭᠤᠶᠤᠴᠢᠯᠠᠵᠤ ᠪᠣᠯᠤᠨ᠎ᠠ᠂ ᠨᠡᠶ᠋ᠢᠯᠡᠭᠦᠯᠦᠭᠰᠡᠨ᠎ᠤ ᠳᠠᠷᠠᠭ᠎ᠠ ᠳᠠᠷᠤᠶ ᠨᠡᠮᠡᠭᠳᠡᠭᠦᠯᠵᠦ ᠪᠣᠯᠤᠨ᠎ᠠ᠃
      ᠠᠰᠠᠭᠤᠯᠲᠠ᠄ ᠨᠡᠮᠡᠵᠦ ᠨᠥᠬᠥᠪᠥᠷᠢᠯᠡᠭᠰᠡᠨ ᠦᠢ᠍ᠯᠡᠳᠬᠦᠨ ᠪᠤᠶᠤ   ᠪᠠᠷᠢᠮᠵᠢᠶ᠎ᠡ ᠠᠩᠬᠢ ᠲᠦᠷᠦᠯ᠎ᠨᠢ ᠲᠤᠰ ᠦᠢ᠍ᠯᠡᠳᠬᠦᠨ ᠪᠤᠶᠤ ᠪᠠᠷᠢᠮᠵᠢᠶ᠎ᠠ ᠠᠩᠬᠢ ᠲᠦᠷᠦᠯ᠎ᠨᠢ ᠨᠢᠭᠡᠨᠲᠡ ᠣᠷᠣᠰᠢᠵᠤ ᠪᠠᠶ᠋ᠢᠬᠤ ᠵᠢ ᠰᠠᠨᠠᠭᠤᠯᠪᠠᠯ ᠶᠠᠭ᠋ᠠᠬᠢᠬᠤ ᠪᠤᠶ? ᡼
      ᠬᠠᠷᠢᠭᠤᠯᠲᠠ᠄ ᠠᠵᠤ ᠠᠬᠤᠶ᠋ᠢᠯᠠᠯ ᠥᠩᠭᠡᠷᠡᠭᠰᠡᠨ᠎ᠳᠤ ᠨᠢᠭᠡᠨᠲᠡ ᠪᠠᠷᠢᠮᠵᠢᠶᠠᠯᠠᠭᠰᠠᠨ ᠪᠤᠶᠤ ᠨᠢᠭᠡᠨᠲᠡ ᠨᠡᠮᠡᠵᠦ ᠨᠥᠬᠥᠪᠥᠷᠢᠯᠡᠭᠰᠡᠨ᠎ᠢ ᠰᠠᠨᠠᠭᠤᠯᠤᠭᠰᠠᠨ ᠪᠤᠯ᠂ ᠳᠠᠭᠢᠵᠤ ᠨᠡᠮᠡᠵᠦ ᠨᠥᠬᠥᠪᠥᠷᠢᠯᠡᠬᠦ ᠵᠢᠨ ᠠᠷᠭ᠎ᠠ ᠥᠬᠡᠶ᠂ ᠪᠣᠳᠠᠲᠠᠶ ᠪᠠᠶ᠋ᠢᠳᠠᠯ᠎ᠢ ᠮᠠᠨ᠎ᠤ ᠲᠥᠪ᠎ᠤᠨ ᠲᠤᠬᠠᠶ᠋ᠢᠯᠠᠭᠰᠠᠨ ᠠᠵᠢᠯ᠎ᠤᠨ ᠭᠤᠶᠤᠴᠢᠯᠠᠯ ᠭᠠᠷᠭ᠋ᠠᠵᠤ ᠪᠣᠯᠤᠨ᠎ᠠ᠃
      ᠠᠰᠠᠭᠤᠯᠲᠠ᠄ ᠠᠵᠤ ᠠᠬᠤᠶ᠋ᠢᠯᠠᠯ ᠦᠢ᠍ᠯᠡᠳᠭᠦᠨ ᠲᠠᠩᠰᠠᠯᠠᠭᠤᠯᠬᠤ ᠦᠨᠡᠮᠯᠡᠯ ᠵᠶ᠋ᠠᠨ ᠮᠡᠳᠡᠭᠦᠯᠬᠦ ᠦᠶ᠎ᠡ᠎ᠳᠤ᠂ ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠳ᠋ᠤᠭ᠋ᠠᠷᠯᠠᠭᠰᠠᠨ ᠦᠢ᠍ᠯᠡᠳᠭᠦᠨ᠎ᠨᠢ ᠬᠠᠭᠤᠴᠢᠨ ᠳᠠᠩᠰᠠᠯᠠᠭᠤᠯᠤᠭᠰᠠᠨ ᠦᠨᠡᠮᠯᠡᠯ ᠪᠣᠯᠤᠨ᠎ᠠ᠂ ᠡᠭᠦᠨ᠎ᠢ ᠬᠡᠷᠬᠢᠨ ᠭᠦᠢ᠍ᠴᠡᠳᠭᠡᠬᠦ ᠪᠣᠶ?
    ᠬᠠᠷᠢᠭᠤᠯᠲᠠ᠄ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠭᠤᠶᠤᠴᠢᠯᠠᠨ ᠮᠡᠳᠡᠭᠦᠯᠬᠦ᠎ᠳᠤ᠂ ᠥᠪᠡᠷᠲᠡᠭᠡᠨ ᠵᠠᠰᠠᠬᠤ ᠣᠷᠣᠨ᠂ ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ ᠵᠢᠨ ᠨᠡᠶ᠋ᠢᠲᠡᠯᠡᠭᠰᠡᠨ ᠮᠡᠳᠡᠭᠡ ᠵᠠᠩᠭᠢ ᠵᠢ ᠬᠡᠷᠡᠭᠯᠡᠨ᠎ᠡ  ᠂ ᠠᠵᠤ ᠠᠬᠤᠶ᠋ᠢᠯᠠᠯ᠎ᠤᠳ ᠪᠠᠶ᠋ᠢᠳᠠᠯ ᠵᠶ᠋ᠠᠨ ᠦᠨᠳᠦᠰᠦᠯᠡᠨ ᠭᠤᠶᠤᠴᠢᠯᠠᠨ ᠮᠡᠳᠡᠭᠦᠯᠬᠦ ᠡᠰᠡᠬᠦ᠎ᠪᠠᠨ ᠰᠤᠩᠭᠤᠨ᠎ᠠ᠂ ᠮᠠᠨ᠎ᠤ ᠣᠷᠣᠨ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠬᠣᠷᠣᠭᠳᠠᠯ ᠮᠠᠲ᠋ᠧᠷᠢᠶᠠᠯ᠎ᠤᠨ ᠳ᠋ᠤᠭ᠋ᠠᠷᠯᠠᠯ᠎ᠤᠨ ᠲᠣᠭ᠎ᠠ ᠪᠠᠷᠢᠮᠲᠠ᠎ᠪᠠᠨ ᠲᠣᠭᠲᠠᠮᠠᠯ ᠬᠤᠭᠤᠴᠠᠭ᠎ᠠ᠎ᠲᠠᠢ᠎ᠪᠠᠷ ᠰᠢᠨᠡᠳᠭᠡᠨ᠎ᠡ᠂ ᠮᠡᠳᠡᠭᠡ ᠵᠠᠩᠭᠢ ᠵᠢ ᠰᠢᠨᠡᠳᠬᠡᠬᠦ᠎ᠠᠴᠠ ᠡᠮᠦᠨ᠎ᠡ ᠣᠲᠣ ᠵᠢᠨ ᠪᠠᠶ᠋ᠢᠭ᠎ᠠ ᠲᠣᠭ᠎ᠠ ᠪᠠᠷᠢᠮᠲᠠ᠎ᠪᠠᠨ ᠬᠡᠷᠡᠭᠯᠡᠨ᠎ᠡ᠃
      ᠠᠰᠠᠭᠤᠯᠲᠠ᠄ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠰᠠᠭᠤᠷᠢ ᠬᠥᠮᠥᠷᠭᠡ᠎ᠳᠤ ᠠᠷᠠᠯᠵᠢᠶᠠᠯᠠᠬᠤ ᠵᠢ ᠲᠦᠷ ᠵᠣᠭᠰᠣᠭ᠋ᠠᠬᠤ ᠬᠢᠷᠢ ᠬᠡᠮ᠎ᠤᠨ ᠦᠢ᠍ᠯᠡᠳᠭᠦᠨ᠎ᠢ ᠬᠡᠷᠬᠢᠨ ᠮᠡᠳᠡᠭᠦᠯᠬᠦ ᠪᠣᠶ?
      ᠬᠠᠷᠢᠭᠤᠯᠲᠠ᠄ ᠨᠢᠭᠡ ᠵᠢᠯ᠎ᠠᠴᠠ ᠳᠡᠭᠡᠭᠰᠢ ᠰᠦᠯᠵᠢᠶᠡᠨ᠎ᠳᠤ ᠬᠤᠯᠪᠤᠭᠰᠠᠨ᠂ ᠬᠤᠳᠠᠯᠳᠤᠨ ᠠᠪᠤᠭᠰᠠᠨ ᠲᠡᠮᠳᠡᠭᠯᠡᠯ ᠥᠬᠡᠶ ᠦᠢ᠍ᠯᠡᠳᠭᠦᠨ᠎ᠳᠤ ᠥᠪᠡᠷᠲᠡᠭᠡᠨ ᠵᠠᠰᠠᠬᠤ ᠣᠷᠣᠨ᠎ᠠᠴᠠ ᠠᠷᠠᠯᠵᠢᠶᠠᠯᠠᠬᠤ ᠵᠢ ᠲᠦᠷ ᠵᠣᠭᠰᠣᠭ᠋ᠠᠬᠤ ᠬᠢᠵᠠᠭ᠋ᠠᠷᠯᠠᠯ ᠭᠠᠷᠭ᠋ᠠᠵᠤ᠂ ᠬᠡᠷᠪᠡ ᠲᠦᠷ ᠵᠣᠭᠰᠣᠭ᠋ᠠᠭᠳᠠᠭᠰᠠᠨ ᠦᠢ᠍ᠯᠡᠳᠭᠦᠨ᠎ᠢ ᠰᠦᠯᠵᠢᠶᠡᠨ᠎ᠳᠤ ᠲᠠᠬᠢᠨ ᠬᠤᠯᠪᠤᠬᠤ᠎ᠪᠠᠷ ᠮᠡᠳᠡᠭᠦᠯᠪᠡᠯ ᠮᠠᠨ᠎ᠤ ᠲᠥᠪ᠎ᠲᠤ ᠠᠷᠠᠯᠵᠢᠶ᠎ᠠ᠎ᠪᠠᠨ ᠰᠡᠷᠭᠦᠭᠡᠬᠦ ᠭᠤᠶᠤᠴᠢᠯᠠᠯ ᠭᠠᠷᠭ᠋ᠠᠵᠤ ᠪᠣᠯᠤᠨ᠎ᠠ᠃
      ᠠᠰᠠᠭᠤᠯᠲᠠ᠄ ᠬᠠᠮᠤᠭ ᠪᠠᠭ᠎ᠠ ᠪᠣᠷᠣᠯᠠᠭᠤᠯᠭ᠎ᠠ ᠵᠢᠨ ᠪᠣᠭᠣᠳᠠᠯ᠎ᠤᠨ ᠨᠢᠭᠡᠴᠢ ᠪᠠ ᠲᠣᠭ᠎ᠠ ᠬᠡᠮᠵᠢᠶ᠎ᠡ ᠵᠢ ᠬᠡᠷᠬᠢᠨ ᠲᠠᠭᠯᠠᠬᠤ ᠪᠤᠶ? ᡼
      ᠬᠠᠷᠢᠭᠤᠯᠲᠠ᠄ ᠡᠮᠴᠢᠯᠡᠭᠡᠨ᠎ᠤ ᠪᠠᠶ᠋ᠢᠭᠤᠯᠤᠮᠵᠢ ᠵᠢᠨ ᠪᠣᠳᠠᠲᠠᠶ ᠬᠤᠳᠠᠯᠳᠤᠨ ᠠᠪᠬᠤ ᠪᠠ ᠬᠡᠷᠡᠭᠯᠡᠬᠦ ᠳ᠋ᠦᠩᠨᠡᠨ ᠪᠤᠳᠤᠬᠤ ᠨᠢᠭᠡᠴᠢ ᠵᠢᠨ ᠶᠣᠰᠣᠭ᠋ᠠᠷ ᠲᠠᠭᠯᠠᠨ ᠮᠡᠳᠡᠭᠦᠯᠦᠨ᠎ᠡ᠃
      ᠠᠰᠠᠭᠤᠯᠲᠠ᠄ ᠠᠵᠤ ᠠᠬᠤᠶ᠋ᠢᠯᠠᠯ᠎ᠠᠴᠠ ᠶᠠᠭᠤᠨ᠎ᠳᠤ ᠠᠮᠠᠯᠠᠯᠲᠠ ᠵᠢᠨ ᠪᠢᠴᠢᠭ ᠵᠶ᠋ᠠᠨ ᠳᠡᠭᠡᠭᠰᠢ ᠳᠠᠮᠵᠢᠭᠤᠯᠵᠤ ᠳᠡᠶ᠋ᠢᠯᠬᠦ ᠥᠬᠡᠶ ᠪᠣᠶ?
      ᠬᠠᠷᠢᠭᠤᠯᠲᠠ᠄ ᠠᠵᠤ ᠠᠬᠤᠶ᠋ᠢᠯᠠᠯ᠎ᠠᠴᠠ ᠱᠠᠭ᠋ᠠᠷᠳᠠᠯᠭ᠎ᠠ ᠶᠣᠰᠣᠭ᠋ᠠᠷ ᠠᠮᠠᠯᠠᠯᠲᠠ ᠵᠢᠨ ᠪᠢᠴᠢᠭ ᠬᠢᠵᠦ ᠲᠠᠭᠤᠰᠤᠭᠰᠠᠨ᠎ᠤ ᠲᠠᠷᠠᠭ᠎ᠠ ᠢᠯᠭ᠋ᠠᠪᠦᠷᠢ ᠵᠢᠨ ᠨᠡᠷ᠎ᠡ ᠵᠢ ᠵᠢᠵᠢᠭ ᠪᠢᠴᠢᠯᠭᠡ pdf᠎ᠤᠨ PDF ᠪᠢᠴᠢᠭ ᠮᠠᠲ᠋ᠧᠷᠢᠶᠠᠯ᠎ᠢ ᠳᠡᠭᠡᠭᠰᠢ ᠲᠠᠮᠵᠢᠭᠤᠯᠤᠭ᠋ᠠᠷᠠᠢ᠃
(ᠪᠡᠶ᠎ᠡ᠎ᠪᠠᠨ ᠳᠠᠭ᠋ᠠᠭ᠋ᠠᠵᠤ ᠵᠠᠰᠠᠪᠦᠷᠢ ᠤᠷᠤᠭᠤᠯᠤᠭᠰᠠᠨ pdf ᠪᠢᠴᠢᠭ ᠮᠠᠲ᠋ᠧᠷᠢᠶᠠᠯ᠎ᠢ ᠬᠦᠯᠢᠶᠡᠨ ᠠᠪᠬᠤ ᠦᠭᠡᠶ)᠂ ᠪᠤᠰᠤᠳ ᠬᠡᠯᠪᠡᠷᠢ ᠵᠢᠨ ᠪᠢᠴᠢᠭ ᠮᠠᠲ᠋ᠧᠷᠢᠶᠠᠯ᠎ᠢ ᠬᠦᠯᠢᠶᠡᠨ ᠠᠪᠬᠤ ᠦᠭᠡᠶ᠃
      ᠠᠰᠠᠭᠤᠯᠲᠠ᠄ ᠶᠠᠭᠤᠨ᠎ᠳᠤ ᠵᠢᠷᠤᠭ᠎ᠢ ᠳᠠᠮᠵᠢᠭᠤᠯᠵᠤ ᠳᠡᠶ᠋ᠢᠯᠬᠦ ᠥᠬᠡᠶ ᠪᠣᠶ?
      ᠬᠠᠷᠢᠭᠤᠯᠲᠠ᠄ ᠺᠣᠮᠫᠢᠦ᠋ᠲ᠋ᠧᠷ᠎ᠲᠤ flash ᠵᠥᠭᠡᠯᠡᠨ ᠲᠣᠨᠣᠭ   ᠤᠭᠰᠠᠷᠠᠭ᠋ᠠᠷᠠᠢ᠃
      ᠠᠰᠠᠭᠤᠯᠲᠠ᠄ ᠦᠢ᠍ᠯᠡᠳᠬᠦᠨ ᠵᠶ᠋ᠠᠨ ᠮᠡᠳᠡᠭᠦᠯᠵᠦ ᠳᠠᠭᠤᠰᠤᠭᠰᠠᠨ᠎ᠤ ᠳᠠᠷᠠᠭ᠎ᠠ᠂ ᠮᠡᠳᠡᠭᠦᠯᠦᠭᠰᠡᠨ ᠦᠨ᠎ᠡ ᠵᠢ ᠬᠡᠷᠬᠢᠨ ᠪᠠᠶ᠋ᠢᠴᠠᠭ᠋ᠠᠨ ᠦᠵᠡᠬᠦ ᠪᠤᠶ? ᡼
      ᠬᠠᠷᠢᠭᠤᠯᠲᠠ᠄ ᠠᠵᠤ ᠠᠬᠤᠶ᠋ᠢᠯᠠᠯ᠎ᠠᠴᠠ ᠦᠢ᠍ᠯᠡᠳᠬᠦᠨ ᠵᠢᠴᠢ ᠦᠨ᠎ᠡ ᠬᠠᠩᠰᠢ ᠵᠢᠨ ᠮᠡᠳᠡᠭᠦᠯᠦᠯᠲᠡ᠎ᠪᠠᠨ ᠪᠡᠶᠡᠯᠡᠭᠦᠯᠦᠭᠰᠡᠨ᠎ᠤ ᠳᠠᠷᠠᠭ᠎ᠠ᠂ ᠦᠨ᠎ᠡ ᠬᠠᠩᠰᠢ ᠵᠢ ᠪᠠᠶ᠋ᠢᠴᠠᠭ᠋ᠠᠨ ᠦᠵᠡᠬᠦ ᠬᠦᠰᠦᠨᠦᠭᠲᠦ ᠵᠢᠨ ᠳᠣᠲᠣᠷ᠎ᠠ᠎ᠠᠴᠠ ᠬᠡᠰᠡᠭᠯᠡᠯ᠎ᠤᠨ ᠶᠣᠰᠣᠭ᠋ᠠᠷ ᠪᠠᠶ᠋ᠢᠴᠠᠭ᠋ᠠᠨ ᠯᠠᠪᠯᠠᠵᠤ ᠪᠣᠯᠤᠨ᠎ᠠ᠃
      ᠠᠰᠠᠭᠤᠯᠲᠠ᠄ ᠪᠦᠲᠦᠭᠡᠭᠳᠡᠬᠦᠨ ᠵᠶ᠋ᠠᠨ ᠠᠮᠵᠢᠯᠲᠠ᠎ᠲᠠᠢ ᠮᠡᠳᠡᠭᠦᠯᠦᠭᠰᠡᠨ᠎ᠢ ᠬᠡᠷᠬᠢᠨ ᠲᠣᠭᠲᠠᠭ᠋ᠠᠬᠤ ᠪᠤᠢ?
      ᠬᠠᠷᠢᠭᠤᠯᠲᠠ᠄ ᠠᠵᠤ ᠠᠬᠤᠶ᠋ᠢᠯᠠᠯ᠂ ᠳᠠᠩᠰᠠᠯᠠᠭᠤᠯᠤᠭᠰᠠᠨ ᠦᠨᠡᠮᠯᠡᠯ ᠵᠢᠴᠢ ᠦᠢ᠍ᠯᠡᠳᠬᠦᠨ ᠵᠶ᠋ᠠᠨ ᠴᠥᠮ ᠲᠤᠰᠢᠶᠠᠵᠦ᠂ ᠪᠣᠶ ᠪᠥᠬᠥᠶ ᠪᠠᠶ᠋ᠢᠳᠠᠯ᠎ᠨᠢ ᠴᠥᠮ ᠨᠢᠭᠡᠨᠲᠡ ᠲᠤᠰᠢᠶᠠᠭᠰᠠᠨ ᠪᠥᠭᠡᠳ ᠪᠠᠷᠢᠮᠵᠢᠶ᠎ᠠ ᠠᠩᠬᠢ ᠲᠦᠷᠦᠯ ᠪᠠ ᠦᠨ᠎ᠡ ᠬᠠᠩᠰᠢ ᠵᠢ ᠴᠥᠮ
《ᠨᠢᠭᠡᠨᠲᠡ ᠲᠤᠰᠢᠶᠠᠭᠰᠠᠨ》 ᠪᠠᠶ᠋ᠢᠳᠠᠯ᠎ᠲᠠᠢ ᠪᠠᠢ᠌ᠪᠠᠯ ᠲᠠᠷᠤᠢ ᠮᠡᠳᠡᠭᠦᠯᠬᠦ ᠶᠠᠪᠤᠴᠠ ᠳᠠᠭᠤᠰᠴᠤ᠂ ᠦᠢ᠍ᠯᠡᠳᠬᠦᠨ ᠵᠶ᠋ᠠᠨ ᠵᠠᠷᠯᠠᠨ ᠨᠡᠶ᠋ᠢᠲᠡᠯᠡᠬᠦ᠎ᠳᠤ ᠣᠷᠣᠭᠤᠯᠤᠨ᠎ᠠ᠃
      ᠠᠰᠠᠭᠤᠯᠲᠠ᠄ ᠲᠤᠬᠠᠶ᠋ᠢᠯᠠᠭᠰᠠᠨ ᠠᠵᠢᠯ᠎ᠤᠨ ᠭᠤᠶᠤᠴᠢᠯᠠᠯ᠎ᠢ ᠭᠦᠢ᠍ᠴᠡᠳᠭᠡᠬᠦ ᠶᠠᠪᠤᠴᠠ᠎ᠨᠢ ᠶᠠᠭᠤ ᠪᠣᠶ?
      ᠬᠠᠷᠢᠭᠤᠯᠲᠠ᠄ ᠡᠯ᠎ᠡ ᠠᠵᠤ ᠠᠬᠤᠶ᠋ᠢᠯᠠᠯ᠎ᠤᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠪᠠᠷ ᠭᠤᠶᠤᠴᠢᠯᠠᠬᠤ (ᠵᠠᠭ᠋ᠠᠯᠳᠤᠬᠤ) ᠲᠤᠬᠠᠶ᠋ᠢᠯᠠᠭᠰᠠᠨ ᠠᠵᠢᠯ᠎ᠤᠨ ᠲᠤᠬᠠᠶ ᠵᠢᠨ ᠲᠠᠯᠠᠪᠤᠷ᠎ᠲᠤ ᠮᠠᠲ᠋ᠧᠷᠢᠶᠠᠯ ᠲᠤᠰᠢᠶᠠᠬᠤ ᠲᠥᠷᠥᠯ ᠵᠦᠢ᠍ᠯ ᠵᠢᠴᠢ ᠲᠣᠳᠣᠷᠬᠠᠶ᠋ᠢᠯᠠᠯᠲᠠ (ᠵᠠᠰᠠᠪᠤᠷᠢ ᠣᠷᠣᠭᠤᠯᠤᠭᠰᠠᠨ ᠬᠡᠪᠯᠡᠯ)》 ᠵᠢᠨ ᠱᠠᠭ᠋ᠠᠷᠳᠠᠯᠭ᠎ᠠ ᠶᠣᠰᠣᠭ᠋ᠠᠷ ᠮᠠᠲ᠋ᠧᠷᠢᠶᠠᠯ (http://ylbzj.nmg.gov.cn/yycgw/ycw_bsdt/bllc/) ᠪᠡᠯᠡᠳᠬᠡᠨ᠎ᠡ᠃ ᠭᠥᠯᠢᠶᠡᠨ ᠠᠪᠴᠤ ᠰᠢᠢ᠍ᠳᠪᠦᠷᠢᠯᠡᠬᠦ ᠵᠢᠴᠢ ᠲᠤᠰᠢᠶᠠᠬᠤ ᠠᠷᠭ᠎ᠠ ᠮᠠᠶᠢᠭ᠎ᠢ 《ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶᠡᠨ ᠳᠡᠭᠡᠷᠡᠬᠢ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ ᠰᠢᠰᠲ᠋ᠧᠮ᠎ᠢ ᠰᠦᠯᠵᠢᠶᠡᠨ᠎ᠳᠤ ᠣᠷᠣᠭᠤᠯᠤᠨ ᠠᠵᠢᠯᠯᠠᠭᠤᠯᠬᠤ ᠲᠤᠬᠠᠶ ᠮᠡᠳᠡᠭᠳᠡᠯ》 (ᠥᠪᠥᠷ ᠡᠮ ᠬᠤᠳᠠᠯᠳᠤᠨ ᠠᠪᠬᠤ ᠲᠥᠪ ᠥᠰᠥᠭ
[2021]  161 ᠳ᠋ᠤᠭᠡᠷ ᠲᠣᠭ᠋ᠠᠲᠤ)᠎ᠤᠨ ᠶᠣᠰᠣᠭ᠋ᠠᠷ ᠠᠵᠢᠯᠯᠠᠭᠤᠯᠤᠨ᠎ᠠ᠃ Http://ylbzj.nmg.gov.cn/yycgw/ycw_tzgg/ycw_qb/202108/t20210817_1806570.html
   

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠥᠬᠥ ᠣᠷᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ ᠵᠢᠨ ᠪᠠᠯᠠ ᠮᠥᠩᠭᠥ ᠵᠢ ᠬᠡᠷ ᠪᠦᠯᠢ᠎ᠪᠠᠷ ᠵᠶ᠋ᠠᠨ ᠬᠠᠷᠢᠯᠴᠠᠨ ᠬᠠᠷᠠᠭ᠋ᠠᠯᠵᠠᠵᠤ ᠬᠡᠷᠡᠭᠯᠡᠬᠦ ᠵᠢ ᠭᠠᠷᠲᠠᠨ ᠭᠦᠢ᠍ᠴᠡᠳᠭᠡᠬᠦ ᠴᠤᠪᠤᠷᠠᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ
ᠤᠯᠠᠭ᠋ᠠᠨᠬᠠᠳᠠ ᠬᠤᠲᠠ ᠵᠢᠨ ᠡᠮᠨᠡᠯᠭᠡ ᠵᠢᠨ ᠬᠤᠷᠢᠶ᠎ᠠ ᠵᠢᠨ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠵᠢᠨ ᠡᠮᠴᠢᠯᠡᠭᠡᠨ᠎ᠤ ᠠᠩᠭᠢ ᠬᠠᠶ᠋ᠢᠯᠠᠷ᠎ᠢ ᠲᠥᠷᠭᠡᠨ ᠲᠤᠰᠠᠯᠠᠪᠠ
ᠤᠯᠠᠭ᠋ᠠᠨᠬᠠᠳᠠ ᠬᠤᠲᠠ ᠵᠢᠨ ᠸᠠᠺᠼᠢᠨ᠎ᠤ ᠨᠡᠭᠦᠳᠡᠯ ᠲᠠᠷᠢᠯᠭ᠎ᠠ ᠵᠢᠨ ᠲᠡᠷᠭᠡ ᠨᠡᠶ᠋ᠢᠭᠡᠮ ᠲᠣᠭᠤᠷᠢᠭ᠎ᠲᠤ ᠣᠷᠣᠪᠠ
ᠮᠠᠨ᠎ᠤ ᠣᠷᠣᠨ᠎ᠤ ᠠᠵᠢᠯᠲᠠᠨ ᠠᠵᠢᠯᠴᠢᠳ᠎ᠤᠨ ᠡᠮᠴᠢᠯᠡᠭᠡᠨ᠎ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠵᠢᠨ ᠠᠵᠢᠯᠯᠠᠭ᠎ᠠ 7 ᠲᠦᠮᠡ ᠰᠢᠬᠠᠮ ᠬᠦᠮᠦᠰ᠎ᠲᠤ ᠠᠰᠢᠭ ᠬᠦᠷᠲᠡᠭᠡᠪᠡ
ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠡᠯᠰᠡᠨ ᠴᠤᠭᠯᠠᠭᠤᠯᠬᠤ ᠬᠠᠮᠢᠶᠠᠷᠤᠯᠲᠠ ᠵᠢᠨ ᠬᠤᠪᠢᠶᠠᠷᠢ ᠰᠢᠰᠲ᠋ᠧᠮ᠎ᠢ ᠰᠦᠯᠵᠢᠶᠡᠨ᠎ᠳᠤ ᠬᠤᠯᠪᠤᠨ ᠠᠵᠢᠯᠯᠠᠭᠤᠯᠬᠤ ᠪᠣᠯᠪᠠᠰᠤᠷᠠᠭᠤᠯᠤᠯ᠎ᠤᠨ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
 
            