ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠰᠦᠯᠵᠢᠶᠡᠨ᠎ᠳᠤ ᠬᠤᠯᠪᠤᠬᠤ ᠦᠢ᠍ᠯᠡᠳᠭᠦᠨ (ᠳᠥᠷᠪᠡᠳᠦᠭᠡᠷ ᠪᠦᠯᠦᠭ)᠎ᠢ ᠢᠯᠡ ᠨᠡᠶ᠋ᠢᠲᠡᠯᠡᠬᠦ ᠲᠤᠬᠠᠶ ᠮᠡᠳᠡᠭᠳᠡᠯ
ᠥᠪᠥᠷ ᠡᠮ ᠬᠤᠳᠠᠯᠳᠤᠨ ᠠᠪᠬᠤ ᠲᠥᠪ ᠦᠰᠦᠭ [2021] 162 ᠳ᠋ᠤᠭ᠋ᠠᠷ ᠲᠣᠭ᠋ᠠᠲᠤ
ᠡᠯ᠎ᠡ ᠬᠠᠮᠢᠶ᠎ᠠ ᠪᠥᠬᠥᠶ ᠨᠢᠭᠡᠴᠢ᠄
《2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠰᠦᠯᠵᠢᠶᠡᠨ᠎ᠳᠤ ᠬᠣᠯᠪᠣᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭ᠋ᠠᠭᠰᠠᠨ [2021] 90 ᠳ᠋ᠤᠭᠡᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠡᠳᠦᠭᠡ ᠨᠥᠬᠥᠴᠡᠯ᠎ᠳᠤ ᠨᠡᠶ᠋ᠢᠴᠡᠬᠦ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠮᠡᠳᠡᠭᠡ ᠵᠠᠩᠭᠢ (ᠳᠥᠷᠪᠡᠳᠦᠭᠡᠷ ᠪᠦᠯᠦᠭ) ᠵᠢ ᠢᠯᠡ ᠨᠡᠶ᠋ᠢᠲᠡᠯᠡᠬᠦ ᠵᠢᠨ ᠬᠠᠮᠲᠤ᠂ ᠬᠠᠮᠢᠶ᠎ᠠ ᠪᠥᠬᠥᠶ ᠤᠴᠢᠷ᠎ᠢ ᠳᠣᠤᠷᠠᠬᠢ ᠮᠡᠲᠦ ᠮᠡᠳᠡᠭᠳᠡᠶ᠎ᠡ᠃
ᠨᠢᠭᠡ᠂ ᠢᠯᠡ ᠨᠡᠶ᠋ᠢᠲᠡᠯᠡᠬᠦ ᠠᠭᠤᠯᠭ᠎ᠠ
ᠠᠵᠤ ᠠᠬᠤᠶ᠋ᠢᠯᠠᠯ᠎ᠠᠴᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠪᠦᠲᠦᠭᠡᠭᠳᠡᠬᠦᠨ᠎ᠤ ᠮᠡᠳᠡᠭᠡ ᠵᠠᠩᠭᠢ᠎ᠪᠠᠨ ᠮᠡᠳᠡᠭᠦᠯᠦᠨ᠎ᠡ᠃ ᠪᠣᠶ ᠪᠥᠬᠥᠶ ᠭᠤᠶᠤᠴᠢᠯᠠᠨ ᠮᠡᠳᠡᠭᠦᠯᠦᠭᠰᠡᠨ ᠠᠵᠤ ᠠᠬᠤᠶ᠋ᠢᠯᠠᠯ ᠥᠪᠥᠷ ᠮᠣᠩᠭᠣᠯ᠎ᠤᠨ ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶᠡᠨ᠎ᠤ ᠪᠠᠯᠠ ᠮᠥᠩᠭᠥ ᠵᠢ ᠬᠢᠨᠠᠬᠤ ᠰᠢᠰᠲ᠋ᠧᠮ᠎ᠳᠤ ᠣᠷᠣᠵᠤ ᠮᠡᠳᠡᠭᠡ ᠵᠠᠩᠭᠢ ᠵᠢ ᠪᠠᠶ᠋ᠢᠴᠠᠭ᠋ᠠᠨ ᠦᠵᠡᠵᠦ ᠪᠤᠯᠤᠨ᠎ᠠ᠃
ᠬᠣᠶᠠᠷ᠂ ᠢᠯᠡ ᠨᠡᠶ᠋ᠢᠲᠡᠯᠡᠬᠦ ᠴᠠᠭ
2021 ᠣᠨ᠎ᠤ 8 ᠳ᠋ᠤᠭ᠋ᠠᠷ ᠰᠠᠷ᠎ᠠ ᠵᠢᠨ 20 — 8 ᠳ᠋ᠤᠭ᠋ᠠᠷ ᠰᠠᠷ᠎ᠠ ᠵᠢᠨ 27᠎ᠤ ᠡᠳᠦᠷ ᠪᠤᠯᠳᠠᠯ᠎ᠠ᠃
ᠭᠤᠷᠪᠠ᠂ ᠪᠤᠰᠤᠳ ᠵᠦᠢ᠍ᠯ
(ᠨᠢᠭᠡ) ᠡᠯ᠎ᠡ ᠬᠣᠯᠪᠣᠭᠳᠠᠯ ᠪᠥᠬᠥᠶ ᠠᠵᠤ ᠠᠬᠤᠶ᠋ᠢᠯᠠᠯ᠎ᠤᠳ ᠬᠡᠷᠪᠡ ᠵᠠᠷᠯᠠᠨ ᠨᠡᠶ᠋ᠢᠲᠡᠯᠡᠭᠰᠡᠨ ᠮᠡᠳᠡᠭᠡ ᠵᠠᠩᠭᠢ ᠵᠢᠴᠢ ᠦᠢ᠍ᠯᠡᠳᠭᠦᠨ᠎ᠤ ᠦᠨ᠎ᠡ ᠬᠠᠩᠰᠢ᠎ᠳᠤ ᠣᠨᠳᠣᠤ ᠰᠠᠨᠠᠯ᠎ᠲᠠᠢ ᠪᠠᠶ᠋ᠢᠪᠠᠯ᠂ 《ᠬᠡᠨ ᠵᠣᠷᠢᠪᠠᠯ ᠲᠡᠷᠡ ᠭᠡᠷᠡᠴᠢ ᠳᠤᠷᠠᠳᠬᠤ》 ᠵᠠᠷᠴᠢᠮ ᠶᠣᠰᠣᠭ᠋ᠠᠷ᠂ ᠦᠨᠡᠨ ᠪᠣᠳᠠᠲᠠᠶ ᠬᠦᠴᠦᠨ ᠪᠦᠬᠦᠢ᠂ ᠪᠦᠷᠢᠨ ᠭᠦᠢ᠍ᠴᠡᠳ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠵᠤ ᠰᠠᠨᠠᠯ ᠲᠤᠷᠠᠳᠴᠦ ᠪᠤᠯᠤᠨ᠎ᠠ᠂ ᠬᠤᠭᠤᠴᠠᠭ᠎ᠠ᠎ᠠᠴᠠ᠎ᠪᠠᠨ ᠬᠡᠲᠦᠷᠡᠭᠰᠡᠨ ᠪᠤᠶᠤ ᠲᠣᠭᠲᠠᠭ᠋ᠠᠯ ᠶᠣᠰᠣᠭ᠋ᠠᠷ ᠲᠤᠰᠢᠶᠠᠭᠰᠠᠨ ᠥᠬᠡᠶ ᠪᠠᠶ᠋ᠢᠪᠠᠯ ᠭᠥᠯᠢᠶᠡᠨ ᠠᠪᠴᠤ ᠰᠢᠢ᠍ᠳᠪᠦᠷᠢᠯᠡᠬᠦ ᠥᠬᠡᠶ᠃
(ᠬᠣᠶᠠᠷ) ᠠᠵᠤ ᠠᠬᠤᠶ᠋ᠢᠯᠠᠯ᠎ᠤᠨ ᠭᠤᠶᠤᠴᠢᠯᠠᠨ ᠮᠡᠳᠡᠭᠦᠯᠬᠦ (ᠵᠠᠭ᠋ᠠᠯᠳᠤᠬᠤ) ᠮᠠᠲ᠋ᠧᠷᠢᠶᠠᠯ᠎ᠳᠤ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠲᠠᠩ᠎ᠤᠨ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ》 (ᠳᠠᠭ᠋ᠠᠯᠳᠤᠭᠤᠯᠤᠯ 1)᠂ 《ᠬᠠᠤᠯᠢ ᠵᠢᠨ ᠡᠷᠬᠡᠳᠡᠨ᠎ᠤ ᠡᠷᠬᠡ ᠣᠯᠭᠣᠬᠤ ᠪᠢᠴᠢᠭ》 (ᠳᠠᠭ᠋ᠠᠯᠳᠤᠭᠤᠯᠤᠯ 2)᠂ 《ᠪᠠᠶ᠋ᠢᠳᠠᠯ᠎ᠤᠨ ᠲᠣᠳᠣᠷᠬᠠᠶ᠋ᠢᠯᠠᠯᠲᠠ》 ᠪᠣᠯᠤᠨ ᠬᠠᠮᠢᠶ᠎ᠠ ᠪᠥᠬᠥᠶ ᠲᠣᠳᠣᠷᠬᠠᠶ ᠪᠥᠭᠡᠳ ᠬᠦᠴᠦᠨ᠎ᠲᠠᠢ ᠭᠡᠷᠡᠴᠢᠯᠡᠬᠦ ᠮᠠᠲ᠋ᠧᠷᠢᠶᠠᠯ ᠪᠠᠭᠲᠠᠨ᠎ᠠ᠃
(ᠭᠤᠷᠪᠠ) ᠲᠤᠰᠢᠶᠠᠬᠤ ᠠᠷᠭ᠎ᠠ ᠮᠠᠶᠢᠭ᠄ ᠡᠯ᠎ᠡ ᠠᠵᠤ ᠠᠬᠤᠶ᠋ᠢᠯᠠᠯ᠎ᠤᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠪᠠᠷ ᠭᠤᠶᠤᠴᠢᠯᠠᠬᠤ
(ᠵᠠᠭ᠋ᠠᠯᠳᠤᠬᠤ) ᠲᠤᠬᠠᠶ᠋ᠢᠯᠠᠭᠰᠠᠨ ᠠᠵᠢᠯ᠎ᠤᠨ ᠲᠤᠬᠠᠶ ᠵᠢᠨ ᠲᠠᠯᠠᠪᠠᠶ ᠵᠢᠨ ᠲᠤᠰᠢᠶᠠᠨ ᠥᠭᠬᠦ ᠮᠠᠲ᠋ᠧᠷᠢᠶᠠᠯ᠎ᠤᠨ ᠲᠥᠷᠥᠯ ᠵᠦᠢ᠍ᠯ ᠵᠢᠴᠢ ᠲᠣᠳᠣᠷᠬᠠᠶ᠋ᠢᠯᠠᠯᠲᠠ (ᠵᠠᠰᠠᠪᠤᠷᠢ ᠣᠷᠣᠭᠤᠯᠤᠭᠰᠠᠨ ᠬᠡᠪᠯᠡᠯ)》᠎ᠤᠨ ᠱᠠᠭ᠋ᠠᠷᠳᠠᠯᠭ᠎ᠠ ᠶᠣᠰᠣᠭ᠋ᠠᠷ ᠮᠠᠲ᠋ᠧᠷᠢᠶᠠᠯ (http://ylbzj.nmg.gov.cn/yycgw/ycw_bsdt/bllc/) ᠵᠢ ᠪᠡᠯᠡᠳᠬᠡᠨ᠎ᠡ᠃ ᠭᠥᠯᠢᠶᠡᠨ ᠠᠪᠴᠤ ᠰᠢᠢ᠍ᠳᠪᠦᠷᠢᠯᠡᠬᠦ ᠵᠢᠴᠢ ᠲᠤᠰᠢᠶᠠᠬᠤ ᠠᠷᠭ᠎ᠠ ᠮᠠᠶᠢᠭ᠎ᠢ 《ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶᠡᠨ ᠳᠡᠭᠡᠷᠡᠬᠢ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ ᠰᠢᠰᠲ᠋ᠧᠮ᠎ᠢ ᠰᠦᠯᠵᠢᠶᠡᠨ᠎ᠳᠤ ᠣᠷᠣᠭᠤᠯᠤᠨ ᠠᠵᠢᠯᠯᠠᠭᠤᠯᠬᠤ ᠲᠤᠬᠠᠶ ᠮᠡᠳᠡᠭᠳᠡᠯ》
(ᠥᠪᠥᠷ ᠡᠮ ᠬᠤᠳᠠᠯᠳᠤᠨ ᠠᠪᠬᠤ ᠲᠥᠪ ᠥᠰᠥᠭ [2021] 161 ᠳ᠋ᠤᠭᠡᠷ ᠲᠣᠭ᠋ᠠᠲᠤ)᠎ᠤᠨ ᠶᠣᠰᠣᠭ᠋ᠠᠷ ᠠᠵᠢᠯᠯᠠᠭᠤᠯᠤᠨ᠎ᠠ᠃ Http://ylbzj.nmg.gov.cn/yycgw/ycw_tzgg/ycw_qb/202108/t20210817_1806570.html
(ᠳᠥᠷᠪᠡ) ᠢᠯᠡ ᠨᠡᠶ᠋ᠢᠲᠡᠯᠡᠬᠦ ᠬᠤᠭᠤᠴᠠᠭ᠋ᠠᠨ᠎ᠳᠤ᠂ ᠠᠵᠤ ᠠᠬᠤᠶ᠋ᠢᠯᠠᠯ᠎ᠤᠳ ᠥᠪᠥᠷ ᠮᠣᠩᠭᠣᠯ᠎ᠤᠨ ᠡᠮ ᠡᠮᠨᠡᠯᠭᠡ ᠵᠢᠨ ᠬᠤᠳᠠᠯᠳᠤᠨ ᠠᠪᠬᠤ ᠲᠥᠪ᠎ᠤᠨ ᠲᠠᠪᠴᠠᠩ᠎ᠳᠤ ᠭᠠᠷᠴᠤ ᠢᠯᠡ ᠨᠡᠶ᠋ᠢᠲᠡᠯᠡᠭᠰᠡᠨ ᠦᠷ᠎ᠡ ᠳ᠋ᠦᠩ᠎ᠢ ᠪᠠᠶ᠋ᠢᠴᠠᠭ᠋ᠠᠨ ᠦᠵᠡᠵᠦ ᠪᠣᠯᠤᠨ᠎ᠠ᠂ ᠢᠯᠡ ᠨᠡᠢ᠌ᠳᠡᠯᠡᠯ᠎ᠳᠤ ᠣᠨᠳᠣᠤ ᠰᠠᠨᠠᠯ ᠥᠬᠡᠶ ᠦᠢ᠍ᠯᠡᠳᠭᠦᠨ᠎ᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠦᠢ᠍ᠯᠡᠳᠭᠦᠨ᠎ᠤ ᠠᠷᠠᠯᠵᠢᠶᠠᠯᠠᠬᠤ ᠬᠥᠮᠥᠷᠭᠡ᠎ᠳᠤ ᠣᠷᠣᠭᠤᠯᠤᠨ᠎ᠠ᠃
ᠳᠥᠷᠪᠡ᠂ ᠬᠠᠷᠢᠯᠴᠠᠬᠤ ᠠᠷᠭ᠎ᠠ ᠮᠠᠶᠢᠭ
0471 — 4919735 (ᠮᠠᠲ᠋ᠧᠷᠢᠶᠠᠯ᠎ᠢ ᠬᠦᠯᠢᠶᠡᠨ ᠠᠪᠴᠤ ᠰᠢᠢ᠍ᠳᠪᠦᠷᠢᠯᠡᠬᠦ)
0471 — 4907267 (ᠲᠤᠬᠠᠶ᠋ᠢᠯᠠᠭᠰᠠᠨ ᠠᠵᠢᠯ᠎ᠤᠨ ᠯᠠᠪᠯᠠᠯᠭ᠎ᠠ)
ᠳᠠᠭ᠋ᠠᠯᠳᠤᠭᠤᠯᠤᠯ᠄
1᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠲᠠᠩ᠎ᠤᠨ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ
2᠂ ᠬᠠᠤᠯᠢ ᠵᠢᠨ ᠡᠷᠬᠡᠳᠡᠨ᠎ᠤ ᠡᠷᠬᠡ ᠣᠯᠭᠣᠬᠤ ᠪᠢᠴᠢᠭ