ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠥᠬᠥ ᠣᠷᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ ᠵᠢᠨ ᠪᠠᠯᠠ ᠮᠥᠩᠭᠥ ᠵᠢ ᠬᠡᠷ ᠪᠦᠯᠢ᠎ᠪᠠᠷ ᠵᠶ᠋ᠠᠨ ᠬᠠᠷᠢᠯᠴᠠᠨ ᠬᠠᠷᠠᠭ᠋ᠠᠯᠵᠠᠵᠤ ᠬᠡᠷᠡᠭᠯᠡᠬᠦ ᠵᠢ ᠭᠠᠷᠲᠠᠨ ᠭᠦᠢ᠍ᠴᠡᠳᠭᠡᠬᠦ ᠴᠤᠪᠤᠷᠠᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2021-08-25

      ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ᠄
      ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 《2021 ᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ ᠵᠢᠨ ᠬᠣᠯᠪᠣᠭᠳᠠᠯ ᠪᠥᠬᠥᠶ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠡᠮᠴᠢᠯᠡᠭᠡᠨ ᠳᠠᠭ᠋ᠠᠳᠬᠠᠯ ᠠᠯᠪᠠᠨ ᠥᠰᠥᠭ  [2021] 71 ᠳ᠋ᠤᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠪᠥᠬᠥ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠢ ᠰᠦᠯᠵᠢᠶᠡᠨ᠎ᠳᠤ ᠣᠷᠣᠭᠤᠯᠬᠤ᠎ᠠᠴᠠ ᠡᠮᠦᠨ᠎ᠡ ᠬᠤᠪᠢ ᠬᠥᠮᠦᠨ᠎ᠤ ᠲᠠᠩᠰᠠᠨ ᠡᠷᠦᠬᠡ ᠵᠢᠨ ᠬᠡᠷ ᠪᠦᠯᠢ᠎ᠪᠠᠷ ᠵᠶ᠋ᠠᠨ ᠬᠠᠷᠢᠯᠴᠠᠨ ᠬᠠᠷᠠᠭ᠋ᠠᠯᠵᠠᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠵᠢᠨ ᠲᠤᠰᠠᠳᠠ᠂ ᠡᠳᠦᠭᠡ ᠬᠤᠪᠢ ᠬᠥᠮᠦᠨ᠎ᠤ ᠲᠠᠩᠰᠠᠨ ᠡᠷᠦᠬᠡ ᠵᠢᠨ ᠪᠠᠯᠠ ᠮᠥᠩᠭᠥ ᠵᠢ ᠬᠡᠷ ᠪᠦᠯᠢ᠎ᠪᠠᠷ ᠵᠶ᠋ᠠᠨ ᠬᠠᠷᠢᠯᠴᠠᠨ ᠬᠠᠷᠠᠭ᠋ᠠᠯᠵᠠᠬᠤ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠠᠵᠢᠯᠯᠠᠭ᠋ᠠᠨ᠎ᠤ ᠴᠤᠪᠤᠷᠠᠯ᠎ᠢ ᠳᠣᠤᠷᠠᠬᠢ ᠮᠡᠲᠦ ᠲᠤᠬᠢᠷᠠᠭᠤᠯᠪᠠ᠄
      ᠨᠢᠭᠡ᠂ ᠣᠳᠣᠬᠠᠨ᠎ᠳᠤ ᠤᠤᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠤᠨ ᠰᠢᠰᠲ᠋ᠧᠮ᠎ᠳᠤ ᠡᠮᠴᠢᠯᠡᠭᠡᠨ᠎ᠤ ᠲᠥᠷᠥᠯ ᠵᠦᠢ᠍ᠯ᠎ᠨᠢ 〈98 ᠲᠠᠩᠰᠠᠨ ᠡᠷᠦᠬᠡ ᠵᠢᠨ ᠬᠠᠷᠢᠯᠴᠠᠨ ᠲᠤᠰᠠᠯᠠᠯᠴᠠᠬᠤ〉 ᠬᠣᠶᠠᠳᠤᠭ᠋ᠠᠷ ᠳᠡᠰ᠎ᠤᠨ ᠣᠷᠣᠯᠠᠬᠤ ᠨᠣᠮᠧᠷ᠎ᠢ ᠰᠢᠨ᠎ᠡ᠎ᠪᠠᠷ ᠨᠡᠮᠡᠪᠡ᠂ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠬᠠᠮᠢᠶ᠎ᠠ ᠪᠥᠬᠥᠶ ᠴᠢᠭ ᠲᠤᠭᠳᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢ ᠵᠢᠯᠣᠭᠣᠳᠴᠤ᠂ ᠬᠠᠮᠤᠭ᠎ᠤᠨ ᠰᠢᠨ᠎ᠡ ᠵᠠᠯᠭ᠋ᠠᠭ᠋ᠠᠰᠤ ᠵᠢᠨ ᠪᠢᠴᠢᠭᠯᠡᠯ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠭ ᠲᠤᠭᠳᠠᠭ᠋ᠠᠭᠰᠠᠨ ᠡᠮᠨᠡᠯᠭᠡ ᠵᠢᠨ ᠬᠣᠷᠢᠶ᠎ᠠ ᠵᠢᠨ ᠵᠠᠯᠭ᠋ᠠᠭ᠋ᠠᠰᠤ ᠵᠢᠨ ᠵᠢᠷᠤᠮᠵᠢᠯ v3.08.pdf》 (ᠳᠠᠭ᠋ᠠᠯᠳᠤᠭᠤᠯᠤᠯ 1)᠎ᠢ ᠦᠨᠳᠦᠰᠦᠯᠡᠨ ᠡᠮᠨᠡᠯᠭᠡ ᠵᠢᠨ ᠬᠣᠷᠢᠶ᠎ᠠ ᠵᠢᠨ ᠨᠡᠢ᠌ᠳᠡ ᠵᠢᠨ ᠲᠠᠪᠴᠠᠩ᠎ᠤᠨ ᠵᠣᠬᠢᠴᠠᠩᠭᠤᠶ ᠲᠠᠰ ᠳᠠᠷᠠᠭ᠋ᠠᠯᠠᠯ᠎ᠳᠤ ᠲᠣᠬᠢᠷᠠᠭᠤᠯᠤᠯᠲᠠ ᠬᠢᠬᠦ ᠬᠡᠷᠡᠭᠲᠡᠶ᠃
      ᠬᠣᠶᠠᠷ᠂ ᠡᠪᠡᠳᠴᠢᠲᠡᠨ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠡᠪᠡᠳᠴᠢᠨ ᠦᠵᠡᠭᠦᠯᠬᠦ ᠦᠶ᠎ᠡ᠎ᠳᠤ᠂ ᠬᠡᠷᠪᠡ ᠬᠤᠪᠢ ᠬᠥᠮᠦᠨ᠎ᠤ ᠲᠠᠩᠰᠠᠨ ᠡᠷᠦᠬᠡ ᠵᠢ ᠬᠡᠷ ᠪᠦᠯᠢ᠎ᠪᠠᠷ ᠵᠶ᠋ᠠᠨ ᠬᠠᠷᠠᠭ᠋ᠠᠯᠵᠠᠬᠤ ᠴᠢᠬᠤᠯᠠᠲᠠᠶ ᠪᠣᠯ᠂ ᠡᠷᠬᠡ ᠣᠯᠭᠣᠭᠴᠢ᠎ᠨᠢ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠮᠢᠶ᠎ᠠ ᠪᠥᠬᠥᠶ ᠴᠣᠩᠬᠣᠨ᠎ᠳᠤ 《ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠲᠠᠩᠰᠠᠨ ᠡᠷᠦᠬᠡ ᠵᠢ ᠬᠠᠮᠲᠤᠪᠠᠷ ᠬᠠᠷᠠᠭ᠋ᠠᠯᠵᠠᠬᠤ ᠡᠷᠬᠡ ᠣᠯᠭᠣᠵᠤ ᠬᠡᠷᠡᠭᠯᠡᠭᠦᠯᠬᠦ ᠠᠮᠠᠯᠠᠯᠲᠠ ᠵᠢᠨ ᠪᠢᠴᠢᠭ》
(ᠳᠠᠭ᠋ᠠᠯᠳᠤᠭᠤᠯᠤᠯ 2)᠎ᠢ ᠲᠠᠭᠯᠠᠨ ᠪᠢᠴᠢᠬᠦ ᠵᠢᠨ ᠬᠠᠮᠲᠤ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠤᠨ ᠣᠭ ᠮᠠᠲ᠋ᠧᠷᠢᠶᠠᠯ᠎ᠢ ᠬᠠᠩᠭ᠋ᠠᠵᠤ᠂ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠠᠵᠢᠯᠲᠠᠨ ᠡᠷᠬᠡ ᠣᠯᠭᠣᠭᠴᠢ ᠵᠢᠨ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠤᠨ ᠦᠯᠡᠳᠡᠪᠦᠷᠢ ᠲᠣᠭ᠎ᠠ ᠵᠢ ᠤᠩᠰᠢᠬᠤ ᠵᠢᠨ ᠬᠠᠮᠲᠤ ᠦᠯᠡᠳᠡᠪᠦᠷᠢ ᠲᠣᠭ᠎ᠠ ᠵᠢ ᠡᠷᠬᠡ ᠣᠯᠭᠣᠭᠴᠢ᠎ᠳᠤ ᠮᠡᠳᠡᠭᠳᠡᠨ᠎ᠡ᠃
      ᠭᠤᠷᠪᠠ᠂ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠠᠵᠢᠯᠲᠠᠨ ᠡᠪᠡᠳᠴᠢᠲᠡᠨ᠎ᠤ ᠲᠣᠰ ᠭᠠᠵᠠᠷ᠎ᠲᠤ ᠡᠮᠨᠡᠭᠦᠯᠦᠭᠰᠡᠨ ᠡᠮᠴᠢᠯᠡᠭᠡᠨ᠎ᠤ ᠵᠠᠷᠤᠳᠠᠯ᠎ᠢ ᠤᠷᠢᠳᠴᠢᠯᠠᠨ ᠳ᠋ᠦᠩᠨᠡᠨ ᠪᠤᠳᠤᠵᠤ᠂ ᠪᠡᠯᠡᠨ ᠵᠣᠭᠣᠰ ᠵᠶ᠋ᠠᠷ ᠳᠥᠯᠥᠬᠦ ᠴᠢᠬᠤᠯᠠᠲᠠᠶ ᠵᠣᠭᠣᠰ᠎ᠤᠨ ᠲᠣᠭ᠎ᠠ ᠵᠢ ᠨᠤᠲᠠᠯᠠᠬᠤ ᠵᠢᠨ ᠬᠠᠮᠲᠤ ᠡᠷᠬᠡ ᠣᠯᠭᠣᠭᠰᠠᠨ ᠬᠥᠮᠦᠨ᠎ᠳᠤ ᠮᠡᠳᠡᠭᠳᠡᠨ᠎ᠡ᠃ ᠡᠷᠬᠡ ᠣᠯᠭᠣᠭᠴᠢ᠎ᠨᠢ ᠪᠡᠯᠡᠨ ᠵᠣᠭᠣᠰ ᠵᠶ᠋ᠠᠷ ᠥᠭᠬᠦ ᠵᠣᠭᠣᠰ᠎ᠤᠨ ᠲᠣᠭ᠎ᠠ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠤᠨ ᠦᠯᠡᠳᠡᠪᠦᠷᠢ ᠲᠣᠭ᠎ᠠ ᠵᠢ ᠦᠨᠳᠦᠰᠦᠯᠡᠨ ᠣᠷᠣᠯᠠᠨ ᠰᠠᠭᠤᠯᠭ᠋ᠠᠨ ᠠᠪᠬᠤ ᠵᠣᠭᠣᠰ᠎ᠤᠨ ᠲᠤᠭ᠎ᠠ ᠵᠢ ᠲᠤᠭᠳᠠᠭ᠋ᠠᠨ᠎ᠠ᠃
      ᠳᠥᠷᠪᠡ᠂ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠠᠵᠢᠯᠲᠠᠨ ᠡᠷᠬᠡ ᠣᠯᠭᠣᠭᠰᠠᠨ ᠬᠥᠮᠦᠨ᠎ᠤ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠢ ᠤᠩᠰᠢᠵᠤ᠂ ᠡᠮᠴᠢᠯᠡᠭᠡᠨ᠎ᠤ ᠲᠥᠷᠥᠯ ᠵᠦᠢ᠍ᠯ᠎ᠢ 《ᠲᠠᠩᠰᠠᠨ ᠡᠷᠦᠬᠡ ᠵᠢᠨ ᠬᠠᠷᠢᠯᠴᠠᠨ ᠲᠤᠰᠠᠯᠠᠯᠴᠠᠬᠤ》 (ᠲᠣᠰ ᠲᠥᠷᠥᠯ ᠵᠦᠢ᠍ᠯ᠎ᠨᠢ ᠲᠣᠰ ᠤᠳᠠᠭ᠎ᠠ ᠰᠢᠨ᠎ᠡ᠎ᠪᠠᠷ ᠨᠡᠮᠡᠭᠳᠡᠭᠰᠡᠨ ᠡᠮᠴᠢᠯᠡᠭᠡᠨ᠎ᠤ ᠲᠥᠷᠥᠯ ᠵᠦᠢ᠍ᠯ ᠪᠣᠯᠤᠨ᠎ᠠ)᠎ᠪᠠᠷ ᠡᠮᠨᠡᠭᠦᠯᠬᠦ ᠳᠡᠩᠰᠡᠯᠡᠯᠲᠡ ᠬᠢᠯᠭᠡᠨ᠎ᠡ᠃ ᠡᠷᠬᠡ ᠣᠯᠭᠣᠭᠴᠢ ᠵᠢᠨ ᠨᠤᠲᠠᠯᠠᠭᠰᠠᠨ ᠣᠷᠣᠯᠠᠨ ᠰᠠᠭᠤᠯᠭ᠋ᠠᠨ ᠠᠪᠤᠭᠰᠠᠨ ᠵᠣᠭᠣᠰ᠎ᠤᠨ ᠲᠣᠭ᠎ᠠ ᠵᠢᠨ ᠶᠣᠰᠣᠭ᠋ᠠᠷ ᠬᠥᠬᠡ ᠲᠥᠷᠥᠯ᠎ᠤᠨ ᠭᠠᠷᠴᠠᠭ᠎ᠲᠤ ᠰᠦᠢ᠍ᠳᠭᠡᠯ ᠲᠤᠰᠢᠶᠠᠬᠤ ᠵᠢ ᠵᠦᠪᠰᠢᠶᠡᠷᠡᠭᠦᠯᠵᠦ᠂ ᠰᠦᠢ᠍ᠳᠭᠡᠯ ᠲᠤᠰᠢᠶᠠᠬᠤ ᠵᠢ ᠵᠥᠪᠰᠢᠶᠡᠷᠡᠭᠰᠡᠨ ᠳᠠᠷᠠᠭ᠎ᠠ ᠲᠠᠩᠰᠠᠨ ᠡᠷᠦᠬᠡ ᠵᠢ ᠰᠣᠩᠭᠣᠵᠤ ᠲᠣᠭ᠋ᠠᠴᠠᠭ᠎ᠠ ᠬᠢᠵᠦ ᠲᠡᠰᠦᠯᠦᠨ ᠪᠤᠳᠤᠨ᠎ᠠ᠃
      ᠲᠠᠪᠤ᠂ ᠬᠤᠪᠢ ᠬᠥᠮᠦᠨ᠎ᠤ ᠲᠠᠩᠰᠠᠨ ᠡᠷᠦᠬᠡ ᠵᠢᠨ ᠬᠡᠷ ᠪᠦᠯᠢ᠎ᠪᠠᠷ ᠵᠶ᠋ᠡᠨ ᠬᠠᠷᠢᠯᠴᠠᠨ ᠲᠤᠰᠠᠯᠠᠯᠴᠠᠵᠤ ᠳᠥᠯᠥᠬᠦ ᠵᠢ ᠪᠡᠶᠡᠯᠡᠭᠦᠯᠦᠭᠰᠡᠨ᠎ᠤ ᠳᠠᠷᠠᠭ᠋ᠠᠬᠢ ᠦᠯᠡᠳᠡᠭᠰᠡᠨ ᠬᠡᠰᠡᠭ ᠡᠮᠴᠢᠯᠡᠭᠡᠨ᠎ᠤ ᠵᠠᠷᠤᠳᠠᠯ᠎ᠢ ᠬᠡᠪ᠎ᠤᠨ ᠲᠠᠰ ᠳᠠᠷᠠᠭ᠋ᠠᠯᠠᠯ ᠵᠶ᠋ᠠᠷ ᠳ᠋ᠦᠩᠨᠡᠨ ᠪᠤᠳᠤᠨ᠎ᠠ᠃
      ᠵᠢᠷᠭᠤᠭ᠎ᠠ᠂ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠨᠢ ᠰᠠᠷ᠎ᠠ ᠰᠠᠷ᠎ᠠ᠎ᠪᠠᠷ ᠲᠠᠩᠰᠠᠨ ᠡᠷᠦᠬᠡ ᠵᠢᠨ ᠬᠠᠷᠢᠯᠴᠠᠨ ᠲᠤᠰᠠᠯᠠᠯᠴᠠᠬᠤ ᠲᠠᠩᠰᠠ ᠬᠠᠷᠭᠤᠭᠤᠯᠬᠤ ᠬᠠᠭᠤᠳᠠᠰᠤ ᠵᠢᠴᠢ 《ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠲᠠᠩᠰᠠᠨ ᠡᠷᠦᠬᠡ ᠵᠢᠨ ᠬᠠᠷᠢᠯᠴᠠᠨ ᠲᠤᠰᠠᠯᠠᠯᠴᠠᠬᠤ ᠡᠷᠬᠡ ᠣᠯᠭᠣᠨ ᠬᠡᠷᠡᠭᠯᠡᠬᠦ ᠠᠮᠠᠯᠠᠯᠲᠠ ᠵᠢᠨ ᠪᠢᠴᠢᠭ》 (ᠳᠠᠭ᠋ᠠᠯᠳᠤᠭᠤᠯᠤᠯ 2)᠎ᠢ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ᠎ᠳᠤ ᠮᠡᠳᠡᠭᠦᠯᠦᠨ ᠬᠦᠷᠭᠡᠵᠦ ᠳ᠋ᠦᠩᠨᠡᠨ ᠪᠤᠳᠤᠨ᠎ᠠ᠃
      ᠲᠣᠰ ᠮᠡᠳᠡᠭᠳᠡᠯ᠎ᠢ ᠳᠣᠷᠣᠭᠰᠢ ᠲᠠᠷᠬᠠᠭ᠋ᠠᠭᠰᠠᠨ᠎ᠤ ᠳᠠᠷᠠᠭ᠎ᠠ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ 《ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ ᠵᠢᠨ ᠪᠠᠯᠠ ᠮᠥᠩᠭᠥ ᠵᠢ ᠬᠡᠷ ᠪᠦᠯᠢ᠎ᠪᠠᠷ ᠵᠶ᠋ᠡᠨ ᠬᠠᠷᠢᠯᠴᠠᠨ ᠬᠠᠷᠠᠭ᠋ᠠᠯᠵᠠᠵᠤ ᠬᠡᠷᠡᠭᠯᠡᠬᠦ ᠵᠢ ᠭᠠᠷᠲᠠᠨ ᠭᠦᠢ᠍ᠴᠡᠳᠭᠡᠬᠦ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》
(ᠥᠪᠥᠷ ᠡᠮᠴᠢᠯᠡᠭᠡᠨ ᠳᠠᠭ᠋ᠠᠳᠬᠠᠯ ᠠᠯᠪᠠᠨ ᠲᠠᠷᠬᠠᠭ᠋ᠠᠭᠰᠠᠨ  [2021] 16 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠳᠠᠬᠢ ᠠᠵᠢᠯᠯᠠᠭ᠋ᠠᠨ᠎ᠤ ᠶᠠᠪᠤᠴᠠ ᠵᠢ ᠬᠡᠷᠡᠭᠵᠢᠭᠦᠯᠬᠦ᠎ᠪᠠᠨ ᠵᠣᠭᠰᠣᠨ᠎ᠠ᠃
      ᠬᠠᠷᠢᠯᠴᠠᠬᠤ ᠬᠥᠮᠦᠨ᠄   ᠪᠤᠤ ᠮᠢᠩ
      ᠬᠠᠷᠢᠯᠴᠠᠬᠤ ᠤᠲᠠᠰᠤ᠄ 0471-- 6606155
      ᠬᠠᠷᠢᠯᠴᠠᠬᠤ ᠬᠥᠮᠦᠨ᠄ ᠯᠢᠦ ᠴᠢᠨ
      ᠬᠠᠷᠢᠯᠴᠠᠬᠤ ᠤᠲᠠᠰᠤ᠄ 0471-- 6606185
ᠳᠠᠭ᠋ᠠᠯᠳᠤᠭᠤᠯᠤᠯ᠄
     1᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭᠲᠠᠮᠠᠯ ᠴᠢᠭ᠎ᠤᠨ ᠡᠮᠨᠡᠯᠭᠡ ᠵᠢᠨ ᠬᠣᠷᠢᠶ᠎ᠠ ᠵᠢᠨ ᠵᠠᠯᠭ᠋ᠠᠭ᠋ᠠᠰᠤ ᠵᠢᠨ ᠵᠢᠷᠤᠮᠵᠢᠯ
     2᠂ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ 《ᠲᠠᠩᠰᠠᠨ ᠡᠷᠦᠬᠡ ᠵᠢ ᠬᠠᠷᠢᠯᠴᠠᠨ ᠬᠠᠷᠠᠭ᠋ᠠᠯᠵᠠᠵᠤ ᠡᠷᠬᠡ ᠣᠯᠭᠣᠨ ᠬᠡᠷᠡᠭᠯᠡᠭᠦᠯᠬᠦ》 ᠠᠮᠠᠯᠠᠯᠲᠠ ᠵᠢᠨ ᠪᠢᠴᠢᠭ
   
        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ   ᠡᠮᠴᠢᠯᠡᠭᠡᠨ᠎ᠤ ᠪᠠᠳᠤᠯᠠᠭ᠎ᠠ ᠵᠢᠨ ᠲᠤᠪᠴᠢᠶ᠎ᠠ ᠵᠢᠨ ᠠᠯᠪᠠᠨ ᠭᠡᠷ
                                           2021 ᠣᠨ᠎ᠤ 8 ᠳ᠋ᠤᠭ᠋ᠠᠷ ᠰᠠᠷ᠎ᠠ ᠵᠢᠨ 24᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠤᠲᠠ ᠵᠢᠨ ᠡᠮᠨᠡᠯᠭᠡ ᠵᠢᠨ ᠬᠤᠷᠢᠶ᠎ᠠ ᠵᠢᠨ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠵᠢᠨ ᠡᠮᠴᠢᠯᠡᠭᠡᠨ᠎ᠤ ᠠᠩᠭᠢ ᠬᠠᠶ᠋ᠢᠯᠠᠷ᠎ᠢ ᠲᠥᠷᠭᠡᠨ ᠲᠤᠰᠠᠯᠠᠪᠠ
ᠤᠯᠠᠭ᠋ᠠᠨᠬᠠᠳᠠ ᠬᠤᠲᠠ ᠵᠢᠨ ᠸᠠᠺᠼᠢᠨ᠎ᠤ ᠨᠡᠭᠦᠳᠡᠯ ᠲᠠᠷᠢᠯᠭ᠎ᠠ ᠵᠢᠨ ᠲᠡᠷᠭᠡ ᠨᠡᠶ᠋ᠢᠭᠡᠮ ᠲᠣᠭᠤᠷᠢᠭ᠎ᠲᠤ ᠣᠷᠣᠪᠠ
ᠮᠠᠨ᠎ᠤ ᠣᠷᠣᠨ᠎ᠤ ᠠᠵᠢᠯᠲᠠᠨ ᠠᠵᠢᠯᠴᠢᠳ᠎ᠤᠨ ᠡᠮᠴᠢᠯᠡᠭᠡᠨ᠎ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠵᠢᠨ ᠠᠵᠢᠯᠯᠠᠭ᠎ᠠ 7 ᠲᠦᠮᠡ ᠰᠢᠬᠠᠮ ᠬᠦᠮᠦᠰ᠎ᠲᠤ ᠠᠰᠢᠭ ᠬᠦᠷᠲᠡᠭᠡᠪᠡ
ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠡᠯᠰᠡᠨ ᠴᠤᠭᠯᠠᠭᠤᠯᠬᠤ ᠬᠠᠮᠢᠶᠠᠷᠤᠯᠲᠠ ᠵᠢᠨ ᠬᠤᠪᠢᠶᠠᠷᠢ ᠰᠢᠰᠲ᠋ᠧᠮ᠎ᠢ ᠰᠦᠯᠵᠢᠶᠡᠨ᠎ᠳᠤ ᠬᠤᠯᠪᠤᠨ ᠠᠵᠢᠯᠯᠠᠭᠤᠯᠬᠤ ᠪᠣᠯᠪᠠᠰᠤᠷᠠᠭᠤᠯᠤᠯ᠎ᠤᠨ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
ᠡᠮ ᠡᠮᠨᠡᠯᠭᠡ ᠵᠢᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠤᠨ ᠠᠰᠠᠭᠤᠨ ᠯᠠᠪᠯᠠᠬᠤ ᠦᠢ᠍ᠯᠡᠴᠢᠯᠡᠭᠡᠨ᠎ᠤ ᠡᠳᠦᠷ᠎ᠢ ᠲᠤᠭᠳᠠᠭ᠋ᠠᠬᠤ ᠲᠤᠬᠠᠶ ᠮᠡᠳᠡᠭᠳᠡᠯ
 
            