ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠰᠢᠯᠢ ᠵᠢᠨ ᠭᠣᠤᠯ ᠠᠶ᠋ᠢᠮᠠᠭ᠎ᠤᠨ ᠥᠨᠳᠥᠷ ᠥᠷᠲᠡᠭᠲᠦ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠮᠡᠵᠦ ᠨᠥᠬᠥᠪᠥᠷᠢᠯᠡᠬᠦ ᠵᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠤᠨ ᠲᠤᠬᠠᠶ ᠰᠢᠯᠢ ᠵᠢᠨ ᠭᠣᠤᠯ ᠠᠶ᠋ᠢᠮᠠᠭ᠎ᠤᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ
ᠨᠡᠶ᠋ᠢᠲᠡᠯᠡᠭᠰᠡᠨ ᠴᠠᠭ᠄ 2021-08-04

    ᠰᠢᠯᠢ ᠵᠢᠨ ᠭᠣᠤᠯ ᠡᠮᠴᠢᠯᠡᠭᠡ ᠪᠠᠲᠤᠯᠠᠭ᠎ᠠ ᠲᠠᠷᠬᠠᠭ᠋ᠠᠭᠰᠠᠨ  [2021] 72 ᠳ᠋ᠤᠭ᠋ᠠᠷ ᠲᠣᠭ᠋ᠠᠲᠤ

ᠡᠯ᠎ᠡ ᠥᠨᠳᠥᠷ ᠥᠷᠲᠡᠭᠲᠦ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠄
     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ》 (ᠥᠪᠥᠷ ᠡᠮᠴᠢᠯᠡᠭᠡ ᠪᠠᠲᠤᠯᠠᠭ᠎ᠠ ᠠᠯᠪᠠᠨ ᠲᠠᠷᠬᠠᠭ᠋ᠠᠭᠰᠠᠨ ᠎ᠠᠴᠠ [2019] 41 ᠳ᠋ᠤᠭᠡᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠰᠢᠯᠢ ᠵᠢᠨ ᠭᠣᠤᠯ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 2021 ᠣᠨ᠎ᠤ 6 ᠳ᠋ᠤᠭ᠋ᠠᠷ ᠰᠠᠷ᠎ᠠ ᠵᠢᠨ 28᠎ᠤ ᠡᠳᠦᠷ᠎ᠠᠴᠠ 7 ᠰᠠᠷ᠎ᠠ ᠵᠢᠨ 2᠎ᠤᠨ ᠡᠳᠦᠷ ᠪᠣᠯᠲᠠᠯ᠎ᠠ ᠥᠨᠳᠥᠷ ᠥᠷᠲᠡᠭᠲᠦ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ ᠨᠡᠮᠡᠵᠦ ᠨᠥᠬᠥᠪᠥᠷᠢᠯᠡᠬᠦ ᠠᠵᠢᠯ᠎ᠢ ᠥᠷᠨᠢᠭᠦᠯᠪᠡ᠃ ᠮᠠᠨ᠎ᠤ ᠲᠣᠪᠴᠢᠶ᠎ᠠ ᠨᠡᠷ᠎ᠡ ᠮᠡᠳᠡᠭᠦᠯᠬᠦ᠎ᠳᠤ ᠣᠷᠣᠯᠴᠠᠭᠰᠠᠨ ᠥᠨᠳᠥᠷ ᠥᠷᠲᠡᠭᠲᠦ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠮᠡᠳᠡᠭᠦᠯᠦᠭᠰᠡᠨ ᠮᠠᠲ᠋ᠧᠷᠢᠶᠠᠯ᠎ᠢ ᠬᠢᠨᠠᠨ ᠬᠠᠷᠭᠤᠭᠤᠯᠵᠠᠶ᠃ ᠡᠳᠦᠭᠡ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠳᠣᠣᠷᠠᠬᠢ ᠮᠡᠲᠦ ᠨᠡᠶ᠋ᠢᠲᠡᠯᠡᠶ᠎ᠡ᠄
      ᠨᠢᠭᠡ᠂ ᠢᠯᠡ ᠨᠡᠶ᠋ᠢᠲᠡᠯᠡᠬᠦ ᠨᠡᠷᠡᠰ
      ᠰᠢᠯᠢ ᠵᠢᠨ ᠭᠣᠤᠯ ᠠᠶ᠋ᠢᠮᠠᠭ᠎ᠤᠨ ᠥᠨᠳᠥᠷ ᠥᠷᠲᠡᠭᠲᠦ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠬᠢᠨᠠᠨ ᠬᠠᠷᠭᠤᠭᠤᠯᠵᠤ ᠪᠠᠲᠤᠯᠠᠭᠰᠠᠨ ᠨᠡᠷᠡᠰ (ᠳᠠᠭ᠋ᠠᠯᠳᠤᠭᠤᠯᠤᠯ᠎ᠳᠤ ᠦᠵᠡ)᠃
      ᠬᠣᠶᠠᠷ᠂ ᠢᠯᠡ ᠨᠡᠶ᠋ᠢᠲᠡᠯᠡᠬᠦ ᠴᠠᠭ
     2021 ᠣᠨ᠎ᠤ 8   ᠳ᠋ᠤᠭ᠋ᠠᠷ ᠰᠠᠷ᠎ᠠ ᠵᠢᠨ 2 — 8 ᠳ᠋ᠤᠭ᠋ᠠᠷ ᠰᠠᠷ᠎ᠠ ᠵᠢᠨ 6᠎ᠤ ᠡᠳᠦᠷ ᠪᠤᠯᠳᠠᠯ᠎ᠠ᠃
      ᠭᠤᠷᠪᠠ᠂ ᠵᠠᠷᠯᠠᠨ ᠨᠡᠶ᠋ᠢᠲᠡᠯᠡᠬᠦ ᠱᠠᠭ᠋ᠠᠷᠳᠠᠯᠭ᠎ᠠ
     (ᠨᠢᠭᠡ) ᠠᠵᠤ ᠠᠬᠤᠶ᠋ᠢᠯᠠᠯ ᠬᠡᠷᠪᠡ ᠢᠯᠡ ᠨᠡᠶ᠋ᠢᠲᠡᠯᠡᠭᠰᠡᠨ ᠦᠷ᠎ᠡ ᠳ᠋ᠦᠩ᠎ᠳᠤ ᠣᠨᠳᠣᠤ ᠰᠠᠨᠠᠯ᠎ᠲᠠᠢ ᠪᠠᠶ᠋ᠢᠪᠠᠯ᠂ 《ᠬᠡᠨ   ᠰᠠᠨᠠᠯ᠎ᠲᠠᠢ ᠪᠣᠯ ᠬᠡᠨ ᠭᠡᠷᠡᠴᠢ ᠳᠤᠷᠠᠳᠬᠤ》 ᠵᠠᠷᠴᠢᠮ᠎ᠤᠨ ᠶᠣᠰᠣᠭ᠋ᠠᠷ᠂ ᠡᠷᠬᠡᠪᠰᠢ ᠲᠣᠭᠲᠠᠭᠰᠠᠨ ᠴᠠᠭ ᠬᠤᠭᠤᠴᠠᠭ᠋ᠠᠨ᠎ᠤ ᠳᠣᠲᠣᠷ᠎ᠠ ᠦᠨᠡᠨ ᠪᠣᠳᠠᠲᠠᠶ ᠬᠦᠴᠦᠨ᠎ᠲᠠᠢ᠂ ᠪᠦᠷᠢᠨ ᠪᠦᠲᠦᠨ ᠭᠡᠷᠡᠴᠢ ᠪᠠᠷᠢᠮᠲᠠ ᠪᠠ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠵᠤ᠂ ᠴᠠᠭ᠋ᠠᠰᠤᠨ ᠮᠠᠲ᠋ᠧᠷᠢᠶᠠᠯ ᠵᠢᠴᠢ ᠬᠠᠮᠢᠶ᠎ᠠ ᠪᠥᠬᠥᠶ ᠭᠡᠷᠡᠴᠢ ᠵᠢ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠳᠠᠷᠤᠭᠰᠠᠨ᠎ᠤ ᠳᠠᠷᠠᠭ᠎ᠠ᠂ ᠡᠷᠬᠡ ᠣᠯᠤᠭᠰᠠᠨ ᠬᠥᠮᠦᠨ᠎ᠠᠴᠠ ᠰᠢᠯᠢ ᠵᠢᠨ ᠭᠣᠤᠯ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ ᠲᠤᠰᠢᠶᠠᠵᠤ᠂ ᠹᠠᠺᠰ ᠪᠤᠶᠤ ᠰᠢᠤᠳᠠᠨ ᠵᠶ᠋ᠠᠷ ᠶᠠᠪᠤᠭᠤᠯᠬᠤ ᠠᠷᠭ᠎ᠠ ᠮᠠᠶᠢᠭ ᠵᠶ᠋ᠠᠷ ᠭᠥᠯᠢᠶᠡᠨ ᠠᠪᠴᠤ ᠰᠢᠢ᠍ᠳᠪᠦᠷᠢᠯᠡᠬᠦ ᠥᠬᠡᠶ᠃ ᠬᠤᠭᠤᠴᠠᠭ᠎ᠠ ᠬᠡᠲᠦᠷᠡᠲᠡᠯ᠎ᠡ   ᠮᠠᠲ᠋ᠧᠷᠢᠶᠠᠯ ᠲᠤᠰᠢᠶᠠᠭᠰᠠᠨ ᠦᠭᠡᠢ ᠪᠤᠯ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃
     (ᠬᠣᠶᠠᠷ) ᠭᠥᠯᠢᠶᠡᠨ ᠠᠪᠴᠤ ᠰᠢᠢ᠍ᠳᠪᠦᠷᠢᠯᠡᠬᠦ ᠴᠠᠭ᠄ ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠠᠬᠢ ᠠᠵᠢᠯ᠎ᠤᠨ ᠡᠳᠦᠷ᠎ᠤᠨ ᠦᠳᠡ ᠵᠢᠨ ᠡᠮᠦᠨᠡᠬᠢ 8᠄ 30 -- 12᠄ 00; ᠦᠳᠡ ᠵᠢᠨ ᠬᠣᠢ᠍ᠨ᠎ᠠ ᠵᠢᠨ 14᠄ 30 -- 17᠄ 30   ᠪᠤᠯᠳᠠᠯ᠎ᠠ᠃
     (ᠭᠤᠷᠪᠠ) ᠭᠥᠯᠢᠶᠡᠨ ᠠᠪᠴᠤ   ᠰᠢᠢ᠍ᠳᠪᠦᠷᠢᠯᠡᠬᠦ ᠤᠲᠠᠰᠤ᠄ 0479 --  8106985᠃
   ᠳᠠᠭ᠋ᠠᠯᠳᠤᠭᠤᠯᠤᠯ᠄ ᠰᠢᠯᠢ ᠵᠢᠨ ᠭᠣᠤᠯ ᠠᠶ᠋ᠢᠮᠠᠭ᠎ᠤᠨ ᠥᠨᠳᠥᠷ ᠥᠷᠲᠡᠭᠲᠦ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠬᠢᠨᠠᠨ ᠬᠠᠷᠭᠤᠭᠤᠯᠵᠤ ᠪᠠᠲᠤᠯᠠᠭᠰᠠᠨ ᠨᠡᠷᠡᠰ

                    ᠰᠢᠯᠢ ᠵᠢᠨ ᠭᠣᠣᠯ ᠠᠶ᠋ᠢᠮᠠᠭ᠎ᠤᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ
                           2021 ᠣᠨ᠎ᠤ 8   ᠳ᠋ᠤᠭ᠋ᠠᠷ ᠰᠠᠷ᠎ᠠ ᠵᠢᠨ 2᠎ᠤᠨ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠣᠬᠤ ᠲᠤᠬᠠᠶ ᠬᠢᠩᠭ᠋ᠠᠨ ᠠᠶ᠋ᠢᠮᠠᠭ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ᠎ᠤᠨ ᠮᠡᠳᠡᠭᠳᠡᠯ
ᠳᠣᠭᠢᠷᠠᠭᠤᠯᠤᠨ ᠬᠦᠷᠭᠡᠬᠦ ᠵᠥᠪᠳᠡᠯᠴᠡᠬᠡᠷ᠎ᠤᠨ ᠠᠷᠭ᠎ᠠ ᠮᠠᠶᠢᠭ᠎ᠲᠤ ᠲᠣᠬᠢᠷᠠᠭᠤᠯᠤᠯᠲᠠ ᠬᠢᠵᠦ ᠬᠢᠨᠠᠨ ᠬᠠᠷᠭᠤᠭᠤᠯᠬᠤ ᠲᠤᠬᠠᠶ ᠠᠯᠠᠱ᠌ᠠ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ
ᠡᠮ ᠡᠮᠨᠡᠯᠭᠡ ᠬᠤᠳᠠᠯᠳᠤᠨ ᠠᠪᠬᠤ ᠰᠦᠯᠵᠢᠶᠡᠨ ᠳᠡᠭᠡᠷᠡᠬᠢ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ ᠰᠢᠰᠲ᠋ᠧᠮ᠎ᠢ ᠰᠦᠯᠵᠢᠶᠡᠨ᠎ᠳᠤ ᠣᠷᠣᠭᠤᠯᠤᠨ ᠠᠵᠢᠯᠯᠠᠭᠤᠯᠬᠤ ᠲᠤᠬᠠᠶ ᠮᠡᠳᠡᠭᠳᠡᠯ
ᠪᠣᠭᠤᠲᠤ ᠬᠣᠲᠠ᠎ᠨᠢ ᠬᠥᠬᠡᠬᠣᠲᠠ ᠪᠤᠭᠤᠲᠤ ᠤᠷᠳᠤᠰ ᠤᠯᠠᠭ᠋ᠠᠨᠴᠠᠪ ᠲᠦᠷᠪᠡᠨ ᠬᠤᠳᠠ ᠵᠢᠨ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠦᠭᠡᠳ ᠬᠠᠷᠠᠭ᠋ᠠᠯᠵᠠᠯ᠎ᠤᠨ ᠪᠠᠲᠤᠯᠠᠭ᠎ᠠ ᠵᠢᠨ 《ᠭᠤᠷᠪᠠ ᠵᠢ ᠨᠢᠭᠡᠳᠬᠡᠵᠦ᠂ ᠨᠢᠭᠡ ᠵᠢ ᠬᠦᠴᠦᠨ ᠦᠭᠡᠢ ᠪᠣᠯᠭ᠋ᠠᠵᠤ᠂ ᠨᠢᠭᠡ ᠵᠢ ᠥᠷᠭᠡᠳᠬᠡᠬᠦ》 ᠵᠢ ᠪᠡᠶᠡᠯᠡᠭᠦᠯᠵᠡᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠰᠦᠯᠵᠢᠶᠡᠨ᠎ᠳᠤ ᠬᠤᠯᠪᠤᠬᠤ ᠦᠢ᠍ᠯᠡᠳᠭᠦᠨ (ᠳᠥᠷᠪᠡᠳᠦᠭᠡᠷ ᠪᠦᠯᠦᠭ)᠎ᠢ ᠢᠯᠡ ᠨᠡᠶ᠋ᠢᠲᠡᠯᠡᠬᠦ ᠲᠤᠬᠠᠶ ᠮᠡᠳᠡᠭᠳᠡᠯ
 
            