ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠠᠭ᠋ᠠᠨᠴᠠᠪ ᠬᠤᠲᠠ ᠵᠢᠨ 2024 ᠣᠨ᠎ᠤ ᠭᠤᠷᠪᠠᠳᠤᠭ᠋ᠠᠷ ᠤᠯᠠᠷᠢᠯ᠎ᠤᠨ ᠡᠮ᠎ᠤᠨ ᠵᠦᠢ᠍ᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠢ ᠰᠢᠯᠢᠨ ᠰᠣᠩᠭᠣᠭᠰᠠᠨ ᠦᠷ᠎ᠡ ᠳ᠋ᠦᠩ᠎ᠢ ᠨᠡᠢ᠌ᠲᠡᠯᠡᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-10-15

ᠡᠯ᠎ᠡ ᠬᠠᠮᠢᠶ᠎ᠠ ᠪᠦᠬᠦᠢ ᠠᠵᠤ ᠠᠬᠤᠢ᠌ᠯᠠᠯ ᠎ᠳᠤ᠄

  《ᠤᠯᠠᠭ᠋ᠠᠨᠴᠠᠪ ᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠨᠡᠷ᠎ᠡ ᠮᠡᠳᠡᠭᠦᠯᠵᠦ ᠰᠢᠯᠢᠨ ᠰᠣᠩᠭᠣᠬᠤ ᠠᠵᠢᠯ᠎ᠢ ᠤᠯᠠᠷᠢᠯ ᠵᠶ᠋ᠠᠷ ᠥᠷᠨᠢᠭᠦᠯᠬᠦ ᠲᠤᠬᠠᠢ ᠮᠡᠳᠡᠭᠳᠡᠯ》 (ᠤᠯᠠᠭ᠋ᠠᠨᠴᠠᠪ ᠡᠮᠴᠢᠯᠡᠭᠡᠨ ᠪᠠᠲᠤᠯᠠᠭ᠎ᠠ ᠡᠮ ᠬᠤᠳᠠᠯᠳᠤᠨ ᠠᠪᠬᠤ  ᠥᠰᠥᠭ [2022] 2 ᠳ᠋ᠤᠭ᠋ᠠᠷ ᠲᠣᠭ᠋ᠠᠲᠤ )᠎ᠤᠨ ᠱᠠᠭ᠋ᠠᠷᠳᠠᠯᠭ᠎ᠠ ᠵᠢ ᠦᠨᠳᠦᠰᠦᠯᠡᠨ ᠂ ᠡᠳᠦᠭᠡ 2024 ᠣᠨ᠎ᠤ ᠭᠤᠷᠪᠠᠳᠤᠭ᠋ᠠᠷ ᠤᠯᠠᠷᠢᠯ᠎ᠤᠨ ᠡᠮ᠎ᠤᠨ ᠵᠦᠢ᠍ᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠢ ᠰᠢᠯᠢᠨ ᠰᠣᠩᠭᠣᠭᠰᠠᠨ ᠦᠷ᠎ᠡ ᠳ᠋ᠦᠩ᠎ᠢ  ᠨᠡᠢ᠌ᠲᠡᠯᠡᠬᠦ ᠵᠢᠨ ᠬᠠᠮᠲᠤ ᠂ ᠬᠠᠮᠢᠶ᠎ᠠ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ ᠄

   ᠨᠢᠭᠡ ᠂  ᠨᠡᠢ᠌ᠲᠡᠯᠡᠬᠦ ᠠᠭᠤᠯᠭ᠎ᠠ

  2024 ᠣᠨ᠎ᠤ ᠭᠤᠷᠪᠠᠳᠤᠭ᠋ᠠᠷ ᠤᠯᠠᠷᠢᠯ᠎ᠤᠨ ᠡᠮ᠎ᠤᠨ ᠵᠦᠢ᠍ᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠰᠢᠯᠢᠨ ᠰᠣᠩᠭᠣᠭᠰᠠᠨ ᠦᠷ᠎ᠡ ᠳ᠋ᠦᠩ

   ᠬᠣᠶᠠᠷ ᠂  ᠨᠡᠢ᠌ᠲᠡᠯᠡᠬᠦ ᠴᠠᠭ

  2024 ᠣᠨ᠎ᠤ 10 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ 21᠎ᠤ ᠡᠳᠦᠷ ᠪᠣᠯᠲᠠᠯ᠎ᠠ

   ᠭᠤᠷᠪᠠ ᠂ ᠪᠤᠰᠤᠳ ᠱᠠᠭ᠋ᠠᠷᠳᠠᠯᠭ᠎ᠠ

  (  ᠨᠢᠭᠡ )  ᠡᠯ᠎ᠡ ᠠᠵᠤ ᠠᠬᠤᠢ᠌ᠯᠠᠯ᠎ᠨᠢ  ᠨᠡᠢ᠌ᠲᠡᠯᠡᠭᠰᠡᠨ ᠠᠭᠤᠯᠭ᠎ᠠ᠎ᠳᠤ ᠣᠨᠳᠣᠣ ᠰᠠᠨᠠᠯ᠎ᠲᠠᠢ ᠪᠠᠢ᠌ᠪᠠᠯ ᠂ 《  ᠬᠡᠨ ᠵᠣᠷᠢᠪᠠᠯ ᠬᠡᠨ ᠭᠡᠷᠡᠴᠢ ᠳᠤᠷᠠᠳᠬᠤ 》 ᠵᠠᠷᠴᠢᠮ ᠶᠣᠰᠣᠭ᠋ᠠᠷ ᠂  ᠨᠡᠢ᠌ᠲᠡᠯᠡᠬᠦ ᠬᠤᠭᠤᠴᠠᠭ᠋ᠠᠨ᠎ᠳᠤ ᠦᠨᠡᠨ ᠪᠣᠳᠠᠲᠠᠢ ᠂ ᠬᠦᠴᠦᠨ᠎ᠲᠠᠢ ᠂ ᠪᠦᠷᠢᠨ ᠭᠦᠢ᠍ᠴᠡᠳ ᠭᠡᠷᠡᠴᠢ ᠮᠠᠲ᠋ᠧᠷᠢᠶᠠᠯ ᠬᠠᠩᠭ᠋ᠠᠵᠤ ᠂ ᠬᠤᠭᠤᠴᠠᠭ᠎ᠠ  ᠥᠩᠭᠡᠷᠡᠭᠰᠡᠨ᠎ᠤ ᠳᠠᠷᠠᠭ᠎ᠠ ᠳᠠᠭᠢᠵᠤ ᠭᠥᠯᠢᠶᠡᠨ ᠠᠪᠴᠤ ᠰᠢᠢ᠍ᠳᠪᠦᠷᠢᠯᠡᠬᠦ ᠦᠭᠡᠢ ᠃

  (  ᠬᠣᠶᠠᠷ )  ᠨᠡᠢ᠌ᠲᠡᠯᠡᠬᠦ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ ᠂ ᠳᠡᠩᠰᠡᠯᠡᠨ ᠭᠡᠷᠡᠴᠢᠯᠡᠬᠦ ᠵᠢ ᠪᠡᠶᠡᠯᠡᠭᠦᠯᠦᠭᠰᠡᠨ ᠬᠠᠮᠢᠶ᠎ᠠ ᠪᠦᠬᠦᠢ ᠠᠵᠤ ᠠᠬᠤᠢ᠌ᠯᠠᠯ᠎ᠨᠢ ᠲᠣᠬᠢᠷᠠᠭᠤᠯᠤᠨ ᠬᠦᠷᠭᠡᠬᠦ ᠣᠷᠣᠨ ᠪᠦᠰᠡ ᠵᠢ ᠰᠢᠭᠤᠳ ᠨᠡᠭᠡᠭᠡᠵᠦ ᠂ ᠳᠠᠬᠢᠨᠲᠠ ᠭᠤᠶᠤᠴᠢᠯᠠᠬᠤ ᠴᠢᠬᠤᠯᠠ ᠦᠭᠡᠢ ; ᠳᠡᠩᠰᠡᠯᠡᠨ ᠭᠡᠷᠡᠴᠢᠯᠡᠬᠦ ᠴᠢᠬᠤᠯᠠᠲᠠᠢ ᠬᠠᠮᠢᠶ᠎ᠠ ᠪᠦᠬᠦᠢ ᠠᠵᠤ ᠠᠬᠤᠢ᠌ᠯᠠᠯ᠎ᠨᠢ ᠪᠡᠶ᠎ᠡ ᠵᠢᠨ ᠭᠠᠷᠤᠯ᠎ᠤᠨ ᠭᠡᠷᠡᠴᠢᠯᠡᠯ᠎ᠢ ᠭᠤᠶᠤᠴᠢᠯᠠᠬᠤ᠎ᠠᠴᠠ ᠡᠮᠦᠨ᠎ᠡ ᠂ ᠡᠷᠬᠡᠪᠰᠢ ᠥᠪᠥᠷ ᠮᠣᠩᠭᠣᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ ᠵᠶ᠋ᠠᠷ ᠳᠠᠮᠵᠢᠭᠤᠯᠤᠨ ᠥᠪᠡᠰᠦᠪᠡᠨ ᠲᠠᠩᠰᠠᠨ ᠨᠣᠮᠧᠷ ᠵᠶ᠋ᠠᠨ ᠳᠡᠩᠰᠡᠯᠡᠵᠦ ᠂ ᠪᠡᠶ᠎ᠡ ᠵᠢᠨ ᠭᠠᠷᠤᠯ᠎ᠤᠨ ᠭᠡᠷᠡᠴᠢᠯᠡᠯ᠎ᠢ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ ᠪᠣᠯᠭ᠋ᠠᠨ ᠰᠣᠩᠭᠣᠵᠤ ᠂ ᠪᠡᠶ᠎ᠡ ᠵᠢᠨ ᠭᠠᠷᠤᠯ᠎ᠢ ᠭᠡᠷᠡᠴᠢᠯᠡᠭᠦᠯᠦᠭᠰᠡᠨ᠎ᠤ ᠳᠠᠷᠠᠭ᠎ᠠ ᠂ ᠮᠠᠨ᠎ᠤ ᠭᠠᠵᠠᠷ᠎ᠲᠤ ᠤᠲᠠᠰᠤ ᠢᠷᠡᠭᠦᠯᠵᠦ ᠲᠣᠬᠢᠷᠠᠭᠤᠯᠤᠨ ᠬᠦᠷᠭᠡᠯᠲᠡ ᠵᠢ ᠨᠡᠬᠡᠬᠡᠬᠦ ᠬᠡᠷᠡᠭᠲᠡᠢ ᠃

  (  ᠭᠤᠷᠪᠠ )  ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ ᠪᠠ  ᠦᠢ᠍ᠯᠡᠳᠪᠦᠷᠢᠯᠡᠬᠦ ᠠᠵᠤ ᠠᠬᠤᠢ᠌ᠯᠠᠯ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠰᠢᠰᠲ᠋ᠧᠮ᠎ᠳᠤ ᠲᠣᠬᠢᠷᠠᠭᠤᠯᠤᠨ ᠬᠦᠷᠭᠡᠬᠦ ᠬᠠᠷᠢᠴᠠᠭ᠎ᠠ ᠵᠢ ᠥᠪᠡᠰᠦᠪᠡᠨ ᠪᠠᠢ᠌ᠭᠤᠯᠵᠤ᠂ ᠬᠠᠮᠢᠶᠠᠷᠤᠯᠲᠠ ᠵᠢᠨ ᠪᠠᠢ᠌ᠭᠤᠯᠤᠮᠵᠢ᠎ᠠᠴᠠ 3 ᠠᠵᠢᠯᠯᠠᠬᠤ ᠡᠳᠦᠷ᠎ᠤᠨ ᠳᠣᠲᠣᠷ᠎ᠠ ᠬᠢᠨᠠᠨ ᠬᠠᠷᠭᠤᠭᠤᠯᠵᠤ᠂ ᠬᠠᠮᠢᠶ᠎ᠠ ᠪᠦᠬᠦᠢ ᠠᠵᠤ ᠠᠬᠤᠢ᠌ᠯᠠᠯ᠎ᠨᠢ ᠲᠣᠬᠢᠷᠠᠭᠤᠯᠤᠨ ᠬᠦᠷᠭᠡᠬᠦ ᠬᠠᠷᠢᠴᠠᠭ᠋ᠠᠨ᠎ᠤ ᠦᠨᠡᠨ ᠪᠣᠳᠠᠲᠤ ᠴᠢᠨᠠᠷ ᠪᠠ ᠬᠠᠤᠯᠢ ᠶᠣᠰᠣᠴᠢ ᠴᠢᠨᠠᠷ᠎ᠲᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃

  (  ᠳᠥᠷᠪᠡ )  ᠰᠢᠯᠢᠨ ᠰᠣᠩᠭᠣᠬᠤ᠎ᠪᠠᠷ ᠳᠠᠮᠵᠢᠭᠰᠠᠨ ᠬᠠᠮᠢᠶ᠎ᠠ ᠪᠦᠬᠦᠢ ᠠᠵᠤ ᠠᠬᠤᠢ᠌ᠯᠠᠯ᠎ᠨᠢ ᠮᠠᠨ᠎ᠤ ᠭᠠᠵᠠᠷ᠎ᠲᠤ ᠤᠲᠠᠰᠤ ᠢᠷᠡᠭᠦᠯᠵᠦ ᠂ ᠤᠯᠠᠭ᠋ᠠᠨᠴᠠᠪ ᠬᠤᠲᠠ ᠵᠢᠨ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠠᠵᠢᠯ᠎ᠤᠨ ᠬᠣᠯᠪᠣᠭ᠎ᠠ᠎ᠳᠤ ᠣᠷᠣᠬᠤ᠎ᠪᠠᠷ ᠭᠤᠶᠤᠴᠢᠯᠠᠵᠤ ᠂ ᠬᠠᠮᠢᠶ᠎ᠠ ᠪᠦᠬᠦᠢ ᠠᠵᠢᠯ᠎ᠤᠨ ᠮᠡᠳᠡᠭᠳᠡᠯ᠎ᠢ ᠴᠠᠭ ᠲᠤᠬᠠᠢ᠎ᠳᠤ᠎ᠨᠢ  ᠲᠤᠰᠬᠤ᠎ᠳᠤ ᠲᠥᠬᠦᠮ ᠪᠣᠯᠭ᠋ᠠᠬᠤ ᠬᠡᠷᠡᠭᠲᠡᠢ ᠃

   ᠬᠠᠷᠢᠯᠴᠠᠬᠤ ᠤᠲᠠᠰᠤ ᠄ 0474 – 8159042 ᠢᠮᠸᠯ ᠄ wlcbpsbm@163.com 

  

   ᠳᠠᠭ᠋ᠠᠯᠳᠤᠭᠤᠯᠤᠯ ᠄ ᠤᠯᠠᠭ᠋ᠠᠨᠴᠠᠪ ᠬᠤᠲᠠ ᠵᠢᠨ 2024 ᠣᠨ᠎ᠤ ᠭᠤᠷᠪᠠᠳᠤᠭ᠋ᠠᠷ ᠤᠯᠠᠷᠢᠯ᠎ᠤᠨ  ᠡᠮ᠎ᠤᠨ ᠵᠦᠢ᠍ᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠢ ᠰᠢᠯᠢᠨ ᠰᠣᠩᠭᠣᠭᠰᠠᠨ ᠦᠷ᠎ᠡ ᠳ᠋ᠦᠩ

  

         ᠤᠯᠠᠭ᠋ᠠᠨᠴᠠᠪ ᠬᠣᠲᠠ ᠵᠢᠨ ᠡᠮ ᠡᠮᠨᠡᠯᠭᠡ ᠬᠤᠳᠠᠯᠳᠤᠨ ᠠᠪᠬᠤ ᠲᠥᠪ

        2024 ᠣᠨ᠎ᠤ 10  ᠳ᠋ᠤᠭ᠋ᠠᠷ ᠰᠠᠷ᠎ᠠ ᠵᠢᠨ 15᠎ᠤ ᠡᠳᠦᠷ

 

 

ᠢᠷᠡᠯᠲᠡ᠄ ᠤᠯᠠᠭ᠋ᠠᠨᠴᠠᠪ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠰᠢᠯᠢ ᠵᠢᠨ ᠭᠤᠤᠯ ᠠᠶ᠋ᠢᠮᠠᠭ᠎ᠤᠨ 2024 ᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠮᠡᠵᠦ ᠨᠥᠬᠦᠪᠥᠷᠢᠯᠡᠵᠦ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠨᠡᠢ᠌ᠲᠡᠯᠡᠬᠦ ᠲᠤᠬᠠᠶ ᠰᠢᠯᠢ ᠵᠢᠨ ᠭᠤᠤᠯ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ
ᠦᠬᠠᠶ ᠬᠤᠲᠠ ᠵᠢᠨ 2024 ᠣᠨ᠎ᠤ ᠳᠣᠤᠷ᠎ᠠ ᠬᠠᠭ᠋ᠠᠰ ᠵᠢᠯ᠎ᠤᠨ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠵᠢᠴᠢ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠨᠡᠮᠡᠵᠦ ᠨᠦᠬᠦᠪᠦᠷᠢᠯᠡᠬᠦ ᠲᠤᠬᠠᠶ ᠮᠡᠳᠡᠭᠳᠡᠯ
ᠲᠦᠩᠯᠢᠶᠣᠤ ᠬᠤᠲᠠ ᠵᠢᠨ 2024 ᠣᠨ᠎ᠤ ᠳᠥᠷᠪᠡᠳᠦᠭᠡᠷ ᠤᠯᠠᠷᠢᠯ᠎ᠤᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠦᠭᠰᠡᠨ ᠦᠷ᠎ᠡ ᠳ᠋ᠦᠩ᠎ᠢ ᠨᠡᠢ᠌ᠲᠡᠯᠡᠬᠦ ᠲᠤᠬᠠᠶ ᠮᠡᠳᠡᠭᠳᠡᠯ
2024 ᠣᠨ᠎ᠤ ᠳᠥᠷᠪᠡᠳᠦᠭᠡᠷ ᠤᠯᠠᠷᠢᠯ᠎ᠤᠨ ᠪᠥᠬᠦ ᠬᠤᠲᠠ ᠵᠢᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠰᠢᠨ᠎ᠡ᠎ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠤᠵᠤ ᠬᠢᠨᠠᠨ ᠬᠠᠷᠭᠤᠭᠤᠯᠵᠤ ᠪᠠᠲᠤᠯᠠᠭᠳᠠᠭᠰᠠᠨ ᠦᠷ᠎ᠡ ᠳ᠋ᠦᠩ᠎ᠤᠨ ᠲᠤᠬᠠᠶ ᠬᠥᠬᠡᠬᠤᠲᠠ ᠵᠢᠨ ᠡᠮ ᠡᠮᠨᠡᠯᠭᠡ ᠬᠤᠳᠠᠯᠳᠤᠨ ᠠᠪᠬᠤ ᠲᠥᠪ᠎ᠤᠨ ᠵᠠᠷᠯᠠᠯ
ᠬᠥᠬᠡᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠬᠠᠷᠢᠴᠠᠭ᠎ᠠ ᠵᠢ ᠬᠠᠷᠭᠤᠭᠤᠯᠤᠨ ᠪᠠᠢ᠌ᠴᠠᠭ᠋ᠠᠬᠤ ᠴᠤᠪᠤᠷᠠᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ
 
            