ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠦᠬᠠᠶ ᠬᠤᠲᠠ ᠵᠢᠨ 2024 ᠣᠨ᠎ᠤ ᠳᠣᠤᠷ᠎ᠠ ᠬᠠᠭ᠋ᠠᠰ ᠵᠢᠯ᠎ᠤᠨ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠵᠢᠴᠢ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠨᠡᠮᠡᠵᠦ ᠨᠦᠬᠦᠪᠦᠷᠢᠯᠡᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2024-12-25

ᠡᠯ᠎ᠡ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠵᠢᠴᠢ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ᠄

   ᠦᠬᠠᠶ ᠬᠤᠲᠠ ᠵᠢᠨ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠰᠣᠩᠭᠤᠯᠲᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠡᠮ᠎ᠤᠨ ᠵᠦᠢ᠍ᠯ ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠵᠢᠴᠢ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ  ᠲᠤᠷᠰᠢᠯᠲᠠ ᠵᠢᠨ ᠡᠮ᠎ᠢ ᠴᠠᠭ ᠲᠤᠬᠠᠶ᠎ᠳᠤ᠎ᠨᠢ ᠬᠠᠩᠭ᠋ᠠᠬᠤ ᠵᠢ ᠪᠠᠲᠤᠯᠠᠬᠤ ᠪᠠ  ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠵᠢᠨ ᠲᠤᠰᠠᠳᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠵᠢᠨ ᠠᠵᠢᠯ᠎ᠢ ᠰᠠᠢ᠍ᠲᠤᠷ ᠬᠢᠬᠦ ᠲᠤᠬᠠᠶ ᠮᠡᠳᠡᠭᠳᠡᠯ》 (ᠥᠪᠥᠷ ᠡᠮᠴᠢᠯᠡᠭᠡᠨ᠎ᠤ  ᠪᠠᠳᠤᠯᠠᠭ᠎ᠠ ᠠᠯᠪᠠᠨ ᠲᠠᠷᠬᠠᠭ᠋ᠠᠭᠰᠠᠨ [2019] 41 ᠳ᠋ᠦ᠍ᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠡᠳᠦᠭᠡ ᠮᠠᠨ᠎ᠤ ᠬᠤᠲᠠ ᠵᠢᠨ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ  ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠵᠢᠴᠢ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠢᠯᠡ᠎ᠪᠠᠷ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ  ᠨᠡᠷ᠎ᠡ ᠮᠡᠳᠡᠭᠦᠯᠬᠦ ᠠᠵᠢᠯ᠎ᠢ ᠨᠡᠮᠡᠵᠦ ᠨᠦᠬᠦᠪᠦᠷᠢᠯᠡᠬᠦ ᠵᠢᠨ ᠬᠠᠮᠲᠤ᠂ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠪᠡ᠃

   ᠨᠢᠭᠡ᠂ ᠲᠣᠬᠢᠷᠠᠭᠤᠯᠤᠨ ᠬᠦᠷᠭᠡᠬᠦ ᠠᠷᠭ᠎ᠠ ᠮᠠᠶᠢᠭ

   ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠵᠢᠴᠢ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠤᠷᠪᠠᠯᠵᠢ ᠦᠢ᠍ᠯᠡᠳᠪᠦᠷᠢᠯᠡᠬᠦ ᠠᠵᠤ ᠠᠬᠤᠶ᠋ᠢᠯᠠᠯ᠎ᠨᠢ ᠰᠢᠭᠤᠳ ᠳᠣᠭᠢᠷᠠᠭᠤᠯᠤᠨ ᠬᠦᠷᠭᠡᠵᠦ ᠪᠣᠯᠤᠨ᠎ᠠ᠂ ᠨᠥᠬᠦᠴᠡᠯ᠎ᠳᠤ ᠨᠡᠢ᠍ᠴᠡᠬᠦ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ ᠨᠠᠢ᠌ᠳᠠᠵᠤ  ᠳᠣᠭᠢᠷᠠᠭᠤᠯᠤᠨ ᠬᠦᠷᠭᠡᠵᠦ ᠪᠣᠯᠤᠨ᠎ᠠ᠃

   ᠬᠤᠶᠠᠷ᠂ ᠨᠡᠷ᠎ᠡ ᠮᠡᠳᠡᠭᠦᠯᠬᠦ ᠬᠡᠪᠴᠢᠶ᠎ᠡ

  (ᠨᠢᠭᠡ ) ᠰᠢᠨ᠎ᠡ᠎ᠪᠠᠷ ᠨᠡᠮᠡᠭᠳᠡᠭᠰᠡᠨ ᠠᠵᠤ ᠠᠬᠤᠶ᠋ᠢᠯᠠᠯ᠃ ᠮᠠᠨ᠎ᠤ ᠬᠤᠲᠠ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ  ᠵᠦᠢ᠍ᠯ ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠵᠢᠴᠢ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ  ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ᠎ᠤᠨ ᠰᠦᠯᠵᠢᠶᠡᠨ᠎ᠳᠤ ᠣᠷᠤᠭᠤᠯᠤᠭᠰᠠᠨ  ᠦᠢ᠍ᠯᠡᠳᠬᠦᠨ᠎ᠢ  ᠳᠣᠭᠢᠷᠠᠭᠤᠯᠤᠨ ᠬᠦᠷᠭᠡᠬᠦ ᠵᠢ (ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠤᠨ ᠰᠢᠭᠤᠳ ᠲᠣᠬᠢᠷᠠᠭᠤᠯᠤᠨ ᠬᠦᠷᠭᠡᠬᠦ ᠵᠢ  ᠪᠠᠭᠲᠠᠭ᠋ᠠᠨ᠎ᠠ) ᠥᠷᠨᠢᠭᠦᠯᠬᠦ᠎ᠪᠠᠷ ᠪᠠᠢ᠌ᠭ᠎ᠠ ᠪᠥᠭᠡᠳ  ᠦᠬᠠᠶ ᠬᠤᠲᠠ᠎ᠳᠤ ᠲᠣᠬᠢᠷᠠᠭᠤᠯᠤᠨ ᠬᠦᠷᠭᠡᠬᠦ ᠬᠢᠷᠢ ᠬᠡᠮ ᠥᠬᠡᠶ ᠡᠮ᠎ᠤᠨ ᠵᠦᠢ᠍ᠯ ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠵᠢᠴᠢ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ ᠪᠣᠯᠤᠨ᠎ᠠ᠃

  (  ᠬᠣᠶᠠᠷ ) ᠬᠥᠮᠥᠷᠭᠡ᠎ᠳᠤ ᠪᠠᠢ᠌ᠭ᠎ᠠ ᠠᠵᠤ ᠠᠬᠤᠢ᠌ᠯᠠᠯ ᠃ ᠥᠪᠡᠷᠲᠡᠭᠡᠨ ᠵᠠᠰᠠᠬᠤ ᠣᠷᠣᠨ᠎ᠤ ᠪᠤᠰᠤᠳ ᠠᠢ᠌ᠮᠠᠭ ᠬᠣᠲᠠ ᠵᠢᠨ ᠡᠮ ᠡᠮᠨᠡᠯᠭᠡ  ᠬᠤᠳᠠᠯᠳᠤᠨ ᠠᠪᠬᠤ ᠲᠠᠪᠴᠠᠩ᠎ᠤᠨ ᠲᠠᠩᠰᠠᠨ ᠨᠣᠮᠧᠷ (ᠰᠢᠶᠠᠨ᠎ᠤ ᠱᠠᠲᠤᠨ᠎ᠠᠴᠠ ᠳᠣᠷᠣᠭᠰᠢᠬᠢ ᠵᠢ ᠪᠠᠭᠲᠠᠭ᠋ᠠᠨ᠎ᠠ) ᠎ᠤᠨ ᠦᠢ᠍ᠯᠡᠳᠪᠦᠷᠢᠯᠡᠵᠦ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠢ ᠨᠢᠭᠡᠨᠲᠡ  ᠣᠯᠣᠭ᠋ᠠᠳ ᠂ ᠦᠬᠠᠢ ᠵᠢᠨ ᠲᠣᠬᠢᠷᠠᠭᠤᠯᠤᠨ ᠬᠦᠷᠭᠡᠬᠦ ᠵᠢ ᠨᠡᠪᠲᠡᠷᠡᠭᠦᠯᠬᠦ ᠴᠢᠬᠤᠯᠠᠲᠠᠢ ᠪᠣᠯ ᠨᠡᠪᠲᠡᠷᠡᠭᠦᠯᠦᠨ ᠲᠣᠬᠢᠷᠠᠭᠤᠯᠤᠨ ᠬᠦᠷᠭᠡᠬᠦ ᠡᠷᠬᠡ ᠵᠢᠨ ᠬᠡᠪᠴᠢᠶᠡᠨ᠎ᠤ  ᠭᠤᠶᠤᠴᠢᠯᠠᠯ᠂ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠨᠡᠷ᠎ᠡ ᠮᠡᠳᠡᠭᠦᠯᠬᠦ ᠠᠮᠠᠯᠠᠯᠲᠠ ᠵᠢᠨ ᠪᠢᠴᠢᠭ᠂ ᠪᠠᠷᠠᠭ᠎ᠠ ᠬᠠᠩᠭ᠋ᠠᠬᠤ ᠠᠮᠠᠯᠠᠯᠲᠠ ᠵᠢᠨ ᠪᠢᠴᠢᠭ ᠵᠡᠷᠭᠡ ᠮᠠᠲ᠋ᠧᠷᠢᠶᠠᠯ᠎ᠢ ᠬᠠᠩᠭ᠋ᠠᠵᠤ᠂ ᠬᠢᠨᠠᠨ ᠬᠠᠷᠭᠤᠭᠤᠯᠤᠭᠰᠠᠨ᠎ᠤ ᠳᠠᠷᠠᠭ᠎ᠠ ᠨᠡᠪᠲᠡᠷᠡᠭᠦᠯᠦᠨ ᠲᠣᠬᠢᠷᠠᠭᠤᠯᠤᠨ ᠬᠦᠷᠭᠡᠬᠦ ᠡᠷᠬᠡ ᠵᠢ  ᠣᠯᠭᠣᠨ᠎ᠠ ᠃

   ᠭᠤᠷᠪᠠ᠂ ᠨᠡᠷ᠎ᠡ ᠮᠡᠳᠡᠭᠦᠯᠬᠦ ᠨᠥᠬᠥᠴᠡᠯ

  (  ᠨᠢᠭᠡ )  ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠤᠯᠤᠰ᠎ᠤᠨ ᠳᠣᠲᠣᠭ᠋ᠠᠳᠤ᠎ᠳᠤ ᠳᠠᠩᠰᠠᠯᠠᠭᠤᠯᠤᠭᠰᠠᠨ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠢ ᠪᠦᠷᠢᠯᠳᠦᠭᠦᠯᠦᠭᠰᠡᠨ ᠡᠮ᠎ᠤᠨ ᠵᠦᠢ᠍ᠯ ᠪᠤᠶᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠢ᠌ᠯᠠᠯ  ᠵᠣᠬᠢᠬᠤ ᠬᠢᠷᠢ ᠬᠡᠮ᠎ᠤᠨ ᠦᠨᠡᠮᠯᠡᠯ᠎ᠢ ᠬᠠᠤᠯᠢ ᠶᠣᠰᠣᠭ᠋ᠠᠷ ᠣᠯᠣᠭᠰᠠᠨ ᠪᠠᠢ᠌ᠬᠤ ᠬᠡᠷᠡᠭᠲᠡᠢ ᠃

  (  ᠬᠣᠶᠠᠷ ) ᠰᠠᠢ᠌ᠨ ᠰᠠᠢ᠌ᠬᠠᠨ ᠬᠤᠳᠠᠯᠳᠤᠭ᠋ᠠᠨ᠎ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠬᠤ ᠳᠦᠷᠢᠮ᠎ᠲᠠᠢ᠂ ᠭᠡᠷ᠎ᠡ ᠵᠢ ᠭᠦᠢ᠍ᠴᠡᠳᠬᠡᠬᠦ᠎ᠳᠤ ᠵᠠᠪᠠᠯ ᠱᠠᠭ᠋ᠠᠷᠳᠠᠭᠳᠠᠬᠤ ᠦᠢ᠍ᠯᠡᠳᠬᠦᠨ ᠪᠠ ᠲᠤᠰᠬᠠᠢ ᠮᠡᠷᠭᠡᠵᠢᠯ᠎ᠤᠨ ᠴᠢᠳᠠᠪᠤᠷᠢ᠎ᠲᠠᠢ ᠪᠠᠢ᠌ᠬᠤ ᠬᠡᠷᠡᠭᠲᠡᠢ ᠃ ᠨᠡᠷ᠎ᠡ ᠮᠡᠳᠡᠭᠦᠯᠬᠦ ᠵᠢ ᠨᠡᠮᠡᠵᠦ ᠨᠥᠬᠥᠪᠦᠷᠢᠯᠡᠬᠦ᠎ᠳᠤ ᠣᠷᠣᠯᠴᠠᠬᠤ᠎ᠠᠴᠠ ᠡᠮᠦᠨ᠎ᠡ ᠬᠣᠶᠠᠷ ᠵᠢᠯ᠎ᠤᠨ ᠳᠣᠲᠣᠷ᠎ᠠ ᠦᠢ᠍ᠯᠡᠳᠪᠦᠷᠢᠯᠡᠯ ᠪᠤᠶᠤ ᠡᠵᠡᠩᠨᠡᠯᠲᠡ ᠵᠢᠨ ᠠᠵᠢᠯᠯᠠᠭ᠎ᠠ ᠳᠤᠮᠳᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠠ ᠮᠠᠭᠤ ᠲᠡᠮᠳᠡᠭᠯᠡᠯ ᠦᠭᠡᠢ ᠪᠠᠢ᠌ᠬᠤ ᠬᠡᠷᠡᠭᠲᠡᠢ ᠃

  (ᠭᠤᠷᠪᠠ ) ᠴᠠᠭ ᠲᠤᠬᠠᠢ᠎ᠳᠤ᠎ᠨᠢ ᠪᠠᠷᠠᠭ᠎ᠠ ᠬᠠᠩᠭ᠋ᠠᠬᠤ᠂ ᠪᠣᠷᠣᠯᠠᠭᠤᠯᠤᠭᠰᠠᠨ᠎ᠤ ᠳᠠᠷᠠᠭ᠋ᠠᠬᠢ ᠦᠢ᠍ᠯᠡᠴᠢᠯᠡᠭᠡᠨ ᠪᠠ ᠮᠡᠷᠭᠡᠵᠢᠯ᠎ᠤᠨ ᠳᠡᠮᠵᠢᠯᠭᠡ ᠵᠢᠨ ᠴᠢᠳᠠᠪᠤᠷᠢ᠎ᠲᠠᠢ ᠪᠠᠢ᠌ᠬᠤ ᠬᠡᠷᠡᠭᠲᠡᠢ ᠃ ᠲᠣᠬᠢᠷᠠᠭᠤᠯᠤᠨ ᠬᠦᠷᠭᠡᠬᠦ ᠰᠢᠶᠠᠨ᠎ᠤ ᠱᠠᠲᠤ ᠵᠢᠴᠢ ᠲᠡᠭᠦᠨ᠎ᠠᠴᠠ ᠳᠣᠷᠣᠭᠰᠢᠬᠢ ᠡᠮᠴᠢᠯᠡᠭᠡᠨ᠎ᠤ ᠪᠠᠢ᠌ᠭᠤᠯᠤᠮᠵᠢ ᠵᠢᠨ ᠠᠵᠤ ᠠᠬᠤᠢ᠌ᠯᠠᠯ᠎ᠨᠢ᠂ ᠬᠥᠳᠡᠭᠡ ᠲᠣᠰᠬᠣᠨ᠎ᠤ ᠨᠢᠭᠡ ᠴᠣᠭᠴᠠᠵᠢᠭᠤᠯᠤᠭᠰᠠᠨ ᠲᠣᠬᠢᠷᠠᠭᠤᠯᠤᠨ ᠬᠦᠷᠭᠡᠬᠦ ᠴᠢᠳᠠᠪᠤᠷᠢ ᠵᠢ ᠪᠦᠷᠢᠯᠳᠦᠭᠦᠯᠬᠦ ᠵᠢᠨ ᠬᠠᠮᠲᠤ᠂ ᠲᠣᠬᠢᠷᠠᠭᠤᠯᠤᠨ ᠬᠦᠷᠭᠡᠬᠦ ᠣᠷᠣᠨ ᠪᠦᠰᠡ᠎ᠨᠢ ᠪᠤᠶ ᠪᠦᠬᠦᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢ ᠪᠠᠭᠲᠠᠭ᠋ᠠᠭᠰᠠᠨ ᠪᠠᠢ᠌ᠬᠤ ᠬᠡᠷᠡᠭᠲᠡᠢ ᠃

  (  ᠳᠥᠷᠪᠡ ) ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠬᠠᠤᠯᠢ ᠲᠣᠭᠲᠠᠭ᠋ᠠᠯ ᠶᠣᠰᠣᠭ᠋ᠠᠷ ᠲᠣᠬᠢᠷᠠᠭᠤᠯᠤᠨ ᠬᠦᠷᠭᠡᠬᠦ ᠵᠢ  ᠪᠠᠲᠤᠯᠠᠬᠤ ᠬᠡᠷᠡᠭᠲᠡᠢ ᠃ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠮᠠᠨ᠎ᠤ ᠬᠣᠲᠠ ᠵᠢᠨ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠵᠦ᠂ ᠦᠨᠡᠨᠴᠢ ᠢᠲᠡᠭᠡᠮᠵᠢᠲᠡᠢ᠎ᠪᠠᠷ ᠡᠵᠡᠩᠨᠡᠬᠦ᠂ ᠦᠢ᠍ᠯᠡᠴᠢᠯᠡᠭᠡ ᠵᠢ ᠵᠢᠷᠤᠮᠵᠢᠭᠤᠯᠬᠤ᠂ ᠰᠢᠯᠭ᠋ᠠᠨ ᠬᠢᠨᠠᠵᠤ ᠬᠠᠮᠢᠶᠠᠷᠬᠤ ᠵᠢ ᠬᠦᠯᠢᠶᠡᠨ ᠠᠪᠬᠤ ᠬᠡᠷᠡᠭᠲᠡᠢ ᠃ 

   ᠳᠥᠷᠪᠡ᠂ ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠱᠠᠭ᠋ᠠᠷᠳᠠᠯᠭ᠎ᠠ

  (ᠨᠢᠭᠡ) ᠨᠡᠷ᠎ᠡ ᠮᠡᠳᠡᠭᠦᠯᠬᠦ ᠮᠠᠲ᠋ᠧᠷᠢᠶᠠᠯ᠎ᠳᠤ A4 ᠴᠠᠭ᠋ᠠᠰᠤ ᠵᠢ ᠨᠢᠭᠡᠳᠦᠯᠲᠡᠢ ᠬᠡᠷᠡᠭᠯᠡᠨ᠎ᠡ ᠃

  (ᠬᠣᠶᠠᠷ) ᠨᠡᠷ᠎ᠡ ᠮᠡᠳᠡᠭᠦᠯᠬᠦ  ᠮᠠᠲᠸᠷᠢᠶᠠᠯ᠎ᠨᠢ ᠲᠣᠳᠣᠷᠬᠠᠢ ᠪᠥᠭᠡᠳ ᠪᠦᠷᠢᠨ ᠭᠦᠢ᠍ᠴᠡᠳ ᠪᠠᠢ᠌ᠬᠤ ᠬᠡᠷᠡᠭᠲᠡᠢ᠂ ᠮᠠᠲᠸᠷᠢᠶᠠᠯ ᠎ᠨᠢ ᠲᠣᠳᠣᠷᠬᠠᠢ ᠪᠣᠰᠤ ᠂ ᠪᠤᠷᠤᠭᠤ᠂ ᠪᠦᠷᠢᠨ ᠪᠤᠰᠤ᠎ᠠᠴᠠ ᠪᠣᠯᠵᠤ ᠬᠢᠨᠠᠨ ᠰᠢᠯᠭ᠋ᠠᠬᠤ ᠵᠢᠨ ᠠᠷᠭ᠎ᠠ ᠦᠭᠡᠢ ᠪᠣᠯᠬᠤ  ᠪᠠ ᠠᠵᠤ ᠠᠬᠤᠢ᠌ᠯᠠᠯ᠎ᠤᠨ ᠦᠨᠡᠮᠯᠡᠯ ᠨᠥᠬᠥᠪᠦᠷᠢᠯᠡᠬᠦ ᠮᠠᠲᠸᠷᠢᠶᠠᠯ  ᠬᠠᠩᠭ᠋ᠠᠬᠤ ᠵᠢ ᠬᠦᠯᠢᠶᠡᠨ ᠠᠪᠬᠤ ᠦᠭᠡᠢ᠎ᠠᠴᠠ  ᠪᠣᠯᠣᠭᠰᠠᠨ ᠬᠠᠷᠢᠭᠤᠴᠠᠯᠭ᠎ᠠ ᠵᠢ ᠠᠵᠤ ᠠᠬᠤᠢ᠌ᠯᠠᠯ ᠥᠪᠡᠷᠲᠡᠭᠡᠨ  ᠡᠭᠦᠷᠭᠡᠯᠡᠬᠦ ᠬᠡᠷᠡᠭᠲᠡᠢ ᠃

  (ᠭᠤᠷᠪᠠ) ᠲᠤᠰᠢᠶᠠᠭᠰᠠᠨ ᠪᠤᠢ ᠪᠦᠬᠦᠢ ᠪᠢᠴᠢᠭ ᠮᠠᠲ᠋ᠧᠷᠢᠶᠠᠯ ᠵᠢᠴᠢ ᠢᠷᠡᠭᠦᠯᠦᠭᠰᠡᠨ ᠵᠠᠬᠢᠳᠠᠯ ᠪᠠ ᠴᠠᠬᠢᠯᠭ᠋ᠠᠨ ᠮᠡᠳᠡᠭᠡ ᠵᠢ ᠴᠥᠮ ᠬᠢᠲᠠᠳ ᠦᠰᠦᠭ ᠵᠶ᠋ᠡᠷ ᠪᠢᠴᠢᠬᠦ ᠬᠡᠷᠡᠭᠲᠡᠢ᠂ ᠠᠭᠤᠯᠭ᠎ᠠ ᠵᠢ ᠳᠦᠷᠬᠢᠬᠦ ᠂ ᠵᠦᠯᠭᠦᠬᠦ ᠂ ᠬᠤᠰᠤᠬᠤ ᠂ ᠠᠷᠴᠢᠬᠤ ᠪᠠ ᠳᠠᠷᠤᠵᠤ  ᠪᠣᠯᠬᠤ ᠦᠭᠡᠢ ᠃

  (ᠳᠥᠷᠪᠡ) ᠨᠡᠷ᠎ᠡ ᠮᠡᠳᠡᠭᠦᠯᠬᠦ ᠮᠠᠲ᠋ᠧᠷᠢᠶᠠᠯ᠎ᠢ ᠡᠷᠬᠡᠪᠰᠢ ᠱᠠᠭ᠋ᠠᠷᠳᠠᠯᠭ᠎ᠠ ᠶᠣᠰᠣᠭ᠋ᠠᠷ ᠨᠢᠭᠤᠷ᠎ᠤᠨ ᠨᠣᠮᠧᠷ ᠵᠶ᠋ᠠᠷ ᠨᠠᠢ᠌ᠷᠠᠭᠤᠯᠤᠨ ᠵᠣᠬᠢᠶᠠᠬᠤ ᠬᠡᠷᠡᠭᠲᠡᠢ᠂  ᠦᠳᠡᠬᠦ ᠱᠠᠭ᠋ᠠᠷᠳᠠᠯᠭ᠎ᠠ᠎ᠳᠤ ᠨᠡᠢ᠌ᠴᠡᠬᠦ ᠦᠭᠡᠢ ᠮᠠᠲᠸᠷᠢᠶᠠᠯ᠎ᠢ  ᠭᠥᠯᠢᠶᠡᠨ ᠠᠪᠬᠤ ᠦᠭᠡᠢ ᠂ ᠲᠣᠰ ᠤᠳᠠᠭ᠋ᠠᠨ᠎ᠤ ᠨᠡᠷ᠎ᠡ ᠮᠡᠳᠡᠭᠦᠯᠬᠦ ᠮᠠᠲ᠋ᠧᠷᠢᠶᠠᠯ᠎ᠢ  ᠳᠠᠷᠠᠭ᠋ᠠᠯᠠᠯ ᠶᠤᠰᠤᠭ᠋ᠠᠷ ᠳᠡᠪᠲᠡᠷᠯᠡᠭᠰᠡᠨ᠎ᠤ ᠳᠠᠷᠠᠭ᠎ᠠ  ᠨᠥᠬᠥᠪᠦᠷᠢᠯᠡᠬᠦ ᠮᠠᠲᠸᠷᠢᠶᠠᠯ᠎ᠢ ᠳᠠᠬᠢᠨ ᠬᠦᠯᠢᠶᠡᠨ ᠠᠪᠬᠤ ᠦᠭᠡᠢ ᠃

  (ᠲᠠᠪᠤ) ᠨᠡᠷ᠎ᠡ ᠮᠡᠳᠡᠭᠦᠯᠬᠦ ᠮᠠᠲ᠋ᠧᠷᠢᠶᠠᠯ᠎ᠨᠢ ᠴᠥᠮ ᠨᠢᠭᠤᠷ᠎ᠤᠨ ᠳᠠᠷᠠᠭ᠋ᠠᠯᠠᠯ ᠵᠶ᠋ᠠᠷ  ᠠᠵᠤ ᠠᠬᠤᠢ᠌ᠯᠠᠯ᠎ᠤᠨ ᠠᠯᠪᠠᠨ ᠲᠠᠮᠠᠭ᠎ᠠ (ᠠᠵᠤ ᠠᠬᠤᠢ᠌ᠯᠠᠯ᠎ᠤᠨ ᠪᠤᠰᠤᠳ ᠲᠠᠮᠠᠭ᠎ᠠ ᠵᠢ ᠳᠠᠷᠤᠪᠠᠯ ᠴᠥᠮ ᠬᠦᠴᠦᠨ ᠦᠭᠡᠢ) ᠵᠢ ᠳᠠᠷᠤᠬᠤ ᠵᠢᠨ ᠬᠠᠮᠲᠤ ᠲᠣᠭᠲᠠᠭᠰᠠᠨ ᠬᠤᠭᠤᠴᠠᠭ᠋ᠠᠨ᠎ᠳᠤ  ᠲᠤᠰᠢᠶᠠᠬᠤ ᠬᠡᠷᠡᠭᠲᠡᠢ ᠃

  (ᠵᠢᠷᠭᠤᠭ᠎ᠠ) ᠨᠡᠷ᠎ᠡ ᠮᠡᠳᠡᠭᠦᠯᠬᠦ ᠮᠠᠲ᠋ᠧᠷᠢᠶᠠᠯ᠎ᠢ ᠨᠢᠭᠤᠷᠲᠠᠨ ᠲᠤᠰᠢᠶᠠᠬᠤ᠂ ᠭᠤᠪᠢᠭᠤᠯᠬᠤ ᠪᠤᠶᠤ ᠡᠯᠧᠺᠲᠷᠣᠨ PDF ᠰᠢᠷᠪᠢᠯᠲᠡ ᠵᠢᠨ ᠮᠠᠲ᠋ᠧᠷᠢᠶᠠᠯ᠎ᠤᠨ ᠨᠡᠷ᠎ᠡ ᠮᠡᠳᠡᠭᠦᠯᠬᠦ ᠬᠡᠯᠪᠡᠷᠢ᠎ᠪᠠᠷ ᠲᠤᠰᠢᠶᠠᠵᠤ ᠪᠣᠯᠣᠨ᠎ᠠ᠂ ᠲᠤᠬᠠᠢ ᠵᠢᠨ ᠲᠠᠯᠠᠪᠤᠷ᠎ᠲᠤ ᠲᠤᠰᠢᠶᠠᠬᠤ᠎ᠳᠤ ᠡᠷᠬᠡᠪᠰᠢ ᠠᠵᠤ ᠠᠬᠤᠢ᠌ᠯᠠᠯ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠳᠡᠩᠰᠡᠯᠡᠨ ᠲᠡᠮᠳᠡᠭᠯᠡᠬᠦ ᠬᠡᠷᠡᠭᠲᠡᠢ ; ᠠᠵᠤ ᠠᠬᠤᠢ᠌ᠯᠠᠯ ᠲᠣᠭᠲᠠᠭᠰᠠᠨ ᠴᠠᠭ ᠪᠠ ᠭᠠᠵᠠᠷ᠎ᠲᠤ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠲᠤᠰᠢᠶᠠᠭᠰᠠᠨ ᠦᠭᠡᠢ ᠪᠣᠯ ᠨᠡᠷ᠎ᠡ ᠮᠡᠳᠡᠭᠦᠯᠬᠦ᠎ᠪᠠᠨ ᠪᠣᠯᠢᠭᠰᠠᠨ ᠵᠶ᠋ᠠᠷ ᠦᠵᠡᠨ᠎ᠡ ᠃

   ᠲᠠᠪᠤ᠂ ᠨᠡᠮᠡᠵᠦ ᠨᠥᠬᠥᠪᠦᠷᠢᠯᠡᠬᠦ  ᠳᠠᠷᠠᠭ᠋ᠠᠯᠠᠯ

  (ᠨᠢᠭᠡ) ᠬᠢᠨᠠᠨ ᠬᠠᠷᠭᠤᠭᠤᠯᠬᠤ᠂  ᠨᠡᠢ᠌ᠲᠡᠯᠡᠬᠦ ᠪᠠ ᠳᠠᠩᠰᠠᠯᠠᠭᠤᠯᠬᠤ ᠃

  1. ᠬᠢᠨᠠᠨ ᠬᠠᠷᠭᠤᠭᠤᠯᠬᠤ ᠃ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ  ᠮᠡᠳᠡᠭᠦᠯᠦᠭᠰᠡᠨ ᠪᠦᠬᠦ ᠮᠠᠲ᠋ᠧᠷᠢᠶᠠᠯ᠎ᠢ ᠲᠥᠪᠯᠡᠷᠡᠭᠦᠯᠦᠨ ᠬᠢᠨᠠᠨ ᠬᠠᠷᠭᠤᠭᠤᠯᠤᠨ᠎ᠠ ᠃ ᠬᠢᠨᠠᠨ ᠪᠠᠢ᠌ᠴᠠᠭ᠋ᠠᠭ᠋ᠠᠳ ᠬᠢᠷᠢ ᠲᠡᠩᠴᠡᠭᠰᠡᠨ ᠦᠭᠡᠢ ᠪᠣᠯ ᠪᠤᠴᠠᠭ᠋ᠠᠵᠤ ᠥᠭᠬᠦ ᠵᠢᠨ ᠬᠠᠮᠲᠤ ᠤᠴᠢᠷ ᠰᠢᠯᠲᠠᠭ᠋ᠠᠨ᠎ᠢ᠎ᠨᠢ ᠮᠡᠳᠡᠭᠳᠡᠨ᠎ᠡ ᠃

  2.  ᠨᠡᠢ᠌ᠲᠡᠯᠡᠬᠦ ᠃ ᠬᠣᠲᠠ ᠵᠢᠨ ᠡᠮᠴᠢᠯᠡᠭᠡᠨ᠎ᠤ  ᠪᠠᠲᠤᠯᠠᠭ᠎ᠠ ᠵᠢᠨ ᠲᠣᠪᠴᠢᠶ᠎ᠠ ᠮᠠᠲ᠋ᠧᠷᠢᠶᠠᠯ᠎ᠢ ᠬᠢᠨᠠᠨ ᠬᠠᠷᠭᠤᠭᠤᠯᠵᠤ ᠬᠢᠷᠢ ᠲᠡᠩᠴᠡᠭᠰᠡᠨ ᠠᠵᠤ ᠠᠬᠤᠢ᠌ᠯᠠᠯ᠎ᠤᠨ ᠨᠡᠷᠡᠰ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶ᠎ᠡ᠎ᠳᠤ ᠨᠡᠢ᠌ᠲᠡᠯᠡᠨ᠎ᠡ ᠂  ᠨᠡᠢ᠌ᠲᠡᠯᠡᠬᠦ ᠬᠤᠭᠤᠴᠠᠭ᠎ᠠ᠎ᠨᠢ 5 ᠠᠵᠢᠯᠯᠠᠬᠤ ᠡᠳᠦᠷ ᠪᠣᠯᠣᠨ᠎ᠠ ᠃

  3.  ᠳᠠᠩᠰᠠᠯᠠᠭᠤᠯᠬᠤ᠃  ᠨᠡᠢ᠌ᠲᠡᠯᠡᠬᠦ ᠬᠤᠭᠤᠴᠠᠭ᠎ᠠ ᠲᠤᠯᠤᠭ᠋ᠠᠳ  ᠣᠨᠳᠣᠣ ᠰᠠᠨᠠᠯ ᠦᠭᠡᠢ ᠪᠣᠯ ᠬᠣᠲᠠ ᠵᠢᠨ ᠡᠮᠴᠢᠯᠡᠭᠡᠨ᠎ᠤ  ᠪᠠᠲᠤᠯᠠᠭ᠎ᠠ ᠵᠢᠨ ᠲᠣᠪᠴᠢᠶ᠎ᠠ᠎ᠠᠴᠠ ᠰᠣᠩᠭᠣᠭᠳᠠᠭᠰᠠᠨ ᠠᠵᠤ ᠠᠬᠤᠢ᠌ᠯᠠᠯ᠎ᠤᠨ ᠨᠡᠷᠡᠰ᠎ᠢ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ᠎ᠲᠤ ᠮᠡᠳᠡᠭᠦᠯᠵᠦ ᠳᠠᠩᠰᠠᠯᠠᠭᠤᠯᠤᠨ᠎ᠠ ᠃

  (ᠬᠣᠶᠠᠷ) ᠬᠢᠷᠢ ᠴᠢᠳᠠᠮᠵᠢ ᠵᠢ ᠬᠠᠮᠠᠭ᠋ᠠᠯᠠᠬᠤ

   ᠰᠦᠯᠵᠢᠶᠡᠨ ᠳᠡᠭᠡᠷ᠎ᠡ  ᠵᠠᠷᠯᠠᠯ᠎ᠢ ᠨᠡᠢ᠌ᠲᠡᠯᠡᠭᠰᠡᠨ᠎ᠤ ᠳᠠᠷᠠᠭ᠎ᠠ᠂ ᠪᠠᠲᠤᠯᠠᠭᠳᠠᠭᠰᠠᠨ ᠠᠵᠤ ᠠᠬᠤᠢ᠌ᠯᠠᠯ᠎ᠤᠨ ᠡᠷᠬᠡ ᠣᠯᠣᠭᠰᠠᠨ ᠬᠥᠮᠥᠨ᠎ᠨᠢ ᠥᠪᠡᠷᠲᠡᠭᠡᠨ  ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠲᠠᠪᠴᠠᠩ᠎ᠤᠨ ᠲᠠᠩᠰᠠᠨ ᠡᠷᠦᠬᠡ ᠵᠢᠨ ᠮᠡᠳᠡᠭᠡ ᠵᠠᠩᠭᠢ᠂ ᠲᠠᠪᠴᠠᠩ᠎ᠤᠨ ᠰᠦᠯᠵᠢᠶᠡᠨ ᠬᠠᠶᠢᠭ᠄ ( https://www.nmgybggfw.org.cn/hallEnter/#/Index  ) ᠎ᠲᠤ ᠳᠠᠩᠰᠠᠯᠠᠭᠤᠯᠬᠤ ᠵᠢᠨ ᠬᠠᠮᠲᠤ ᠰᠦᠯᠵᠢᠶᠡᠨ ᠳᠡᠭᠡᠷᠡᠬᠢ ᠠᠵᠤ ᠠᠬᠤᠢ᠌ᠯᠠᠯ᠎ᠤᠨ ᠬᠢᠷᠢ ᠬᠡᠮ᠎ᠤᠨ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠬᠠᠮᠠᠭ᠋ᠠᠯᠠᠵᠤ᠂ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ᠎ᠲᠤ ᠬᠢᠨᠠᠨ ᠪᠠᠢ᠌ᠴᠠᠭ᠋ᠠᠯᠭ᠋ᠠᠬᠤ᠎ᠪᠠᠷ ᠲᠤᠰᠢᠶᠠᠨ᠎ᠠ ᠃

  (ᠭᠤᠷᠪᠠ) ᠲᠣᠬᠢᠷᠠᠭᠤᠯᠤᠨ ᠬᠦᠷᠭᠡᠬᠦ ᠣᠷᠣᠨ ᠪᠦᠰᠡ ᠵᠢ ᠨᠡᠪᠲᠡᠷᠡᠭᠦᠯᠬᠦ

   ᠰᠦᠯᠵᠢᠶᠡᠨ ᠳᠡᠭᠡᠷᠡᠬᠢ ᠠᠵᠤ ᠠᠬᠤᠢ᠌ᠯᠠᠯ᠎ᠤᠨ ᠬᠢᠷᠢ ᠬᠡᠮ᠎ᠤᠨ ᠮᠡᠳᠡᠭᠡ ᠵᠠᠩᠭᠢ ᠵᠢᠨ ᠬᠢᠨᠠᠨ ᠰᠢᠯᠭ᠋ᠠᠯᠲᠠ ᠵᠢ ᠥᠩᠭᠡᠷᠡᠭᠦᠯᠦᠭᠰᠡᠨ᠎ᠤ ᠳᠠᠷᠠᠭ᠎ᠠ᠂ ᠬᠣᠲᠠ ᠵᠢᠨ  ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠣᠬᠢᠴᠠᠩᠭᠤᠢ ᠲᠣᠬᠢᠷᠠᠭᠤᠯᠤᠨ ᠬᠦᠷᠭᠡᠬᠦ ᠣᠷᠣᠨ ᠪᠦᠰᠡ ᠵᠢ ᠨᠡᠪᠲᠡᠷᠡᠭᠦᠯᠬᠦ ᠵᠢ  ᠬᠠᠷᠢᠭᠤᠴᠠᠨ᠎ᠠ ᠃

   ᠮᠠᠨ᠎ᠤ ᠬᠣᠲᠠ ᠵᠢᠨ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠵᠢᠴᠢ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ  ᠢᠯᠡ᠎ᠪᠠᠷ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ ᠡᠷᠬᠡᠪᠰᠢ 《ᠦᠬᠠᠢ ᠬᠣᠲᠠ ᠵᠢᠨ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠵᠢᠴᠢ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ  ᠢᠯᠡ᠎ᠪᠠᠷ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠨᠡᠷ᠎ᠡ ᠮᠡᠳᠡᠭᠦᠯᠬᠦ ᠮᠠᠲ᠋ᠧᠷᠢᠶᠠᠯ》 (ᠳᠠᠭ᠋ᠠᠯᠳᠤᠭᠤᠯᠤᠯ᠎ᠳᠤ  ᠦᠵᠡ) ᠪᠠ ᠲᠣᠰ ᠮᠡᠳᠡᠭᠳᠡᠯ᠎ᠤᠨ ᠱᠠᠭ᠋ᠠᠷᠳᠠᠯᠭ᠎ᠠ ᠶᠣᠰᠣᠭ᠋ᠠᠷ᠂ ᠬᠢᠷᠢ ᠴᠢᠳᠠᠮᠵᠢ ᠵᠢᠨ ᠮᠠᠲ᠋ᠧᠷᠢᠶᠠᠯ᠎ᠢ ᠨᠠᠢ᠌ᠷᠠᠭᠤᠯᠤᠨ ᠵᠣᠬᠢᠶᠠᠵᠤ᠂ ᠳᠡᠪᠲᠡᠷᠯᠡᠬᠦ ᠪᠠ ᠮᠡᠳᠡᠭᠦᠯᠦᠨ ᠬᠦᠷᠭᠡᠬᠦ ᠬᠡᠷᠡᠭᠲᠡᠢ ᠃

   ᠵᠢᠷᠭᠤᠭ᠎ᠠ᠂ ᠨᠡᠷ᠎ᠡ ᠮᠡᠳᠡᠭᠦᠯᠬᠦ ᠮᠠᠲ᠋ᠧᠷᠢᠶᠠᠯ᠎ᠤᠨ  ᠮᠡᠳᠡᠭᠦᠯᠦᠨ ᠬᠦᠷᠭᠡᠬᠦ ᠴᠠᠭ ᠪᠠ ᠭᠠᠵᠠᠷ

   ᠨᠡᠷ᠎ᠡ ᠮᠡᠳᠡᠭᠦᠯᠬᠦ ᠴᠠᠭ᠄ 2024 ᠣᠨ᠎ᠤ 11  ᠳ᠋ᠦ᠍ᠭᠡᠷ ᠰᠠᠷ᠎ᠠ ᠵᠢᠨ 13 ᠎ᠤ ᠡᠳᠦᠷ᠎ᠠᠴᠠ 18 ᠎ᠤ ᠡᠳᠦᠷ (ᠦᠳᠡ ᠵᠢᠨ ᠡᠮᠦᠨ᠎ᠡ 9᠄ 00 — 12᠄ 00᠂ ᠦᠳᠡ ᠵᠢᠨ ᠬᠣᠢ᠌ᠨ᠎ᠠ 15᠄ 00 — 18᠄ 00) ᠪᠣᠯᠲᠠᠯ᠎ᠠ ᠂  ᠬᠤᠭᠤᠴᠠᠭ᠎ᠠ ᠬᠡᠲᠦᠷᠡᠪᠡᠯ ᠭᠥᠯᠢᠶᠡᠨ ᠠᠪᠴᠤ ᠰᠢᠢ᠍ᠳᠪᠦᠷᠢᠯᠡᠬᠦ ᠦᠭᠡᠢ ᠃

   ᠭᠠᠵᠠᠷ᠄ ᠦᠬᠠᠢ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ  ᠲᠣᠪᠴᠢᠶᠠᠨ᠎ᠤ  ᠡᠮ᠎ᠤᠨ ᠵᠦᠢ᠍ᠯ᠎ᠤᠨ ᠬᠣᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠲᠥᠪ᠎ᠤᠨ 416 ᠲᠠᠰᠤᠭ

   ᠬᠠᠷᠢᠯᠴᠠᠬᠤ ᠬᠥᠮᠥᠨ᠄ ᠵᠠᠩ  ᠰᠢᠶᠦ᠋ᠩ

   ᠬᠠᠷᠢᠯᠴᠠᠬᠤ ᠤᠲᠠᠰᠤ᠄ 0473 - 3156036

   ᠢᠮᠧᠯ᠄ whybyczx@163.com

   ᠭᠤᠪᠢᠭᠤᠯᠭ᠎ᠠ ᠵᠢᠨ  ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠬᠠᠢ ᠬᠣᠲᠠ ᠵᠢᠨ ᠬᠠᠢ᠌ᠷᠤᠪ᠎ᠤᠨ ᠲᠣᠬᠣᠢ ᠲᠣᠭᠣᠷᠢᠭ᠎ᠤᠨ ᠦᠬᠠᠢ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠮᠣ ᠠᠰᠠᠷ 416 (ᠭᠡᠷ )

   ᠳᠣᠯᠣᠭ᠎ᠠ᠂ ᠠᠩᠬᠠᠷᠬᠤ ᠵᠦᠢ᠍ᠯ

   ᠨᠡᠷ᠎ᠡ ᠮᠡᠳᠡᠭᠦᠯᠦᠭᠰᠡᠨ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠨᠢ  ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠬᠠᠪᠢᠰᠤᠨ ᠳᠡᠭᠡᠷ᠎ᠡ ᠲᠣᠬᠢᠷᠠᠭᠤᠯᠤᠨ ᠬᠦᠷᠭᠡᠬᠦ ᠭᠡᠵᠦ ᠪᠠᠢ᠌ᠭ᠎ᠠ ᠡᠮᠴᠢᠯᠡᠭᠡᠨ᠎ᠤ ᠬᠣᠷᠣᠭᠳᠠᠯ ᠮᠠᠲ᠋ᠧᠷᠢᠶᠠᠯ ᠪᠠ ᠡᠮ᠎ᠤᠨ ᠵᠦᠢ᠍ᠯ᠎ᠤᠨ ᠭᠠᠷᠴᠠᠭ᠎ᠢ ᠲᠥᠷᠥᠯ ᠬᠤᠪᠢᠶᠠᠬᠤ᠎ᠳᠤ᠎ᠪᠠᠨ ᠲᠠᠩ ᠵᠶ᠋ᠠᠷ ᠰᠣᠩᠭᠣᠬᠤ ᠪᠤᠶᠤ ᠣᠯᠠᠨ ᠵᠶ᠋ᠠᠷ ᠰᠣᠩᠭᠣᠵᠤ ᠪᠣᠯᠣᠨ᠎ᠠ᠂ ᠭᠡᠪᠡᠴᠦ ᠡᠷᠬᠡᠪᠰᠢ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠤᠨ ᠡᠵᠡᠩᠨᠡᠯᠲᠡ ᠵᠢᠨ ᠬᠡᠪᠴᠢᠶ᠎ᠡ ᠵᠢ ᠴᠢᠩᠭ᠎ᠠ ᠵᠢᠷᠤᠮᠯᠠᠨ ᠲᠣᠬᠢᠷᠠᠭᠤᠯᠤᠨ ᠬᠦᠷᠭᠡᠬᠦ ᠭᠡᠵᠦ ᠪᠠᠢ᠌ᠭ᠎ᠠ ᠡᠮᠴᠢᠯᠡᠭᠡᠨ᠎ᠤ ᠬᠣᠷᠣᠭᠳᠠᠯ ᠮᠠᠲ᠋ᠧᠷᠢᠶᠠᠯ᠎ᠤᠨ ᠭᠠᠷᠴᠠᠭ ᠨᠡᠮᠡᠵᠦ ᠲᠥᠷᠥᠯ ᠬᠤᠪᠢᠶᠠᠬᠤ ᠵᠢ ᠪᠣᠯᠭᠣᠮᠵᠢᠲᠠᠢ ᠰᠣᠩᠭᠣᠬᠤ ᠵᠢᠨ ᠬᠠᠮᠲᠤ ᠪᠠᠯᠠᠯᠤᠨ ᠥᠭᠡᠷᠡᠴᠢᠯᠡᠵᠦ ᠪᠣᠯᠬᠤ ᠦᠭᠡᠢ᠂ ᠵᠢᠱ᠌ᠢᠶᠡᠯᠡᠪᠡᠯ ᠰᠣᠩᠭᠣᠭᠰᠠᠨ ᠡᠮᠴᠢᠯᠡᠭᠡᠨ᠎ᠤ ᠬᠣᠷᠣᠭᠳᠠᠯ ᠮᠠᠲ᠋ᠧᠷᠢᠶᠠᠯ᠎ᠤᠨ ᠭᠠᠷᠴᠠᠭ᠎ᠤᠨ ᠲᠥᠷᠥᠯ ᠢᠯᠭ᠋ᠠᠯ᠎ᠢ ᠬᠢᠨᠠᠨ ᠬᠠᠷᠭᠤᠭᠤᠯᠬᠤ᠎ᠪᠠᠷ ᠳᠡᠮᠵᠢᠨ ᠲᠣᠰ ᠠᠵᠤ ᠠᠬᠤᠢ᠌ᠯᠠᠯ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ ᠵᠢᠴᠢ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠡᠵᠡᠩᠨᠡᠯᠲᠡ ᠵᠢᠨ ᠳᠠᠩᠰᠠᠯᠠᠭᠤᠯᠤᠭᠰᠠᠨ ᠭᠡᠷᠡᠴᠢ ᠪᠠᠷᠢᠮᠲᠠ ᠵᠢᠨ ᠡᠵᠡᠩᠨᠡᠯᠲᠡ ᠵᠢᠨ ᠬᠡᠪᠴᠢᠶ᠎ᠡ᠎ᠠᠴᠠ ᠳᠠᠪᠠᠪᠠᠯ᠂ ᠲᠣᠰ ᠤᠳᠠᠭ᠋ᠠᠨ᠎ᠤ ᠨᠡᠷ᠎ᠡ ᠮᠡᠳᠡᠭᠦᠯᠬᠦ ᠮᠠᠲ᠋ᠧᠷᠢᠶᠠᠯ᠎ᠨᠢ ᠬᠦᠴᠦᠨ ᠦᠭᠡᠢ ᠪᠣᠯᠵᠤ᠂ ᠠᠵᠤ ᠠᠬᠤᠢ᠌ᠯᠠᠯ᠎ᠠᠴᠠ ᠥᠪᠡᠰᠦᠪᠡᠨ ᠬᠠᠷᠢᠭᠤᠴᠠᠯᠭ᠎ᠠ ᠡᠭᠦᠷᠭᠡᠯᠡᠨ᠎ᠡ ᠃

   ᠳᠠᠭ᠋ᠠᠯᠳᠤᠭᠤᠯᠤᠯ᠄  ᠦᠬᠠᠢ ᠬᠣᠲᠠ ᠵᠢᠨ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠵᠢᠴᠢ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠢᠯᠡ᠎ᠪᠠᠷ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠨᠡᠷ᠎ᠡ ᠮᠡᠳᠡᠭᠦᠯᠬᠦ ᠮᠠᠲ᠋ᠧᠷᠢᠶᠠᠯ

  

ᠦᠬᠠᠢ ᠬᠣᠲᠠ ᠵᠢᠨ  ᠡᠮᠴᠢᠯᠡᠭᠡᠨ᠎ᠤ  ᠪᠠᠲᠤᠯᠠᠭ᠎ᠠ ᠵᠢᠨ ᠡᠮ᠎ᠤᠨ ᠵᠦᠢ᠍ᠯ᠎ᠤᠨ ᠬᠣᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠲᠥᠪ

2024 ᠣᠨ᠎ᠤ 11  ᠳ᠋ᠦ᠍ᠭᠡᠷ ᠰᠠᠷ᠎ᠠ ᠵᠢᠨ 12 ᠎ᠤᠨ ᠡᠳᠦᠷ

   ᠳᠠᠭ᠋ᠠᠯᠳᠤᠭᠤᠯᠤᠯ᠄

   ᠳᠠᠭ᠋ᠠᠯᠳᠤᠭᠤᠯᠤᠯ (2024 ᠣᠨ᠎ᠤ ᠳᠣᠣᠷ᠎ᠠ ᠬᠠᠭ᠋ᠠᠰ ᠵᠢᠯ ) ᠦᠬᠠᠢ ᠬᠣᠲᠠ ᠵᠢᠨ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠵᠢᠴᠢ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠢᠯᠡ᠎ᠪᠠᠷ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠨᠡᠷ᠎ᠡ ᠮᠡᠳᠡᠭᠦᠯᠬᠦ ᠮᠠᠲ᠋ᠧᠷᠢᠶᠠᠯ.docx

 

 

ᠢᠷᠡᠯᠲᠡ᠄ ᠦᠬᠠᠶ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠡᠮ᠎ᠤᠨ ᠵᠦᠢ᠍ᠯ᠎ᠤᠨ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠲᠥᠪ
          
ᠬᠠᠮᠢᠶ᠎ᠡ ᠪᠦᠬᠦᠢ ᠰᠣᠨᠢᠨ
ᠲᠦᠩᠯᠢᠶᠣᠤ ᠬᠤᠲᠠ ᠵᠢᠨ 2024 ᠣᠨ᠎ᠤ ᠳᠥᠷᠪᠡᠳᠦᠭᠡᠷ ᠤᠯᠠᠷᠢᠯ᠎ᠤᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠦᠭᠰᠡᠨ ᠦᠷ᠎ᠡ ᠳ᠋ᠦᠩ᠎ᠢ ᠨᠡᠢ᠌ᠲᠡᠯᠡᠬᠦ ᠲᠤᠬᠠᠶ ᠮᠡᠳᠡᠭᠳᠡᠯ
2024 ᠣᠨ᠎ᠤ ᠳᠥᠷᠪᠡᠳᠦᠭᠡᠷ ᠤᠯᠠᠷᠢᠯ᠎ᠤᠨ ᠪᠥᠬᠦ ᠬᠤᠲᠠ ᠵᠢᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠰᠢᠨ᠎ᠡ᠎ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠤᠵᠤ ᠬᠢᠨᠠᠨ ᠬᠠᠷᠭᠤᠭᠤᠯᠵᠤ ᠪᠠᠲᠤᠯᠠᠭᠳᠠᠭᠰᠠᠨ ᠦᠷ᠎ᠡ ᠳ᠋ᠦᠩ᠎ᠤᠨ ᠲᠤᠬᠠᠶ ᠬᠥᠬᠡᠬᠤᠲᠠ ᠵᠢᠨ ᠡᠮ ᠡᠮᠨᠡᠯᠭᠡ ᠬᠤᠳᠠᠯᠳᠤᠨ ᠠᠪᠬᠤ ᠲᠥᠪ᠎ᠤᠨ ᠵᠠᠷᠯᠠᠯ
ᠬᠥᠬᠡᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠬᠠᠷᠢᠴᠠᠭ᠎ᠠ ᠵᠢ ᠬᠠᠷᠭᠤᠭᠤᠯᠤᠨ ᠪᠠᠢ᠌ᠴᠠᠭ᠋ᠠᠬᠤ ᠴᠤᠪᠤᠷᠠᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ
2025 ᠣᠨ (ᠳᠡᠭᠡᠷ᠎ᠡ ᠬᠠᠭ᠋ᠠᠰ ᠵᠢᠯ)᠎ᠤ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠬᠢᠩᠭ᠋ᠠᠨ ᠠᠶ᠋ᠢᠮᠠᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ᠎ᠤᠨ ᠮᠡᠳᠡᠭᠳᠡᠯ
2025 ᠣᠨ᠎ᠤ ᠨᠢᠭᠡᠳᠦᠭᠡᠷ ᠤᠯᠠᠷᠢᠯ᠎ᠤᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠤᠬᠤ ᠠᠵᠢᠯ᠎ᠢ ᠥᠷᠨᠢᠭᠦᠯᠬᠦ ᠲᠤᠬᠠᠶ ᠠᠯᠠᠱ᠌ᠠ ᠠᠶ᠋ᠢᠮᠠᠭ᠎ᠤᠨ ᠮᠡᠳᠡᠭᠳᠡᠯ
 
            