ᠡᠯ᠎ᠡ ᠬᠣᠯᠪᠣᠭᠳᠠᠯ ᠪᠥᠬᠦᠶ ᠠᠵᠤ ᠠᠬᠤᠶ᠋ᠢᠯᠠᠯ᠄
《ᠤᠯᠠᠭ᠋ᠠᠨᠴᠠᠪ ᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠵᠦ ᠰᠢᠯᠢᠨ ᠰᠣᠩᠭᠤᠬᠤ ᠠᠵᠢᠯ᠎ᠢ ᠤᠯᠠᠷᠢᠯ ᠵᠶ᠋ᠠᠷ ᠪᠠᠢ᠍ᠩᠭᠤᠵᠢᠭᠤᠯᠤᠨ ᠥᠷᠨᠢᠭᠦᠯᠬᠦ ᠲᠤᠬᠠᠶ ᠮᠡᠳᠡᠭᠳᠡᠯ》 (ᠤᠯᠠᠭ᠋ᠠᠨᠴᠠᠪ ᠡᠮᠴᠢᠯᠡᠭᠡ ᠪᠠᠲᠤᠯᠠᠭ᠎ᠠ ᠡᠮ ᠬᠤᠳᠠᠯᠳᠤᠨ ᠠᠪᠬᠤ ᠥᠰᠥᠭ [2022] 2 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ 2024 ᠣᠨ᠎ᠤ ᠬᠣᠶᠠᠳᠤᠭ᠋ᠠᠷ ᠤᠯᠠᠷᠢᠯ᠎ᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠣᠭᠰᠠᠨ ᠦᠷ᠎ᠡ ᠳ᠋ᠦᠩ᠎ᠢ ᠢᠯᠡ ᠨᠡᠢ᠍ᠲᠡᠯᠡᠬᠦ ᠵᠢᠨ ᠬᠠᠮᠲᠤ ᠬᠣᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠢᠯᠡ ᠨᠡᠶ᠋ᠢᠲᠡᠯᠡᠬᠦ ᠠᠭᠤᠯᠭ᠎ᠠ
2024 ᠣᠨ᠎ᠤ ᠬᠣᠶᠠᠳᠤᠭ᠋ᠠᠷ ᠤᠯᠠᠷᠢᠯ᠎ᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠤᠭᠰᠠᠨ ᠦᠷ᠎ᠡ ᠳ᠋ᠦᠩ
ᠬᠤᠶᠠᠷ᠂ ᠢᠯᠡ ᠨᠡᠶ᠋ᠢᠲᠡᠯᠡᠬᠦ ᠴᠠᠭ ᠬᠤᠭᠤᠴᠠᠭ᠎ᠠ
2024 ᠣᠨ᠎ᠤ 7 ᠳ᠋ᠤᠭ᠋ᠠᠷ ᠰᠠᠷ᠎ᠠ ᠵᠢᠨ 9᠎ᠤ ᠡᠳᠦᠷ – 7 ᠳ᠋ᠤᠭ᠋ᠠᠷ ᠰᠠᠷ᠎ᠠ ᠵᠢᠨ 15᠎ᠤ ᠡᠳᠦᠷ
ᠭᠤᠷᠪᠠ᠂ ᠪᠤᠰᠤᠳ ᠱᠠᠭ᠋ᠠᠷᠳᠠᠯᠭ᠎ᠠ
(ᠨᠢᠭᠡ) ᠡᠯ᠎ᠡ ᠠᠵᠤ ᠠᠬᠤᠶ᠋ᠢᠯᠠᠯ᠎ᠨᠢ ᠢᠯᠡ ᠨᠡᠶ᠋ᠢᠲᠡᠯᠡᠭᠰᠡᠨ ᠠᠭᠤᠯᠭ᠎ᠠ᠎ᠳᠤ ᠣᠨᠳᠣᠤ ᠰᠠᠨᠠᠯ᠎ᠲᠠᠢ ᠪᠠᠶ᠋ᠢᠪᠠᠯ᠂ 《ᠬᠡᠨ ᠵᠣᠷᠢᠭᠰᠠᠨ ᠪᠣᠯ ᠬᠡᠨ ᠭᠡᠷᠡᠴᠢ ᠭᠠᠷᠭ᠋ᠠᠬᠤ》 ᠵᠠᠷᠴᠢᠮ ᠶᠣᠰᠣᠭ᠋ᠠᠷ᠂ ᠢᠯᠡ ᠨᠡᠶ᠋ᠢᠲᠡᠯᠡᠬᠦ ᠬᠤᠭᠤᠴᠠᠭ᠋ᠠᠨ᠎ᠳᠤ ᠦᠨᠡᠨ ᠪᠣᠳᠠᠲᠠᠶ᠂ ᠬᠦᠴᠦᠨ᠎ᠲᠠᠢ᠂ ᠪᠦᠷᠢᠨ ᠭᠦᠢ᠍ᠴᠡᠳ ᠭᠡᠷᠡᠴᠢ ᠮᠠᠲ᠋ᠧᠷᠢᠶᠠᠯ ᠬᠠᠩᠭ᠋ᠠᠵᠤ᠂ ᠬᠤᠭᠤᠴᠠᠭ᠎ᠠ ᠵᠢ ᠥᠩᠭᠡᠷᠡᠭᠡᠭᠰᠡᠨ᠎ᠤ ᠳᠠᠷᠠᠭ᠎ᠠ ᠳᠠᠭᠢᠵᠤ ᠭᠥᠯᠢᠶᠡᠨ ᠠᠪᠴᠤ ᠰᠢᠢ᠍ᠳᠪᠦᠷᠢᠯᠡᠬᠦ ᠥᠬᠡᠶ᠃
(ᠬᠤᠶᠠᠷ) ᠢᠯᠡ ᠨᠡᠶ᠋ᠢᠲᠡᠯᠡᠬᠦ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠰᠢᠯᠢᠨ ᠰᠣᠩᠭᠤᠬᠤ᠎ᠪᠠᠷ ᠳᠡᠮᠵᠢᠨ ᠬᠣᠯᠪᠣᠭᠳᠠᠯ ᠪᠥᠬᠦᠶ ᠠᠵᠤ ᠠᠬᠤᠶ᠋ᠢᠯᠠᠯ᠎ᠨᠢ ᠳᠦᠷᠢ ᠵᠢᠨ ᠭᠡᠷᠡᠴᠢᠯᠡᠯ ᠭᠤᠶᠤᠴᠢᠯᠠᠬᠤ᠎ᠠᠴᠠ ᠡᠮᠦᠨ᠎ᠡ᠂ ᠡᠷᠬᠡᠪᠰᠢ ᠥᠪᠥᠷ ᠮᠣᠩᠭᠤᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠲᠠᠩᠰᠠᠨ ᠨᠣᠮᠧᠷ᠎ᠢ ᠳᠠᠩᠰᠠᠯᠠᠵᠤ ᠣᠯᠬᠤ ᠵᠢᠨ ᠬᠠᠮᠲᠤ ᠲᠣᠬᠢᠲᠠᠶ ᠬᠠᠳᠠᠭ᠋ᠠᠯᠠᠬᠤ ᠬᠡᠷᠡᠭᠲᠡᠶ᠂ ᠳᠦᠷᠢ ᠵᠢᠨ ᠭᠡᠷᠡᠴᠢᠯᠡᠯ ᠬᠢᠬᠦ ᠦᠶ᠎ᠡ᠎ᠳᠤ ᠨᠢᠭᠡᠴᠢ ᠵᠢᠨ ᠳᠦᠷᠢ ᠵᠢ ᠳᠣᠭᠢᠷᠠᠭᠤᠯᠤᠨ ᠬᠦᠷᠭᠡᠬᠦ ᠠᠵᠤ ᠠᠬᠤᠢ᠌ᠯᠠᠯ ᠵᠶ᠋ᠠᠷ ᠰᠣᠩᠭᠣᠬᠤ ᠵᠢ ᠠᠩᠬᠠᠷᠴᠤ᠂ ᠭᠡᠷᠡᠴᠢᠯᠡᠯ ᠬᠢᠭᠡᠳ ᠠᠮᠵᠢᠯᠲᠠ ᠣᠯᠤᠭᠰᠠᠨ᠎ᠤ ᠳᠠᠷᠠᠭ᠎ᠠ ᠰᠠᠨᠠᠭᠤᠯᠤᠮᠵᠢ ᠵᠢᠨ ᠱᠠᠭ᠋ᠠᠷᠳᠠᠯᠭ᠎ᠠ ᠶᠣᠰᠣᠭ᠋ᠠᠷ ᠬᠣᠯᠪᠣᠭᠳᠠᠯ ᠪᠥᠬᠦᠶ ᠠᠵᠢᠯᠯᠠᠭ᠎ᠠ ᠵᠢ ᠪᠡᠶᠡᠯᠡᠭᠦᠯᠵᠦ᠂ ᠬᠢᠨᠠᠨ ᠬᠠᠷᠭᠤᠭᠤᠯᠵᠤ ᠪᠠᠲᠤᠯᠠᠭᠳᠠᠭᠰᠠᠨ᠎ᠤ ᠳᠠᠷᠠᠭ᠎ᠠ᠂ ᠮᠠᠨ᠎ᠤ ᠭᠠᠵᠠᠷ᠎ᠲᠤ ᠤᠲᠠᠰᠤᠳᠠᠵᠤ ᠳᠣᠭᠢᠷᠠᠭᠤᠯᠤᠨ ᠬᠦᠷᠭᠡᠬᠦ ᠵᠢ ᠨᠡᠪᠲᠡᠷᠡᠭᠦᠯᠬᠦ ᠵᠢ ᠭᠤᠶᠤᠴᠢᠯᠠᠵᠤ ᠪᠣᠯᠤᠨ᠎ᠠ᠃
(ᠭᠤᠷᠪᠠ) ᠳᠠᠩᠰᠠᠯᠠᠯ ᠭᠡᠷᠡᠴᠢᠯᠡᠯ ᠬᠢᠨᠠᠨ ᠬᠠᠷᠭᠤᠭᠤᠯᠬᠤ ᠵᠢ ᠪᠡᠶᠡᠯᠡᠭᠦᠯᠬᠦ ᠵᠢᠨ ᠬᠠᠮᠲᠤ ᠨᠡᠪᠲᠡᠷᠡᠭᠦᠯᠬᠦ᠎ᠪᠠᠷ ᠭᠤᠶᠤᠴᠢᠯᠠᠭᠰᠠᠨ ᠬᠣᠯᠪᠣᠭᠳᠠᠯ ᠪᠦᠬᠦᠢ ᠠᠵᠤ ᠠᠬᠤᠶ᠋ᠢᠯᠠᠯ ᠡᠷᠬᠡᠪᠰᠢ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠯᠤᠭ᠎ᠠ ᠳᠠᠭ᠋ᠠᠭ᠋ᠠᠴᠢᠯᠠᠯᠲᠠ ᠵᠠᠷᠯᠠᠨ ᠬᠤᠳᠠᠯᠳᠤᠨ ᠠᠪᠬᠤ ᠰᠢᠰᠲ᠋ᠧᠮ᠎ᠳᠤ ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠶ᠋ᠢᠭᠤᠯᠵᠤ᠂ ᠭᠠᠵᠠᠷ ᠣᠷᠣᠨ᠎ᠨᠢ ᠤᠯᠠᠭ᠋ᠠᠨᠴᠠᠪ ᠬᠤᠲᠠ ᠵᠢ ᠰᠣᠩᠭᠣᠵᠤ᠂ ᠬᠦᠷᠭᠡᠬᠦ ᠬᠠᠷᠢᠴᠠᠭ᠎ᠠ ᠵᠢᠨ ᠪᠠᠶ᠋ᠢᠳᠠᠯ᠎ᠢ ᠠᠶ᠋ᠢᠮᠠᠭ ᠬᠤᠲᠠ ᠵᠢᠨ ᠪᠠᠶ᠋ᠢᠭᠤᠯᠤᠮᠵᠢ᠎ᠪᠠᠷ ᠨᠤᠲᠠᠯᠠᠭᠤᠯᠤᠭᠰᠠᠨ᠎ᠤ ᠳᠠᠷᠠᠭ᠎ᠠ᠂ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ 3 ᠠᠵᠢᠯᠯᠠᠬᠤ ᠡᠳᠦᠷ᠎ᠤᠨ ᠳᠣᠲᠣᠷ᠎ᠠ ᠨᠤᠲᠠᠯᠠᠨ ᠲᠣᠭᠲᠠᠭ᠋ᠠᠬᠤ ᠠᠵᠢᠯᠯᠠᠭ᠎ᠠ ᠵᠢ ᠪᠡᠶᠡᠯᠡᠭᠦᠯᠵᠦ᠂ ᠲᠤᠬᠠᠶ ᠵᠢᠨ ᠲᠠᠯᠠᠪᠤᠷ᠎ᠲᠤ ᠪᠢᠴᠢᠭ᠎ᠤᠨ ᠬᠡᠯᠡᠯᠴᠡᠭᠡᠷ᠎ᠢ ᠲᠤᠰᠢᠶᠠᠬᠤ ᠴᠢᠬᠤᠯᠠ ᠦᠭᠡᠢ᠃
(ᠲᠦᠷᠪᠡ) ᠰᠢᠯᠢᠨ ᠰᠣᠩᠭᠣᠭᠳᠠᠭᠰᠠᠨ ᠬᠣᠯᠪᠣᠭᠳᠠᠯ ᠪᠥᠬᠦᠶ ᠠᠵᠤ ᠠᠬᠤᠶ᠋ᠢᠯᠠᠯ᠎ᠤᠳ ᠮᠠᠨ᠎ᠤ ᠭᠠᠵᠠᠷ᠎ᠲᠤ ᠤᠲᠠᠰᠤᠳᠠᠵᠤ ᠳ᠋ᠢᠩ ᠳ᠋ᠢᠩ ᠠᠵᠢᠯ᠎ᠤᠨ ᠴᠤᠭᠯᠠᠷᠠᠯ᠎ᠤᠨ ᠳ᠋ᠤᠭ᠋ᠠᠷ᠎ᠢ ᠣᠯᠵᠤ᠂ ᠤᠯᠠᠭ᠋ᠠᠨᠴᠠᠪ ᠬᠤᠲᠠ ᠵᠢᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠠᠵᠢᠯ᠎ᠤᠨ ᠴᠤᠭᠯᠠᠷᠠᠯ᠎ᠳᠤ ᠣᠷᠣᠵᠤ᠂ ᠬᠣᠯᠪᠣᠭᠳᠠᠯ ᠪᠥᠬᠦᠶ ᠱᠠᠭ᠋ᠠᠷᠳᠠᠯᠭ᠎ᠠ ᠶᠣᠰᠣᠭ᠋ᠠᠷ ᠵᠢᠷᠤᠮᠵᠢᠭᠤᠯᠤᠨ ᠳᠣᠭᠢᠷᠠᠭᠤᠯᠤᠨ ᠬᠦᠷᠭᠡᠬᠦ ᠠᠵᠢᠯᠯᠠᠭ᠎ᠠ ᠵᠢ ᠥᠷᠨᠢᠭᠦᠯᠵᠦ ᠪᠣᠯᠤᠨ᠎ᠠ᠃
ᠬᠠᠷᠢᠯᠴᠠᠬᠤ ᠤᠲᠠᠰᠤ᠄ 0474-8159042
ᠢᠮᠧᠯ᠄ wlcbpsbm@163.com
ᠤᠯᠠᠭ᠋ᠠᠨᠴᠠᠪ ᠬᠣᠲᠠ ᠵᠢᠨ ᠡᠮ ᠡᠮᠨᠡᠯᠭᠡ ᠬᠤᠳᠠᠯᠳᠤᠨ ᠠᠪᠬᠤ ᠲᠥᠪ
2024 ᠣᠨ᠎ᠤ 7 ᠳ᠋ᠤᠭ᠋ᠠᠷ ᠰᠠᠷ᠎ᠠ ᠵᠢᠨ 9 ᠤ ᠡᠳᠦᠷ