ᠡᠯ᠎ᠡ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠳ᠋᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠄
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠵᠢᠨ ᠠᠵᠢᠯ᠎ᠢ ᠰᠠᠢ᠌ᠲᠤᠷ ᠬᠢᠬᠦ ᠲᠤᠬᠠᠶ ᠮᠡᠳᠡᠭᠳᠡᠯ》 (ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭ᠋ᠠᠭᠰᠠᠨ [ 2019] 41 ᠳ᠋ᠤᠭᠡᠷ ᠲᠣᠭ᠋ᠠᠲᠤ) ᠪᠠ ᠬᠥᠬᠡᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 《ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠵᠦ ᠰᠣᠩᠭᠤᠬᠤ ᠠᠵᠢᠯ᠎ᠢ ᠤᠯᠠᠷᠢᠯ ᠵᠶ᠋ᠠᠷ ᠪᠠᠢ᠌ᠩᠭᠤᠵᠢᠭᠤᠯᠤᠨ ᠥᠷᠨᠢᠭᠦᠯᠬᠦ ᠲᠤᠬᠠᠶ ᠮᠡᠳᠡᠭᠳᠡᠯ》 (ᠬᠥᠬᠡᠬᠤᠲᠠ ᠡᠮᠴᠢᠯᠡᠭᠡ ᠪᠠᠲᠤᠯᠠᠭ᠎ᠠ ᠠᠯᠪᠠᠨ ᠲᠠᠷᠬᠠᠭ᠋ᠠᠭᠰᠠᠨ [2022] 43 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠪᠠᠶ᠋ᠢᠳᠠᠯ᠎ᠲᠠᠢ ᠤᠶᠠᠯᠳᠤᠭᠤᠯᠤᠨ᠂ ᠮᠠᠨ᠎ᠤ ᠬᠤᠲᠠ ᠵᠢᠨ ᠠᠯᠪᠠᠨ᠎ᠠᠴᠠ ᠡᠷᠭᠢᠯᠡᠭᠰᠡᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠤᠬᠤ ᠵᠢᠴᠢ ᠳᠣᠭᠢᠷᠠᠭᠤᠯᠤᠨ ᠬᠦᠷᠭᠡᠬᠦ ᠡᠷᠬᠡ ᠵᠢ ᠨᠡᠪᠲᠡᠷᠡᠭᠦᠯᠬᠦ ᠠᠵᠢᠯ᠎ᠢ ᠥᠷᠨᠢᠭᠦᠯᠪᠡ᠃ ᠮᠠᠲ᠋ᠧᠷᠢᠶᠠᠯ᠎ᠢ ᠬᠢᠨᠠᠨ ᠬᠠᠷᠭᠤᠭᠤᠯᠬᠤ ᠵᠢᠴᠢ ᠢᠯᠡ ᠨᠡᠶ᠋ᠢᠲᠡᠯᠡᠬᠦ᠎ᠪᠠᠷ ᠳᠡᠮᠵᠢᠨ᠂ ᠡᠳᠦᠭᠡ ᠰᠢᠨ᠎ᠡ᠎ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷᠡᠰ᠎ᠢ ᠨᠡᠶ᠋ᠢᠲᠡᠯᠡᠬᠦ ᠵᠢᠨ ᠬᠠᠮᠲᠤ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠃
ᠨᠢᠭᠡ᠂ ᠬᠥᠬᠡᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠰᠢᠨ᠎ᠡ᠎ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷᠡᠰ
ᠲᠣᠰ ᠤᠳᠠᠭ᠋ᠠᠨ᠎ᠤ ᠰᠢᠯᠢᠨ ᠰᠣᠩᠭᠣᠬᠤ᠎ᠳᠤ ᠨᠡᠶ᠋ᠢᠲᠡ 37 ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ ᠬᠢᠨᠠᠨ ᠬᠠᠷᠭᠤᠭᠤᠯᠬᠤ᠂ ᠢᠯᠡ ᠨᠡᠶ᠋ᠢᠲᠡᠯᠡᠬᠦ᠎ᠪᠠᠷ ᠳᠡᠮᠵᠢᠨ᠂ ᠬᠥᠬᠡᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠬᠢᠷᠢ ᠬᠡᠮ᠎ᠢ ᠣᠯᠪᠠ᠃ ᠨᠠᠷᠢᠨ ᠠᠭᠤᠯᠭ᠎ᠠ ᠵᠢ ᠳᠠᠭ᠋ᠠᠯᠳᠤᠭᠤᠯᠤᠯ᠎ᠳᠤ ᠦᠵᠡ᠃
ᠬᠤᠶᠠᠷ᠂ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠳᠣᠭᠢᠷᠠᠭᠤᠯᠤᠨ ᠬᠦᠷᠭᠡᠬᠦ ᠡᠷᠬᠡ ᠵᠢ ᠨᠡᠪᠲᠡᠷᠡᠭᠦᠯᠬᠦ ᠬᠠᠮᠢᠶ᠎ᠠ ᠪᠥᠬᠦᠶ ᠵᠦᠢ᠍ᠯᠡᠰ
ᠲᠣᠰ ᠤᠳᠠᠭ᠋ᠠᠨ᠎ᠤ ᠰᠢᠨ᠎ᠡ᠎ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠳ ᠳᠡᠩᠰᠡᠯᠡᠨ ᠭᠡᠷᠡᠴᠢᠯᠡᠬᠦ ᠵᠢ ᠲᠦᠷᠭᠡᠬᠡᠨ ᠪᠡᠶᠡᠯᠡᠭᠦᠯᠬᠦ ᠵᠢᠨ ᠬᠠᠮᠲᠤ᠂ ᠨᠡᠷ᠎ᠡ ᠮᠡᠳᠡᠭᠦᠯᠬᠦ ᠠᠮᠠᠯᠠᠯᠲᠠ ᠵᠢᠨ ᠪᠢᠴᠢᠭ ᠶᠣᠰᠣᠭ᠋ᠠᠷ ᠴᠠᠭ ᠲᠤᠬᠠᠶ᠎ᠳᠤᠨᠢ ᠳᠣᠭᠢᠷᠠᠭᠤᠯᠤᠨ ᠬᠦᠷᠭᠡᠬᠦ ᠲᠤᠬᠠᠶ᠋ᠢᠯᠠᠭᠰᠠᠨ ᠠᠵᠢᠯ᠎ᠢ ᠥᠷᠨᠢᠭᠦᠯᠬᠦ ᠬᠡᠷᠡᠭᠲᠡᠶ᠃
(ᠨᠢᠭᠡ) ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠦᠯᠵᠢᠶ᠎ᠡ᠎ᠳᠤ ᠳᠠᠩᠰᠠᠯᠠᠭᠤᠯᠵᠤ ᠭᠡᠷᠡᠴᠢᠯᠡᠭᠦᠯᠬᠦ ᠵᠢ ᠪᠡᠶᠡᠯᠡᠭᠦᠯᠦᠨ᠎ᠡ
ᠲᠣᠰ ᠤᠳᠠᠭ᠎ᠠ ᠰᠣᠩᠭᠣᠭᠳᠠᠭᠰᠠᠨ ᠰᠢᠨ᠎ᠡ᠎ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠂ ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠦᠯᠵᠢᠶ᠎ᠡ ( https://ylbzj.nmg.gov.cn/ggfw/hallEnter/#/Index )᠎ᠳᠤ ᠣᠷᠣᠵᠤ᠂ ᠨᠢᠭᠡᠴᠢ ᠵᠢᠨ ᠲᠤᠬᠠᠶ᠋ᠢᠯᠠᠭᠰᠠᠨ ᠠᠵᠢᠯ ᠵᠶ᠋ᠠᠨ ᠰᠣᠩᠭᠤᠨ ᠣᠷᠣᠵᠤ᠂ ᠳᠠᠩᠰᠠᠯᠠᠭᠤᠯᠬᠤ ᠪᠠ ᠳᠦᠷᠢ ᠵᠢᠨ ᠭᠡᠷᠡᠴᠢᠯᠡᠯ᠎ᠢ ᠪᠡᠶᠡᠯᠡᠭᠦᠯᠵᠦ᠂ ᠱᠠᠭ᠋ᠠᠷᠳᠠᠯᠭ᠎ᠠ ᠶᠣᠰᠣᠭ᠋ᠠᠷ ᠢᠲᠡᠭᠡᠮᠵᠢ ᠵᠢᠨ ᠠᠮᠠᠯᠠᠯ᠎ᠲᠠᠢ ᠳᠠᠮᠵᠢᠭᠤᠯᠵᠤ᠂ ᠠᠵᠤ ᠠᠬᠤᠢ᠌ᠯᠠᠯ ᠤᠨ ᠮᠡᠳᠡᠭᠡ ᠵᠠᠩᠭᠢ ᠵᠢ ᠬᠠᠮᠠᠭ᠋ᠠᠯᠠᠵᠤ᠂ ᠥᠪᠡᠷᠲᠡᠭᠡᠨᠤ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ᠎ᠠᠴᠠ ᠬᠢᠨᠠᠨ ᠭᠠᠷᠭ᠋ᠠᠭᠤᠯᠬᠤ ᠵᠢ ᠬᠦᠯᠢᠶᠡᠨ᠎ᠡ᠃
ᠨᠢᠭᠡᠨᠲᠡ ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠦᠯᠵᠢᠶ᠎ᠡ᠎ᠪᠠᠷ ᠳᠠᠩᠰᠠᠯᠠᠭᠤᠯᠵᠤ ᠭᠡᠷᠡᠴᠢᠯᠡᠭᠦᠯᠦᠭᠰᠡᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠳᠠᠬᠢᠨᠲᠠ ᠳᠡᠩᠰᠡᠯᠡᠵᠦ ᠭᠡᠷᠡᠴᠢᠯᠡᠬᠦ ᠴᠢᠬᠤᠯᠠ ᠥᠬᠡᠶ᠃
(ᠬᠤᠶᠠᠷ) ᠲᠣᠬᠢᠷᠠᠭᠤᠯᠤᠨ ᠬᠦᠷᠭᠡᠬᠦ ᠣᠷᠣᠨ᠎ᠢ ᠨᠡᠪᠲᠡᠷᠡᠭᠦᠯᠬᠦ
ᠳᠡᠩᠰᠡᠯᠡᠵᠦ ᠭᠡᠷᠡᠴᠢᠯᠡᠬᠦ ᠮᠡᠳᠡᠭᠡ ᠵᠠᠩᠭᠢ ᠵᠢ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ᠎ᠠᠴᠠ ᠬᠢᠨᠠᠨ ᠬᠠᠷᠭᠤᠭᠤᠯᠵᠤ ᠪᠠᠲᠤᠯᠠᠭᠰᠠᠨ᠎ᠤ ᠳᠠᠷᠠᠭ᠎ᠠ᠂ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠳ ᠴᠠᠭ ᠲᠤᠬᠠᠶ᠎ᠳᠤᠨᠢ ᠬᠥᠬᠡᠬᠤᠲᠠ ᠵᠢᠨ ᠡᠮ ᠡᠮᠨᠡᠯᠭᠡ ᠬᠤᠳᠠᠯᠳᠤᠨ ᠠᠪᠬᠤ ᠲᠥᠪ᠎ᠲᠤ ᠬᠠᠷᠠᠭ᠋ᠠᠯᠵᠠᠭᠰᠠᠨ ᠳᠣᠭᠢᠷᠠᠭᠤᠯᠤᠨ ᠬᠦᠷᠭᠡᠬᠦ ᠣᠷᠣᠨ ᠪᠦᠰᠡ ᠵᠢ ᠭᠤᠶᠤᠴᠢᠯᠠᠨ ᠨᠡᠪᠲᠡᠷᠡᠭᠦᠯᠦᠨ᠎ᠡ᠃
ᠬᠠᠷᠢᠯᠴᠠᠬᠤ ᠬᠥᠮᠦᠨ᠄ ᠸᠠᠩ ᠵᠠᠨ ᠷᠦᠩ᠂ ᠤᠲᠠᠰᠤ᠄ 0471 – 3908541
(ᠭᠤᠷᠪᠠ) ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠶ᠋ᠢᠭᠤᠯᠬᠤ
ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ ᠳᠣᠭᠢᠷᠠᠭᠤᠯᠤᠨ ᠬᠦᠷᠭᠡᠬᠦ ᠣᠷᠣᠨ ᠪᠦᠰᠡ ᠵᠢ ᠨᠡᠪᠲᠡᠷᠡᠭᠦᠯᠦᠭᠰᠡᠨ᠎ᠤ ᠳᠠᠷᠠᠭ᠎ᠠ᠂ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠲᠠᠢ ᠵᠣᠯᠭ᠋ᠠᠭᠤᠯᠵᠤ ᠪᠠᠶ᠋ᠢᠭ᠋ᠠᠳ ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠦᠯᠵᠢᠶᠡᠨ ᠳᠡᠭᠡᠷ᠎ᠡ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠶ᠋ᠢᠭᠤᠯᠬᠤ ᠵᠢᠨ ᠬᠠᠮᠲᠤ᠂ ᠮᠠᠨ᠎ᠤ ᠲᠥᠪ᠎ᠲᠤ ᠳᠣᠭᠢᠷᠠᠭᠤᠯᠤᠨ ᠬᠦᠷᠭᠡᠬᠦ ᠬᠡᠯᠡᠯᠴᠡᠭᠡᠷ᠎ᠢ (ᠴᠠᠭ᠋ᠠᠰᠤᠨ ᠬᠡᠪᠯᠡᠯ ᠵᠶ᠋ᠠᠨ ᠬᠥᠬᠡᠬᠤᠲᠠ ᠵᠢᠨ ᠰᠢᠨᠬᠤᠸᠠ ᠵᠡᠭᠦᠨ ᠵᠡᠭᠡᠯᠢ ᠵᠢᠨ 87 ᠳ᠋ᠤᠭ᠋ᠠᠷ ᠨᠣᠮᠧᠷᠲᠤ ᠨᠠᠢ ᠯᠦᠨ ᠣᠯᠠᠨ ᠤᠯᠤᠰ᠎ᠤᠨ B ᠰᠠᠭᠤᠳᠠᠯ᠎ᠤᠨ 1823 ᠲᠠᠰᠤᠭ ᠪᠤᠶᠤ ᠡᠯᠧᠺᠲᠷᠣᠨ ᠬᠡᠪᠯᠡᠯ ᠵᠶ᠋ᠡᠨ jcpsqybm@163.com)᠎ᠲᠤ ᠬᠦᠷᠭᠡᠵᠦ᠂ ᠬᠥᠬᠡᠬᠤᠲᠠ ᠵᠢᠨ ᠡᠮ ᠡᠮᠨᠡᠯᠭᠡ ᠬᠤᠳᠠᠯᠳᠤᠨ ᠠᠪᠬᠤ ᠲᠥᠪ᠎ᠠᠴᠠ ᠨᠤᠲᠠᠯᠠᠭᠰᠠᠨ᠎ᠤ ᠳᠠᠷᠠᠭ᠎ᠠ ᠳᠣᠭᠢᠷᠠᠭᠤᠯᠤᠨ ᠬᠦᠷᠭᠡᠬᠦ ᠠᠵᠢᠯ᠎ᠢ ᠥᠷᠨᠢᠭᠦᠯᠦᠨ᠎ᠡ᠃