ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
《ᠪᠠᠶᠠᠨᠨᠠᠭᠤᠷ ᠬᠤᠲᠠ ᠵᠢᠨ ᠡᠮ᠎ᠤᠨ ᠵᠦᠢ᠍ᠯ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠰᠢᠯᠭ᠋ᠠᠨ ᠬᠢᠨᠠᠬᠤ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2024-07-17

         ᠪᠠᠶᠠᠨᠨᠠᠭᠤᠷ ᠡᠮᠴᠢᠯᠡᠭᠡ ᠪᠠᠲᠤᠯᠠᠭ᠎ᠠ ᠠᠯᠪᠠᠨ ᠦᠰᠦᠭ [2024] 74 ᠳ᠋ᠦ᠍ᠭᠡᠷ ᠲᠣᠭ᠋ᠠᠲᠤ

 

ᠡᠯ᠎ᠡ ᠬᠤᠰᠢᠭᠤ ᠰᠢᠶᠠᠨ ᠲᠣᠭᠤᠷᠢᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠯ᠎ᠡ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ᠄

   ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠢ ᠳᠣᠭᠢᠷᠠᠭᠤᠯᠤᠨ ᠬᠦᠷᠭᠡᠬᠦ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠡᠮ᠎ᠤᠨ ᠵᠦᠢ᠍ᠯ᠎ᠢ ᠳᠣᠭᠢᠷᠠᠭᠤᠯᠤᠨ ᠬᠦᠷᠭᠡᠬᠦ 《ᠡᠴᠦᠰ᠎ᠤᠨ ᠨᠢᠭᠡ ᠺᠢᠯᠣᠮᠧᠲᠷ》᠎ᠤᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠣᠯᠠᠨ ᠲᠦᠮᠡᠨ᠎ᠤ ᠵᠦᠶ ᠵᠣᠬᠢᠰᠲᠠᠶ ᠡᠮ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠨ᠂ ᠮᠠᠨ᠎ᠤ ᠬᠤᠲᠠ ᠵᠢᠨ ᠡᠮ᠎ᠤᠨ ᠵᠦᠢ᠍ᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠵᠢᠨ ᠲᠤᠰᠠᠳᠠ᠂ ᠮᠠᠨ᠎ᠤ ᠬᠤᠲᠠ ᠵᠢᠨ ᠪᠣᠳᠠᠲᠠᠶ᠎ᠲᠠᠢ᠎ᠪᠠᠨ ᠤᠶᠠᠯᠳᠤᠭᠤᠯᠤᠨ᠂ 《ᠪᠠᠶᠠᠨᠨᠠᠭᠤᠷ ᠬᠤᠲᠠ ᠵᠢᠨ ᠡᠮ᠎ᠤᠨ ᠵᠦᠢ᠍ᠯ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠰᠢᠯᠭ᠋ᠠᠨ ᠬᠢᠨᠠᠬᠤ ᠠᠷᠭ᠎ᠠ (ᠲᠤᠷᠰᠢᠨ        ᠬᠡᠷᠡᠭᠵᠢᠭᠦᠯᠬᠦ)》 ᠵᠢ ᠲᠣᠭᠲᠠᠭ᠋ᠠᠵᠤ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃

  

ᠳᠠᠭ᠋ᠠᠯᠳᠤᠭᠤᠯᠤᠯ᠄ ᠪᠠᠶᠠᠨᠨᠠᠭᠤᠷ ᠬᠤᠲᠠ ᠵᠢᠨ ᠡᠮ᠎ᠤᠨ ᠵᠦᠢ᠍ᠯ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠰᠢᠯᠭ᠋ᠠᠨ ᠬᠢᠨᠠᠬᠤ ᠠᠷᠭ᠎ᠠ (ᠲᠤᠷᠰᠢᠨ ᠬᠡᠷᠡᠭᠵᠢᠭᠦᠯᠬᠦ).docx

 

 

ᠢᠷᠡᠯᠲᠡ᠄ ᠪᠠᠶᠠᠨᠨᠠᠭᠤᠷ ᠬᠤᠲᠠ
          
ᠬᠠᠮᠢᠶ᠎ᠡ ᠪᠦᠬᠦᠢ ᠰᠣᠨᠢᠨ
ᠬᠡᠰᠡᠭ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠳᠣᠭᠢᠷᠠᠭᠤᠯᠤᠨ ᠬᠦᠷᠭᠡᠬᠦ ᠬᠢᠷᠢ ᠬᠡᠮ᠎ᠢ ᠨᠡᠢ᠌ᠲᠡᠯᠡᠬᠦ ᠲᠤᠬᠠᠶ ᠬᠥᠯᠥᠨ ᠪᠤᠶ᠋ᠢᠷ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ ᠮᠡᠳᠡᠭᠳᠡᠯ
ᠬᠢᠩᠭ᠋ᠠᠨ ᠠᠶ᠋ᠢᠮᠠᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ᠎ᠤᠨ 2024 ᠣᠨ (ᠳᠣᠣᠷᠠᠳᠤ ᠬᠠᠭ᠋ᠠᠰ ᠵᠢᠯ)᠎ᠤ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
2024 ᠣᠨ᠎ᠤ ᠭᠤᠷᠪᠠᠳᠤᠭ᠋ᠠᠷ ᠤᠯᠠᠷᠢᠯ᠎ᠤᠨ ᠪᠥᠬᠦ ᠬᠤᠲᠠ ᠵᠢᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠰᠢᠨ᠎ᠡ᠎ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠤᠵᠤ ᠬᠢᠨᠠᠨ ᠬᠠᠷᠭᠤᠭᠤᠯᠤᠭᠰᠠᠨ ᠳ᠋ᠦᠩ᠎ᠢ ᠨᠡᠶ᠋ᠢᠲᠡᠯᠡᠬᠦ ᠲᠤᠬᠠᠶ ᠬᠥᠬᠡᠬᠤᠲᠠ ᠵᠢᠨ ᠡᠮ ᠡᠮᠨᠡᠯᠭᠡ ᠵᠢᠨ ᠬᠤᠳᠠᠯᠳᠤᠨ ᠠᠪᠬᠤ ᠲᠥᠪ᠎ᠤᠨ ᠵᠠᠷᠯᠠᠯ
ᠤᠯᠠᠭ᠋ᠠᠨᠴᠠᠪ ᠬᠤᠲᠠ ᠵᠢᠨ 2024 ᠣᠨ᠎ᠤ ᠭᠤᠷᠪᠠᠳᠤᠭ᠋ᠠᠷ ᠤᠯᠠᠷᠢᠯ᠎ᠤᠨ ᠡᠮ᠎ᠤᠨ ᠵᠦᠢ᠍ᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠢ ᠰᠢᠯᠢᠨ ᠰᠣᠩᠭᠣᠭᠰᠠᠨ ᠦᠷ᠎ᠡ ᠳ᠋ᠦᠩ᠎ᠢ ᠨᠡᠢ᠌ᠲᠡᠯᠡᠬᠦ ᠲᠤᠬᠠᠢ ᠮᠡᠳᠡᠭᠳᠡᠯ
ᠰᠢᠯᠢ ᠵᠢᠨ ᠭᠤᠤᠯ ᠠᠶ᠋ᠢᠮᠠᠭ᠎ᠤᠨ 2024 ᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠮᠡᠵᠦ ᠨᠥᠬᠦᠪᠥᠷᠢᠯᠡᠵᠦ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠨᠡᠢ᠌ᠲᠡᠯᠡᠬᠦ ᠲᠤᠬᠠᠶ ᠰᠢᠯᠢ ᠵᠢᠨ ᠭᠤᠤᠯ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ
 
            