ᠡᠯ᠎ᠡ ᠬᠤᠯᠪᠣᠭᠳᠠᠯ ᠪᠦᠬᠦᠢ ᠡᠵᠡᠩᠨᠡᠯᠲᠡ ᠵᠢᠨ ᠠᠵᠤ ᠠᠬᠤᠶ᠋ᠢᠯᠠᠯ᠎ᠳᠤ᠄
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠵᠢᠨ ᠠᠵᠢᠯ᠎ᠢ ᠰᠠᠢ᠌ᠲᠤᠷ ᠬᠢᠬᠦ ᠲᠤᠬᠠᠶ ᠮᠡᠳᠡᠭᠳᠡᠯ》 (ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭ᠋ᠠᠭᠰᠠᠨ [2019] 41 ᠳ᠋ᠤᠭᠡᠷ ᠲᠣᠭ᠋ᠠᠲᠤ) ᠪᠠ ᠬᠥᠬᠡᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 《ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠵᠦ ᠰᠢᠯᠢᠨ ᠰᠣᠩᠭᠤᠬᠤ ᠠᠵᠢᠯ᠎ᠢ ᠤᠯᠠᠷᠢᠯ ᠵᠶ᠋ᠠᠷ ᠪᠠᠢ᠌ᠩᠭᠤᠵᠢᠭᠤᠯᠤᠨ ᠥᠷᠨᠢᠭᠦᠯᠬᠦ ᠲᠤᠬᠠᠶ ᠮᠡᠳᠡᠭᠳᠡᠯ》 (ᠬᠥᠬᠡᠬᠤᠲᠠ ᠡᠮᠴᠢᠯᠡᠭᠡ ᠪᠠᠲᠤᠯᠠᠭ᠎ᠠ ᠠᠯᠪᠠᠨ ᠲᠠᠷᠬᠠᠭ᠋ᠠᠭᠰᠠᠨ [2022] 43 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠪᠠᠶ᠋ᠢᠳᠠᠯ᠎ᠤᠨ ᠠᠵᠢᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠥᠬᠡᠬᠤᠲᠠ ᠵᠢᠨ ᠡᠮ ᠡᠮᠨᠡᠯᠭᠡ ᠬᠤᠳᠠᠯᠳᠤᠨ ᠠᠪᠬᠤ ᠲᠥᠪ᠎ᠠᠴᠠ 2024 ᠣᠨ᠎ᠤ ᠬᠤᠶᠠᠳᠤᠭ᠋ᠠᠷ ᠤᠯᠠᠷᠢᠯ᠎ᠤᠨ ᠪᠥᠬᠦ ᠬᠤᠲᠠ ᠵᠢᠨ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠤᠵᠤ ᠳᠣᠭᠢᠷᠠᠭᠤᠯᠬᠤ ᠵᠢᠴᠢ ᠲᠣᠬᠢᠷᠠᠭᠤᠯᠤᠨ ᠬᠦᠷᠭᠡᠬᠦ ᠡᠷᠬᠡ ᠮᠡᠳᠡᠯ᠎ᠤᠨ ᠬᠡᠪᠴᠢᠶ᠎ᠡ ᠵᠢ ᠨᠡᠪᠲᠡᠷᠡᠭᠦᠯᠬᠦ ᠠᠵᠢᠯ᠎ᠢ ᠥᠷᠨᠢᠭᠦᠯᠦᠨ᠎ᠡ᠃ ᠮᠠᠨ᠎ᠤ ᠲᠥᠪ᠎ᠠᠴᠠ ᠬᠥᠬᠡᠬᠤᠲᠠ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠮᠡᠳᠡᠭᠦᠯᠦᠭᠰᠡᠨ ᠮᠠᠲ᠋ᠧᠷᠢᠶᠠᠯ᠎ᠢ ᠬᠢᠨᠠᠨ ᠬᠠᠷᠭᠤᠭᠤᠯᠵᠤ᠂ ᠡᠳᠦᠭᠡ ᠪᠠᠲᠤᠯᠠᠭᠰᠠᠨ ᠦᠷ᠎ᠡ ᠳ᠋ᠦᠩ (ᠳᠠᠭ᠋ᠠᠯᠳᠤᠭᠤᠯᠤᠯ᠎ᠳᠤ ᠦᠵᠡ)᠎ᠢ ᠢᠯᠡ ᠨᠡᠢ᠍ᠲᠡᠯᠡᠨᠡ᠄
ᠨᠢᠭᠡ᠂ ᠢᠯᠡ ᠨᠡᠶ᠋ᠢᠲᠡᠯᠡᠬᠦ ᠬᠤᠭᠤᠴᠠᠭ᠎ᠠ
2024 ᠣᠨ᠎ᠤ 7 ᠳ᠋ᠤᠭ᠋ᠠᠷ ᠰᠠᠷ᠎ᠠ ᠵᠢᠨ 4᠎ᠤ ᠡᠳᠦᠷ᠎ᠠᠴᠠ 7 ᠳ᠋ᠤᠭ᠋ᠠᠷ ᠰᠠᠷ᠎ᠠ ᠵᠢᠨ 10᠎ᠤ ᠡᠳᠦᠷ
ᠬᠤᠶᠠᠷ᠂ ᠢᠯᠡ ᠨᠡᠢ᠍ᠲᠡᠯᠡᠬᠦ ᠨᠢᠭᠡᠴᠢ
ᠬᠥᠬᠡᠬᠣᠲᠠ ᠵᠢᠨ ᠡᠮ ᠡᠮᠨᠡᠯᠭᠡ ᠬᠤᠳᠠᠯᠳᠤᠨ ᠠᠪᠬᠤ ᠲᠥᠪ
ᠭᠤᠷᠪᠠ᠂ ᠢᠯᠡ ᠨᠡᠶ᠋ᠢᠲᠡᠯᠡᠬᠦ ᠱᠠᠭ᠋ᠠᠷᠳᠠᠯᠭ᠎ᠠ
1. ᠬᠡᠷᠪᠡ ᠪᠠᠢ᠌ᠳᠠᠯ᠎ᠢ ᠲᠤᠰᠬᠠᠬᠤ ᠭᠡᠪᠡᠯ ᠪᠢᠴᠢᠭ᠂ ᠤᠲᠠᠰᠤ ᠪᠤᠶᠤ ᠬᠥᠮᠥᠨ ᠢᠷᠡᠭᠦᠯᠬᠦ ᠵᠡᠷᠭᠡ ᠠᠷᠭ᠎ᠠ ᠮᠠᠶᠢᠭ ᠵᠶ᠋ᠠᠷ ᠰᠠᠨᠠᠯ᠎ᠢ ᠭᠥᠯᠢᠶᠡᠨ ᠠᠪᠴᠤ ᠰᠢᠢ᠍ᠳᠪᠦᠷᠢᠯᠡᠬᠦ ᠨᠢᠭᠡᠴᠢ᠎ᠳᠤ ᠲᠤᠰᠬᠠᠨ᠎ᠠ᠃
2. ᠲᠤᠰᠬᠠᠭᠴᠢ᠎ᠨᠢ ᠡᠷᠬᠡᠪᠰᠢ ᠦᠨᠡᠨ ᠪᠣᠳᠠᠲᠠᠶ ᠣᠪᠣᠭ ᠨᠡᠷ᠎ᠡ᠎ᠪᠠᠷ ᠪᠠᠶ᠋ᠢᠳᠠᠯ᠎ᠢ ᠲᠤᠰᠬᠠᠵᠤ ᠦᠨᠡᠨ᠎ᠠᠴᠠ ᠵᠥᠪ᠎ᠢ ᠡᠷᠢᠵᠦ᠂ ᠦᠨᠡᠨ ᠪᠣᠳᠠᠲᠠᠶ ᠪᠠᠶ᠋ᠢᠬᠤ ᠬᠡᠷᠡᠭᠲᠡᠶ᠃
3. ᠬᠦᠯᠢᠶᠡᠨ ᠠᠪᠴᠤ ᠰᠢᠢ᠍ᠳᠪᠦᠷᠢᠯᠡᠬᠦ ᠠᠵᠢᠯᠲᠠᠨ ᠲᠤᠰᠬᠠᠭᠴᠢ ᠪᠠ ᠲᠤᠰᠬᠠᠭᠰᠠᠨ ᠪᠠᠶ᠋ᠢᠳᠠᠯ᠎ᠤᠨ ᠨᠢᠭᠤᠴᠠ ᠵᠢ ᠴᠢᠩᠭ᠎ᠠ ᠬᠠᠮᠠᠭ᠋ᠠᠯᠠᠨ᠎ᠠ᠃ ᠡᠷᠬᠡ ᠲᠡᠭᠰᠢ᠂ ᠲᠥᠪ ᠭᠤᠣᠯᠴᠢ᠂ ᠢᠯᠡ ᠲᠣᠳᠣ ᠪᠠᠶ᠋ᠢᠬᠤ ᠵᠢ ᠨᠥᠯᠥᠭᠡᠯᠡᠵᠦ ᠮᠡᠳᠡᠬᠦ ᠠᠰᠠᠭᠤᠳᠠᠯ᠎ᠢ ᠨᠠᠷᠢᠨ ᠬᠢᠨᠠᠮᠠᠭ᠋ᠠᠶ ᠪᠠᠢ᠌ᠴᠠᠭ᠋ᠠᠵᠤ ᠬᠢᠨᠠᠨ ᠬᠠᠷᠭᠤᠭᠤᠯᠤᠨ᠎ᠠ᠃
ᠳᠥᠷᠪᠡ᠂ ᠭᠣᠮᠣᠳᠠᠯ ᠲᠣᠭ᠋ᠠᠴᠢᠬᠤ (ᠵᠠᠭ᠋ᠠᠯᠳᠤᠬᠤ) ᠤᠲᠠᠰᠤ
0471 — 3908541
ᠬᠥᠬᠡᠬᠣᠲᠠ ᠵᠢᠨ ᠡᠮ ᠡᠮᠨᠡᠯᠭᠡ ᠬᠤᠳᠠᠯᠳᠤᠨ ᠠᠪᠬᠤ ᠲᠥᠪ
2024 ᠣᠨ᠎ᠤ 7 ᠳ᠋ᠤᠭ᠋ᠠᠷ ᠰᠠᠷ᠎ᠠ ᠵᠢᠨ 3᠎ᠤ ᠡᠳᠦᠷ