ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠣᠷᠳᠣᠰ ᠬᠤᠲᠠ ᠵᠢᠨ 2023 ᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠰᠢᠯᠭ᠋ᠠᠨ ᠬᠢᠨᠠᠵᠤ ᠬᠤᠪᠢ ᠲᠣᠭᠲᠠᠭ᠋ᠠᠭᠰᠠᠨ ᠦᠷ᠎ᠡ ᠳ᠋ᠦᠩ᠎ᠤᠨ ᠲᠤᠬᠠᠶ ᠮᠡᠳᠡᠭᠡᠯᠡᠯ
ᠨᠡᠶ᠋ᠢᠲᠡᠯᠡᠭᠰᠡᠨ ᠴᠠᠭ᠄ 2024-07-03

         ᠣᠷᠳᠣᠰ ᠬᠤᠲᠠ ᠵᠢᠨ 2023 ᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠰᠢᠯᠭ᠋ᠠᠨ ᠬᠢᠨᠠᠵᠤ ᠬᠤᠪᠢ ᠲᠣᠭᠲᠠᠭ᠋ᠠᠭᠰᠠᠨ ᠦᠷ᠎ᠡ ᠳ᠋ᠦᠩ᠎ᠤᠨ ᠲᠤᠬᠠᠶ ᠮᠡᠳᠡᠭᠡᠯᠡᠯ


ᠡᠯ᠎ᠡ ᠬᠠᠮᠢᠶ᠎ᠠ ᠪᠥᠬᠦᠶ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ᠄

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ᠎ᠤᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠰᠠᠢ᠌ᠲᠤᠷ ᠬᠢᠬᠦ ᠲᠤᠬᠠᠶ ᠮᠡᠳᠡᠭᠳᠡᠯ》 (ᠥᠪᠥᠷ ᠡᠮ ᠬᠤᠳᠠᠯᠳᠤᠨ ᠠᠪᠬᠤ ᠲᠥᠪ ᠥᠰᠥᠭ [2022] 246 ᠳ᠋ᠤᠭ᠋ᠠᠷ ᠲᠣᠭ᠋ᠠᠲᠤ) ᠪᠠ 《ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠭ᠋ᠠᠨ ᠬᠢᠨᠠᠵᠤ ᠬᠢᠨᠠᠯᠲᠠ ᠲᠠᠯᠪᠢᠬᠤ ᠠᠵᠢᠯ᠎ᠢ ᠰᠠᠢ᠌ᠲᠤᠷ ᠬᠢᠬᠦ ᠲᠤᠬᠠᠶ ᠣᠷᠳᠣᠰ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ》 (ᠣᠷᠳᠣᠰ ᠡᠮᠴᠢᠯᠡᠭᠡ ᠪᠠᠲᠤᠯᠠᠭ᠎ᠠ ᠲᠠᠷᠬᠠᠭ᠋ᠠᠭᠰᠠᠨ [2023] 19 ᠳ᠋ᠤᠭᠡᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠲᠥᠪ 2023 ᠣᠨ᠎ᠤ ᠳᠣᠭᠢᠷᠠᠭᠤᠯᠤᠨ ᠬᠦᠷᠭᠡᠵᠦ ᠬᠠᠩᠭ᠋ᠠᠭᠰᠠᠨ ᠪᠠᠢ᠌ᠳᠠᠯ᠎ᠢ ᠦᠨᠳᠦᠰᠦᠯᠡᠨ᠂ ᠮᠠᠨ᠎ᠤ ᠬᠤᠲᠠ ᠵᠢᠨ ᠣᠷᠣᠨ ᠪᠦᠰᠡ ᠵᠢ ᠨᠡᠪᠲᠡᠷᠡᠭᠦᠯᠦᠭᠰᠡᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ ᠲᠥᠷᠥᠯ ᠬᠤᠪᠢᠶᠠᠨ ᠰᠢᠯᠭ᠋ᠠᠨ ᠬᠢᠨᠠᠵᠤ ᠬᠤᠪᠢ ᠲᠣᠭᠲᠠᠭ᠋ᠠᠬᠤ ᠠᠵᠢᠯ᠎ᠢ ᠶᠠᠪᠤᠭᠳᠠᠭᠤᠯᠪᠠ᠃ ᠰᠢᠯᠭ᠋ᠠᠨ ᠬᠢᠨᠠᠬᠤ᠎ᠪᠠᠷ ᠳᠠᠮᠵᠢᠭ᠋ᠠᠳ᠂ ᠰᠦᠯᠵᠢᠶᠡᠨ᠎ᠳᠤ ᠬᠣᠯᠪᠣᠭ᠋ᠠᠳ ᠪᠦᠬᠦᠯᠢ ᠨᠢᠭᠡ ᠵᠢᠯ ᠪᠣᠯᠣᠭᠰᠠᠨ ᠪᠥᠭᠡᠳ ᠰᠦᠯᠵᠢᠶᠡᠨ ᠳᠡᠭᠡᠷᠡᠬᠢ ᠠᠷᠠᠯᠵᠢᠶ᠎ᠠ᠎ᠳᠤ ᠣᠷᠣᠯᠴᠠᠭᠰᠠᠨ ᠥᠬᠡᠶ 803 ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠨᠢᠭᠡᠨᠲᠡ ᠬᠦᠴᠦᠨ ᠥᠬᠡᠶ ᠪᠣᠯᠭ᠋ᠠᠪᠠ᠃ ᠡᠳᠦᠭᠡ 2023 ᠣᠨ᠎ᠳᠤ ᠠᠷᠠᠯᠵᠢᠶᠠᠨ᠎ᠳᠤ ᠣᠷᠣᠯᠴᠠᠭᠰᠠᠨ ᠠᠵᠤ ᠠᠬᠤᠶ᠋ᠢᠯᠠᠯ᠎ᠤᠨ ᠡᠴᠦᠰ᠎ᠤᠨ ᠰᠢᠯᠭ᠋ᠠᠨ ᠦᠨᠡᠯᠡᠭᠰᠡᠨ ᠦᠷ᠎ᠡ ᠳ᠋ᠦᠩ ᠪᠣᠯᠤᠨ 2023 ᠣᠨ᠎ᠳᠤ ᠰᠢᠨ᠎ᠡ᠎ᠪᠠᠷ ᠨᠡᠮᠡᠭᠳᠡᠭᠰᠡᠨ ᠣᠷᠣᠨ ᠪᠦᠰᠡ ᠵᠢ ᠨᠡᠪᠲᠡᠷᠡᠭᠦᠯᠦᠭᠡᠳ ᠠᠷᠠᠯᠵᠢᠶᠠᠯᠠᠭ᠎ᠠ ᠥᠬᠡᠶ ᠠᠵᠤ ᠠᠬᠤᠶ᠋ᠢᠯᠠᠯ᠎ᠤᠨ ᠪᠠᠶ᠋ᠢᠳᠠᠯ᠎ᠢ ᠳᠣᠤᠷᠠᠬᠢ ᠮᠡᠲᠦ ᠮᠡᠳᠡᠭᠳᠡᠶ᠎ᠡ᠃

   ᠨᠢᠭᠡ᠂ ᠰᠦᠯᠵᠢᠶᠡᠨ ᠳᠡᠭᠡᠷᠡᠬᠢ ᠠᠷᠠᠯᠵᠢᠶ᠎ᠠ᠎ᠳᠤ ᠣᠷᠣᠯᠴᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠭ᠋ᠠᠨ ᠦᠨᠡᠯᠡᠭᠰᠡᠨ ᠦᠷ᠎ᠡ ᠳ᠋ᠦᠩ

  1.2023 ᠣᠨ᠎ᠳᠤ᠂ ᠮᠠᠨ᠎ᠤ ᠬᠤᠲᠠ ᠵᠢᠨ ᠡᠮ᠎ᠤᠨ ᠵᠦᠢ᠍ᠯ᠎ᠢ ᠳᠣᠭᠢᠷᠠᠭᠤᠯᠤᠨ ᠬᠦᠷᠭᠡᠬᠦ 60 ᠠᠵᠤ ᠠᠬᠤᠶ᠋ᠢᠯᠠᠯ ᠰᠦᠯᠵᠢᠶᠡᠨ ᠳᠡᠭᠡᠷᠡᠬᠢ ᠠᠷᠠᠯᠵᠢᠶ᠎ᠠ᠎ᠳᠤ ᠣᠷᠣᠯᠴᠠᠪᠠ᠃ ᠰᠢᠯᠭ᠋ᠠᠨ ᠦᠨᠡᠯᠡᠬᠦ᠎ᠪᠠᠷ ᠳᠡᠮᠵᠢᠨ 42 ᠡᠷᠦᠬᠡ ᠰᠢᠯᠢᠳᠡᠭ᠂ 10 ᠡᠷᠦᠬᠡ ᠬᠢᠷᠢ ᠲᠡᠩᠴᠡᠵᠦ᠂ 8 ᠡᠷᠦᠬᠡ ᠬᠢᠷᠢ ᠲᠡᠩᠴᠡᠭᠰᠡᠨ ᠦᠭᠡᠢ (ᠳᠠᠭ᠋ᠠᠯᠳᠤᠭᠤᠯᠤᠯ 1)᠃

  2.2023 ᠣᠨ᠎ᠳᠤ᠂ ᠮᠠᠨ᠎ᠤ ᠬᠤᠲᠠ ᠵᠢᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ 429 ᠠᠵᠤ ᠠᠬᠤᠶ᠋ᠢᠯᠠᠯ ᠰᠦᠯᠵᠢᠶᠡᠨ ᠳᠡᠭᠡᠷᠡᠬᠢ ᠠᠷᠠᠯᠵᠢᠶ᠎ᠠ᠎ᠳᠤ ᠣᠷᠣᠯᠴᠠᠪᠠ᠃ ᠰᠢᠯᠭ᠋ᠠᠨ ᠦᠨᠡᠯᠡᠬᠦ᠎ᠪᠠᠷ ᠳᠡᠮᠵᠢᠨ 233 ᠡᠷᠦᠬᠡ ᠰᠢᠯᠢᠳᠡᠭ᠂ 55 ᠡᠷᠦᠬᠡ᠎ᠨᠢ ᠬᠢᠷᠢ ᠲᠡᠩᠴᠡᠵᠦ᠂ 141 ᠡᠷᠦᠬᠡ ᠬᠢᠷᠢ ᠲᠡᠩᠴᠡᠭᠰᠡᠨ ᠦᠭᠡᠢ (ᠳᠠᠭ᠋ᠠᠯᠳᠤᠭᠤᠯᠤᠯ 2)᠃

   ᠬᠤᠶᠠᠷ᠂ 2023 ᠣᠨ᠎ᠳᠤ ᠰᠢᠨ᠎ᠡ᠎ᠪᠠᠷ ᠨᠡᠮᠡᠭᠳᠡᠭᠰᠡᠨ ᠣᠷᠣᠨ ᠪᠦᠰᠡ ᠵᠢ ᠨᠡᠪᠲᠡᠷᠡᠭᠦᠯᠦᠭᠡᠳ ᠠᠷᠠᠯᠵᠢᠶᠠᠯᠠᠭ᠎ᠠ ᠥᠬᠡᠶ ᠠᠵᠤ ᠠᠬᠤᠶ᠋ᠢᠯᠠᠯ (ᠲᠥᠪᠯᠡᠷᠡᠭᠦᠯᠦᠨ ᠬᠤᠳᠠᠯᠳᠤᠨ ᠠᠪᠬᠤ ᠠᠵᠤ ᠠᠬᠤᠶ᠋ᠢᠯᠠᠯ ᠪᠠᠭᠲᠠᠨ᠎ᠠ) (2024 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ ᠪᠣᠯᠲᠠᠯ᠎ᠠ)

  2024 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ ᠪᠣᠯᠲᠠᠯ᠎ᠠ᠂ ᠮᠠᠨ᠎ᠤ ᠬᠤᠲᠠ ᠵᠢᠨ ᠰᠢᠨ᠎ᠡ᠎ᠪᠠᠷ ᠨᠡᠮᠡᠭᠳᠡᠭᠰᠡᠨ ᠮᠠᠨ᠎ᠤ ᠬᠣᠲᠠ ᠵᠢᠨ ᠣᠷᠣᠨ ᠪᠦᠰᠡ ᠵᠢ ᠨᠡᠪᠲᠡᠷᠡᠭᠦᠯᠦᠭᠰᠡᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠳᠣᠲᠣᠷᠠᠬᠢ ᠡᠮ᠎ᠤᠨ ᠵᠦᠢ᠍ᠯ᠎ᠢ ᠳᠣᠭᠢᠷᠠᠭᠤᠯᠤᠨ ᠬᠦᠷᠭᠡᠬᠦ 7 ᠠᠵᠤ ᠠᠬᠤᠶ᠋ᠢᠯᠠᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ 51 ᠠᠵᠤ ᠠᠬᠤᠶ᠋ᠢᠯᠠᠯ ᠰᠦᠯᠵᠢᠶᠡᠨ ᠳᠡᠭᠡᠷᠡᠬᠢ ᠠᠷᠠᠯᠵᠢᠶ᠎ᠠ᠎ᠳᠤ ᠣᠷᠣᠯᠴᠠᠭᠰᠠᠨ ᠥᠬᠡᠶ (ᠳᠠᠭ᠋ᠠᠯᠳᠤᠭᠤᠯᠤᠯ 3)

   ᠭᠤᠷᠪᠠ᠂ ᠬᠤᠯᠪᠣᠭᠳᠠᠯ ᠪᠦᠬᠦᠢ ᠵᠦᠢ᠍ᠯᠡᠰ

  1. ᠮᠠᠨ᠎ᠤ ᠬᠤᠲᠠ ᠵᠢᠨ ᠰᠦᠯᠵᠢᠶᠡᠨ ᠳᠡᠭᠡᠷᠡᠬᠢ ᠠᠷᠠᠯᠵᠢᠶ᠎ᠠ᠎ᠳᠤ ᠣᠷᠣᠯᠴᠠᠭᠰᠠᠨ ᠪᠥᠭᠡᠳ ᠰᠢᠯᠢᠳᠡᠭ ᠵᠶ᠋ᠡᠷ ᠰᠢᠯᠭ᠋ᠠᠨ ᠦᠨᠡᠯᠡᠭᠳᠡᠭᠰᠡᠨ 275 ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠵᠠᠷᠯᠠᠨ ᠰᠠᠶ᠋ᠢᠰᠢᠶᠠᠵᠤ᠂ ᠦᠢ᠍ᠯᠡᠴᠢᠯᠡᠭᠡᠨ᠎ᠤ ᠶᠠᠰᠤ ᠴᠢᠨᠠᠷ ᠪᠠ ᠬᠤᠭᠤᠴᠠᠭ᠋ᠠᠲᠤ ᠦᠢ᠍ᠯᠡᠳᠦᠯ ᠵᠶ᠋ᠡᠨ ᠤᠯᠠᠮ ᠨᠢᠭᠡ ᠠᠯᠬᠤᠮ ᠳᠡᠭᠡᠭᠰᠢᠯᠡᠭᠦᠯᠦᠭᠡᠷᠡᠢ᠃

  2. ᠬᠢᠷᠢ ᠲᠡᠩᠴᠡᠭᠰᠡᠨ ᠥᠬᠡᠶ ᠠᠵᠤ ᠠᠬᠤᠶ᠋ᠢᠯᠠᠯ ᠪᠠ 2023 ᠣᠨ᠎ᠳᠤ ᠰᠢᠨ᠎ᠡ᠎ᠪᠠᠷ ᠨᠡᠮᠡᠵᠦ ᠨᠡᠪᠲᠡᠷᠡᠭᠦᠯᠦᠭᠰᠡᠨ ᠣᠷᠣᠨ᠎ᠤ ᠲᠤᠬᠠᠶ᠋ᠢᠯᠠᠭᠰᠠᠨ ᠠᠵᠢᠯ ᠵᠶ᠋ᠠᠨ ᠬᠠᠷᠠᠬᠠᠨ ᠥᠷᠨᠢᠭᠦᠯᠦᠭᠡᠳᠦᠶ ᠠᠵᠤ ᠠᠬᠤᠶ᠋ᠢᠯᠠᠯ᠎ᠨᠢ᠂ 2024 ᠣᠨ᠎ᠤ 7 ᠳ᠋ᠤᠭ᠋ᠠᠷ ᠰᠠᠷ᠎ᠠ ᠵᠢᠨ 23᠎ᠤ ᠡᠳᠦᠷ᠎ᠠᠴᠠ ᠡᠮᠦᠨ᠎ᠡ ᠴᠡᠭᠴᠡᠯᠡᠨ ᠰᠠᠶ᠋ᠢᠵᠢᠷᠠᠭᠤᠯᠬᠤ ᠪᠢᠴᠢᠭ᠎ᠤᠨ ᠮᠠᠲ᠋ᠧᠷᠢᠶᠠᠯ ᠭᠠᠷᠭ᠋ᠠᠵᠤ ᠠᠯᠪᠠᠨ ᠲᠠᠮᠠᠭ᠎ᠠ ᠳᠠᠷᠤᠭᠰᠠᠨ᠎ᠤ ᠳᠠᠷᠠᠭ᠎ᠠ ᠲᠣᠭᠲᠠᠭᠰᠠᠨ ᠰᠢᠤᠳᠠᠨ᠎ᠤ ᠬᠠᠶ᠋ᠢᠷᠴᠠᠭ᠎ᠲᠤ ᠶᠠᠪᠤᠭᠤᠯᠬᠤ ᠬᠡᠷᠡᠭᠲᠡᠶ᠃

  3. ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠢᠯᠯᠠᠭ᠎ᠠ ᠵᠢᠨ ᠵᠢᠷᠤᠮᠵᠢᠭᠤᠨ ᠲᠣᠭᠲᠠᠭᠤᠨ ᠪᠠᠶ᠋ᠢᠬᠤ ᠪᠣᠯ ᠡᠮᠴᠢᠯᠡᠭᠡᠨ᠎ᠤ ᠪᠠᠢ᠌ᠭᠤᠯᠤᠮᠵᠢ ᠵᠢᠨ ᠡᠮᠴᠢᠯᠡᠭᠡᠨ᠎ᠤ ᠬᠤᠳᠠᠯᠳᠤᠨ ᠠᠪᠴᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠠᠷᠠᠳ ᠣᠯᠠᠨ᠎ᠤ ᠡᠷᠡᠭᠦᠯ ᠮᠡᠨᠳᠦ ᠠᠮᠤᠷ ᠲᠦᠪᠰᠢᠨ᠎ᠢ ᠪᠠᠲᠤᠯᠠᠨ᠂ ᠮᠠᠨ᠎ᠤ ᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠡᠮᠬᠢ ᠳᠢᠭᠯᠢᠮ᠎ᠲᠠᠢ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠵᠠᠩᠭᠢᠯᠠᠭ᠎ᠠ ᠵᠢᠨ ᠭᠤᠭᠴᠤᠭ᠎ᠠ ᠪᠣᠯᠤᠨ᠎ᠠ᠃ ᠡᠯ᠎ᠡ ᠬᠤᠯᠪᠣᠭᠳᠠᠯ ᠪᠥᠬᠦᠶ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠳ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠢᠯ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠳᠣᠭᠢᠷᠠᠭᠤᠯᠤᠨ ᠬᠦᠷᠭᠡᠬᠦ ᠦᠢ᠍ᠯᠡᠴᠢᠯᠡᠭᠡ ᠵᠢ ᠵᠢᠷᠤᠮᠵᠢᠭᠤᠯᠤᠨ ᠥᠷᠨᠢᠭᠦᠯᠵᠦ᠂ ᠦᠢ᠍ᠯᠡᠳᠪᠦᠷᠢᠯᠡᠬᠦ ᠠᠵᠤ ᠠᠬᠤᠶ᠋ᠢᠯᠠᠯ᠎ᠯᠤᠭ᠎ᠠ ᠳᠣᠭᠢᠷᠠᠭᠤᠯᠤᠨ ᠬᠦᠷᠭᠡᠬᠦ ᠬᠠᠷᠢᠴᠠᠭ᠎ᠠ ᠵᠢ ᠢᠳᠡᠪᠬᠢᠲᠡᠶ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠪᠠᠢ᠌ᠭᠤᠯᠵᠤ᠂ ᠡᠮᠴᠢᠯᠡᠭᠡᠨ᠎ᠤ ᠪᠠᠢ᠌ᠭᠤᠯᠤᠮᠵᠢ᠎ᠯᠤᠭ᠎ᠠ ᠨᠡᠪᠲᠡᠷᠡᠯᠴᠡᠬᠦ ᠲᠣᠭᠲᠠᠴᠠ ᠵᠢ ᠪᠠᠢ᠌ᠭᠤᠯᠤᠨ᠂ ᠬᠥᠮᠥᠷᠭᠡ ᠵᠢᠨ ᠬᠠᠳᠠᠭ᠋ᠠᠯᠠᠮᠵᠢ᠎ᠪᠠᠨ ᠴᠠᠭ ᠲᠤᠬᠠᠶ᠎ᠳᠤᠨᠢ ᠮᠡᠳᠡᠭᠳᠡᠬᠦ ᠪᠠ ᠬᠡᠷᠡᠭᠴᠡᠭᠡ ᠱᠠᠭ᠋ᠠᠷᠳᠠᠯᠭ᠎ᠠ ᠵᠢ ᠨᠤᠲᠠᠯᠠᠵᠤ᠂ ᠴᠠᠭ ᠲᠤᠬᠠᠶ᠎ᠳᠤᠨᠢ ᠴᠢᠨᠠᠷ ᠪᠠ ᠲᠤᠭ᠎ᠠ ᠬᠡᠮᠵᠢᠶ᠎ᠡ ᠵᠢ ᠪᠠᠲᠤᠯᠠᠨ ᠳᠣᠭᠢᠷᠠᠭᠤᠯᠤᠨ ᠬᠦᠷᠭᠡᠬᠦ ᠠᠵᠢᠯ᠎ᠢ ᠪᠣᠳᠠᠲᠠᠶ᠋ᠢᠵᠢᠭᠤᠯᠬᠤ ᠬᠡᠷᠡᠭᠲᠡᠶ᠃

   ᠬᠠᠷᠢᠯᠴᠠᠬᠤ ᠬᠥᠮᠦᠨ᠄ ᠸᠠᠩ ᠪᠠᠭᠰᠢ

   ᠬᠠᠷᠢᠯᠴᠠᠬᠤ ᠤᠲᠠᠰᠤ᠄ 0477 — 8125352

   ᠢᠮᠧᠯ᠄ eedsyc@163.com

  

   ᠳᠠᠭ᠋ᠠᠯᠳᠤᠭᠤᠯᠤᠯ᠄

  1.2023 ᠣᠨ᠎ᠤ ᠣᠷᠳᠣᠰ ᠬᠤᠲᠠ ᠵᠢᠨ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠭ᠋ᠠᠨ ᠬᠢᠨᠠᠭᠰᠠᠨ ᠦᠷ᠎ᠡ ᠳ᠋ᠦᠩ

  2.2023 ᠣᠨ᠎ᠤ ᠣᠷᠳᠣᠰ ᠬᠤᠲᠠ ᠵᠢᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠭ᠋ᠠᠨ ᠬᠢᠨᠠᠭᠰᠠᠨ ᠦᠷ᠎ᠡ ᠳ᠋ᠦᠩ

  3.2023 ᠣᠨ᠎ᠳᠤ ᠰᠢᠨ᠎ᠡ᠎ᠪᠠᠷ ᠨᠡᠮᠡᠭᠳᠡᠭᠰᠡᠨ ᠣᠷᠳᠣᠰ᠎ᠤᠨ ᠣᠷᠣᠨ ᠪᠦᠰᠡ ᠵᠢᠨ ᠰᠦᠯᠵᠢᠶᠡᠨ ᠳᠡᠭᠡᠷᠡᠬᠢ ᠠᠷᠠᠯᠵᠢᠶᠠᠨ᠎ᠳᠤ ᠣᠷᠣᠯᠴᠠᠭ᠎ᠠ ᠦᠭᠡᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷᠡᠰ (2024 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ ᠬᠦᠷᠲᠡᠯ᠎ᠡ)

  

           ᠣᠷᠳᠣᠰ ᠬᠤᠲᠠ ᠵᠢᠨ ᠡᠮ ᠡᠮᠨᠡᠯᠭᠡ ᠬᠤᠳᠠᠯᠳᠤᠨ ᠠᠪᠬᠤ ᠪᠠ ᠰᠠᠭᠤᠷᠢ ᠮᠥᠩᠭᠦ ᠵᠢᠨ ᠳ᠋ᠦᠩᠨᠡᠨ ᠪᠤᠳᠤᠬᠤ ᠲᠥᠪ

          2024 ᠣᠨ᠎ᠤ 7  ᠳ᠋ᠤᠭ᠋ᠠᠷ ᠰᠠᠷ᠎ᠠ ᠵᠢᠨ 3᠎ᠤ ᠡᠳᠦᠷ

 

 

ᠢᠷᠡᠯᠲᠡ᠄ ᠤᠷᠳᠤᠰ ᠬᠤᠳᠠ ᠵᠢᠨ ᠡᠮᠴᠢᠯᠡᠭᠡᠨ᠎ᠤ ᠪᠠᠳᠤᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠠᠯᠠᠱ᠌ᠠ ᠠᠶ᠋ᠢᠮᠠᠭ᠎ᠤᠨ 2024 ᠣᠨ᠎ᠤ ᠬᠤᠶᠠᠳᠤᠭ᠋ᠠᠷ ᠤᠯᠠᠷᠢᠯ᠎ᠤᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠰᠢᠯᠢᠨ ᠰᠣᠩᠭᠤᠭᠰᠠᠨ ᠦᠷ᠎ᠡ ᠳ᠋ᠦᠩ᠎ᠢ ᠨᠡᠢ᠌ᠲᠡᠯᠡᠬᠦ ᠲᠤᠬᠠᠶ ᠮᠡᠳᠡᠭᠳᠡᠯ
ᠤᠯᠠᠭ᠋ᠠᠨᠴᠠᠪ ᠬᠤᠲᠠ ᠵᠢᠨ 2024 ᠣᠨ᠎ᠤ ᠬᠣᠶᠠᠳᠤᠭ᠋ᠠᠷ ᠤᠯᠠᠷᠢᠯ᠎ᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠤᠭᠰᠠᠨ ᠦᠷ᠎ᠡ ᠳ᠋ᠦᠩ᠎ᠢ ᠵᠠᠷᠯᠠᠨ ᠨᠡᠢ᠌ᠲᠡᠯᠡᠬᠦ ᠲᠤᠬᠠᠶ ᠮᠡᠳᠡᠭᠳᠡᠯ
2024 ᠣᠨ᠎ᠤ 6 ᠳ᠋ᠤᠭ᠋ᠠᠷ ᠰᠠᠷ᠎ᠠ᠎ᠳᠤ ᠦᠬᠠᠶ ᠬᠤᠲᠠ ᠵᠢᠨ ᠨᠡᠮᠡᠵᠦ ᠨᠥᠬᠦᠪᠥᠷᠢᠯᠡᠬᠦ᠎ᠪᠠᠷ ᠪᠠᠶ᠋ᠢᠭ᠎ᠠ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠵᠢᠴᠢ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠳ᠋᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠤᠭᠰᠠᠨ ᠦᠷ᠎ᠡ ᠳ᠋ᠦᠩ᠎ᠤᠨ ᠮᠡᠳᠡᠭᠳᠡᠯ
2024 ᠣᠨ᠎ᠤ ᠬᠤᠶᠠᠳᠤᠭ᠋ᠠᠷ ᠤᠯᠠᠷᠢᠯ᠎ᠤᠨ ᠬᠥᠬᠡᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠳᠤ ᠰᠢᠨ᠎ᠡ᠎ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷᠡᠰ᠎ᠢ ᠨᠡᠢ᠌ᠲᠡᠯᠡᠬᠦ ᠲᠤᠬᠠᠶ ᠮᠡᠳᠡᠭᠳᠡᠯ
《ᠪᠠᠶᠠᠨᠨᠠᠭᠤᠷ ᠬᠤᠲᠠ ᠵᠢᠨ ᠡᠮ᠎ᠤᠨ ᠵᠦᠢ᠍ᠯ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠰᠢᠯᠭ᠋ᠠᠨ ᠬᠢᠨᠠᠬᠤ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
 
            