ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠢᠩᠭ᠋ᠠᠨ ᠠᠶ᠋ᠢᠮᠠᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ᠎ᠤᠨ 2024 ᠣᠨ (ᠳᠣᠣᠷᠠᠳᠤ ᠬᠠᠭ᠋ᠠᠰ ᠵᠢᠯ)᠎ᠤ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2024-07-29

     ᠬᠢᠩᠭ᠋ᠠᠨ ᠡᠮᠴᠢᠯᠡᠭᠡ ᠳᠠᠭ᠋ᠠᠳᠬᠠᠯ ᠲᠠᠷᠬᠠᠭ᠋ᠠᠭᠰᠠᠨ [2024] 29 ᠳ᠋ᠦ᠍ᠭᠡᠷ ᠲᠣᠭ᠋ᠠᠲᠤ

  

ᠡᠯ᠎ᠡ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠎ᠳᠤ᠄

   ᠬᠢᠩᠭ᠋ᠠᠨ ᠠᠶ᠋ᠢᠮᠠᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠴᠠᠭ ᠲᠤᠬᠠᠶ᠎ᠳᠤ᠎ᠨᠢ ᠬᠠᠩᠭ᠋ᠠᠬᠤ ᠵᠢ ᠪᠠᠲᠤᠯᠠᠬᠤ ᠵᠢᠨ ᠲᠤᠰᠠᠳᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠵᠢᠨ ᠠᠵᠢᠯ᠎ᠢ ᠰᠠᠢ᠍ᠲᠤᠷ ᠬᠢᠬᠦ ᠲᠤᠬᠠᠶ ᠮᠡᠳᠡᠭᠳᠡᠯ》 (ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭ᠋ᠠᠭᠰᠠᠨ [ 2019] 41 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠵᠢᠨ ᠲᠤᠰᠠᠳᠠ᠂ ᠬᠢᠩᠭ᠋ᠠᠨ ᠠᠶ᠋ᠢᠮᠠᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ᠎ᠠᠴᠠ 2024 ᠣᠨ᠎ᠤ 8 ᠳ᠋ᠤᠭ᠋ᠠᠷ ᠰᠠᠷ᠎ᠠ ᠵᠢᠨ 5᠎ᠤ ᠡᠳᠦᠷ᠎ᠠᠴᠠ 23᠎ᠤ ᠡᠳᠦᠷ ᠪᠣᠯᠲᠠᠯ᠎ᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠠᠵᠢᠯ᠎ᠢ ᠥᠷᠨᠢᠭᠦᠯᠵᠦ᠂ ᠡᠳᠦᠭᠡ ᠨᠡᠷ᠎ᠡ ᠮᠡᠳᠡᠭᠦᠯᠬᠦ ᠠᠵᠢᠯ᠎ᠤᠨ ᠵᠦᠢ᠍ᠯᠡᠰ᠎ᠢ ᠳᠣᠤᠷᠠᠬᠢ ᠮᠡᠲᠦ ᠮᠡᠳᠡᠭᠳᠡᠪᠡ᠄

   ᠨᠢᠭᠡ᠂ ᠲᠣᠬᠢᠷᠠᠭᠤᠯᠤᠨ ᠬᠦᠷᠭᠡᠬᠦ ᠠᠷᠭ᠎ᠠ ᠬᠡᠯᠪᠡᠷᠢ ᠪᠠ ᠲᠣᠬᠢᠷᠠᠭᠤᠯᠤᠨ ᠬᠦᠷᠭᠡᠬᠦ ᠬᠡᠪᠴᠢᠶ᠎ᠡ

  (ᠨᠢᠭᠡ) ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ ᠦᠢ᠍ᠯᠡᠳᠪᠦᠷᠢᠯᠡᠬᠦ ᠠᠵᠤ ᠠᠬᠤᠶ᠋ᠢᠯᠠᠯ᠎ᠨᠢ ᠰᠢᠭᠤᠳ ᠳᠣᠭᠢᠷᠠᠭᠤᠯᠤᠨ ᠬᠦᠷᠭᠡᠵᠦ ᠪᠣᠯᠤᠨ᠎ᠠ᠂ ᠨᠥᠬᠦᠴᠡᠯ᠎ᠳᠤ ᠨᠡᠢ᠌ᠴᠡᠬᠦ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ ᠨᠠᠢ᠌ᠳᠠᠵᠤ ᠳᠣᠭᠢᠷᠠᠭᠤᠯᠤᠨ ᠬᠦᠷᠭᠡᠵᠦ ᠪᠣᠯᠤᠨ᠎ᠠ᠃

  (ᠬᠤᠶᠠᠷ) ᠲᠣᠬᠢᠷᠠᠭᠤᠯᠤᠨ ᠬᠦᠷᠭᠡᠬᠦ ᠬᠡᠪᠴᠢᠶ᠎ᠡ᠄ ᠬᠢᠩᠭ᠋ᠠᠨ ᠠᠶ᠋ᠢᠮᠠᠭ᠎ᠤᠨ ᠬᠡᠪᠴᠢᠶᠡᠨ᠎ᠳᠠᠬᠢ ᠡᠯ᠎ᠡ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ (ᠦᠨᠳᠦᠰᠦᠨ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢ ᠪᠠᠭᠲᠠᠭ᠋ᠠᠨ᠎ᠠ)᠃

   ᠬᠤᠶᠠᠷ᠂ ᠨᠡᠷ᠎ᠡ ᠮᠡᠳᠡᠭᠦᠯᠬᠦ ᠨᠥᠬᠦᠴᠡᠯ

   ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ᠎ᠳᠤ ᠣᠷᠣᠯᠴᠠᠬᠤ᠎ᠪᠠᠷ ᠪᠠᠶ᠋ᠢᠭ᠎ᠠ ᠠᠵᠤ ᠠᠬᠤᠶ᠋ᠢᠯᠠᠯ᠎ᠨᠢ ᠡᠷᠬᠡᠪᠰᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠨᠢᠭᠡᠳᠦᠯᠲᠡᠢ ᠬᠤᠳᠠᠯᠳᠤᠨ ᠠᠪᠬᠤ ᠬᠤᠪᠢᠶᠠᠷᠢ ᠰᠢᠰᠲ᠋ᠧᠮ᠎ᠤᠨ ᠵᠠᠬᠢᠶᠠᠯᠠᠭ᠎ᠠ ᠨᠤᠲᠠᠯᠠᠬᠤ᠂ ᠪᠠᠷᠠᠭ᠎ᠠ ᠪᠡᠯᠡᠳᠬᠡᠬᠦ᠂ ᠳᠣᠭᠢᠷᠠᠭᠤᠯᠤᠨ ᠬᠦᠷᠭᠡᠬᠦ ᠬᠠᠮᠢᠶ᠎ᠠ ᠪᠥᠬᠦᠶ ᠲᠣᠭᠲᠠᠭ᠋ᠠᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠡᠭᠦᠨ᠎ᠤ ᠬᠠᠮᠲᠤ᠂ ᠡᠷᠬᠡᠪᠰᠢ ᠳᠣᠤᠷᠠᠬᠢ ᠨᠥᠬᠦᠴᠡᠯ᠎ᠤᠳ᠎ᠢ ᠪᠦᠷᠢᠯᠳᠦᠭᠦᠯᠬᠦ ᠬᠡᠷᠡᠭᠲᠡᠶ᠄

  (ᠨᠢᠭᠡ) ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠪᠡᠶ᠎ᠡ᠎ᠪᠠᠨ ᠳᠠᠭ᠋ᠠᠭ᠋ᠠᠵᠤ ᠡᠭᠦᠷᠭᠡᠯᠡᠬᠦ ᠴᠢᠳᠠᠪᠤᠷᠢ᠎ᠲᠠᠢ᠃

  (ᠬᠤᠶᠠᠷ) ᠬᠠᠤᠯᠢ ᠶᠣᠰᠣᠭ᠋ᠠᠷ ᠵᠣᠬᠢᠴᠠᠩᠭᠤᠢ ᠬᠢᠷᠢ ᠭᠡᠮ᠎ᠤᠨ ᠦᠨᠡᠮᠯᠡᠯ ᠣᠯᠣᠭᠰᠠᠨ ᠪᠠᠢ᠌ᠬᠤ᠃

  (ᠭᠤᠷᠪᠠ) ᠴᠠᠭ ᠲᠤᠬᠠᠢ᠎ᠳᠤ᠎ᠨᠢ᠂ ᠬᠦᠢ᠍ᠴᠡᠳ ᠬᠡᠮᠵᠢᠶᠡᠨ᠎ᠤ ᠲᠤᠬᠢᠷᠠᠭᠤᠯᠵᠤ ᠬᠦᠷᠭᠡᠬᠦ ᠦᠢ᠍ᠯᠡᠳᠬᠦᠨ᠎ᠤ ᠪᠠᠷᠠᠭ᠋ᠠᠨ᠎ᠤ ᠭᠦᠢ᠍ᠯᠭᠡᠭᠡᠨ᠎ᠤ ᠴᠢᠳᠠᠪᠤᠷᠢ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠴᠢᠳᠠᠪᠤᠷᠢ ᠵᠢ ᠪᠦᠷᠢᠯᠳᠦᠭᠦᠯᠦᠭᠰᠡᠨ ᠪᠠᠢ᠌ᠬᠤ᠃

  (ᠲᠦᠷᠪᠡ) ᠬᠤᠳᠠᠯᠳᠤᠭᠰᠠᠨ᠎ᠤ ᠳᠠᠷᠠᠭ᠋ᠠᠬᠢ ᠰᠠᠶ᠋ᠢᠨ ᠦᠢ᠍ᠯᠡᠴᠢᠯᠡᠭᠡ ᠪᠠ ᠮᠡᠷᠭᠡᠵᠢᠯ᠎ᠤᠨ ᠳᠡᠮᠵᠢᠯᠭᠡ ᠵᠢᠨ ᠴᠢᠳᠠᠪᠤᠷᠢ᠎ᠲᠠᠢ᠃

  (ᠲᠠᠪᠤ) ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠨᠢᠭᠡᠨᠲᠡ ᠬᠢᠩᠭ᠋ᠠᠨ ᠠᠶ᠋ᠢᠮᠠᠭ᠎ᠤᠨ ᠣᠷᠣᠨ ᠪᠦᠰᠡ ᠵᠢᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠬᠢᠷᠢ ᠬᠡᠮ᠎ᠲᠠᠢ ᠠᠵᠤ ᠠᠬᠤᠶ᠋ᠢᠯᠠᠯ᠎ᠢ ᠨᠡᠪᠲᠡᠷᠡᠭᠦᠯᠦᠰᠭᠡᠨ ᠪᠣᠯ ᠲᠣᠰ ᠤᠳᠠᠭ᠎ᠠ ᠨᠡᠷ᠎ᠡ ᠮᠡᠳᠡᠭᠦᠯᠬᠦ ᠴᠢᠬᠤᠯᠠ ᠥᠬᠡᠶ᠃

   ᠭᠤᠷᠪᠠ᠂ ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠱᠠᠭ᠋ᠠᠷᠳᠠᠯᠭ᠎ᠠ

   ᠮᠠᠨ᠎ᠤ ᠠᠶ᠋ᠢᠮᠠᠭ᠎ᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ ᠣᠷᠣᠯᠴᠠᠬᠤ᠎ᠳᠤ ᠡᠷᠬᠡᠪᠰᠢ 《ᠬᠢᠩᠭ᠋ᠠᠨ ᠠᠶ᠋ᠢᠮᠠᠭ᠎ᠤᠨ 2024 ᠣᠨ᠎ᠤ ᠳᠣᠣᠷᠠᠳᠤ ᠬᠠᠭ᠋ᠠᠰ ᠵᠢᠯ᠎ᠳᠤ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠱᠠᠭ᠋ᠠᠷᠳᠠᠯᠭ᠎ᠠ ᠵᠢᠴᠢ ᠬᠡᠪ ᠵᠠᠭᠪᠤᠷ》 (ᠳᠠᠭ᠋ᠠᠯᠳᠤᠭᠤᠯᠤᠯ᠎ᠳᠤ ᠦᠵᠡ) ᠪᠠ ᠲᠣᠰ ᠮᠡᠳᠡᠭᠳᠡᠯ᠎ᠤᠨ ᠱᠠᠭ᠋ᠠᠷᠳᠠᠯᠭ᠎ᠠ ᠶᠣᠰᠣᠭ᠋ᠠᠷ᠂ ᠬᠢᠷᠢ ᠬᠡᠮ᠎ᠤᠨ ᠮᠠᠲ᠋ᠧᠷᠢᠶᠠᠯ᠎ᠢ ᠨᠠᠶ᠋ᠢᠷᠠᠭᠤᠯᠤᠨ ᠵᠣᠬᠢᠶᠠᠵᠤ᠂ ᠲᠣᠪᠬᠢᠮᠠᠯᠯᠠᠬᠤ ᠪᠠ ᠮᠡᠳᠡᠭᠦᠯᠦᠨ ᠬᠦᠷᠭᠡᠬᠦ ᠬᠡᠷᠡᠭᠲᠡᠶ᠃

  (ᠨᠢᠭᠡ) ᠨᠡᠷ᠎ᠡ ᠮᠡᠳᠡᠭᠦᠯᠬᠦ ᠮᠠᠲ᠋ᠧᠷᠢᠶᠠᠯ᠎ᠳᠤ A4 ᠴᠠᠭ᠋ᠠᠰᠤ ᠵᠢ ᠬᠡᠷᠡᠭᠯᠡᠬᠦ ᠵᠢᠨ ᠬᠠᠮᠲᠤ ᠱᠠᠭ᠋ᠠᠷᠳᠠᠯᠭ᠎ᠠ ᠪᠠ ᠬᠡᠪ᠎ᠤᠨ ᠳᠠᠷᠠᠭ᠋ᠠᠯᠠᠯ ᠵᠶ᠋ᠠᠷ ᠭᠤᠮ ᠵᠶ᠋ᠠᠷ ᠳᠡᠪᠲᠡᠷᠯᠡᠵᠦ᠂ ᠶᠠᠮᠠᠷᠪᠠ ᠵᠠᠰᠠᠯᠲᠠ ᠬᠢᠵᠦ ᠪᠣᠯᠬᠤ ᠦᠭᠡᠢ᠂ ᠭᠠᠳᠠᠷ ᠲᠠᠯ᠎ᠠ ᠵᠢ᠎ᠨᠢ ᠱᠠᠭ᠋ᠠᠷᠳᠠᠯᠭ᠎ᠠ ᠶᠤᠰᠤᠭ᠋ᠠᠷ ᠴᠠᠭ᠋ᠠᠰᠤᠨ ᠮᠠᠲ᠋ᠧᠷᠢᠶᠠᠯ᠎ᠢ ᠬᠡᠷᠡᠭᠯᠡᠵᠦ᠂ ᠰᠦᠯᠢᠶᠣᠣ ᠮᠠᠲ᠋ᠧᠷᠢᠶᠠᠯ᠎ᠤᠨ ᠭᠠᠳᠠᠷ᠎ᠢ ᠬᠡᠷᠡᠭᠯᠡᠵᠦ ᠪᠣᠯᠬᠤ ᠦᠭᠡᠢ᠃

  (ᠬᠤᠶᠠᠷ) ᠨᠡᠷ᠎ᠡ ᠮᠡᠳᠡᠭᠦᠯᠬᠦ ᠮᠠᠲ᠋ᠧᠷᠢᠶᠠᠯ᠎ᠨᠢ ᠲᠣᠳᠣᠷᠬᠠᠶ ᠪᠥᠭᠡᠳ ᠪᠦᠷᠢᠨ ᠪᠦᠲᠦᠨ᠂ ᠮᠠᠲ᠋ᠧᠷᠢᠶᠠᠯ᠎ᠨᠢ ᠲᠣᠳᠣᠷᠬᠠᠶ ᠪᠣᠰᠣ᠂ ᠪᠤᠷᠤᠭᠤ᠂ ᠪᠦᠷᠢᠨ ᠪᠦᠲᠦᠨ ᠪᠤᠰᠤ᠎ᠠᠴᠠ ᠪᠣᠯᠵᠤ ᠬᠢᠨᠠᠨ ᠰᠢᠯᠭ᠋ᠠᠬᠤ ᠵᠢᠨ ᠠᠷᠭ᠎ᠠ ᠦᠭᠡᠶ ᠪᠣᠯᠪᠠᠯ ᠠᠵᠤ ᠠᠬᠤᠶ᠋ᠢᠯᠠᠯ ᠥᠪᠡᠷᠲᠡᠭᠡᠨ ᠬᠠᠷᠢᠭᠤᠴᠠᠯᠭ᠎ᠠ ᠡᠭᠦᠷᠭᠡᠯᠡᠨ᠎ᠡ᠃

  (ᠭᠤᠷᠪᠠ) ᠠᠵᠤ ᠠᠬᠤᠶ᠋ᠢᠯᠠᠯ᠎ᠤᠨ ᠲᠤᠰᠢᠶᠠᠭᠰᠠᠨ ᠪᠤᠶ ᠪᠦᠬᠦᠢ ᠮᠠᠲ᠋ᠧᠷᠢᠶᠠᠯ ᠵᠢᠴᠢ ᠢᠷᠡᠵᠦ ᠶᠠᠪᠤᠬᠤ ᠵᠠᠬᠢᠳᠠᠯ ᠴᠠᠬᠢᠯᠭ᠋ᠠᠨ᠎ᠳᠤ ᠴᠥᠮ ᠬᠢᠲᠠᠳ ᠬᠡᠯᠡ ᠵᠢ ᠬᠡᠷᠡᠭᠯᠡᠵᠦ᠂ ᠭᠠᠳᠠᠭ᠋ᠠᠳᠤ ᠬᠡᠯᠡᠨ᠎ᠤ ᠮᠠᠲ᠋ᠧᠷᠢᠶᠠᠯ᠎ᠳᠤ ᠤᠭ ᠮᠠᠲ᠋ᠧᠷᠢᠶᠠᠯ᠎ᠤᠨ ᠬᠠᠭᠤᠯᠪᠤᠷᠢ ᠵᠢᠴᠢ ᠬᠢᠲᠠᠳ ᠬᠡᠯᠡᠨ᠎ᠤ ᠣᠷᠴᠢᠭᠤᠯᠤᠭᠴᠢ ᠵᠢᠨ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠂ ᠮᠠᠲ᠋ᠧᠷᠢᠶᠠᠯ᠎ᠤᠨ ᠠᠭᠤᠯᠭ᠎ᠠ ᠵᠢ ᠪᠠᠯᠠᠯᠬᠤ᠂ ᠬᠤᠰᠤᠬᠤ᠂ ᠠᠷᠴᠢᠬᠤ ᠪᠠ ᠪᠦᠷᠬᠦᠵᠦ ᠪᠣᠯᠬᠤ ᠦᠭᠡᠶ᠃

  (ᠳᠥᠷᠪᠡ) ᠨᠡᠷ᠎ᠡ ᠮᠡᠳᠡᠭᠦᠯᠬᠦ ᠮᠠᠲ᠋ᠧᠷᠢᠶᠠᠯ᠎ᠢ ᠨᠢᠭᠤᠷ ᠳᠠᠷᠠᠭ᠋ᠠᠯᠠᠨ ᠠᠵᠤ ᠠᠬᠤᠶ᠋ᠢᠯᠠᠯ᠎ᠤᠨ ᠲᠣᠳᠣᠷᠬᠠᠶ ᠠᠯᠪᠠᠨ ᠲᠠᠮᠠᠭ᠎ᠠ ᠵᠢ ᠳᠠᠷᠤᠬᠤ ᠬᠡᠷᠡᠭᠲᠡᠶ (ᠠᠵᠤ ᠠᠬᠤᠶ᠋ᠢᠯᠠᠯ᠎ᠤᠨ ᠪᠤᠰᠤᠳ ᠲᠠᠮᠠᠭ᠎ᠠ ᠳᠠᠷᠤᠭᠰᠠᠨ᠎ᠨᠢ ᠬᠦᠴᠦᠨ ᠦᠭᠡᠶ) ᠪᠥᠭᠡᠳ ᠲᠣᠭᠲᠠᠭᠰᠠᠨ ᠴᠠᠭ᠎ᠤᠨ ᠳᠣᠲᠣᠷ᠎ᠠ ᠲᠤᠰᠢᠶᠠᠬᠤ ᠬᠡᠷᠡᠭᠲᠡᠶ᠃

  (ᠲᠠᠪᠤ) ᠨᠡᠷ᠎ᠡ ᠮᠡᠳᠡᠭᠦᠯᠬᠦ ᠮᠠᠲ᠋ᠧᠷᠢᠶᠠᠯ᠎ᠢ ᠲᠤᠬᠠᠶ ᠵᠢᠨ ᠲᠠᠯᠠᠪᠤᠷ᠎ᠲᠤ᠎ᠨᠢ ᠲᠤᠰᠢᠶᠠᠬᠤ ᠪᠤᠶᠤ ᠰᠢᠤᠳᠠᠨ ᠵᠶ᠋ᠠᠷ ᠢᠯᠡᠭᠡᠵᠦ ᠪᠣᠯᠤᠨ᠎ᠠ᠂ ᠢᠯᠡᠭᠡᠯᠲᠡ ᠵᠢ ᠬᠦᠷᠭᠡᠬᠦ ᠴᠠᠭ ᠵᠶ᠋ᠠᠷ ᠪᠠᠷᠢᠮᠵᠢᠶ᠎ᠠ ᠪᠣᠯᠭ᠋ᠠᠨ᠎ᠠ᠃ ᠠᠵᠤ ᠠᠬᠤᠶ᠋ᠢᠯᠠᠯ ᠲᠣᠭᠲᠠᠭᠰᠠᠨ ᠴᠠᠭ ᠪᠠ ᠭᠠᠵᠠᠷ᠎ᠲᠤ ᠬᠣᠯᠪᠣᠭᠳᠠᠯ ᠪᠦᠬᠦᠢ ᠮᠠᠲ᠋ᠧᠷᠢᠶᠠᠯ ᠵᠶ᠋ᠠᠨ ᠲᠤᠰᠢᠶᠠᠭᠰᠠᠨ ᠦᠭᠡᠢ ᠵᠢ ᠨᠡᠷ᠎ᠡ ᠮᠡᠳᠡᠭᠦᠯᠬᠦ᠎ᠪᠠᠨ ᠪᠣᠯᠢᠭᠰᠠᠨ ᠵᠶ᠋ᠠᠷ ᠦᠵᠡᠨ᠎ᠡ᠃

  (ᠵᠢᠷᠭᠤᠭ᠎ᠠ) ᠨᠡᠷ᠎ᠡ ᠮᠡᠳᠡᠭᠦᠯᠬᠦ ᠮᠠᠲ᠋ᠧᠷᠢᠶᠠᠯ᠎ᠳᠠᠬᠢ ᠵᠠᠩᠭᠢᠯᠠᠭ᠎ᠠ ᠵᠢᠨ ᠴᠢᠨᠠᠷᠲᠠᠶ ᠮᠠᠲ᠋ᠧᠷᠢᠶᠠᠯ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ ᠡᠵᠡᠩᠨᠡᠬᠦ ᠵᠥᠪᠰᠢᠶᠡᠷᠡᠯ᠎ᠤᠨ ᠦᠨᠡᠮᠯᠡᠯ ᠵᠢᠴᠢ ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠠᠮᠠᠯᠠᠯᠲᠠ ᠵᠢᠨ ᠪᠢᠴᠢᠭ᠎ᠲᠤ ᠨᠥᠬᠥᠪᠥᠷᠢᠯᠡᠬᠦ ᠪᠠ ᠵᠠᠰᠠᠪᠤᠷᠢ ᠪᠣᠯᠬᠤ ᠦᠭᠡᠶ᠂ ᠪᠤᠰᠤᠳ ᠵᠠᠩᠭᠢᠯᠠᠭ᠎ᠠ ᠵᠢᠨ ᠪᠤᠰᠤ ᠴᠢᠨᠠᠷᠲᠠᠶ ᠮᠠᠲ᠋ᠧᠷᠢᠶᠠᠯ᠎ᠨᠢ ᠪᠤᠷᠤᠭᠤ ᠪᠤᠶᠤ ᠪᠦᠷᠢᠨ ᠪᠤᠰᠤ ᠪᠠᠶ᠋ᠢᠪᠠᠯ᠂ ᠠᠵᠤ ᠠᠬᠤᠶ᠋ᠢᠯᠠᠯ᠎ᠨᠢ ᠮᠡᠳᠡᠭᠳᠡᠭᠰᠡᠨ ᠬᠣᠶ᠋ᠢᠨ᠎ᠠ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠪᠦᠷᠢᠨ ᠪᠦᠲᠦᠨ ᠮᠠᠲ᠋ᠧᠷᠢᠶᠠᠯ ᠵᠶ᠋ᠠᠨ ᠲᠤᠰᠢᠶᠠᠵᠤ ᠪᠣᠯᠤᠨ᠎ᠠ᠃ ᠨᠡᠶ᠋ᠢᠲᠡᠯᠡᠬᠦ᠎ᠪᠠᠷ ᠪᠠᠲᠤᠯᠠᠭᠳᠠᠭᠰᠠᠨ ᠥᠬᠡᠶ ᠠᠵᠤ ᠠᠬᠤᠶ᠋ᠢᠯᠠᠯ᠎ᠤᠨ ᠮᠠᠲ᠋ᠧᠷᠢᠶᠠᠯ ᠨᠥᠬᠦᠪᠥᠷᠢᠯᠡᠬᠦ ᠵᠢ ᠳᠠᠬᠢᠨ ᠬᠦᠯᠢᠶᠡᠵᠦ ᠠᠪᠬᠤ ᠥᠬᠡᠶ ᠪᠠᠶ᠋ᠢᠵᠤ᠂ ᠲᠠᠷᠠᠭ᠋ᠠᠴᠢ ᠵᠢᠨ ᠤᠳᠠᠭ᠎ᠠ᠎ᠳᠤ ᠳᠠᠬᠢᠨ ᠰᠢᠨ᠎ᠡ᠎ᠪᠠᠷ ᠨᠡᠷ᠎ᠡ ᠮᠡᠳᠡᠭᠦᠯᠵᠦ ᠪᠣᠯᠤᠨ᠎ᠠ᠃

  (ᠳᠤᠯᠤᠭ᠎ᠠ) ᠨᠡᠷ᠎ᠡ ᠮᠡᠳᠡᠭᠦᠯᠬᠦ ᠮᠠᠲ᠋ᠧᠷᠢᠶᠠᠯ᠎ᠨᠢ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠶ ᠠᠵᠤ ᠠᠬᠤᠶ᠋ᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠦᠭᠡᠶ᠃ ᠠᠵᠤ ᠠᠬᠤᠶ᠋ᠢᠯᠠᠯ ᠲᠤᠰᠢᠶᠠᠭᠰᠠᠨ ᠮᠠᠲ᠋ᠧᠷᠢᠶᠠᠯ᠎ᠤᠨ ᠦᠨᠡᠨ ᠪᠣᠳᠠᠲᠠᠢ ᠬᠦᠴᠦᠨ᠎ᠲᠠᠢ ᠪᠠᠶ᠋ᠢᠬᠤ ᠵᠢ ᠪᠠᠲᠤᠯᠠᠬᠤ ᠬᠡᠷᠡᠭᠲᠡᠢ᠃ ᠬᠡᠷᠪᠡ ᠬᠤᠳᠠᠯ ᠬᠠᠭᠤᠷᠮᠠᠭ ᠮᠠᠲ᠋ᠧᠷᠢᠶᠠᠯ ᠪᠠᠶ᠋ᠢᠪᠠᠯ ᠨᠡᠷ᠎ᠡ ᠮᠡᠳᠡᠭᠦᠯᠬᠦ ᠬᠢᠷᠢ ᠬᠡᠮ ᠵᠢᠴᠢ ᠲᠣᠬᠢᠷᠠᠭᠤᠯᠤᠨ ᠬᠦᠷᠭᠡᠬᠦ ᠬᠢᠷᠢ ᠬᠡᠮ᠎ᠢ᠎ᠨᠢ ᠬᠠᠰᠤᠨ᠎ᠠ᠃

  (ᠨᠠᠢ᠍ᠮᠠ) ᠠᠵᠤ ᠠᠬᠤᠶ᠋ᠢᠯᠠᠯ᠎ᠤᠳ ᠡᠮᠴᠢᠯᠡᠭᠡᠨ᠎ᠤ ᠪᠠᠭ᠋ᠠᠵᠢ ᠬᠡᠷᠡᠭᠰᠡᠯ ᠡᠵᠡᠩᠨᠡᠬᠦ ᠵᠥᠪᠰᠢᠶᠡᠷᠡᠯ᠎ᠤᠨ ᠦᠨᠡᠮᠯᠡᠯ᠂ ᠡᠮᠴᠢᠯᠡᠭᠡᠨ᠎ᠤ ᠪᠠᠭ᠋ᠠᠵᠢ ᠬᠡᠷᠡᠭᠰᠡᠯ ᠡᠵᠡᠩᠨᠡᠬᠦ᠎ᠳᠤ ᠳᠠᠩᠰᠠᠯᠠᠭᠤᠯᠬᠤ ᠭᠡᠷᠡᠴᠢ ᠪᠠᠷᠢᠮᠲᠠ ᠵᠢᠨ ᠡᠵᠡᠩᠨᠡᠯᠲᠡ ᠵᠢᠨ ᠬᠡᠪᠴᠢᠶ᠎ᠡ ᠵᠢ ᠴᠢᠩᠭ᠎ᠠ ᠵᠢᠷᠤᠮᠯᠠᠨ ᠳᠣᠭᠢᠷᠠᠭᠤᠯᠤᠨ ᠬᠦᠷᠭᠡᠬᠦ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠲᠥᠷᠥᠯ ᠢᠯᠭ᠋ᠠᠯ᠎ᠢ ᠴᠢᠩᠭ᠎ᠠ ᠰᠣᠩᠭᠤᠬᠤ ᠬᠡᠷᠡᠭᠲᠡᠶ ᠮᠥᠷᠲᠡᠭᠡᠨ ᠪᠠᠯᠠᠯᠤᠨ ᠥᠭᠡᠷᠡᠴᠢᠯᠡᠵᠦ ᠪᠣᠯᠬᠤ ᠥᠬᠡᠶ᠃

  (ᠶᠢᠰᠦ) ᠠᠵᠤ ᠠᠬᠤᠶ᠋ᠢᠯᠠᠯ᠎ᠤᠨ ᠲᠣᠬᠢᠷᠠᠭᠤᠯᠤᠨ ᠬᠦᠷᠭᠡᠬᠦ ᠦᠢ᠍ᠯᠡᠳᠬᠦᠨ᠎ᠨᠢ ᠬᠤᠶᠠᠳᠤᠭ᠋ᠠᠷ ᠲᠥᠷᠥᠯ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠳᠤ ᠬᠤᠯᠪᠣᠭᠳᠠᠪᠠᠯ᠂ ᠡᠮᠴᠢᠯᠡᠭᠡᠨ᠎ᠤ ᠪᠠᠭ᠋ᠠᠵᠢ ᠬᠡᠷᠡᠭᠰᠡᠯ ᠡᠵᠡᠩᠨᠡᠬᠦ ᠵᠢ ᠳᠠᠩᠰᠠᠯᠠᠭᠤᠯᠬᠤ ᠭᠡᠷᠡᠴᠢ ᠪᠠᠷᠢᠮᠲᠠ ᠵᠢᠨ ᠬᠠᠭᠤᠯᠪᠤᠷᠢ ᠵᠢ ᠳᠠᠭ᠋ᠠᠯᠳᠤᠭᠤᠯᠬᠤ ᠬᠡᠷᠡᠭᠲᠡᠶ᠃

  (ᠠᠷᠪᠠ) ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠦᠢ᠍ᠯᠡᠳᠪᠦᠷᠢᠯᠡᠬᠦ ᠠᠵᠤ ᠠᠬᠤᠶ᠋ᠢᠯᠠᠯ ᠨᠡᠷ᠎ᠡ ᠮᠡᠳᠡᠭᠦᠯᠵᠦ ᠰᠢᠭᠤᠳ ᠲᠣᠬᠢᠷᠠᠭᠤᠯᠤᠨ ᠬᠦᠷᠭᠡᠬᠦ᠎ᠳᠤ᠂ ᠡᠷᠬᠡᠪᠰᠢ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠰᠢᠭᠤᠳ ᠲᠣᠬᠢᠷᠠᠭᠤᠯᠤᠨ ᠬᠦᠷᠭᠡᠬᠦ ᠭᠤᠶᠤᠴᠢᠯᠠᠯ᠎ᠤᠨ ᠪᠢᠴᠢᠭ᠎ᠤᠨ ᠤᠭ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠃

  (ᠠᠷᠪᠠᠨ ᠨᠢᠭᠡ) ᠠᠵᠤ ᠠᠬᠤᠶ᠋ᠢᠯᠠᠯ᠎ᠨᠢ ᠡᠷᠬᠡᠪᠰᠢ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠨᠡᠶ᠋ᠢᠲᠡᠯᠡᠬᠦ ᠰᠢᠰᠲ᠋ᠧᠮ (https://www.gsxt.gov.cn/index.htm1 )᠎ᠠᠴᠠ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠨᠡᠶ᠋ᠢᠲᠡ᠎ᠳᠤ ᠵᠠᠷᠯᠠᠭᠰᠠᠨ ᠮᠡᠳᠡᠭᠦᠯᠦᠯᠲᠡ (ᠮᠡᠳᠡᠭᠦᠯᠦᠯᠲᠡ ᠵᠢᠨ ᠠᠭᠤᠯᠭ᠎ᠠ᠎ᠳᠤ ᠡᠷᠬᠡᠪᠰᠢ ᠠᠵᠤ ᠠᠬᠤᠶ᠋ᠢᠯᠠᠯ᠎ᠤᠨ ᠦᠨᠡᠮᠯᠡᠯ᠎ᠤᠨ ᠨᠢᠭᠤᠷ᠎ᠤᠨ ᠮᠡᠳᠡᠭᠡ ᠵᠠᠩᠭᠢ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠮᠡᠳᠡᠭᠡ ᠵᠠᠩᠭᠢ᠂ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠮᠡᠳᠡᠭᠡ ᠵᠠᠩᠭᠢ᠂ ᠡᠵᠡᠩᠨᠡᠯᠲᠡ ᠵᠢᠨ ᠬᠡᠪ᠎ᠤᠨ ᠪᠤᠰᠤ ᠮᠡᠳᠡᠭᠡ ᠵᠠᠩᠭᠢ᠂ ᠬᠦᠨᠳᠦ ᠨᠣᠴᠢᠲᠠᠢ ᠬᠠᠤᠯᠢ᠎ᠠᠴᠠ ᠵᠥᠷᠢᠴᠡᠭᠰᠡᠨ ᠮᠡᠳᠡᠭᠡ ᠵᠠᠩᠭᠢ ᠵᠢ ᠪᠠᠭᠲᠠᠭ᠋ᠠᠭᠰᠠᠨ ᠪᠠᠶ᠋ᠢᠬᠤ ᠬᠡᠷᠡᠭᠲᠡᠶ) ᠵᠢ ᠳᠠᠷᠤᠮᠠᠯᠯᠠᠵᠤ ᠠᠪᠤᠨ᠎ᠠ᠃

   ᠳᠥᠷᠪᠡ᠂ ᠨᠡᠷ᠎ᠡ ᠮᠡᠳᠡᠭᠦᠯᠬᠦ ᠴᠠᠭ ᠪᠠ ᠭᠠᠵᠠᠷ

   ᠨᠡᠷ᠎ᠡ ᠮᠡᠳᠡᠭᠦᠯᠬᠦ ᠴᠠᠭ᠄ 2024 ᠣᠨ᠎ᠤ 8 ᠳ᠋ᠤᠭ᠋ᠠᠷ ᠰᠠᠷ᠎ᠠ ᠵᠢᠨ 5᠎ᠤ ᠡᠳᠦᠷ᠎ᠠᠴᠠ 23᠎ᠤ ᠡᠳᠦᠷ ᠪᠣᠯᠲᠠᠯ᠎ᠠ

   ᠠᠵᠢᠯᠯᠠᠬᠤ ᠡᠳᠦᠷ᠎ᠤᠨ ᠬᠦᠯᠢᠶᠡᠨ ᠠᠪᠴᠤ ᠰᠢᠢ᠍ᠳᠪᠦᠷᠢᠯᠡᠬᠦ ᠴᠠᠭ᠄ 8᠄ 30 — 11᠄ 00᠂ 14᠄ 30 — 17᠄ 00 ᠪᠣᠯᠲᠠᠯ᠎ᠠ

   ᠨᠡᠷ᠎ᠡ ᠮᠡᠳᠡᠭᠦᠯᠬᠦ ᠭᠠᠵᠠᠷ᠄ ᠬᠢᠩᠭ᠋ᠠᠨ ᠠᠶ᠋ᠢᠮᠠᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ᠎ᠤᠨ ᠡᠮ᠎ᠤᠨ ᠪᠠᠭ᠋ᠠᠵᠢ ᠬᠡᠷᠡᠭᠰᠡᠯ᠎ᠤᠨ ᠰᠠᠯᠠᠭ᠎ᠠ ᠵᠢᠨ 305 ᠲᠠᠰᠤᠭ (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠩᠭ᠋ᠠᠨ ᠠᠶ᠋ᠢᠮᠠᠭ᠎ᠤᠨ ᠤᠯᠠᠭ᠋ᠠᠨᠬᠤᠲᠠ ᠵᠢᠨ ᠬᠢᠩᠭ᠋ᠠᠨ ᠶᠡᠭᠡ ᠵᠠᠮ᠎ᠤᠨ 36 ᠳ᠋ᠤᠭ᠋ᠠᠷ ᠲᠣᠭ᠋ᠠᠲᠤ)

   ᠬᠠᠷᠢᠯᠴᠠᠬᠤ ᠬᠥᠮᠦᠨ᠄ ᠴᠧᠩ ᠵᠢᠨ ᠹᠧᠩ᠂ ᠪᠦᠦ ᠹᠦ᠋ ᠷᠦᠩ

   ᠬᠠᠷᠢᠯᠴᠠᠬᠤ ᠤᠲᠠᠰᠤ᠄ 0482-8250918

   ᠳᠠᠭ᠋ᠠᠯᠳᠤᠭᠤᠯᠤᠯ᠄ ᠬᠢᠩᠭ᠋ᠠᠨ ᠠᠶ᠋ᠢᠮᠠᠭ᠎ᠤᠨ 2024 ᠣᠨ (ᠳᠣᠣᠷᠠᠳᠤ ᠬᠠᠭ᠋ᠠᠰ ᠵᠢᠯ)᠎ᠤ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠱᠠᠭ᠋ᠠᠷᠳᠠᠯᠭ᠎ᠠ ᠵᠢᠴᠢ ᠵᠠᠭᠪᠤᠷ

         ᠬᠢᠩᠭ᠋ᠠᠨ ᠠᠢ᠌ᠮᠠᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ

        2024 ᠣᠨ᠎ᠤ 7 ᠳ᠋ᠤᠭ᠋ᠠᠷ ᠰᠠᠷ᠎ᠠ ᠵᠢᠨ 25᠎ᠤ ᠡᠳᠦᠷ

 

 

ᠢᠷᠡᠯᠲᠡ᠄ ᠬᠢᠩᠭ᠋ᠠᠨ ᠠᠶ᠋ᠢᠮᠠᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ
          
ᠬᠠᠮᠢᠶ᠎ᠡ ᠪᠦᠬᠦᠢ ᠰᠣᠨᠢᠨ
2024 ᠣᠨ᠎ᠤ ᠭᠤᠷᠪᠠᠳᠤᠭ᠋ᠠᠷ ᠤᠯᠠᠷᠢᠯ᠎ᠤᠨ ᠪᠥᠬᠦ ᠬᠤᠲᠠ ᠵᠢᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠰᠢᠨ᠎ᠡ᠎ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠤᠵᠤ ᠬᠢᠨᠠᠨ ᠬᠠᠷᠭᠤᠭᠤᠯᠤᠭᠰᠠᠨ ᠳ᠋ᠦᠩ᠎ᠢ ᠨᠡᠶ᠋ᠢᠲᠡᠯᠡᠬᠦ ᠲᠤᠬᠠᠶ ᠬᠥᠬᠡᠬᠤᠲᠠ ᠵᠢᠨ ᠡᠮ ᠡᠮᠨᠡᠯᠭᠡ ᠵᠢᠨ ᠬᠤᠳᠠᠯᠳᠤᠨ ᠠᠪᠬᠤ ᠲᠥᠪ᠎ᠤᠨ ᠵᠠᠷᠯᠠᠯ
ᠤᠯᠠᠭ᠋ᠠᠨᠴᠠᠪ ᠬᠤᠲᠠ ᠵᠢᠨ 2024 ᠣᠨ᠎ᠤ ᠭᠤᠷᠪᠠᠳᠤᠭ᠋ᠠᠷ ᠤᠯᠠᠷᠢᠯ᠎ᠤᠨ ᠡᠮ᠎ᠤᠨ ᠵᠦᠢ᠍ᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠢ ᠰᠢᠯᠢᠨ ᠰᠣᠩᠭᠣᠭᠰᠠᠨ ᠦᠷ᠎ᠡ ᠳ᠋ᠦᠩ᠎ᠢ ᠨᠡᠢ᠌ᠲᠡᠯᠡᠬᠦ ᠲᠤᠬᠠᠢ ᠮᠡᠳᠡᠭᠳᠡᠯ
ᠰᠢᠯᠢ ᠵᠢᠨ ᠭᠤᠤᠯ ᠠᠶ᠋ᠢᠮᠠᠭ᠎ᠤᠨ 2024 ᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠮᠡᠵᠦ ᠨᠥᠬᠦᠪᠥᠷᠢᠯᠡᠵᠦ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠨᠡᠢ᠌ᠲᠡᠯᠡᠬᠦ ᠲᠤᠬᠠᠶ ᠰᠢᠯᠢ ᠵᠢᠨ ᠭᠤᠤᠯ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ
ᠦᠬᠠᠶ ᠬᠤᠲᠠ ᠵᠢᠨ 2024 ᠣᠨ᠎ᠤ ᠳᠣᠤᠷ᠎ᠠ ᠬᠠᠭ᠋ᠠᠰ ᠵᠢᠯ᠎ᠤᠨ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠵᠢᠴᠢ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠨᠡᠮᠡᠵᠦ ᠨᠦᠬᠦᠪᠦᠷᠢᠯᠡᠬᠦ ᠲᠤᠬᠠᠶ ᠮᠡᠳᠡᠭᠳᠡᠯ
ᠲᠦᠩᠯᠢᠶᠣᠤ ᠬᠤᠲᠠ ᠵᠢᠨ 2024 ᠣᠨ᠎ᠤ ᠳᠥᠷᠪᠡᠳᠦᠭᠡᠷ ᠤᠯᠠᠷᠢᠯ᠎ᠤᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠦᠭᠰᠡᠨ ᠦᠷ᠎ᠡ ᠳ᠋ᠦᠩ᠎ᠢ ᠨᠡᠢ᠌ᠲᠡᠯᠡᠬᠦ ᠲᠤᠬᠠᠶ ᠮᠡᠳᠡᠭᠳᠡᠯ
 
            