ᠡᠯ᠎ᠡ ᠡᠮ᠎ᠤᠨ ᠵᠦᠢ᠍ᠯ ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠦᠢ᠍ᠯᠡᠳᠪᠦᠷᠢᠯᠡᠵᠦ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ᠄
《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠠᠰᠠᠭ ᠵᠠᠬᠢᠷᠭ᠋ᠠᠨ᠎ᠤ ᠦᠢ᠍ᠯᠡᠳᠦᠯ ᠴᠢᠳᠠᠪᠤᠷᠢ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠰᠠᠭ ᠵᠠᠬᠢᠷᠭ᠋ᠠᠨ᠎ᠤ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠨ 〈ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ 〉 ᠵᠢ ᠠᠬᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠢᠯᠣᠭᠤᠳᠬᠤ ᠰᠠᠨᠠᠯ》 (ᠲᠥᠷᠥ ᠲᠠᠷᠬᠠᠭ᠋ᠠᠭᠰᠠᠨ [ 2020 ] 3 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠶᠣᠰᠣᠭ᠋ᠠᠷ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠢᠯ ᠶᠠᠪᠤᠳᠠᠯ ᠭᠦᠢ᠍ᠴᠡᠳᠭᠡᠬᠦ ᠴᠤᠪᠤᠷᠠᠯ᠎ᠢ ᠬᠠᠮᠤᠭ᠎ᠤᠨ ᠰᠢᠯᠢᠳᠡᠭᠵᠢᠭᠦᠯᠬᠦ᠂ ᠠᠵᠢᠯ ᠶᠠᠪᠤᠳᠠᠯ ᠭᠦᠢ᠍ᠴᠡᠳᠭᠡᠬᠦ ᠮᠠᠲ᠋ᠧᠷᠢᠶᠠᠯ᠎ᠢ ᠬᠠᠮᠤᠭ᠎ᠤᠨ ᠳᠥᠭᠦᠮᠴᠢᠯᠡᠬᠦ᠂ ᠠᠵᠢᠯ ᠶᠠᠪᠤᠳᠠᠯ ᠭᠦᠢ᠍ᠴᠡᠳᠭᠡᠬᠦ ᠥᠪᠡᠷ᠎ᠤᠨ ᠥᠷᠲᠡᠭ᠎ᠢ ᠬᠠᠮᠤᠭ᠎ᠤᠨ ᠳᠣᠣᠷ᠎ᠠ ᠪᠣᠯᠭ᠋ᠠᠬᠤ ᠵᠢ ᠪᠡᠶᠡᠯᠡᠭᠦᠯᠬᠦ ᠵᠢᠨ ᠲᠤᠰᠠᠳᠠ᠂ ᠳᠣᠭᠢᠷᠠᠭᠤᠯᠤᠨ ᠬᠦᠷᠭᠡᠬᠦ ᠬᠠᠷᠢᠴᠠᠭ᠎ᠠ ᠵᠢ ᠬᠠᠷᠭᠤᠭᠤᠯᠤᠨ ᠪᠠᠶ᠋ᠢᠴᠠᠭ᠋ᠠᠬᠤ ᠴᠠᠭ᠎ᠢ ᠪᠣᠭᠤᠨᠢᠰᠬᠠᠵᠤ᠂ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠬᠦᠴᠦᠨ᠎ᠲᠠᠢ ᠬᠤᠭᠤᠴᠠᠭ᠎ᠠ ᠵᠢ ᠳᠡᠭᠡᠭᠰᠢᠯᠡᠭᠦᠯᠦᠨ᠂ ᠥᠨᠳᠥᠷ ᠳᠠᠪᠲᠠᠮᠵᠢᠲᠤ ᠵᠦᠢ᠍ᠯᠡᠰ᠎ᠢ ᠭᠦᠢ᠍ᠴᠡᠳᠭᠡᠬᠦ᠎ᠳᠤ ᠠᠮᠠᠷ ᠭᠦᠢ᠍ᠴᠡᠳᠭᠡᠬᠦ᠎ᠳᠤ ᠳᠦᠭᠦᠮ ᠪᠠᠢ᠌ᠬᠤ ᠵᠢ ᠪᠡᠶᠡᠯᠡᠭᠦᠯᠵᠦ᠂ ᠡᠳᠦᠭᠡ ᠳᠣᠭᠢᠷᠠᠭᠤᠯᠤᠨ ᠬᠦᠷᠭᠡᠬᠦ ᠬᠠᠷᠢᠴᠠᠭ᠎ᠠ ᠵᠢ ᠬᠠᠷᠭᠤᠭᠤᠯᠤᠨ ᠪᠠᠶ᠋ᠢᠴᠠᠭ᠋ᠠᠬᠤ ᠴᠤᠪᠤᠷᠠᠯ᠎ᠢ ᠰᠢᠯᠢᠳᠡᠭᠵᠢᠭᠦᠯᠬᠦ ᠬᠠᠮᠢᠶ᠎ᠠ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠪᠡ᠄
ᠨᠢᠭᠡ᠂ ᠲᠣᠬᠢᠷᠠᠭᠤᠯᠤᠨ ᠬᠦᠷᠭᠡᠬᠦ ᠬᠡᠯᠡᠯᠴᠡᠭᠡᠷ᠎ᠤᠨ ᠬᠠᠷᠭᠤᠭᠤᠯᠤᠨ ᠪᠠᠶ᠋ᠢᠴᠠᠭ᠋ᠠᠬᠤ ᠮᠠᠲ᠋ᠧᠷᠢᠶᠠᠯ᠎ᠢ ᠬᠦᠴᠦᠨ ᠦᠭᠡᠢ ᠪᠣᠯᠭ᠋ᠠᠬᠤ
ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠬᠢᠭᠡᠳ ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠰᠢᠰᠲ᠋ᠧᠮ᠎ᠤᠨ ᠳᠣᠲᠣᠷ᠎ᠠ ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠢ᠌ᠭᠤᠯᠪᠠᠯ (ᠬᠦᠴᠦᠨ ᠦᠭᠡᠢ ᠪᠣᠯᠭ᠋ᠠᠬᠤ) ᠳᠠᠷᠤᠢ ᠬᠤᠶᠠᠷ ᠲᠠᠯ᠎ᠠ᠎ᠪᠠᠷ ᠵᠶ᠋ᠠᠨ ᠨᠢᠭᠡᠨᠲᠡ (ᠬᠦᠴᠦᠨ ᠦᠭᠡᠢ ᠪᠣᠯᠭ᠋ᠠᠬᠤ) ᠨᠠᠢ᠌ᠳᠠᠵᠤ ᠳᠣᠬᠢᠷᠠᠭᠤᠯᠤᠨ ᠬᠦᠷᠭᠡᠬᠦ ᠭᠡᠷ᠎ᠡ ᠲᠣᠭᠲᠠᠭᠰᠠᠨ ᠵᠶ᠋ᠠᠷ ᠦᠵᠡᠵᠦ ᠂ ᠬᠤᠶᠠᠷ ᠲᠠᠯ᠎ᠠ᠎ᠪᠠᠷ ᠵᠶ᠋ᠠᠨ ᠡᠷᠬᠡᠪᠰᠢ ᠲᠣᠬᠢᠷᠠᠭᠤᠯᠤᠨ ᠬᠦᠷᠭᠡᠬᠦ ᠡᠭᠦᠷᠭᠡ ᠪᠠ ᠠᠮᠠᠯᠠᠯᠲᠠ᠎ᠪᠠᠨ ᠤᠬᠠᠮᠰᠠᠷ᠎ᠠᠴᠠ᠎ᠪᠠᠨ ᠭᠦᠢ᠍ᠴᠡᠳᠬᠡᠬᠦ ᠬᠡᠷᠡᠭᠲᠡᠢ᠃ 2025 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠬᠢᠭᠡᠳ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ 《ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠡᠯᠰᠡᠨ ᠴᠤᠭᠯᠠᠭᠤᠯᠬᠤ ᠬᠠᠮᠢᠶᠠᠷᠤᠯᠲᠠ ᠵᠢᠨ ᠰᠢᠰᠲ᠋ᠧᠮ》᠎ᠤᠨ ᠳᠣᠲᠣᠷ᠎ᠠ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠬᠠᠷᠢᠴᠠᠭ᠎ᠠ ᠵᠢ ᠰᠢᠨ᠎ᠡ᠎ᠪᠠᠷ ᠪᠠᠶ᠋ᠢᠭᠤᠯᠤᠨ᠎ᠠ (ᠬᠦᠴᠦᠨ ᠥᠬᠡᠶ ᠪᠣᠯᠭ᠋ᠠᠬᠤ)᠂ ᠮᠠᠨ᠎ᠤ ᠲᠥᠪ᠎ᠠᠴᠠ ᠴᠠᠭ᠋ᠠᠰᠤᠨ ᠬᠡᠪᠯᠡᠯ ᠪᠠ ᠡᠯᠸᠺᠲᠷᠣᠨ ᠬᠡᠪᠯᠡᠯ᠎ᠤᠨ ᠨᠠᠢ᠌ᠳᠠᠵᠤ ᠳᠣᠭᠢᠷᠠᠭᠤᠯᠤᠨ ᠬᠦᠷᠭᠡᠬᠦ ᠬᠡᠯᠡᠯᠴᠡᠭᠡᠷ᠎ᠢ ᠳᠠᠭᠢᠵᠤ ᠬᠤᠷᠢᠶᠠᠬᠤ ᠥᠬᠡᠶ᠂ ᠰᠢᠭᠤᠳ ᠰᠢᠰᠲ᠋ᠧᠮ᠎ᠤᠨ ᠳᠣᠲᠣᠷ᠎ᠠ ᠬᠠᠷᠭᠤᠭᠤᠯᠤᠨ ᠪᠠᠢ᠌ᠴᠠᠭ᠋ᠠᠵᠤ ᠂ ᠵᠠᠷᠴᠢᠮ ᠳᠡᠭᠡᠷ᠎ᠡ᠎ᠪᠠᠨ 3 ᠠᠵᠢᠯᠯᠠᠬᠤ ᠡᠳᠦᠷ᠎ᠲᠤ ᠬᠠᠷᠭᠤᠭᠤᠯᠤᠨ ᠪᠠᠶ᠋ᠢᠴᠠᠭ᠋ᠠᠬᠤ ᠵᠢ ᠪᠡᠶᠡᠯᠡᠭᠦᠯᠦᠨ᠎ᠡ᠃
ᠬᠤᠶᠠᠷ᠂ ᠰᠢᠰᠲᠸᠮ᠎ᠤᠨ ᠨᠢᠭᠡᠨᠲᠡ ᠪᠠᠶ᠋ᠢᠭᠤᠯᠤᠭᠰᠠᠨ ᠲᠣᠬᠢᠷᠠᠭᠤᠯᠤᠨ ᠬᠦᠷᠭᠡᠬᠦ ᠬᠠᠷᠢᠴᠠᠭ᠎ᠠ ᠵᠢ ᠡᠮᠬᠢᠯᠡᠬᠦ
ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠪᠠ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠪᠣᠳᠠᠲᠠᠶ ᠡᠵᠡᠩᠨᠡᠵᠦ ᠪᠠᠶ᠋ᠢᠭ᠎ᠠ ᠦᠢ᠍ᠯᠡᠳᠬᠦᠨ᠎ᠤ ᠪᠠᠶ᠋ᠢᠳᠠᠯ ᠵᠶ᠋ᠠᠨ ᠦᠨᠳᠦᠰᠦᠯᠡᠨ᠂ 《ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠠᠭ᠋ᠠᠭ᠋ᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠵᠢᠨ ᠰᠢᠰᠲ᠋ᠧᠮ》᠎ᠤᠨ ᠳᠣᠭᠢᠷᠠᠭᠤᠯᠤᠨ ᠬᠦᠷᠭᠡᠬᠦ ᠬᠠᠷᠢᠴᠠᠭ᠎ᠠ (ᠨᠢᠭᠡᠨᠲᠡ ᠬᠦᠴᠦᠨ᠎ᠲᠠᠢ ᠪᠣᠯᠤᠭᠰᠠᠨ ᠪᠠ ᠬᠦᠴᠦᠨ᠎ᠲᠠᠢ ᠪᠣᠯᠣᠭ᠎ᠠ ᠥᠬᠡᠶ ᠪᠠᠶ᠋ᠢᠳᠠᠯ᠎ᠢ ᠪᠠᠭᠲᠠᠭ᠋ᠠᠨ᠎ᠠ) ᠵᠢᠨ ᠪᠠᠶ᠋ᠢᠳᠠᠯ᠎ᠢ ᠬᠢᠨᠠᠮᠠᠭ᠋ᠠᠶ ᠡᠮᠬᠢᠯᠡᠨ᠎ᠡ ᠃ 《ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠡᠯᠰᠡᠨ ᠴᠤᠭᠯᠠᠭᠤᠯᠬᠤ ᠬᠠᠮᠢᠶᠠᠷᠤᠯᠲᠠ ᠵᠢᠨ ᠰᠢᠰᠲ᠋ᠧᠮ》᠎ᠳᠠᠬᠢ ᠬᠦᠴᠦᠨ ᠥᠬᠡᠶ ᠬᠤᠯᠪᠣᠭ᠎ᠠ ᠵᠢ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠨᠢ ᠴᠠᠭ ᠲᠤᠬᠠᠶ᠎ᠳᠤᠨᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠲᠠᠢ ᠬᠠᠷᠢᠯᠴᠠᠵᠤ ᠨᠤᠲᠠᠯᠠᠬᠤ ᠵᠢᠨ ᠬᠠᠮᠲᠤ᠂ 2025 ᠣᠨ᠎ᠤ 2 ᠳ᠋ᠤᠭ᠋ᠠᠷ ᠰᠠᠷ᠎ᠠ ᠵᠢᠨ 28᠎ᠤ ᠡᠳᠦᠷ᠎ᠠᠴᠠ ᠡᠮᠦᠨ᠎ᠡ 《ᠬᠦᠴᠦᠨ ᠥᠬᠡᠶ ᠪᠣᠯᠭ᠋ᠠᠬᠤ》 ᠭᠤᠶᠤᠴᠢᠯᠠᠯ᠎ᠢ ᠰᠢᠢ᠍ᠳᠪᠦᠷᠢᠯᠡᠵᠦ ᠂ ᠬᠦᠴᠦᠨ ᠥᠬᠡᠶ ᠪᠣᠯᠭ᠋ᠠᠬᠤ ᠬᠡᠯᠡᠯᠴᠡᠭᠡᠷ᠎ᠢ ᠲᠤᠰᠢᠶᠠᠬᠤ ᠴᠢᠬᠤᠯᠠ ᠥᠬᠡᠶ; 《ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠬᠤᠳᠠᠯᠳᠤᠨ ᠠᠪᠬᠤ ᠬᠠᠮᠢᠶᠠᠷᠤᠯᠲᠠ ᠵᠢᠨ ᠰᠢᠰᠲ᠋ᠧᠮ》᠎ᠳᠠᠬᠢ ᠪᠦᠲᠦᠮᠵᠢᠲᠡᠶ ᠬᠤᠯᠪᠣᠭ᠎ᠠ ᠵᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ 2025 ᠣᠨ᠎ᠤ 2 ᠳ᠋ᠤᠭ᠋ᠠᠷ ᠰᠠᠷ᠎ᠠ ᠵᠢᠨ 28᠎ᠤ ᠡᠳᠦᠷ᠎ᠠᠴᠠ ᠡᠮᠦᠨ᠎ᠡ ᠳᠣᠭᠢᠷᠠᠭᠤᠯᠤᠨ ᠬᠦᠷᠭᠡᠬᠦ ᠬᠡᠯᠡᠯᠴᠡᠭᠡᠷ᠎ᠤᠨ ᠡᠯᠸᠺᠲᠷᠣᠨ ᠬᠡᠪᠯᠡᠯ᠎ᠢ ᠬᠥᠬᠡᠬᠤᠲᠠ ᠵᠢᠨ ᠡᠮ ᠡᠮᠨᠡᠯᠭᠡ ᠬᠤᠳᠠᠯᠳᠤᠨ ᠠᠪᠬᠤ ᠲᠥᠪ᠎ᠤᠨ ᠢᠮᠸᠯ᠎ᠳᠤ ᠲᠤᠰᠢᠶᠠᠵᠤ ᠳᠣᠭᠢᠷᠠᠭᠤᠯᠤᠨ ᠬᠦᠷᠭᠡᠬᠦ ᠬᠠᠷᠢᠴᠠᠭ᠎ᠠ ᠵᠢ ᠨᠤᠲᠠᠯᠠᠨ᠎ᠠ ᠂ ᠬᠤᠭᠤᠴᠠᠭ᠎ᠠ ᠬᠡᠲᠦᠷᠡᠭᠡᠳ ᠨᠤᠲᠠᠯᠠᠭᠰᠠᠨ ᠦᠭᠡᠢ ᠵᠦᠢ᠍ᠯᠡᠰ᠎ᠢ ᠪᠦᠯᠦᠭ ᠵᠶ᠋ᠠᠷ᠎ᠨᠢ 《ᠬᠦᠴᠦᠨ ᠥᠬᠡᠶ ᠪᠣᠯᠭ᠋ᠠᠨ᠎ᠠ 》 ᠃
ᠭᠤᠷᠪᠠ᠂ ᠲᠣᠬᠢᠷᠠᠭᠤᠯᠤᠨ ᠬᠦᠷᠭᠡᠬᠦ ᠬᠠᠷᠢᠴᠠᠭ᠎ᠠ ᠵᠢ ᠬᠠᠷᠭᠤᠭᠤᠯᠤᠨ ᠪᠠᠶ᠋ᠢᠴᠠᠭ᠋ᠠᠭᠰᠠᠨ ᠦᠷ᠎ᠡ ᠳ᠋ᠦᠩ᠎ᠢ ᠪᠠᠶ᠋ᠢᠴᠠᠭ᠋ᠠᠨ ᠦᠵᠡᠬᠦ
ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠬᠢᠭᠡᠳ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ 《ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠡᠯᠰᠡᠨ ᠴᠤᠭᠯᠠᠭᠤᠯᠬᠤ ᠬᠠᠮᠢᠶᠠᠷᠤᠯᠲᠠ ᠵᠢᠨ ᠰᠢᠰᠲ᠋ᠧᠮ》 ᠵᠶ᠋ᠠᠷ ᠳᠠᠮᠵᠢᠭᠤᠯᠤᠨ ᠳᠣᠭᠢᠷᠠᠭᠤᠯᠤᠨ ᠬᠦᠷᠭᠡᠬᠦ ᠬᠠᠷᠢᠴᠠᠭ᠎ᠠ ᠵᠢ ᠬᠠᠷᠭᠤᠭᠤᠯᠤᠨ ᠪᠠᠢ᠌ᠴᠠᠭ᠋ᠠᠭᠰᠠᠨ ᠦᠷ᠎ᠡ ᠳ᠋ᠦᠩ᠎ᠢ ᠥᠪᠡᠷᠲᠡᠭᠡᠨ ᠪᠠᠢ᠌ᠴᠠᠭ᠋ᠠᠨ ᠦᠵᠡᠵᠦ ᠪᠣᠯᠤᠨ᠎ᠠ᠂ ᠳᠣᠭᠢᠷᠠᠭᠤᠯᠤᠨ ᠬᠦᠷᠭᠡᠬᠦ ᠬᠠᠷᠢᠴᠠᠭ᠎ᠠ᠎ᠳᠤ ᠠᠢ᠌ᠮᠠᠭ ᠬᠤᠲᠠ ᠵᠢᠨ ᠪᠠᠢ᠌ᠭᠤᠯᠤᠮᠵᠢ ᠨᠢᠭᠡᠨᠲᠡ ᠨᠤᠲᠠᠯᠠᠭᠰᠠᠨ ᠵᠶ᠋ᠠᠷ ᠢᠯᠡᠷᠡᠵᠦ ᠪᠠᠢ᠌ᠪᠠᠯ ᠳᠣᠭᠢᠷᠠᠭᠤᠯᠤᠨ ᠬᠦᠷᠭᠡᠬᠦ ᠪᠣᠯᠤᠨ᠎ᠠ᠃
ᠳᠥᠷᠪᠡ᠂ ᠳᠠᠩᠰᠠᠨ ᠡᠷᠦᠬᠡ ᠵᠢᠨ ᠨᠢᠭᠤᠴᠠ ᠨᠣᠮᠧᠷ᠎ᠢ ᠬᠠᠳᠠᠭ᠋ᠠᠯᠠᠬᠤ
ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠬᠢᠭᠡᠳ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠳ ᠲᠣᠰ ᠠᠵᠤ ᠠᠬᠤᠶ᠋ᠢᠯᠠᠯ᠎ᠤᠨ ᠵᠶ᠋ᠠᠨ 《ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠡᠯᠰᠡᠨ ᠴᠤᠭᠯᠠᠭᠤᠯᠬᠤ ᠬᠠᠮᠢᠶᠠᠷᠤᠯᠲᠠ ᠵᠢᠨ ᠰᠢᠰᠲ᠋ᠧᠮ》᠎ᠤᠨ ᠬᠡᠷᠡᠭᠯᠡᠭᠴᠢ ᠵᠢᠨ ᠨᠡᠷ᠎ᠡ ᠵᠢᠴᠢ ᠨᠢᠭᠤᠴᠠ ᠨᠣᠮᠧᠷ᠎ᠢ ᠴᠢᠩᠭ᠎ᠠ ᠬᠠᠮᠢᠶᠠᠷᠴᠤ᠂ ᠲᠤᠰᠬᠠᠶ ᠬᠥᠮᠦᠨ ᠵᠶ᠋ᠠᠷ ᠲᠣᠭᠲᠠᠭ᠋ᠠᠨ ᠠᠵᠢᠯᠯᠠᠭᠤᠯᠵᠤ᠂ ᠬᠡᠷᠡᠭᠯᠡᠭᠴᠢ ᠵᠢᠨ ᠨᠡᠷ᠎ᠡ ᠵᠢᠴᠢ ᠨᠢᠭᠤᠴᠠ ᠨᠣᠮᠧᠷ ᠵᠠᠳᠠᠷᠠᠭᠰᠠᠨ᠎ᠠᠴᠠ ᠪᠣᠯᠣᠭᠰᠠᠨ ᠠᠰᠠᠭᠤᠳᠠᠯ᠎ᠢ ᠠᠵᠤ ᠠᠬᠤᠶ᠋ᠢᠯᠠᠯ ᠥᠪᠡᠷᠲᠡᠭᠡᠨ ᠡᠭᠦᠷᠭᠡᠯᠡᠨ᠎ᠡ᠃
ᠬᠠᠷᠢᠯᠴᠠᠬᠤ ᠤᠲᠠᠰᠤ᠄ 0471 - 3908542
ᠢᠮᠧᠯ᠄ jcpsqybm@163.com
ᠬᠥᠬᠡᠬᠣᠲᠠ ᠵᠢᠨ ᠡᠮ ᠡᠮᠨᠡᠯᠭᠡ ᠬᠤᠳᠠᠯᠳᠤᠨ ᠠᠪᠬᠤ ᠲᠥᠪ
2025 ᠣᠨ᠎ᠤ 1 ᠳ᠋ᠦ᠍ᠭᠡᠷ ᠰᠠᠷ᠎ᠠ ᠵᠢᠨ 14᠎ᠤ ᠡᠳᠦᠷ