ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
2025 ᠣᠨ᠎ᠤ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ᠌ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠨ ᠨᠡᠮᠡᠵᠦ᠍ ᠨᠥᠬᠦᠪᠥᠷᠢᠯᠡᠬᠦ᠌ ᠠᠵᠢᠯ᠎ᠢ ᠥᠷᠨᠢᠭᠦᠯᠬᠦ᠌ ᠲᠤᠬᠠᠶ ᠱᠢᠯᠢ᠎ᠶ᠋ᠢᠨ ᠭᠤᠤᠯ ᠠᠢᠮᠠᠭ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠮᠡᠳᠡᠭ᠌ᠳᠡᠯ
ᠨᠡᠶ᠋ᠢᠲᠡᠯᠡᠭᠰᠡᠨ ᠴᠠᠭ᠄ 2025-11-03

ᠱᠢᠯᠢ᠎ᠡᠮᠴᠢᠯᠡᠭᠡᠨ ᠳᠠᠭᠠᠳᠭᠠᠯ ᠠᠯᠪᠠᠨ ᠦᠰᠦᠭ [2025] 29 ᠳ᠋ᠤᠭᠡᠷ ᠲᠣᠭᠠᠲᠤ

ᠡᠯ᠎ᠡ ᠡᠮ᠎ᠤᠨ ᠵᠦᠢᠯ᠂ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠳᠤ᠄

  ᠪᠥᠬᠦ᠌ ᠠᠢᠮᠠᠭ᠎ᠤᠨ ᠠᠯᠪᠠᠨ᠎ᠠᠴᠠ ᠪᠠᠢᠭᠤᠯᠤᠭ᠍ᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠬᠤᠳᠠᠯᠳᠤᠨ ᠠᠪᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠵᠤ᠂ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠴᠠᠭ ᠲᠤᠬᠠᠶ᠎ᠳᠤ᠎ᠨᠢ ᠬᠠᠩᠭᠠᠬᠤ᠎ᠶ᠋ᠢ ᠪᠠᠲᠤᠯᠠᠬᠤ᠎ᠶ᠋ᠢᠨ ᠲᠤᠰᠠᠳᠠ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ》 ( ᠥᠪᠥᠷ ᠡᠮ ᠬᠤᠳᠠᠯᠳᠤᠨ ᠠᠪᠬᠤ ᠲᠥᠪ ᠥᠰᠥᠭ [2022] 246 ᠳ᠋ᠤᠭᠠᠷ ᠲᠣᠭᠠᠲᠤ) ᠎ᠤᠨ ᠵᠣᠷᠢᠭ ᠰᠠᠨᠠᠭ᠎ᠠ᠎ᠶ᠋ᠢ ᠦᠨᠳᠦᠰᠦᠯᠡᠨ᠂ ᠠᠢᠮᠠᠭ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠠᠴᠠ 2025 ᠣᠨ᠎ᠤ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ᠌ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠨ ᠨᠡᠮᠡᠵᠦ᠍ ᠨᠥᠬᠦᠪᠥᠷᠢᠯᠡᠬᠦ᠌ ᠠᠵᠢᠯ᠎ᠢ ᠥᠷᠨᠢᠭᠦᠯᠬᠦ᠌᠎ᠪᠠᠷ ᠲᠣᠭ᠍ᠲᠠᠪᠠ᠂ ᠡᠳᠦᠭᠡ ᠬᠤᠯᠪᠣᠭ᠍ᠳᠠᠯ ᠪᠥᠬᠦᠶ ᠵᠦᠢᠯᠡᠰ᠎ᠢ ᠳᠣᠤᠷᠠᠬᠢ ᠮᠡᠲᠦ ᠮᠡᠳᠡᠭᠳᠡᠶ᠎ᠡ᠄

  ᠨᠢᠭᠡ᠂ ᠨᠡᠮᠡᠵᠦ᠍ ᠨᠥᠬᠦᠪᠥᠷᠢᠯᠡᠬᠦ᠌ ᠠᠵᠤ ᠠᠬᠤᠢᠯᠠᠯ᠎ᠤᠨ ᠬᠦᠷᠢᠶ᠎ᠡ ᠬᠡᠪᠴᠢᠶ᠎ᠡ

  ᠮᠠᠨ᠎ᠤ ᠠᠢᠮᠠᠭ᠎ᠲᠤ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ᠎ᠶ᠋ᠢᠨ ᠬᠤᠪᠢᠶᠠᠷᠢ ᠱᠢᠰᠲ᠋ᠧᠮ᠎ᠤᠨ ᠰᠦᠯᠵᠢᠶᠡᠨ᠎ᠳᠤ ᠬᠤᠯᠪᠤᠭ᠍ᠰᠠᠨ ᠦᠢᠯᠡᠳᠭᠦᠨ᠎ᠢ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠨ ᠪᠥᠬᠦ᠌ ᠣᠷᠣᠨ᠎ᠤ ᠪᠤᠰᠤᠳ ᠠᠢᠮᠠᠭ ᠬᠤᠲᠠ᠎ᠳᠤ ᠳᠣᠭᠢᠷᠠᠭᠤᠯᠤᠨ ᠬᠦᠷᠭᠡᠬᠦ᠌ ᠡᠷᠬᠡ ᠮᠡᠳᠡᠯ ᠥᠬᠡᠶ ᠡᠮ᠎ᠤᠨ ᠵᠦᠢᠯ᠂ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠢ ᠥᠷᠨᠢᠭᠦᠯᠬᠦ᠌᠎ᠪᠠᠷ ᠪᠣᠶ᠃

  ᠬᠤᠶᠠᠷ᠂ ᠲᠣᠬᠢᠷᠠᠭᠤᠯᠤᠨ ᠬᠦᠷᠭᠡᠬᠦ᠌ ᠬᠡᠪᠴᠢᠶ᠎ᠡ

  ᠱᠢᠯᠢ᠎ᠶ᠋ᠢᠨ ᠭᠣᠤᠯ ᠠᠢᠮᠠᠭ᠎ᠤᠨ ᠬᠡᠪᠴᠢᠶᠡᠨ ᠳᠣᠲᠣᠷᠠᠬᠢ ᠪᠤᠶ ᠪᠦᠬᠦᠢ ᠲᠣᠭ᠍ᠲᠠᠭ᠍ᠰᠠᠨ ᠴᠡᠭ᠎ᠦᠨ ᠠᠯᠪᠠᠨ᠎ᠠᠴᠠ ᠪᠠᠢᠭᠤᠯᠤᠭ᠍ᠰᠠᠨ ᠡᠮᠴᠢᠯᠡᠭᠡᠨ᠎ᠦ ᠪᠠᠢᠭᠤᠯᠤᠮᠵᠢ᠃

  ᠭᠤᠷᠪᠠ᠂ ᠨᠡᠷ᠎ᠡ ᠮᠡᠳᠡᠭᠦᠯᠬᠦ᠌ ᠨᠥᠬᠦᠴᠡᠯ

  ᠮᠠᠨ᠎ᠤ ᠠᠢᠮᠠᠭ᠎ᠤᠨ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ᠌ ᠳᠣᠭᠢᠷᠠᠭᠤᠯᠤᠨ ᠬᠦᠷᠭᠡᠬᠦ᠌ ᠡᠷᠬᠡ ᠮᠡᠳᠡᠯ᠎ᠤᠨ ᠬᠡᠪᠴᠢᠶ᠎ᠡ᠎ᠶ᠋ᠢ ᠭᠤᠶᠤᠴᠢᠯᠠᠬᠤ ᠠᠵᠤ ᠠᠬᠤᠢᠯᠠᠯ᠎ᠨᠢ ᠡᠷᠬᠡᠪᠰᠢ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ᠌ ᠬᠠᠮᠢᠶ᠎ᠠ ᠪᠥᠬᠦᠶ ᠲᠥᠷᠥ᠎ᠶ᠋ᠢᠨ ᠪᠣᠳᠣᠯᠭ᠎ᠠ᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠬᠡᠷᠡᠭ᠌ᠵᠢᠭᠦᠯᠬᠦ᠌ ᠬᠡᠷᠡᠭ᠌ᠲᠡᠶ᠃ ᠡᠭᠦᠨ᠎ᠦ ᠬᠠᠮᠲᠤ ᠳᠣᠣᠷᠠᠬᠢ ᠨᠥᠬᠥᠴᠡᠯ᠎ᠦᠳ᠎ᠢ ᠡᠷᠬᠡᠪᠰᠢ ᠪᠦᠷᠢᠯᠳᠦᠭᠦᠯᠬᠦ᠌ ᠬᠡᠷᠡᠭ᠌ᠲᠡᠢ᠄

  (ᠨᠢᠭᠡ) ᠬᠠᠤᠯᠢ ᠶᠣᠰᠣᠭᠠᠷ ᠵᠣᠬᠢᠬᠤ ᠬᠢᠷᠢ ᠭᠡᠮ᠎ᠦᠨ ᠦᠨᠡᠮᠯᠡᠯ ᠎ᠢ ᠣᠯᠵᠤ᠂ ᠪᠡᠶ᠎ᠡ᠎ᠪᠡᠨ ᠳᠠᠭᠠᠭᠠᠭ᠍ᠰᠠᠨ ᠬᠠᠤᠯᠢ᠎ᠶ᠋ᠢᠨ ᠡᠷᠬᠡᠲᠡᠨ᠎ᠦ ᠬᠢᠷᠢ ᠬᠡᠮ ᠪᠠ ᠪᠡᠶ᠎ᠡ᠎ᠪᠡᠨ ᠳᠠᠭᠠᠭᠠᠭ᠍ᠰᠠᠨ ᠢᠷᠭᠡᠨ᠎ᠦ ᠬᠡᠷᠡᠭ᠎ᠦᠨ ᠬᠠᠷᠢᠭᠤᠴᠠᠯᠭ᠎ᠠ᠎ᠶ᠋ᠢ ᠡᠭᠦᠷᠭᠡᠯᠡᠬᠦ᠌ ᠴᠢᠳᠠᠪᠤᠷᠢ᠎ᠲᠠᠶ;

  (ᠬᠤᠶᠠᠷ) ᠴᠠᠭ ᠲᠤᠬᠠᠢ᠎ᠳᠤ᠎ᠨᠢ᠂ ᠬᠦᠢᠴᠡᠳ ᠭᠡᠮᠵᠢᠶ᠎ᠠ᠎ᠲᠠᠢ ᠲᠣᠬᠢᠷᠡᠭᠤᠯᠥᠨ ᠬᠦᠷᠭᠡᠬᠦ᠌ ᠦᠢᠯᠡᠳᠬᠦᠨ᠎ᠤ ᠪᠠᠷᠡᠭᠠᠨ᠎ᠤ ᠬᠦᠢᠯᠬᠡᠬᠡᠡ᠎ᠤ ᠴᠢᠳᠡᠪᠦᠷᠢ᠎ᠶ᠋ᠢ ᠪᠦᠷᠢᠯᠳᠦᠬᠦᠯᠵᠦ᠍᠂ ᠰᠠᠢᠨ ᠰᠠᠢᠬᠠᠨ ᠪᠤᠷᠣᠯᠠᠭᠤᠯᠭ᠎ᠠ᠎ᠶ᠋ᠢᠨ ᠳᠡᠷᠡᠭᠠᠬᠢ ᠦᠢᠯᠡᠴᠢᠯᠡᠭᠡᠨ᠎ᠤ ᠴᠢᠳᠡᠪᠦᠷᠢ ᠪᠠ ᠪᠠᠴᠢᠮ ᠪᠠᠢᠳᠡᠯ᠎ᠢ ᠠᠷᠭ᠋ᠠᠴᠠᠭ᠋ᠠᠬᠤ ᠪᠠᠳᠣᠯᠠᠭ᠎ᠠ᠎ᠶ᠋ᠢᠨ ᠴᠢᠳᠡᠪᠦᠷᠢ᠎ᠶ᠋ᠢ ᠪᠦᠷᠢᠯᠳᠦᠬᠦᠯᠥᠨ᠎ᠠ;

  (ᠭᠤᠷᠪᠠ) ᠬᠠᠤᠯᠢ ᠴᠠᠭᠠᠵᠠ ᠬᠠᠤᠯᠢ ᠲᠣᠭᠲᠠᠭᠠᠯ᠎ᠳᠤ ᠲᠣᠭᠲᠠᠭᠠᠭᠰᠠᠨ ᠪᠤᠰᠤᠳ ᠨᠥᠬᠥᠴᠡᠯ᠎ᠦᠳ᠎ᠢ ᠪᠠᠭᠲᠠᠭᠠᠨ᠎ᠠ᠃

  ᠳᠥᠷᠪᠡ᠂ ᠨᠡᠷ᠎ᠡ ᠮᠡᠳᠡᠭᠦᠯᠬᠦ᠌ ᠠᠷᠭ᠎ᠠ ᠮᠠᠶᠢᠭ

  ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠍᠂ ᠡᠯ᠎ᠡ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠨᠢ ᠨᠡᠷ᠎ᠡ ᠮᠡᠳᠡᠭᠦᠯᠬᠦ᠌ ᠮᠠᠲ᠋ᠧᠷᠢᠶᠠᠯ᠎ᠤᠨ ᠥᠩᠭᠡᠲᠦ ᠱᠢᠷᠪᠢᠯᠲᠡ᠎ᠶ᠋ᠢᠨ ᠮᠠᠲᠸᠷᠢᠶᠠᠯ᠎ᠢ ᠠᠢᠮᠠᠭ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠡᠮ ᠡᠮᠨᠡᠯᠭᠡ᠎ᠶ᠋ᠢᠨ ᠦᠢᠯᠡᠴᠢᠯᠡᠭᠡ ᠬᠢᠭᠡᠳ ᠦᠨ᠎ᠡ ᠬᠠᠩᠰᠢ᠎ᠶ᠋ᠢᠨ ᠬᠠᠮᠢᠶᠠᠷᠤᠯᠲᠠ᠎ᠶ᠋ᠢᠨ ᠰᠠᠯᠠᠭᠠᠨ᠎ᠳᠤ ᠶᠠᠪᠤᠭᠤᠯᠬᠤ ᠬᠡᠷᠡᠭ᠌ᠲᠡᠶ᠃

  ᠲᠠᠪᠤ᠂ ᠭᠥᠯᠢᠶᠡᠨ ᠠᠪᠴᠤ᠌ ᠱᠢᠢᠳᠪᠦᠷᠢᠯᠡᠬᠦ᠌ ᠴᠠᠭ

  2025 ᠣᠨ᠎ᠤ 11 ᠳ᠋ᠤᠭᠡᠷ ᠰᠠᠷ᠎ᠠ᠎ᠶ᠋ᠢᠨ 3 ᠎ᠤ ᠡᠳᠦᠷ᠎ᠠᠴᠠ 9 ᠎ᠤ ᠡᠳᠦᠷ ᠪᠣᠯᠲᠠᠯ᠎ᠠ᠂ ᠡᠯ᠎ᠡ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠳ ᠲᠣᠭ᠍ᠲᠠᠭ᠍ᠰᠠᠨ ᠴᠠᠭ᠎ᠤᠨ ᠳᠣᠲᠣᠷ᠎ᠠ ᠨᠡᠷ᠎ᠡ ᠮᠡᠳᠡᠭᠦᠯᠬᠦ᠌ ᠮᠠᠲ᠋ᠧᠷᠢᠶᠠᠯ᠎ᠢ ᠶᠠᠪᠤᠭᠤᠯᠵᠤ᠂ ᠬᠤᠭᠤᠴᠠᠭ᠎ᠠ ᠦᠩᠭᠡᠷᠡᠪᠡᠯ ᠳᠠᠭᠢᠵᠤ ᠭᠥᠯᠢᠶᠡᠨ ᠠᠪᠴᠤ᠌ ᠱᠢᠢᠳᠪᠦᠷᠢᠯᠡᠬᠦ᠌ ᠥᠬᠡᠶ᠃

  ᠵᠢᠷᠭᠤᠭ᠎ᠠ᠂ ᠠᠩᠬᠠᠷᠬᠤ ᠵᠦᠢᠯ

  (ᠨᠢᠭᠡ) ᠲᠤᠱᠢᠶᠠᠭ᠍ᠰᠠᠨ ᠮᠠᠲ᠋ᠧᠷᠢᠶᠠᠯ᠎ᠨᠢ ᠨᠢᠭᠤᠷ ᠳᠠᠷᠠᠭᠠᠯᠠᠨ ᠠᠵᠤ ᠠᠬᠤᠢᠯᠠᠯ᠎ᠤᠨ ᠠᠯᠪᠠᠨ ᠲᠠᠮᠠᠭ᠎ᠠ᠎ᠶ᠋ᠢ ᠳᠠᠷᠤᠬᠤ ᠬᠡᠷᠡᠭ᠌ᠲᠡᠶ;

  (ᠬᠤᠶᠠᠷ) ᠱᠢᠤᠳᠠᠨ᠎ᠤ ᠵᠦᠢᠯ᠎ᠤᠨ ᠭᠤᠤᠯ ᠰᠡᠳᠦᠪ᠎ᠲᠤ ᠠᠵᠤ ᠠᠬᠤᠢᠯᠠᠯ᠎ᠤᠨ ᠨᠡᠷᠡᠢᠳᠦᠯ᠂ ᠬᠠᠷᠢᠯᠴᠠᠬᠤ ᠬᠥᠮᠦᠨ᠎ᠤ ᠣᠪᠣᠭ ᠨᠡᠷ᠎ᠡ ᠵᠢᠴᠢ ᠤᠳᠠᠰᠦ᠂ 《ᠡᠮ᠎ᠤᠨ ᠵᠦᠢᠯ᠂ ᠬᠤᠷᠣᠭ᠍ᠳᠠᠯ ᠮᠠᠲ᠋ᠧᠷᠢᠶᠠᠯ》 ᠎ᠤᠨ ᠳᠣᠭᠢᠷᠠᠭᠤᠯᠤᠨ ᠬᠦᠷᠭᠡᠬᠦ᠌ ᠲᠤᠬᠠᠢᠯᠠᠭ᠍ᠰᠠᠨ ᠠᠵᠢᠯ᠎ᠤᠨ ᠲᠥᠷᠥᠯ ᠬᠡᠯᠪᠡᠷᠢ᠎ᠶ᠋ᠢ ᠲᠣᠳᠣᠷᠬᠠᠢᠯᠠᠨ᠎ᠠ;

  (ᠭᠤᠷᠪᠠ) ᠡᠯ᠎ᠡ ᠲᠣᠬᠢᠷᠠᠭᠤᠯᠤᠨ ᠬᠦᠷᠭᠡᠬᠦ᠌ ᠠᠵᠤ ᠠᠬᠤᠢᠯᠠᠯ᠎ᠤᠳ ᠲᠤᠱᠢᠶᠠᠭ᠍ᠰᠠᠨ ᠮᠠᠲ᠋ᠧᠷᠢᠶᠠᠯ᠎ᠤᠨ ᠦᠨᠡᠨ ᠪᠣᠳᠠᠲᠠᠶ ᠪᠥᠭᠡᠳ ᠬᠦᠴᠦᠨ ᠲᠡᠭᠦᠯᠳᠡᠷ ᠪᠠᠢᠬᠤ᠎ᠶ᠋ᠢ ᠪᠠᠲᠤᠯᠠᠵᠤ᠂ ᠬᠤᠳᠠᠯ᠎ᠢᠶᠠᠷ ᠬᠢᠵᠦ᠍ ᠬᠠᠭᠤᠷᠮᠠᠭ᠍ᠯᠠᠨ ᠵᠣᠬᠢᠶᠠᠭᠠᠳ ᠨᠡᠷ᠎ᠡ ᠮᠡᠳᠡᠭᠦᠯᠪᠡᠯ ᠬᠢᠷᠢ ᠭᠡᠮ᠎ᠢ ᠨᠢ  ᠬᠦᠴᠦᠨ ᠦᠭᠡᠶ ᠪᠣᠯᠭᠠᠨ᠎ᠠ;

  (ᠳᠥᠷᠪᠡ) ᠥᠪᠡᠷᠲᠡᠭᠡᠨ ᠵᠠᠰᠠᠬᠤ ᠣᠷᠣᠨ᠎ᠤ ᠡᠮ᠎ᠦᠨ ᠵᠦᠢᠯ ᠪᠠ ᠡᠮᠴᠢᠯᠡᠭᠡᠨ᠎ᠳᠦ ᠬᠡᠷᠡᠭᠯᠡᠬᠦ ᠬᠣᠷᠣᠭᠳᠠᠯ ᠮᠠᠲᠧᠷᠢᠶᠠᠯ᠎ᠢ ᠡᠯᠰᠡᠨ ᠴᠤᠭᠯᠠᠭᠤᠯᠬᠤ ᠬᠠᠮᠢᠶᠠᠷᠤᠯᠲᠠ᠎ᠶᠢᠨ ᠬᠤᠪᠢᠶᠠᠷᠢ ᠰᠢᠰᠲᠧᠮ᠎ᠳᠦ ᠨᠢᠭᠡᠨᠲᠡ ᠪᠤᠰᠤᠳ ᠶᠠᠮᠠᠷᠪᠠ ᠨᠢᠭᠡ ᠠᠢᠮᠠᠭ ᠬᠣᠲᠠ᠎ᠶᠢᠨ ᠲᠣᠬᠢᠷᠠᠭᠤᠯᠤᠨ ᠬᠦᠷᠭᠡᠬᠦ ᠡᠷᠬᠡ ᠮᠡᠳᠡᠯ᠎ᠲᠠᠢ ᠲᠣᠬᠢᠷᠠᠭᠤᠯᠤᠨ ᠬᠦᠷᠭᠡᠬᠦ ᠠᠵᠤ ᠠᠬᠤᠢᠯᠠᠯ᠂ ᠳᠥᠭᠥᠮᠴᠢᠯᠡᠭᠰᠡᠨ ᠲᠠᠰ ᠳᠠᠷᠠᠭᠠᠯᠠᠯ᠎ᠢ ᠬᠡᠷᠡᠭᠯᠡᠨ ᠰᠢᠯᠢ᠎ᠶᠢᠨ ᠭᠣᠣᠯ ᠠᠢᠮᠠᠭ᠎ᠤᠨ ᠭᠠᠵᠠᠷ ᠣᠷᠣᠨ᠎ᠤ ᠲᠣᠬᠢᠷᠠᠭᠤᠯᠤᠨ ᠬᠦᠷᠭᠡᠬᠦ ᠡᠷᠬᠡ ᠮᠡᠳᠡᠯ᠎ᠢ ᠨᠡᠮᠡᠭᠳᠡᠭᠦᠯᠦᠨ᠎ᠡ᠂ ( ᠲᠡᠷᠡ ᠳᠠᠷᠤᠢ ᠳ᠋ᠤᠨᠢ ᠮᠠᠲᠧᠷᠢᠶᠠᠯ᠎ᠢᠶᠠᠨ ᠲᠤᠰᠢᠶᠠᠵᠤ᠂ ᠲᠡᠷᠡ ᠳᠠᠷᠤᠢ ᠳ᠋ᠤᠨᠢ ᠬᠢᠨᠠᠨ ᠬᠠᠷᠭᠤᠭᠤᠯᠵᠤ ᠨᠡᠪᠲᠡᠷᠡᠭᠦᠯᠦᠨ᠎ᠡ ) ᠲᠣᠰ ᠤᠳᠠᠭ᠎ᠠ᠎ᠶᠢᠨ ᠨᠡᠮᠡᠵᠦ ᠨᠥᠬᠥᠪᠦᠷᠢᠯᠡᠭᠰᠡᠨ ᠲᠣᠬᠢᠷᠠᠭᠤᠯᠤᠨ ᠬᠦᠷᠭᠡᠬᠦ ᠠᠵᠤ ᠠᠬᠤᠢᠯᠠᠯ᠎ᠤᠨ ᠬᠡᠪᠴᠢᠶᠡᠨ᠎ᠳᠦ ᠪᠠᠭᠲᠠᠬᠤ ᠦᠭᠡᠢ ᠃ 

  ᠬᠠᠷᠢᠯᠴᠠᠬᠤ ᠬᠥᠮᠦᠰ᠄ ᠰᠢ ᠴᠢᠩ ᠾᠧ

  ᠬᠠᠷᠢᠯᠴᠠᠬᠤ ᠤᠲᠠᠰᠤ᠄ 0479-8106985

  ᠢᠮᠧᠯ᠄ yyglyzbcgk@126.com

  ᠳᠠᠭᠠᠯᠳᠤᠭᠤᠯᠤᠯ᠄ 2025 ᠣᠨ᠎ᠤ ᠱᠢᠯᠢ᠎ᠶ᠋ᠢᠨ ᠭᠤᠤᠯ ᠠᠢᠮᠠᠭ᠎ᠤᠨ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ᠌ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠨ ᠨᠡᠷ᠎ᠡ ᠮᠡᠳᠡᠭᠦᠯᠬᠦ᠌ ᠮᠠᠲ᠋ᠧᠷᠢᠶᠠᠯ

  

  ᠱᠢᠯᠢ᠎ᠶ᠋ᠢᠨ ᠭᠤᠣᠯ ᠠᠢᠮᠠᠭ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ

  2025 ᠣᠨ᠎ᠤ 11 ᠳ᠋ᠤᠭᠡᠷ ᠰᠠᠷ᠎ᠠ᠎ᠶ᠋ᠢᠨ 3 ᠎ᠤ ᠡᠳᠦᠷ

(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

 

  ᠳᠠᠭᠠᠯᠳᠤᠭᠤᠯᠤᠯ᠄

  2025 ᠣᠨ᠎ᠤ ᠱᠢᠯᠢ᠎ᠶ᠋ᠢᠨ ᠭᠤᠤᠯ ᠠᠢᠮᠠᠭ᠎ᠤᠨ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ᠌ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠨ ᠨᠡᠷ᠎ᠡ ᠮᠡᠳᠡᠭᠦᠯᠬᠦ᠌ ᠮᠠᠲ᠋ᠧᠷᠢᠶᠠᠯ.docx

ᠢᠷᠡᠯᠲᠡ᠄ ᠱᠢᠯᠢ᠎ᠶ᠋ᠢᠨ ᠭᠤᠤᠯ ᠠᠢᠮᠠᠭ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            