ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
2025 ᠣᠨ᠎ᠤ ᠭᠤᠷᠪᠠᠳᠤᠭᠠᠷ ᠤᠯᠠᠷᠢᠯ᠎ᠤᠨ ᠬᠥᠬᠡᠬᠤᠲᠠ᠎ᠶ᠋ᠢᠨ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ᠌ ᠱᠢᠨ᠎ᠡ᠎ᠪᠠᠷ ᠨᠡᠮᠡᠭ᠌ᠳᠡᠭ᠌ᠰᠡᠨ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠨ ᠨᠡᠷᠡᠰ᠎ᠢ ᠨᠡᠢᠲᠡᠯᠡᠬᠦ᠌ ᠲᠤᠬᠠᠶ ᠮᠡᠳᠡᠭ᠌ᠳᠡᠯ
ᠨᠡᠶ᠋ᠢᠲᠡᠯᠡᠭᠰᠡᠨ ᠴᠠᠭ᠄ 2025-10-16

ᠡᠯ᠎ᠡ ᠡᠮ᠎ᠦᠨ ᠵᠦᠢᠯ᠂ ᠡᠮᠴᠢᠯᠡᠭᠡᠨ᠎ᠳᠦ ᠬᠡᠷᠡᠭᠯᠡᠬᠦ ᠬᠣᠷᠣᠭᠳᠠᠯ ᠮᠠᠲᠧᠷᠢᠶᠠᠯ ᠪᠠ ᠪᠡᠶ᠎ᠡ᠎ᠶᠢᠨ ᠭᠠᠳᠠᠨᠠᠬᠢ ᠣᠨᠣᠰᠢᠯᠠᠯᠲᠠ᠎ᠶᠢᠨ ᠤᠷᠪᠠᠯᠵᠢ᠎ᠶᠢᠨ ᠦᠢᠯᠡᠳᠪᠦᠷᠢᠯᠡᠯ ᠡᠵᠡᠩᠨᠡᠯᠲᠡ᠎ᠶ᠋ᠢᠨ ᠠᠵᠤ ᠠᠬᠤᠢᠯᠠᠯ᠎ᠳᠤ ᠄ 

  ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭᠠᠳᠭᠠᠯ᠎ᠤᠨ ᠲᠣᠪᠴᠢᠶ᠎ᠠ᠎ᠶᠢᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ》 ( ᠥᠪᠥᠷ ᠡᠮ ᠬᠤᠳᠠᠯᠳᠤᠨ ᠠᠪᠬᠤ ᠲᠥᠪ ᠥᠰᠥᠭ [2022] 246 ᠳ᠋ᠤᠭᠠᠷ ᠲᠣᠭᠠᠲᠤ ) ᠪᠠ ᠬᠥᠬᠡᠬᠤᠲᠠ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠲᠣᠪᠴᠢᠶ᠎ᠠ᠎ᠶ᠋ᠢᠨ 《ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠨ ᠨᠡᠷ᠎ᠡ ᠮᠡᠳᠡᠭᠦᠯᠵᠦ᠍ ᠱᠢᠯᠢᠨ ᠰᠣᠩᠭᠤᠬᠤ ᠠᠵᠢᠯ᠎ᠢ ᠤᠯᠠᠷᠢᠯ᠎ᠢᠶᠠᠷ ᠪᠠᠢᠩᠭᠤᠵᠢᠭᠤᠯᠤᠨ ᠥᠷᠨᠢᠭᠦᠯᠬᠦ᠌ ᠲᠤᠬᠠᠶ ᠮᠡᠳᠡᠭ᠌ᠳᠡᠯ》 ( ᠬᠥᠬᠡᠬᠤᠲᠠ ᠡᠮᠴᠢᠯᠡᠭᠡᠨ ᠳᠠᠭᠠᠳᠭᠠᠯ ᠠᠯᠪᠠᠨ ᠲᠠᠷᠬᠠᠭᠠᠭ᠍ᠰᠠᠨ 〔 2022〕 43 ᠳ᠋ᠤᠭᠠᠷ ᠲᠣᠭᠠᠲᠤ ) ᠎ᠤᠨ ᠪᠢᠴᠢᠭ ᠮᠠᠲ᠋ᠧᠷᠢᠶᠠᠯ᠎ᠤᠨ ᠱᠠᠭᠠᠷᠳᠠᠯᠭ᠎ᠠ᠎ᠶ᠋ᠢ ᠦᠨᠳᠦᠰᠦᠯᠡᠨ᠂ ᠮᠠᠨ᠎ᠤ ᠬᠤᠲᠠ᠎ᠶ᠋ᠢᠨ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠬᠤᠳᠠᠯᠳᠤᠨ ᠠᠪᠴᠤ᠌ ᠳᠣᠭᠢᠷᠠᠭᠤᠯᠤᠨ ᠬᠦᠷᠭᠡᠬᠦ᠌ ᠪᠠᠢᠳᠠᠯ᠎ᠲᠠᠢ ᠤᠶᠠᠯᠳᠤᠭᠤᠯᠤᠨ᠂ ᠮᠠᠨ᠎ᠤ ᠬᠤᠲᠠ᠎ᠶ᠋ᠢᠨ ᠠᠯᠪᠠᠨ᠎ᠠᠴᠠ ᠡᠷᠭᠢᠯᠡᠭ᠌ᠰᠡᠨ ᠡᠮᠴᠢᠯᠡᠭᠡᠨ᠎ᠤ ᠪᠠᠢᠭᠤᠯᠤᠮᠵᠢ᠎ᠶ᠋ᠢᠨ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ᠌ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠢ ᠱᠢᠯᠢᠨ ᠰᠣᠩᠭᠤᠬᠤ ᠵᠢᠴᠢ ᠳᠣᠭᠢᠷᠠᠭᠤᠯᠤᠨ ᠬᠦᠷᠭᠡᠬᠦ᠌ ᠡᠷᠬᠡ ᠮᠡᠳᠡᠯ᠎ᠤᠨ ᠬᠡᠪᠴᠢᠶ᠎ᠡ᠎ᠶ᠋ᠢ ᠨᠡᠭᠡᠭᠡᠬᠦ᠌ ᠠᠵᠢᠯ᠎ᠢ ᠥᠷᠨᠢᠭᠦᠯᠪᠡ᠃ ᠮᠠᠲ᠋ᠧᠷᠢᠶᠠᠯ᠎ᠢ ᠬᠢᠨᠠᠨ ᠬᠠᠷᠭᠤᠭᠤᠯᠬᠤ ᠪᠠ ᠢᠯᠡ ᠨᠡᠢᠲᠡᠯᠡᠬᠦ᠌᠎ᠪᠠᠷ ᠳᠡᠮᠵᠢᠨ᠂ ᠡᠳᠦᠭᠡ ᠱᠢᠨ᠎ᠡ᠎ᠪᠠᠷ ᠨᠡᠮᠡᠭ᠌ᠳᠡᠭ᠌ᠰᠡᠨ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠨ ᠨᠡᠷᠡᠰ᠎ᠢ ᠨᠡᠢᠲᠡᠯᠡᠬᠦ᠌᠎ᠶ᠋ᠢᠨ ᠬᠠᠮᠲᠤ ᠬᠤᠯᠪᠣᠭ᠍ᠳᠠᠯ ᠪᠥᠬᠦᠶ ᠵᠦᠢᠯᠡᠰ᠎ᠢ ᠳᠣᠤᠷᠠᠬᠢ ᠮᠡᠲᠦ ᠮᠡᠳᠡᠭ᠌ᠳᠡᠶ᠎ᠡ᠄

  ᠨᠢᠭᠡ᠂ ᠬᠥᠬᠡᠬᠤᠲᠠ᠎ᠶ᠋ᠢᠨ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠤᠨ ᠱᠢᠨ᠎ᠡ᠎ᠪᠠᠷ ᠨᠡᠮᠡᠭ᠌ᠳᠡᠭ᠌ᠰᠡᠨ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠨ ᠨᠡᠷᠡᠰ

  ᠲᠣᠰ ᠤᠳᠠᠭᠠᠨ᠎ᠤ ᠱᠢᠯᠢᠨ ᠰᠣᠩᠭᠤᠯᠲᠠ᠎ᠳᠤ ᠨᠡᠢᠲᠡ 49 ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ ᠬᠢᠨᠠᠨ ᠬᠠᠷᠭᠤᠭᠤᠯᠬᠤ᠂ ᠢᠯᠡ ᠨᠡᠢ᠌ᠲᠡᠯᠡᠬᠦ᠎ᠶᠢ ᠦᠩᠭᠡᠷᠭᠡᠵᠦ᠂ ᠬᠥᠬᠡᠬᠤᠲᠠ᠎ᠶ᠋ᠢᠨ ᠡᠮ᠎ᠤᠨ ᠵᠦᠶ᠋ᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ᠌ ᠬᠢᠷᠢ ᠬᠡᠮ᠎ᠢ ᠣᠯᠪᠠ᠂ ᠨᠠᠷᠢᠨ ᠠᠭᠤᠯᠭ᠎ᠠ᠎ᠶ᠋ᠢ ᠳᠠᠭᠠᠯᠳᠤᠭᠤᠯᠤᠯ᠎ᠳᠤ ᠦᠵᠡᠭᠡᠷᠡᠢ᠃

  ᠬᠤᠶᠠᠷ᠂ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠨ ᠳᠣᠭᠢᠷᠠᠭᠤᠯᠤᠨ ᠬᠦᠷᠭᠡᠬᠦ᠌ ᠡᠷᠬᠡ ᠮᠡᠳᠡᠯ᠎ᠤᠨ ᠬᠡᠪᠴᠢᠶᠡᠨ᠎ᠳᠠᠬᠢ ᠬᠠᠮᠢᠶ᠎ᠠ ᠪᠦᠬᠦᠢ ᠵᠦᠢᠯᠡᠰ

  ᠲᠣᠰ ᠤᠳᠠᠭᠠᠨ᠎ᠤ ᠱᠢᠨ᠎ᠡ᠎ᠪᠠᠷ ᠨᠡᠮᠡᠭ᠌ᠳᠡᠭ᠌ᠰᠡᠨ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠳ ᠳᠡᠩᠰᠡᠯᠡᠨ ᠭᠡᠷᠡᠴᠢᠯᠡᠬᠦ᠌᠎ᠶ᠋ᠢ ᠲᠦᠷᠭᠡᠬᠡᠨ ᠪᠡᠶᠡᠯᠡᠭᠦᠯᠬᠦ᠌᠎ᠶ᠋ᠢᠨ ᠬᠠᠮᠲᠤ᠌᠂ ᠨᠡᠷ᠎ᠡ ᠮᠡᠳᠡᠭᠦᠯᠬᠦ᠌ ᠠᠮᠠᠯᠠᠯᠲᠠ᠎ᠶ᠋ᠢᠨ ᠪᠢᠴᠢᠭ ᠶᠣᠰᠣᠭᠠᠷ ᠴᠠᠭ ᠲᠤᠬᠠᠶ᠎ᠳᠤᠨᠢ ᠳᠣᠭᠢᠷᠠᠭᠤᠯᠤᠨ ᠬᠦᠷᠭᠡᠬᠦ᠌ ᠲᠤᠬᠠᠢᠯᠠᠭ᠍ᠰᠠᠨ ᠠᠵᠢᠯ᠎ᠢ ᠥᠷᠨᠢᠭᠦᠯᠬᠦ᠌ ᠬᠡᠷᠡᠭ᠌ᠲᠡᠶ᠃

  (ᠨᠢᠭᠡ) ᠥᠪᠥᠷ ᠮᠣᠩᠭᠤᠯ᠎ᠤᠨ ᠡᠮᠴᠢᠯᠡᠭᠡᠨ᠎ᠦ ᠳᠠᠭᠠᠳᠭᠠᠯ᠎ᠤᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠰᠦᠯᠵᠢᠶ᠎ᠡ᠎ᠳᠤ ᠳᠠᠩᠰᠠᠯᠠᠭᠤᠯᠵᠤ ᠭᠡᠷᠡᠴᠢᠯᠡᠭᠦᠯᠬᠦ᠌᠎ᠶ᠋ᠢ ᠪᠡᠶᠡᠯᠡᠭᠦᠯᠦᠨ᠎ᠡ

  ᠲᠣᠰ ᠤᠳᠠᠭ᠎ᠠ ᠱᠢᠨ᠎ᠡ᠎ᠪᠠᠷ ᠨᠡᠮᠡᠭ᠌ᠳᠡᠭ᠌ᠰᠡᠨ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠢ ᠱᠢᠯᠢᠨ ᠰᠣᠩᠭᠤᠬᠤ᠎ᠳᠤ᠂ ᠥᠪᠥᠷ ᠮᠣᠩᠭᠤᠯ᠎ᠤᠨ ᠡᠮᠴᠢᠯᠡᠭᠡᠨ᠎ᠦ ᠳᠠᠭᠠᠳᠭᠠᠯ᠎ᠤᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠰᠦᠯᠵᠢᠶ᠎ᠡ ( https://ylbzj.nmg.gov.cn/ggfw/hallEnter/#/Index)᠂ ᠨᠢᠭᠡᠴᠢ᠎ᠶᠢᠨ ᠲᠤᠬᠠᠢᠯᠠᠭᠰᠠᠨ ᠠᠵᠢᠯ᠎ᠢ ᠰᠤᠩᠭᠤᠵᠦ᠂ ᠳᠠᠩᠰᠠᠯᠠᠬᠤ ᠪᠠ ᠳᠦᠷᠢ᠎ᠶᠢᠨ ᠭᠡᠷᠡᠴᠢᠯᠡᠭᠡ ᠬᠢᠵᠦ᠂ ᠱᠠᠭᠠᠷᠳᠠᠯᠭ᠎ᠠ ᠶᠣᠰᠣᠭᠠᠷ ᠢᠲᠡᠭᠡᠮᠵᠢ᠎ᠶᠢᠨ ᠠᠮᠠᠯᠠᠯᠲᠠ᠎ᠶᠢᠨ ᠪᠢᠴᠢᠭ᠎ᠢ ᠳᠡᠭᠡᠭᠰᠢ ᠳᠠᠮᠵᠢᠭᠤᠯᠵᠤ᠂ ᠠᠵᠤ ᠠᠬᠤᠢᠯᠠᠯ᠎ᠤᠨ ᠮᠡᠳᠡᠭᠡ ᠵᠠᠩᠭᠢ᠎ᠶᠢ ᠬᠠᠮᠠᠭᠠᠯᠠᠨ᠂ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ᠎ᠦᠨ ᠬᠢᠨᠠᠨ ᠬᠠᠷᠭᠤᠭᠤᠯᠬᠤ᠎ᠶᠢ ᠬᠦᠯᠢᠶᠡᠨ᠎ᠡ᠃ 

  ᠥᠪᠥᠷ ᠮᠣᠩᠭᠣᠯ᠎ᠤᠨ ᠡᠮᠴᠢᠯᠡᠭᠡᠨ᠎ᠦ ᠳᠠᠭᠠᠳᠬᠠᠯ᠎ᠤᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠰᠦᠯᠵᠢᠶ᠎ᠡ᠎ᠳᠦ ᠨᠢᠭᠡᠨᠲᠡ ᠳᠠᠩᠰᠠᠯᠠᠭᠤᠯᠤᠨ ᠭᠡᠷᠡᠴᠢᠯᠡᠭᠦᠯᠵᠦ ᠥᠩᠭᠡᠷᠡᠭᠰᠡᠨ ᠲᠣᠬᠢᠷᠠᠭᠤᠯᠤᠨ ᠬᠦᠷᠭᠡᠬᠦ ᠠᠵᠤ ᠠᠬᠤᠢᠯᠠᠯ ᠨᠢ ᠳᠠᠭᠢᠵᠤ ᠳᠠᠩᠰᠠᠯᠠᠨ ᠭᠡᠷᠡᠴᠢᠯᠡᠬᠦ ᠴᠢᠬᠤᠯᠠ ᠦᠭᠡᠢ ᠃ 

  (ᠬᠤᠶᠠᠷ) ᠲᠣᠬᠢᠷᠠᠭᠤᠯᠤᠨ ᠬᠦᠷᠭᠡᠬᠦ᠌ ᠣᠷᠣᠨ᠎ᠢ ᠨᠡᠪᠲᠡᠷᠡᠭᠦᠯᠬᠦ

  ᠳᠡᠩᠰᠡᠯᠡᠵᠦ᠍ ᠭᠡᠷᠡᠴᠢᠯᠡᠬᠦ᠌ ᠮᠡᠳᠡᠭᠡ ᠵᠠᠩᠭᠢ᠎ᠶ᠋ᠢ ᠥᠪᠡᠷᠲᠡᠭᠡᠨ ᠵᠠᠰᠠᠬᠤ ᠣᠷᠣᠨ᠎ᠤ ᠡᠮ ᠬᠤᠳᠠᠯᠳᠤᠨ ᠠᠪᠬᠤ ᠲᠥᠪ᠎ᠠᠴᠠ ᠬᠢᠨᠠᠨ ᠬᠠᠷᠭᠤᠭᠤᠯᠵᠤ ᠪᠠᠲᠤᠯᠠᠭ᠍ᠰᠠᠨ᠎ᠤ ᠳᠠᠷᠠᠭ᠎ᠠ᠂ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠳ ᠴᠠᠭ ᠲᠤᠬᠠᠶ᠎ᠳᠤᠨᠢ ᠬᠥᠬᠡᠬᠤᠲᠠ᠎ᠶ᠋ᠢᠨ ᠡᠮ ᠡᠮᠨᠡᠯᠭᠡ ᠎ᠬᠤᠳᠠᠯᠳᠤᠨ ᠠᠪᠬᠤ ᠲᠥᠪ᠎ᠲᠤ ᠵᠣᠬᠢᠴᠠᠩᠭᠤᠶ ᠳᠣᠭᠢᠷᠠᠭᠤᠯᠤᠨ ᠬᠦᠷᠭᠡᠬᠦ᠌ ᠣᠷᠣᠨ ᠪᠦᠰᠡ᠎ᠶ᠋ᠢ ᠭᠤᠶᠤᠴᠢᠯᠠᠨ ᠨᠡᠪᠲᠡᠷᠡᠭᠦᠯᠦᠨ᠎ᠡ᠃

  ᠬᠠᠷᠢᠯᠴᠠᠬᠤ ᠤᠲᠠᠰᠤ᠄ 0471 - 3908541

  (ᠭᠤᠷᠪᠠ) ᠲᠣᠬᠢᠷᠠᠭᠤᠯᠤᠨ ᠬᠦᠷᠭᠡᠬᠦ᠌ ᠬᠠᠷᠢᠴᠠᠭ᠎ᠠ ᠪᠠᠢᠭᠤᠯᠬᠤ

  ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠨᠢ ᠳᠣᠭᠢᠷᠠᠭᠤᠯᠤᠨ ᠬᠦᠷᠭᠡᠬᠦ᠌ ᠣᠷᠣᠨ ᠪᠦᠰᠡ᠎ᠶ᠋ᠢ ᠨᠡᠪᠲᠡᠷᠡᠭᠦᠯᠦᠭ᠌ᠰᠡᠨ᠎ᠤ ᠳᠠᠷᠠᠭ᠎ᠠ᠂ ᠦᠢᠯᠡᠳᠪᠦᠷᠢᠯᠡᠯ᠎ᠤᠨ ᠠᠵᠤ ᠠᠬᠤᠢᠯᠠᠯ᠎ᠤᠨ ᠥᠪᠥᠷ ᠮᠣᠩᠭᠤᠯ᠎ᠤᠨ ᠡᠮᠴᠢᠯᠡᠭᠡᠨ᠎ᠤ ᠳᠠᠭᠠᠳᠭᠠᠯ᠎ᠤᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠰᠦᠯᠵᠢᠶᠡᠨ ᠳᠡᠭᠡᠷ᠎ᠡ ᠳᠣᠭᠢᠷᠠᠭᠤᠯᠤᠨ ᠬᠦᠷᠭᠡᠬᠦ᠌ ᠬᠠᠷᠢᠴᠠᠭ᠎ᠠ ᠪᠠᠢᠭᠤᠯᠬᠤ᠎ᠲᠠᠢ ᠵᠣᠯᠭᠠᠭᠤᠯᠵᠤ᠂ ᠬᠥᠬᠡᠬᠤᠲᠠ᠎ᠶ᠋ᠢᠨ ᠡᠮ ᠡᠮᠨᠡᠯᠭᠡ ᠬᠤᠳᠠᠯᠳᠤᠨ ᠠᠪᠬᠤ ᠲᠥᠪ᠎ᠠᠴᠠ ᠨᠤᠲᠠᠯᠠᠭ᠍ᠰᠠᠨ᠎ᠤ ᠳᠠᠷᠠᠭ᠎ᠠ ᠳᠣᠭᠢᠷᠠᠭᠤᠯᠤᠨ ᠬᠦᠷᠭᠡᠬᠦ᠌ ᠠᠵᠢᠯ᠎ᠢ ᠥᠷᠨᠢᠭᠦᠯᠦᠨ᠎ᠡ᠃

  

  ᠳᠠᠭᠠᠯᠳᠤᠭᠤᠯᠤᠯ᠄ 2025 ᠣᠨ᠎ᠤ ᠭᠤᠷᠪᠠᠳᠤᠭᠠᠷ ᠤᠯᠠᠷᠢᠯ᠎ᠤᠨ ᠬᠥᠬᠡᠬᠤᠲᠠ᠎ᠶ᠋ᠢᠨ ᠠᠯᠪᠠᠨ᠎ᠠᠴᠠ ᠪᠠᠢᠭᠤᠯᠤᠭ᠍ᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠨ ᠨᠡᠷᠡᠰ

  

  ᠬᠥᠬᠡᠬᠣᠲᠠ᠎ᠶᠢᠨ ᠡᠮ ᠡᠮᠨᠡᠯᠭᠡ ᠬᠤᠳᠠᠯᠳᠤᠨ ᠠᠪᠬᠤ ᠲᠥᠪ

  2025 ᠣᠨ᠎ᠤ 10 ᠳ᠋ᠤᠭ᠋ᠠᠷ ᠰᠠᠷ᠎ᠠ᠎ᠶ᠋ᠢᠨ 16 ᠎ᠤ ᠡᠳᠦᠷ

  ᠳᠠᠭᠠᠯᠳᠤᠭᠤᠯᠤᠯ᠄

  2025 ᠣᠨ᠎ᠤ ᠭᠤᠷᠪᠠᠳᠤᠭᠠᠷ ᠤᠯᠠᠷᠢᠯ᠎ᠤᠨ ᠬᠥᠬᠡᠬᠤᠲᠠ᠎ᠶ᠋ᠢᠨ ᠠᠯᠪᠠᠨ᠎ᠠᠴᠠ ᠪᠠᠢᠭᠤᠯᠤᠭ᠍ᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠡᠮ᠎ᠦᠨ ᠵᠦᠢ᠍ᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠨ ᠨᠡᠷᠡᠰ.xls

ᠢᠷᠡᠯᠲᠡ᠄ ᠬᠥᠬᠡᠬᠤᠲᠠ᠎ᠶ᠋ᠢᠨ ᠡᠮ ᠡᠮᠨᠡᠯᠭᠡ ᠬᠤᠳᠠᠯᠳᠤᠨ ᠠᠪᠬᠤ ᠲᠥᠪ
          
ᠬᠠᠮᠢᠶ᠎ᠡ ᠪᠦᠬᠦᠢ ᠰᠣᠨᠢᠨ
 
            