ᠬᠢᠩᠭᠠᠨ ᠡᠮᠴᠢᠯᠡᠭᠡᠨ ᠳᠠᠭᠠᠳᠭᠠᠯ ᠲᠠᠷᠬᠠᠭ᠋ᠠᠭᠰᠠᠨ [2025] 29 ᠳ᠋ᠤᠭᠡᠷ ᠲᠣᠭᠠᠲᠤ
ᠡᠯ᠎ᠡ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠤᠨ ᠦᠢᠯᠡᠳᠪᠦᠷᠢᠯᠡᠯ ᠡᠵᠡᠩᠨᠡᠯᠲᠡ᠎ᠶ᠋ᠢᠨ ᠠᠵᠤ ᠠᠬᠤᠢᠯᠠᠯ᠎ᠳᠤ᠄
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ᠎ᠶ᠋ᠢᠨ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ》 ( ᠥᠪᠥᠷ ᠡᠮᠴᠢᠯᠡᠭᠡᠨ᠎ᠤ ᠳᠠᠭᠠᠳᠭᠠᠯ ᠠᠯᠪᠠᠨ ᠲᠠᠷᠬᠠᠭᠠᠭ᠍ᠰᠠᠨ[2019] 41 ᠳ᠋ᠤᠭᠡᠷ ᠲᠣᠭᠠᠲᠤ) ᠪᠠ 《ᠬᠢᠩᠭᠠᠨ ᠠᠢᠮᠠᠭ᠎ᠤᠨ ᠡᠮᠴᠢᠯᠡᠭᠡᠨ᠎ᠤ ᠳᠠᠭᠠᠳᠭᠠᠯ᠎ᠤᠨ ᠦᠢᠯᠡᠴᠢᠯᠡᠭᠡᠨ᠎ᠤ ᠲᠥᠪ᠎ᠤᠨ 2025 ᠣᠨ (ᠳᠣᠤᠷ᠎ᠠ ᠬᠠᠭᠠᠰ ᠵᠢᠯ) ᠤ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ᠌ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠨ ᠨᠡᠷ᠎ᠡ ᠮᠡᠳᠡᠭᠦᠯᠬᠦ᠌ ᠠᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ》 ᠤᠨ ᠱᠠᠭᠠᠷᠳᠠᠯᠭ᠎ᠠ᠎ᠶ᠋ᠢ ᠦᠨᠳᠦᠰᠦᠯᠡᠨ᠂ ᠮᠠᠨ᠎ᠤ ᠲᠥᠪ᠎ᠠᠴᠠ ᠬᠢᠩᠭᠠᠨ ᠠᠢᠮᠠᠭ᠎ᠤᠨ 2025 ᠣᠨ (ᠳᠣᠤᠷ᠎ᠠ ᠬᠠᠭᠠᠰ ᠵᠢᠯ) ᠤ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ᠌ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠢ ᠱᠢᠯᠢᠨ ᠰᠣᠩᠭᠤᠬᠤ ᠬᠢᠷᠢ ᠬᠡᠮ᠎ᠢ ᠬᠢᠨᠠᠨ ᠬᠠᠷᠭᠤᠭᠤᠯᠵᠤ᠂ ᠡᠳᠦᠭᠡ ᠬᠢᠨᠠᠨ ᠬᠠᠷᠭᠤᠭᠤᠯᠤᠭ᠍ᠰᠠᠨ ᠦᠷ᠎ᠡ ᠳ᠋ᠦᠩ (ᠳᠠᠭᠠᠯᠳᠤᠭᠤᠯᠤᠯ᠎ᠳᠤ ᠦᠵᠡ) ᠢ ᠢᠯᠡ ᠨᠡᠢ᠌ᠲᠡᠯᠡᠶ᠎ᠡ᠄
ᠨᠢᠭᠡ᠂ ᠢᠯᠡ ᠨᠡᠢᠲᠡᠯᠡᠬᠦ᠌ ᠴᠠᠭ
2025 ᠣᠨ᠎ᠤ 11 ᠳ᠋ᠤᠭᠡᠷ ᠰᠠᠷ᠎ᠠ᠎ᠶ᠋ᠢᠨ 3 ᠤ ᠡᠳᠦᠷ᠎ᠠᠴᠠ 2025 ᠣᠨ᠎ᠤ 11 ᠳ᠋ᠤᠭᠡᠷ ᠰᠠᠷ᠎ᠠ᠎ᠶ᠋ᠢᠨ 9 ᠤ ᠡᠳᠦᠷ
ᠬᠤᠶᠠᠷ᠂ ᠬᠠᠮᠢᠶ᠎ᠠ ᠪᠦᠬᠦᠢ ᠵᠦᠢᠯᠡᠰ
1. ᠢᠯᠡ ᠨᠡᠢᠲᠡᠯᠡᠭ᠌ᠰᠡᠨ ᠦᠷ᠎ᠡ ᠳ᠋ᠦᠩ᠎ᠳᠤ ᠣᠨᠳᠣᠤ ᠰᠠᠨᠠᠯ᠎ᠲᠠᠢ ᠪᠠᠢᠪᠠᠯ᠂ ᠪᠢᠴᠢᠭ᠎ᠤᠨ ᠬᠡᠯᠪᠡᠷᠢ᠂ ᠤᠲᠠᠰᠤ ᠪᠤᠶᠤ ᠬᠦᠮᠦᠨ ᠢᠷᠡᠭᠦᠯᠬᠦ᠌ ᠵᠡᠷᠭᠡ ᠠᠷᠭ᠎ᠠ ᠮᠠᠶᠢᠭ᠎ᠢᠶᠠᠷ ᠲᠤᠰᠭᠠᠬᠤ ᠬᠡᠷᠡᠭ᠌ᠲᠡᠶ᠂ ᠡᠷᠬᠡᠪᠰᠢ ᠢᠯᠡ ᠨᠡᠢᠲᠡᠯᠡᠬᠦ᠌ ᠬᠤᠭᠤᠴᠠᠭᠠᠨ᠎ᠳᠤ ᠦᠨᠡᠨ ᠪᠣᠳᠠᠲᠠᠶ ᠬᠦᠴᠦᠨ᠎ᠲᠠᠢ᠂ ᠪᠦᠷᠢᠨ ᠭᠦᠢᠴᠡᠳ ᠵᠠᠭᠠᠯᠳᠤᠬᠤ(ᠥᠭ᠌ᠬᠦ) ᠮᠠᠲ᠋ᠧᠷᠢᠶᠠᠯ᠎ᠢ ᠬᠠᠩᠭᠠᠵᠤ᠂ ᠡᠷᠬᠡ ᠣᠯᠭᠤᠭ᠍ᠰᠠᠨ ᠡᠷᠬᠡᠲᠦ ᠬᠥᠮᠦᠨ᠎ᠠᠴᠠ ᠬᠢᠩᠭᠠᠨ ᠠᠢᠮᠠᠭ᠎ᠤᠨ ᠡᠮᠴᠢᠯᠡᠭᠡᠨ᠎ᠤ ᠳᠠᠭᠠᠳᠭᠠᠯ᠎ᠤᠨ ᠦᠢᠯᠡᠴᠢᠯᠡᠭᠡᠨ᠎ᠤ ᠲᠥᠪ᠎ᠲᠤ ᠲᠤᠱᠢᠶᠠᠵᠤ᠂ ᠬᠤᠭᠤᠴᠠᠭ᠎ᠠ ᠬᠡᠲᠦᠷᠡᠭᠰᠡᠨ ᠪᠠᠢ᠌ᠪᠠᠯ ᠭᠤᠶᠤᠴᠢᠯᠠᠯ (ᠵᠠᠭᠠᠯᠳᠤᠯᠭ᠎ᠠ) ᠲᠤᠱᠢᠶᠠᠭ᠍ᠰᠠᠨ ᠮᠠᠲ᠋ᠧᠷᠢᠶᠠᠯ᠎ᠢ ᠬᠦᠯᠢᠶᠡᠨ ᠠᠪᠴᠤ᠌ ᠱᠢᠢᠳᠪᠦᠷᠢᠯᠡᠬᠦ᠌ ᠦᠭᠡᠢ᠃
2. ᠲᠤᠰᠬᠠᠭᠰᠠᠨ ᠬᠦᠮᠦᠨ ᠨᠢ ᠡᠷᠬᠡᠪᠰᠢ ᠦᠨᠡᠨ ᠪᠣᠳᠠᠲᠠᠶ ᠣᠪᠣᠭ ᠨᠡᠷ᠎ᠡ᠂ ᠪᠠᠢᠳᠠᠯ᠎ᠢ ᠲᠤᠰᠬᠠᠬᠤ᠎ᠳᠤ ᠦᠨᠡᠨ᠎ᠠᠴᠠ ᠵᠥᠪ᠎ᠢ ᠡᠷᠢᠵᠦ᠍᠂ ᠦᠨᠡᠨ᠂ ᠪᠣᠳᠠᠲᠠᠶ ᠪᠠᠢᠬᠤ ᠬᠡᠷᠡᠭ᠌ᠲᠡᠶ᠃
3. ᠬᠦᠯᠢᠶᠡᠨ ᠠᠪᠴᠤ᠌ ᠱᠢᠢᠳᠪᠦᠷᠢᠯᠡᠬᠦ᠌ ᠠᠵᠢᠯᠲᠠᠨ ᠲᠤᠰᠭᠠᠭ᠍ᠰᠠᠨ ᠬᠦᠮᠦᠨ ᠪᠠ ᠲᠤᠰᠭᠠᠭ᠍ᠰᠠᠨ ᠪᠠᠢᠳᠠᠯ᠎ᠤᠨ ᠨᠢᠭᠤᠴᠠ᠎ᠶ᠋ᠢ ᠴᠢᠩᠭ᠎ᠠ ᠬᠠᠮᠠᠭᠠᠯᠠᠨ᠎ᠠ᠃ ᠡᠷᠬᠡ ᠲᠡᠭ᠌ᠰᠢ᠂ ᠲᠥᠪ ᠭᠤᠣᠯᠴᠢ᠂ ᠢᠯᠡ ᠲᠣᠳᠣ ᠪᠠᠢᠬᠤ᠎ᠶ᠋ᠢ ᠨᠥᠯᠥᠭᠡᠯᠡᠵᠦ᠍ ᠮᠡᠳᠡᠬᠦ᠌ ᠠᠰᠠᠭᠤᠳᠠᠯ᠎ᠢ ᠨᠠᠷᠢᠨ ᠬᠢᠨᠠᠮᠠᠭᠠᠶ ᠪᠠᠢᠴᠠᠭᠠᠨ ᠬᠠᠷᠭᠤᠭᠤᠯᠤᠨ᠎ᠠ᠃
ᠭᠤᠷᠪᠠ᠂ ᠭᠤᠮᠤᠳᠠᠯ (ᠵᠠᠭᠠᠯᠳᠤᠯᠭ᠎ᠠ) ᠲᠣᠭ᠋ᠠᠴᠢᠬᠤ ᠮᠠᠲ᠋ᠧᠷᠢᠶᠠᠯ
ᠬᠢᠩᠭᠠᠨ ᠠᠢᠮᠠᠭ᠎ᠤᠨ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ᠌ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠨ ᠭᠤᠮᠤᠳᠠᠯ (ᠵᠠᠭᠠᠯᠳᠤᠯᠭ᠎ᠠ) ᠲᠣᠭ᠋ᠠᠴᠢᠬᠤ᠎ᠶᠢ ᠭᠥᠯᠢᠶᠡᠨ ᠠᠪᠴᠤ᠌ ᠱᠢᠢᠳᠪᠦᠷᠢᠯᠡᠬᠦ᠌ ᠬᠦᠰᠦᠨᠦᠭ᠌ᠲᠦ (ᠳᠠᠭᠠᠯᠳᠤᠭᠤᠯᠤᠯ 2 ᠢ ᠦᠵᠡ) ᠪᠠ ᠭᠡᠷᠡᠴᠢ ᠮᠠᠲ᠋ᠧᠷᠢᠶᠠᠯ᠃
ᠳᠥᠷᠪᠡ᠂ ᠬᠠᠷᠢᠯᠴᠠᠬᠤ ᠠᠷᠭ᠎ᠠ ᠮᠠᠶᠢᠭ
1. ᠬᠠᠷᠢᠯᠴᠠᠬᠤ ᠬᠠᠶᠢᠭ᠄ ᠬᠢᠩᠭᠠᠨ ᠠᠢᠮᠠᠭ᠎ᠤᠨ ᠡᠮᠴᠢᠯᠡᠭᠡᠨ᠎ᠦ ᠳᠠᠭᠠᠳᠭᠠᠯ᠎ᠤᠨ ᠦᠢᠯᠡᠴᠢᠯᠡᠭᠡᠨ᠎ᠤ ᠲᠥᠪ᠎ᠤᠨ ᠡᠮ᠎ᠤᠨ ᠵᠦᠢ᠍ᠯ ᠪᠠ ᠪᠠᠭᠠᠵᠢ ᠬᠡᠷᠡᠭ᠌ᠰᠡᠯ᠎ᠤᠨ ᠰᠠᠯᠠᠭ᠎ᠠ᠎ᠶᠢᠨ 305 ᠳ᠋ᠤᠭ᠋ᠠᠷ ᠲᠠᠰᠤᠭ (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠩᠭᠠᠨ ᠠᠢᠮᠠᠭ᠎ᠤᠨ ᠤᠯᠠᠭᠠᠨᠬᠤᠲᠠ᠎ᠶ᠋ᠢᠨ ᠬᠢᠩᠭᠠᠨ ᠶᠡᠭᠡ ᠵᠠᠮ᠎ᠤᠨ 36 ᠳ᠋ᠤᠭᠠᠷ ᠲᠣᠭᠠᠲᠤ)
2. ᠬᠠᠷᠢᠯᠴᠠᠬᠤ ᠤᠲᠠᠰᠤ᠄ 0482 - 8250918 ( ᠬᠦᠯᠢᠶᠡᠨ ᠠᠪᠴᠤ᠌ ᠱᠢᠢᠳᠪᠦᠷᠢᠯᠡᠬᠦ᠌ ᠴᠠᠭ᠎ᠨᠢ ᠦᠳᠡ᠎ᠶ᠋ᠢᠨ ᠡᠮᠦᠨ᠎ᠡ 8᠄ 30 - 11᠄ 30 ᠴᠠᠭ᠂ ᠦᠳᠡ᠎ᠶ᠋ᠢᠨ ᠬᠤᠢᠨ᠎ᠠ 14᠄ 30 - 17᠄ 30 ᠴᠠᠭ )
ᠬᠢᠩᠭᠠᠨ ᠠᠢᠮᠠᠭ᠎ᠤ᠋ᠨ ᠡᠮᠴᠢᠯᠡᠭᠡᠨ᠎ᠦ ᠳᠠᠭᠠᠳᠭᠠᠯ᠎ᠤ᠋ᠨ ᠦᠢᠯᠡᠴᠢᠯᠡᠭᠡᠨ᠎ᠦ᠌ ᠲᠥᠪ
2025 ᠣᠨ᠎ᠤ 11 ᠳ᠋ᠤᠭᠡᠷ ᠰᠠᠷ᠎ᠠ᠎ᠶ᠋ᠢᠨ 3 ᠤ ᠡᠳᠦᠷ
ᠳᠠᠭᠠᠯᠳᠤᠭᠤᠯᠤᠯ᠄