ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠤᠭᠤᠲᠤ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠨᠠᠮ᠎ᠤᠨ ᠤᠳᠤᠷᠢᠳᠭᠤ ᠳᠤᠭᠤᠢᠯᠠᠩ ( ᠥᠷᠭᠡᠳᠭᠡᠭ᠌ᠰᠡᠨ ) ᠎ᠤᠨ ᠬᠤᠷᠠᠯ ᠵᠢᠴᠢ ᠲᠥᠪ᠎ᠤᠨ ᠨᠠᠢ᠍ᠮᠠᠨ ᠵᠤᠢ᠌ᠯ᠎ᠤᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠳ᠋ᠦᠩᠨᠡᠯᠲᠡ᠎ᠶ᠋ᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-09-14

  9 ᠳ᠋ᠦ᠍ᠭᠡᠷ ᠰᠠᠷ᠎ᠠ᠎ᠶ᠋ᠢᠨ 11 ᠎ᠤ ᠡᠳᠦᠷ᠂ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠨᠠᠮ᠎ᠤᠨ ᠤᠳᠤᠷᠢᠳᠭᠤ ᠳᠤᠭᠤᠢᠯᠠᠩ ( ᠥᠷᠭᠡᠳᠭᠡᠭ᠌ᠰᠡᠨ )᠎ᠤᠨ ᠬᠤᠷᠠᠯ ᠵᠢᠴᠢ ᠲᠥᠪ᠎ᠤᠨ ᠨᠠᠢ᠍ᠮᠠᠨ ᠵᠤᠢ᠌ᠯ᠎ᠤᠨ ᠲᠣᠭ᠍ᠲᠠᠭᠠᠯ᠎ᠤᠨ ᠵᠣᠷᠢᠭ ᠰᠠᠨᠠᠭᠠᠨ᠎ᠤ ᠰᠤᠷᠤᠯᠴᠠᠯᠭ᠎ᠠ ᠬᠥᠮᠦᠵᠢᠯ᠎ᠤᠨ ᠳ᠋ᠦᠩᠨᠡᠯᠲᠡ᠎ᠶ᠋ᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠵᠢᠭᠠᠪᠤᠷᠢ ᠪᠣᠯᠤᠨ ᠨᠠᠮ᠎ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠬᠤᠲᠠ᠎ᠶ᠋ᠢᠨ ᠨᠠᠮ᠎ᠤᠨ ᠬᠤᠷᠢᠶᠠᠨ᠎ᠤ ᠰᠤᠷᠤᠯᠴᠠᠯᠭ᠎ᠠ ᠬᠥᠮᠦᠵᠢᠯ᠎ᠤᠨ ᠳ᠋ᠦᠩᠨᠡᠯᠲᠡ᠎ᠶ᠋ᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠪᠥᠬᠦ᠌ ᠲᠠᠯ᠎ᠠ᠎ᠶ᠋ᠢᠨ ᠰᠤᠷᠤᠯᠴᠠᠯᠭ᠎ᠠ ᠬᠥᠮᠦᠵᠢᠯ᠎ᠤᠨ ᠥᠷᠨᠢᠭᠦᠯᠦᠭ᠌ᠰᠡᠨ ᠪᠠᠢᠳᠠᠯ᠎ᠢ ᠳ᠋ᠦᠩᠨᠡᠵᠦ᠍᠂ ᠰᠤᠷᠲᠠᠯ᠎ᠤᠨ ᠪᠠᠢᠭᠤᠯᠤᠯᠲᠠ᠎ᠶ᠋ᠢᠨ ᠪᠠᠢᠩᠭᠤᠵᠢᠭ᠍ᠰᠠᠨ ᠣᠷᠳᠣ ᠬᠤᠭᠤᠴᠠᠭᠠᠨ᠎ᠤ ᠪᠦᠲᠦᠮᠵᠢᠲᠡᠶ ᠪᠠᠢᠬᠤ᠎ᠶ᠋ᠢ ᠠᠬᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠹᠧᠩ ᠳ᠋ᠦᠩ ᠸᠠᠩ ᠬᠤᠷᠠᠯ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠤ᠂ ᠬᠤᠲᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ᠎ᠤᠨ ᠬᠤᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠳᠤ ᠰᠠᠭᠣᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠳᠡᠳ᠋ ᠳᠠᠷᠤᠭ᠎ᠠ ᠬᠤ᠌ ᠱᠢᠶᠤᠤ ᠹᠧᠩ᠂ ᠲᠣᠪᠴᠢᠶ᠎ᠠ᠎ᠶ᠋ᠢᠨ ᠪᠠᠭ᠎ᠤᠨ ᠭᠡᠰᠢᠭᠦᠨ᠂ ᠡᠯ᠎ᠡ ᠰᠠᠯᠠᠭ᠎ᠠ ᠮᠥᠴᠢᠷ᠎ᠤᠨ ᠭᠤᠤᠯ ᠬᠠᠷᠢᠭᠤᠴᠠᠯᠭᠠᠲᠠᠨ ᠬᠤᠷᠠᠯ᠎ᠳᠤ ᠣᠷᠣᠯᠴᠠᠵᠠᠶ᠃

  ᠬᠤᠷᠠᠯ᠎ᠠᠴᠠ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠠᠴᠠ ᠨᠠᠭ᠋ᠠᠰᠢ᠂ ᠬᠤᠲᠠ᠎ᠶ᠋ᠢᠨ ᠡᠮᠴᠢᠯᠡᠭᠡᠨ᠎ᠦ ᠪᠠᠲᠣᠯᠠᠭ᠎ᠠ᠎ᠶᠢᠨ ᠲᠣᠪᠴᠢᠶ᠎ᠠ᠎ᠶ᠋ᠢᠨ ᠪᠥᠬᠦ᠌ ᠨᠠᠮ᠎ᠤᠨ ᠭᠡᠱᠢᠭᠦᠨ ᠺᠠᠳ᠋ᠷᠴᠤᠳ ᠶᠡᠷᠦᠩᠬᠡᠶ ᠱᠦᠵᠢ ᠰᠢ᠎ᠶ᠋ᠢᠨ ᠫᠢᠩ᠎ᠤᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠲᠥᠪ᠎ᠤᠨ ᠨᠠᠢ᠍ᠮᠠᠨ ᠵᠤᠢ᠌ᠯ᠎ᠤᠨ ᠲᠣᠭ᠍ᠲᠠᠭᠠᠯ ᠵᠢᠴᠢ ᠲᠡᠭᠦᠨ᠎ᠤ ᠬᠡᠷᠡᠭ᠌ᠵᠢᠭᠦᠯᠬᠦ᠌ ᠨᠠᠷᠢᠨ ᠲᠦᠷᠢᠮ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠤᠢᠯᠠᠭᠠᠨ ᠡᠵᠡᠮᠱᠢᠵᠦ᠍᠂ ᠡᠳᠦᠷ ᠲᠤᠲᠤᠮ᠎ᠤᠨ ᠠᠵᠢᠯ᠎ᠳᠤ᠎ᠪᠠᠨ ᠠᠭᠤᠰᠤᠯᠴᠠᠬᠤ᠎ᠶ᠋ᠢ ᠪᠠᠷᠢᠮᠲᠠᠯᠠᠨ᠂ ᠪᠠᠢᠩᠭᠤ ᠠᠳᠭᠤᠵᠤ᠂ ᠠᠰᠠᠭᠤᠳᠠᠯ᠎ᠢ ᠲᠥᠪ ᠴᠢᠩᠭ᠎ᠠ ᠨᠠᠷᠢᠨ ᠬᠢᠨᠠᠮᠠᠭᠠᠶ ᠪᠠᠢᠴᠠᠭᠠᠨ ᠳᠡᠯᠭᠡᠵᠦ᠍᠂ ᠣᠪ ᠦᠨᠡᠨ ᠣᠷᠣᠵᠣ ᠬᠠᠲᠠᠭᠤ᠎ᠲᠠᠢ ᠬᠠᠯᠳᠠᠵᠤ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠵᠤ᠂ ᠰᠡᠷᠡᠮᠵᠢᠯᠡᠭᠦᠯᠬᠦ᠌ ᠬᠥᠮᠦᠵᠢᠯ᠎ᠢ ᠦᠷᠭᠦᠯᠵᠢᠯᠡᠨ  ᠴᠢᠩᠭ᠋ᠠᠷᠠᠭᠣᠯᠵᠣ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠡᠳᠭᠢᠯ ᠳᠡᠯᠪᠢᠨ ᠰᠠᠢᠲᠤᠷ ᠬᠢᠵᠦ᠍᠂ ᠰᠤᠷᠤᠯᠴᠠᠯᠭ᠎ᠠ ᠬᠥᠮᠦᠵᠢᠯ ᠯᠠᠪᠳᠠᠭᠤᠨ ᠪᠠᠲᠤᠲᠠᠶ ᠦᠷ᠎ᠡ ᠪᠦᠲᠦᠮᠵᠢ ᠣᠯᠬᠣ ᠬᠡᠷᠡᠭᠲᠡᠢ ᠭᠡᠵᠦ ᠵᠢᠭ᠋ᠠᠨ ᠭᠠᠷᠭ᠋ᠠᠪᠠ᠃

  ᠬᠤᠷᠠᠯ᠎ᠠᠴᠠ᠂ ᠣᠳᠣᠬᠠᠨ᠎ᠳᠤ ᠡᠮᠴᠢᠯᠡᠭᠡᠨ᠎ᠦ ᠪᠠᠲᠤᠯᠠᠭ᠎ᠠ᠎ᠶ᠋ᠢᠨ ᠠᠵᠢᠯ ᠶᠠᠭ ᠪᠠᠢᠳᠠᠯ᠎ᠢ ᠠᠮᠵᠢᠨ ᠤᠷᠤᠭ᠍ᠰᠢᠯᠠᠵᠤ᠂ ᠱᠢᠨ᠎ᠡ ᠪᠠᠢᠳᠠᠯ᠎ᠢ ᠡᠭᠦᠳᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ᠂ ᠡᠷᠬᠡᠪᠰᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠣᠯᠤᠨ ᠬᠤᠳᠠ᠎ᠶ᠋ᠢᠨ ᠨᠠᠮ᠎ᠤᠨ ᠬᠤᠷᠢᠶᠠᠨ᠎ᠤ ᠠᠵᠢᠯ᠎ᠤᠨ ᠲᠤᠬᠢᠷᠠᠭᠤᠯᠤᠯᠳᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠴᠢᠩᠭ᠎ᠠ ᠪᠣᠳᠠᠲᠠᠢ ᠰᠤᠷᠲᠠᠯ᠎ᠢᠶᠠᠷ ᠰᠤᠷᠤᠯᠴᠠᠯᠭ᠎ᠠ ᠬᠥᠮᠦᠵᠢᠯ᠎ᠤᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃ ᠨᠢᠭᠡ᠎ᠳᠤ᠂ 《 ᠡᠴᠦᠰ᠎ᠲᠤ ᠨᠢ ᠲᠤᠯᠲᠠᠯ᠎ᠠ ᠰᠤᠷᠤᠯᠴᠠᠬᠤ 》 ᠤᠬᠠᠮᠰᠠᠷ᠎ᠢᠶᠠᠷ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢᠶᠠᠨ ᠪᠠᠬᠢᠵᠢᠭᠦᠯᠵᠦ᠍᠂ ᠤᠨᠤᠯ᠎ᠤᠨ ᠰᠤᠷᠤᠯᠴᠠᠯᠭ᠎ᠠ᠎ᠶ᠋ᠢ ᠡᠮᠴᠢᠯᠡᠭᠡᠨ᠎ᠦ ᠳᠠᠭᠠᠳᠭᠠᠯ᠎ᠤᠨ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠪᠦᠬᠦ᠌ ᠶᠠᠪᠤᠴᠠ᠎ᠳᠤ ᠠᠭᠤᠰᠤᠯᠴᠠᠭᠤᠯᠬᠤ ᠬᠡᠷᠡᠭ᠌ᠲᠡᠢ᠃ ᠶᠡᠷᠦᠩᠬᠡᠶ ᠱᠦᠵᠢ ᠰᠢ᠎ᠶ᠋ᠢᠨ ᠫᠢᠩ᠎ᠤᠨ ᠨᠠᠮ᠎ᠤᠨ ᠰᠤᠷᠲᠠᠯ᠎ᠤᠨ ᠪᠠᠢᠭᠤᠯᠤᠯᠲᠠ ᠪᠠ ᠡᠮᠴᠢᠯᠡᠭᠡᠨ᠎ᠦ ᠳᠠᠭᠠᠳᠭᠠᠯ᠎ᠤᠨ ᠦᠢᠯᠡᠰ᠎ᠢ ᠴᠢᠩᠭᠠᠳᠭᠠᠬᠤ ᠲᠤᠬᠠᠶ ᠴᠢᠬᠤᠯᠠ ᠥᠭᠦᠯᠡᠯᠲᠡ᠂ ᠵᠢᠭᠠᠪᠤᠷᠢ ᠴᠣᠬᠤᠯᠠᠪᠤᠷᠢ ᠬᠢᠭᠡᠳ ᠡᠮᠴᠢᠯᠡᠭᠡᠨ᠎ᠦ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠂ ᠲᠤᠬᠠᠢᠯᠠᠭ᠍ᠰᠠᠨ ᠠᠵᠢᠯ᠎ᠤᠨ ᠮᠡᠳᠡᠯᠭᠡ᠎ᠶ᠋ᠢ ᠤᠶᠠᠯᠳᠤᠭᠤᠯᠤᠨ ᠰᠤᠷᠤᠯᠴᠠᠬᠤ᠎ᠶ᠋ᠢ ᠪᠠᠷᠢᠮᠲᠠᠯᠠᠵᠤ᠂ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠂ ᠬᠠᠷᠠᠭᠠᠯᠵᠠᠯ᠎ᠤᠨ ᠲᠣᠬᠢᠷᠠᠭᠤᠯᠤᠯᠲᠠ᠂ ᠭᠠᠷᠲᠠᠨ ᠭᠦᠢᠴᠡᠳᠭᠡᠬᠦ᠌ ᠦᠢᠯᠡᠴᠢᠯᠡᠭᠡ ᠵᠡᠷᠭᠡ ᠪᠣᠳᠠᠲᠠᠶ ᠠᠵᠢᠯ᠎ᠲᠠᠢ ᠤᠶᠠᠯᠳᠤᠭᠤᠯᠤᠨ ᠣᠢᠯᠠᠭᠠᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠳᠤᠮᠳᠠ ᠨᠠᠮ᠎ᠤᠨ ᠥᠪᠡᠷ᠎ᠤᠨ ᠪᠡᠶ᠎ᠡ᠎ᠳᠦ᠎ᠪᠡᠨ ᠬᠤᠪᠢᠰᠭᠠᠯ ᠬᠢᠬᠦ᠌᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠤᠨ ᠠᠬᠢᠭᠤᠯᠵᠤ᠂ ᠲᠥᠪ᠎ᠤᠨ ᠨᠠᠢ᠍ᠮᠠᠨ ᠵᠤᠢ᠌ᠯ᠎ᠤᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠦᠷᠡᠰᠢ ᠥᠬᠡᠶ ᠨᠠᠢᠳᠠᠪᠤᠷᠢᠵᠢᠭᠤᠯᠤᠨ᠎ᠠ᠃ ᠬᠤᠶᠠᠷ᠎ᠲᠤ᠌᠂ 《 ᠡᠴᠦᠰ᠎ᠲᠤ ᠨᠢ ᠲᠤᠯᠲᠠᠯ᠎ᠠ ᠪᠠᠢᠴᠠᠭᠠᠬᠤ 》 ᠡᠷᠡᠰ ᠵᠣᠷᠢᠭ᠎ᠢᠶᠠᠷ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠰᠠᠢᠲᠤᠷ ᠠᠳᠭᠤᠵᠤ᠂ ᠠᠯᠳᠠᠭ᠍ᠳᠠᠯ᠎ᠢ ᠪᠠᠢᠴᠠᠭᠠᠵᠤ ᠳᠤᠲᠠᠭᠤ᠎ᠶ᠋ᠢ ᠨᠥᠬᠦᠪᠥᠷᠢᠯᠡᠬᠦ᠌᠎ᠶ᠋ᠢ ᠡᠮᠴᠢᠯᠡᠭᠡᠨ᠎ᠦ ᠳᠠᠭᠠᠳᠭᠠᠯ᠎ᠤᠨ ᠥᠭᠡᠷᠡᠴᠢᠯᠡᠯᠲᠡ᠎ᠶ᠋ᠢᠨ ᠪᠣᠭᠤᠮᠲᠠ ᠱᠢᠪᠲᠤᠯᠬᠤ ᠠᠵᠢᠯ᠎ᠳᠤ ᠠᠭᠤᠰᠤᠯᠴᠠᠭᠤᠯᠬᠤ ᠬᠡᠷᠡᠭ᠌ᠲᠡᠢ᠃ ᠰᠤᠷᠤᠯᠴᠠᠯᠭ᠎ᠠ ᠬᠥᠮᠦᠵᠢᠯ᠎ᠤᠨ ᠳᠤᠮᠳᠠ ᠪᠠᠢᠴᠠᠭᠠᠨ ᠳᠡᠯᠭᠡᠭ᠌ᠰᠡᠨ ᠠᠰᠠᠭᠤᠳᠠᠯ᠂ ᠣᠯᠠᠨ ᠲᠦᠮᠡᠨ᠎ᠤ ᠲᠤᠰᠭᠠᠭ᠍ᠰᠠᠨ ᠬᠦᠰᠡᠯ ᠱᠠᠭᠠᠷᠳᠠᠯᠭ᠎ᠠ᠂ ᠠᠵᠢᠯ᠎ᠤᠨ ᠳᠤᠮᠳᠠ ᠢᠯᠡᠷᠡᠭᠦᠯᠦᠭ᠌ᠰᠡᠨ ᠳᠤᠲᠠᠭᠤᠳᠠᠯ᠎ᠲᠠᠢ ᠬᠠᠷᠢᠴᠠᠭᠤᠯᠤᠨ᠂ ᠨᠢᠭᠡ᠎ᠠᠴᠠ ᠵᠦᠢᠴᠢᠯᠡᠵᠦ᠍ ᠨᠥᠭᠦᠭᠡ᠎ᠶ᠋ᠢ ᠮᠡᠳᠡᠵᠦ᠍᠂ ᠦᠨᠳᠦᠰᠦ ᠰᠤᠷᠪᠤᠯᠵᠢ᠎ᠶ᠋ᠢ ᠭᠦᠨ ᠠᠭᠤᠳᠠᠯᠵᠤ᠂ ᠢᠯᠠᠩᠭᠤᠶ᠎ᠠ ᠣᠳᠣᠬᠠᠨ᠎ᠳᠤ ᠶᠠᠭ ᠥᠷᠨᠢᠭᠦᠯᠵᠦ᠍ ᠪᠠᠢᠭ᠎ᠠ ᠡᠮᠴᠢᠯᠡᠭᠡᠨ᠎ᠤ ᠪᠠᠲᠣᠯᠠᠭ᠎ᠠ᠎ᠶᠢᠨ ᠰᠠᠭᠤᠷᠢ ᠮᠥᠩᠭᠦ᠎ᠶ᠋ᠢᠨ ᠲᠤᠰᠭᠠᠶ ᠴᠡᠭ᠌ᠴᠡᠯᠡᠨ ᠵᠠᠰᠠᠯᠲᠠ᠂ ᠭᠠᠷᠲᠠᠨ ᠭᠦᠢᠴᠡᠳᠭᠡᠬᠦ᠌ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠵᠡᠷᠭᠡ ᠭᠤᠤᠯᠳᠠᠯᠭ᠎ᠠ᠎ᠲᠠᠢ ᠠᠵᠢᠯ᠎ᠲᠠᠢ ᠤᠶᠠᠯᠳᠤᠭᠤᠯᠤᠨ᠂ ᠰᠣᠷᠣᠯᠴᠠᠬᠣ ᠪᠠᠢ᠌ᠴᠠᠭ᠋ᠠᠬᠤ ᠶ᠋ᠢ ᠨᠢᠭᠡ ᠴᠤᠭ᠍ᠴᠠᠵᠢᠭᠤᠯᠤᠨ ᠠᠬᠢᠭᠤᠯᠬᠤ ᠲᠣᠭ᠍ᠲᠠᠴᠠ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠲᠣᠪᠤᠢᠮ᠎ᠠ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠪᠣᠳᠠᠲᠠᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠭᠤᠷᠪᠠ᠎ᠳᠤ᠂ 《 ᠡᠴᠦᠰ᠎ᠲᠤ ᠨᠢ ᠲᠤᠯᠲᠠᠯ᠎ᠠ ᠴᠢᠩᠳᠠᠯᠠᠬᠤ 》 ᠰᠤᠷᠲᠠᠯ᠎ᠢᠶᠠᠷ ᠪᠠᠢᠩᠭᠤ᠎ᠶ᠋ᠢᠨ ᠪᠥᠭᠡᠳ ᠤᠷᠳᠤ ᠬᠤᠭᠤᠴᠠᠭᠠᠨ᠎ᠤ ᠪᠦᠲᠦᠮᠵᠢᠲᠡᠢ ᠪᠠᠢᠬᠤ᠎ᠶ᠋ᠢ ᠠᠬᠢᠭᠤᠯᠵᠤ᠂ ᠰᠤᠷᠲᠠᠯ᠎ᠤᠨ ᠪᠠᠢᠭᠤᠯᠤᠯᠲᠠ᠎ᠶ᠋ᠢ ᠡᠮᠴᠢᠯᠡᠭᠡᠨ᠎ᠦ ᠳᠠᠭᠠᠳᠭᠠᠯ᠎ᠤᠨ ᠦᠢᠯᠡᠰ᠎ᠤᠨ ᠬᠥᠭ᠌ᠵᠢᠯᠲᠡ᠎ᠶ᠋ᠢᠨ ᠡᠯ᠎ᠡ ᠲᠠᠯ᠎ᠠ᠎ᠳᠤ ᠠᠭᠤᠰᠤᠯᠴᠠᠭᠤᠯᠤᠨ᠎ᠠ᠃ ᠰᠡᠷᠡᠮᠵᠢᠯᠡᠭᠦᠯᠬᠦ᠌ ᠬᠥᠮᠦᠵᠢᠯ᠂ ᠲᠦᠷᠢᠮ᠎ᠤᠨ ᠬᠢᠵᠠᠭᠠᠷᠯᠠᠯ᠂ ᠤᠨᠤᠯ᠎ᠤᠨ ᠰᠤᠷᠤᠯᠴᠠᠯᠭ᠎ᠠ᠎ᠶ᠋ᠢ ᠤᠶᠠᠯᠳᠤᠭᠤᠯᠵᠤ᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶ᠋ᠢ ᠠᠬᠢᠭᠤᠯᠵᠤ᠂ 《 ᠣᠨᠴᠠᠭᠠᠢ ᠥᠭᠦᠯᠡᠯ 》 ᠪᠠ 《 ᠨᠥᠬᠦᠪᠥᠷᠢ ᠥᠭ᠌ᠬᠦ ᠰᠡᠳᠭᠢᠴᠡ 》 ᠪᠣᠯᠤᠨ ᠡᠮᠴᠢᠯᠡᠭᠡᠨ᠎ᠦ ᠳᠠᠭᠠᠳᠭᠠᠯ᠎ᠤᠨ ᠦᠢᠯᠡᠰ᠎ᠤᠨ ᠬᠥᠭ᠌ᠵᠢᠯᠲᠡ᠎ᠶ᠋ᠢ ᠬᠠᠷᠱᠢᠯᠠᠭ᠍ᠰᠠᠨ᠂ ᠤᠯᠠᠨ ᠲᠦᠮᠡᠨ᠎ᠤ ᠠᠱᠢᠭ ᠲᠤᠰᠠ᠎ᠶ᠋ᠢ ᠬᠤᠬᠢᠷᠠᠭᠤᠯᠤᠭ᠍ᠰᠠᠨ ᠲᠥᠪ ᠪᠤᠰᠤ ᠰᠤᠷᠲᠠᠯ᠎ᠢ ᠡᠷᠡᠰ ᠠᠷᠢᠯᠭᠠᠵᠤ᠂ ᠬᠠᠷᠢᠭᠤᠴᠠᠬᠤ᠂ ᠬᠠᠷᠢᠭᠤᠴᠠᠯᠭ᠎ᠠ᠎ᠪᠠᠨ ᠰᠠᠬᠢᠬᠤ᠂ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠺᠠᠳ᠋ᠷ ᠨᠢᠭᠡᠪᠦᠷᠢ᠂ ᠠᠵᠢᠯ᠎ᠤᠨ ᠪᠠᠢᠷᠢ ᠨᠢᠭᠡᠪᠦᠷᠢ᠎ᠳᠤ ᠢᠯᠡᠷᠡᠭᠦᠯᠵᠦ᠍᠂ ᠱᠢᠯᠢᠳᠡᠭ ᠰᠤᠷᠲᠠᠯ᠎ᠢᠶᠠᠷ ᠪᠦᠬᠦ᠌ ᠬᠤᠳᠠ᠎ᠶ᠋ᠢᠨ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠬᠤ᠂ ᠱᠢᠨ᠎ᠡ ᠪᠠᠢᠳᠠᠯ᠎ᠢ ᠡᠭᠦᠳᠬᠦ᠌᠎ᠳᠤ ᠡᠮᠴᠢᠯᠡᠭᠡᠨ᠎ᠦ ᠳᠠᠭᠠᠳᠭᠠᠯ᠎ᠤᠨ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ᠃

  ᠬᠤᠷᠠᠯ᠎ᠠᠴᠠ᠂ ᠲᠥᠪ᠎ᠤᠨ ᠨᠠᠢ᠍ᠮᠠᠨ ᠵᠤᠢ᠌ᠯ᠎ᠤᠨ ᠲᠣᠭ᠍ᠲᠠᠭᠠᠯ᠎ᠤᠨ ᠵᠣᠷᠢᠭ ᠰᠠᠨᠠᠭᠠᠨ᠎ᠤ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠲᠤᠭᠤᠱᠢᠯᠠᠭᠤᠯᠬᠤ ᠪᠣᠯ ᠱᠠᠳᠤᠴᠢ ᠴᠢᠨᠠᠷᠲᠠᠢ ᠠᠵᠢᠯ ᠪᠢᠰᠢ᠂ ᠪᠠᠢᠩᠭᠤᠵᠢᠭᠤᠯᠤᠭ᠍ᠰᠠᠨ ᠤᠷᠳᠤ ᠬᠤᠭᠤᠴᠠᠭᠠᠨ᠎ᠤ ᠪᠦᠲᠦᠮᠵᠢᠲᠡᠢ ᠪᠣᠯᠭᠠᠬᠤ ᠴᠢᠬᠤᠯᠠᠲᠠᠢ᠂ ᠦᠷ᠎ᠡ ᠪᠦᠲᠦᠮᠵᠢ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠰᠤᠷᠲᠠᠯ᠎ᠤᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠣᠯᠵᠣ ᠪᠠᠢ᠌ᠭ᠋ᠠᠳ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠵᠢᠭᠠᠪᠤᠷᠢ ᠴᠣᠬᠤᠯᠠᠪᠤᠷᠢ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢ᠌ᠳᠠᠪᠤᠷᠢᠵᠢᠭᠤᠯᠬᠤ ᠳᠡᠭᠡᠷ᠎ᠡ ᠢᠯᠡᠷᠡᠭᠥᠯᠵᠦ᠂ ᠡᠮᠴᠢᠯᠡᠭᠡᠨ᠎ᠦ ᠳᠠᠭᠠᠳᠭᠠᠯ᠎ᠤᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠡᠭᠡᠷ᠎ᠡ ᠢᠯᠡᠷᠡᠭᠦᠯᠵᠦ᠍᠂ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠢ ᠰᠠᠬᠢᠨ ᠬᠠᠮᠠᠭᠠᠯᠠᠬᠤ᠂ ᠳᠠᠭᠠᠳᠭᠠᠯ᠎ᠳᠤ ᠣᠷᠣᠯᠴᠠᠵᠤ ᠬᠡᠪᠴᠢᠶ᠎ᠡ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠬᠠᠷᠠᠭᠠᠯᠵᠠᠯ᠎ᠢ ᠪᠠᠲᠤᠯᠠᠨ ᠱᠢᠯᠢᠳᠡᠭ᠌ᠵᠢᠭᠦᠯᠬᠦ᠂ ᠦᠢᠯᠡᠴᠢᠯᠡᠭᠡᠨ᠎ᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠳᠡᠭᠡᠷ᠎ᠡ ᠢᠯᠡᠷᠡᠭᠦᠯᠵᠦ᠍᠂ ᠨᠡᠩ ᠱᠢᠯᠢᠳᠡᠭ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠢᠶᠠᠷ ᠪᠦᠬᠦ᠌ ᠬᠤᠳᠠ᠎ᠶ᠋ᠢᠨ ᠡᠮᠴᠢᠯᠡᠭᠡᠨ᠎ᠦ ᠳᠠᠭᠠᠳᠭᠠᠯ᠎ᠤᠨ ᠹᠷᠣᠨᠲ᠎ᠤᠨ ᠥᠷᠨᠢᠭᠦᠨ ᠵᠢᠪᠬᠤᠭ᠎ᠠ᠎ᠶ᠋ᠢ ᠲᠠᠢᠴᠢᠯᠠᠨ᠂ ᠠᠷᠢᠭᠤᠨ ᠴᠢᠬᠡᠴᠢ ᠬᠡᠪ ᠰᠤᠷᠲᠠᠯ᠎ᠢ ᠪᠤᠢ ᠪᠣᠯᠭᠠᠬᠤ ᠬᠡᠷᠡᠭ᠌ᠲᠡᠢ ᠭᠡᠵᠦ᠍ ᠱᠠᠭᠠᠷᠳᠠᠪᠠ᠃

ᠢᠷᠡᠯᠲᠡ᠄ ᠪᠤᠭᠤᠲᠤ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠣᠯᠠᠨ ᠨᠡᠢ᠌ᠲᠡ᠎ᠶᠢᠨ ᠸᠢᠴᠠᠲ ᠲᠡᠪᠴᠡᠩ
          
ᠬᠠᠮᠢᠶ᠎ᠡ ᠪᠦᠬᠦᠢ ᠰᠣᠨᠢᠨ
 
            